ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠮᠥᠰᠥ ᠴᠠᠰᠤᠨ ᠤ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠭᠠᠭᠴᠠᠭᠠᠷ ᠡᠵᠡᠮᠰᠢᠯ ᠢ ᠡᠰᠡᠷᠭᠦᠴᠡᠬᠦ᠂ | ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠷᠭᠤᠭᠤᠯᠤᠨ ᠪᠠᠶᠢᠴᠠᠭᠠᠬᠤ ᠪᠠ ︽ᠪᠡᠶ᠎ᠡ ᠶᠢᠨ ᠪᠠᠶᠢᠴᠠᠭᠠᠯᠲᠠ ᠶᠢᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ᠂ | ᠦᠢᠯᠡᠴᠢᠯᠡᠭᠡᠨ ᠤ ᠬᠡᠯᠪᠡᠷᠢ ᠶᠢᠨ ᠬᠠᠤᠯᠢ ᠬᠡᠷᠡᠭᠵᠢᠭᠦᠯᠦᠯᠲᠡ︾ ᠶᠢᠨ ᠰᠢᠨ᠎ᠡ ᠶᠢ ᠡᠭᠦᠳᠬᠦ ᠠᠵᠢᠯ ᠤᠨ ᠵᠠᠭᠪᠤᠷ ᠢ | ᠬᠠᠷᠢᠯᠴᠠᠨ ᠤᠶᠠᠯᠳᠤᠭᠤᠯᠵᠤ᠂ ᠲᠤᠰᠬᠠᠶ ᠠᠵᠢᠯᠯᠠᠭ᠎ᠠ ᠶᠢ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠳᠤ | ᠲᠤᠭᠤᠰᠢᠯᠠᠭᠤᠯᠵᠤ᠂ ᠵᠢᠭᠤᠯᠴᠢᠯᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠲᠠᠰᠤᠷᠠᠯᠲᠠ ᠥᠬᠡᠶ ᠵᠢᠷᠤᠮᠵᠢᠭᠤᠯᠤᠨ᠂ | ᠵᠢᠭᠤᠯᠴᠢᠯᠠᠯ ᠤᠨ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠤᠭᠠᠴᠠᠭᠰᠠᠳ ᠤᠨ | ᠬᠠᠤᠯᠢ ᠶᠣᠰᠣᠨ ᠤ ᠡᠷᠬᠡ ᠠᠰᠢᠭ ᠢ ᠪᠠᠳᠣᠯᠠᠨ᠎ᠠ᠃ | |