ᠬᠤᠷᠴᠢᠨ ᠲᠣᠭᠤᠷᠢᠭ᠄ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/19
    2025 ᠣᠨ ᠳᠤ᠂ ᠬᠤᠷᠴᠢᠨ ᠲᠣᠭᠤᠷᠢᠭ ᠤᠨ ᠬᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ᠤᠯᠤᠰ ᠤᠨ ᠤᠳᠤ ᠦᠶ᠎ᠡ ᠶᠢᠨ ᠤᠰᠤ ᠠᠷᠪᠢᠯᠠᠬᠤ ᠥᠨᠳᠥᠷ ᠤᠨᠠᠯᠲᠠ ᠲᠠᠢ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 31 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠲᠦᠮᠡᠨ ᠮᠦ ᠬᠡᠰᠡᠭ ᠢᠶᠠᠷ 2 ᠬᠡᠰᠡᠭ᠂ ᠮᠢᠩᠭᠠᠨ ᠮᠦ ᠬᠡᠰᠡᠭ ᠢᠶᠠᠷ 20 ᠬᠡᠰᠡᠭ ᠳᠡᠭᠡᠭᠰᠢᠯᠡᠭᠦᠯᠬᠦ  ᠪᠡᠷ ᠪᠠᠶᠢᠷᠢᠰᠢᠭᠤᠯᠵᠤ᠂ ᠠᠮᠤ ᠲᠣᠰᠣᠨ ᠤ ᠭᠤᠣᠯ ᠪᠣᠯᠬᠤ ᠲᠠᠷᠢᠮᠠᠯ ᠤᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ 35 ᠲᠦᠮᠡᠨ ᠮᠦ᠂ ᠲᠣᠨ ᠤ ᠠᠮᠤ ᠪᠤᠳᠠᠭᠠᠨ ᠤ ᠲᠠᠷᠢᠶᠠᠨ ᠭᠠᠵᠠᠷ ᠢ 90 ᠲᠦᠮᠡᠨ ᠮᠦ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ 35 ᠳ᠋ᠦᠩᠰᠢᠭᠤᠷ ᠵᠢᠩ ᠠᠴᠠ ᠳᠠᠪᠠᠭᠤᠯᠤᠨ᠎ᠠ᠃ ᠡᠭᠦᠨ ᠤ ᠬᠠᠮᠲᠤ᠂ ᠭᠤᠤᠯ ᠬᠤᠲᠠ ᠶᠢᠨ ᠲᠣᠭᠤᠷᠢᠭ ᠤᠨ ︽ᠢᠳᠡᠰᠢᠨ ᠨᠣᠭᠤᠭ᠎ᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠴᠢᠩᠭᠠᠳᠬᠠᠵᠤ᠂ ᠳᠤᠮᠳᠠᠳᠤ ᠤᠯᠤᠰ ᠤᠨ ᠬᠤᠷᠴᠢᠨ ᠤ ᠣᠯᠠᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠲᠣᠭᠲᠠᠭᠤᠨ ᠢᠶᠠᠷ ᠦᠷ᠎ᠡ ᠪᠦᠲᠦᠮᠵᠢ ᠤᠯᠬᠤ ᠶᠢ ᠬᠦᠴᠦᠯᠡᠨ ᠪᠠᠲᠤᠯᠠᠵᠤ᠂ 5000 ᠮᠥ ᠲᠥᠬᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠰᠠᠶᠢᠵᠢᠷᠠᠭᠤᠯᠵᠤ᠂ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠢ 10 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号