ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠤᠤᠭᠤᠬᠤ ᠤᠰᠤᠨ ᠤ ᠠᠮᠤᠷ ᠲᠦᠪᠰᠢᠨ ᠤ ᠲᠥᠷᠥᠯ ᠵᠦᠢᠯ ᠬᠤᠷᠴᠢᠨ ᠲᠣᠭᠤᠷᠢᠭ ᠲᠤ ᠨᠤᠲᠤᠭᠰᠢᠪᠠ
ᠨᠡᠶᠢᠲᠡᠯᠡᠭᠰᠡᠨ ᠴᠠᠭ᠄
2025/2/20
    ᠣᠶᠢᠷ᠎ᠠ ᠳᠤ᠂ ᠲᠥᠪᠡᠳ ᠤᠨ ᠲᠢᠶᠠᠨ ᡁᠢ ᠷᠦᠨ ᠪᠠᠯᠠ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠯᠠ ᠣᠷᠣᠭᠤᠯᠵᠤ ᠪᠥᠲᠥᠭᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠠ ᠤᠤᠭᠤᠬᠤ ᠤᠰᠤᠨ ᠤ ᠠᠮᠤᠷ ᠲᠦᠪᠰᠢᠨ ᠢᠶᠠᠷ ᠲᠥᠷᠥᠯ ᠵᠦᠢᠯ ᠬᠤᠷᠴᠢᠨ ᠲᠣᠭᠤᠷᠢᠭ ᠲᠤ ᠨᠤᠲᠤᠭᠰᠢᠪᠠ᠃ ᠲᠣᠰ ᠲᠥᠷᠥᠯ ᠵᠤᠢᠯ ᠳᠤ ᠠᠮᠢᠳᠤᠷᠠᠯ ᠤᠨ ᠬᠤᠭ ᠨᠣᠪᠰᠢ ᠶᠢᠨ ᠢᠯᠴᠢ ᠵᠠᠳᠠᠷᠠᠭᠤᠯᠬᠤ ᠠᠮᠢᠳᠤ ᠪᠣᠳᠠᠰ ᠤᠨ ᠨᠡᠶᠢᠯᠡᠮᠡᠯ ᠮᠢᠺᠷᠣᠪ ᠤᠨ ᠤᠭᠤᠷᠠᠭ ᠤᠨ ᠬᠤᠯᠪᠣᠭᠠᠯᠠᠨ‌ᠦᠢᠯᠡᠳᠪᠦᠷᠢᠯᠡᠬᠦ ᠲᠥᠷᠥᠯ ᠵᠦᠢᠯ᠂ ᠬᠤᠷᠴᠢᠨ ᠲᠣᠭᠤᠷᠢᠭ ᠤᠨ ᠪᠠᠯᠭᠠᠰᠤ ᠰᠤᠮᠤ ᠭᠠᠴᠠᠭ᠎ᠠ ︵ᠲᠣᠰᠬᠤᠨ︶ ᠶᠢᠨ ᠤᠤᠭᠤᠬᠤ ᠤᠰᠤᠨ ᠤ ᠠᠮᠤᠷ ᠲᠦᠪᠰᠢᠨ ᠤ ᠲᠥᠷᠥᠯ ᠵᠦᠢᠯ ᠪᠠᠭᠲᠠᠨ᠎ᠠ᠃ ᠡᠭᠦᠨ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠢᠯᠴᠢ ᠵᠠᠳᠠᠷᠠᠭᠤᠯᠬᠤ ᠠᠮᠢᠳᠤ ᠪᠣᠳᠠᠰ ᠤᠨ ᠨᠡᠶᠢᠯᠡᠮᠡᠯ ᠮᠢᠺᠷᠣᠪ ᠤᠨ ᠤᠭᠤᠷᠠᠭ ᠢ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠶ᠋ᠯ ᠳᠤ ᠵᠢᠱᠢᠯᠲᠡ ᠪᠠᠷ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠵᠢᠯ ᠳᠤ 10.95 ᠲᠦᠮᠡᠨ ᠲᠣᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠵᠦ᠂ ᠵᠢᠯ ᠳᠤ 7000 ᠲᠣᠨ ᠮᠢᠺᠷᠣᠪ ᠤᠨ ᠤᠭᠤᠷᠠᠭ ᠦᠢᠯᠡᠳᠪᠦᠷᠢᠯᠡᠨ᠎ᠡ︔ ᠬᠤᠷᠴᠢᠨ ᠲᠣᠭᠤᠷᠢᠭ ᠤᠨ ᠡᠯ᠎ᠡ ᠪᠠᠯᠭᠠᠰᠤ ᠰᠤᠮᠤ ᠭᠠᠴᠠᠭ᠎ᠠ ︵ᠲᠣᠰᠬᠤᠨ︶ ᠶᠢᠨ ᠤᠰᠤ ᠬᠠᠩᠭᠠᠬᠤ ᠲᠥᠷᠥᠯ ᠵᠦᠶ᠋ᠯ ᠳᠤ ᠵᠢᠱᠢᠯᠲᠡ ᠪᠠᠷ 7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2026 ᠣᠨ ᠤ 5 ᠰᠠᠷ᠎ᠠ ᠳᠤ ᠠᠰᠢᠭᠯᠠᠯᠲᠠ ᠳᠤ ᠣᠷᠣᠭᠤᠯᠤᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号