ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠣᠶᠤᠨ ᠴᠢᠳᠠᠯ ᠢᠶᠠᠨ ᠲᠥᠪᠯᠡᠷᠡᠭᠦᠯᠦᠨ ᠬᠦᠷᠢᠶᠡᠯᠡᠩ ᠲᠣᠭᠤᠷᠢᠭ | ᠪᠠᠶᠢᠭᠤᠯᠵᠤ᠂ ᠲᠥᠷᠥᠯ ᠵᠦᠢᠯ ᠲᠣᠭᠲᠠᠭᠠᠨ᠂ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠦᠬᠡᠷ ᠤᠨ ᠮᠢᠬᠠᠨ ᠤ | ᠢᠳᠡᠭᠡᠨ ᠡᠳ᠋ᠰᠢᠭᠦᠯᠬᠦ ᠠᠵᠤ ᠦᠢᠯᠡᠰ ᠤᠨ ᠪᠥᠭᠡᠮᠨᠡᠷᠡᠯ ᠢ ᠲᠦᠷᠭᠡᠳᠬᠡᠨ ᠪᠠᠶᠢᠭᠤᠯᠪᠠ᠃ ᠬᠤᠷᠴᠢᠨ | ᠲᠣᠭᠤᠷᠢᠭ ᠤᠨ ᠬᠢᠨ 500 ᠮᠦ ᠲᠠᠯᠠᠪᠠᠢ ᠪᠦᠬᠦᠢ ᠲᠦᠩᠯᠢᠶᠣᠤ ᠶᠢᠨ ᠠᠯᠠᠰᠢᠨ ᠦᠬᠡᠷ ᠤᠨ ᠠᠵᠤ ᠦᠢᠯᠡᠰ ᠤᠨ | ᠬᠦᠷᠢᠶᠡᠯᠡᠩ ᠢ ᠰᠢᠨ᠎ᠡ ᠪᠠᠷ ᠪᠠᠶᠢᠭᠤᠯᠵᠤ᠂ 45 ᠠᠵᠤ ᠠᠬᠤᠶᠢᠯᠠᠯ ᠨᠤᠲᠤᠭᠰᠢᠵᠤ᠂ ᠵᠢᠯ ᠤᠨ ᠦᠢᠯᠡᠳᠪᠦᠷᠢᠯᠡᠯ ᠤᠨ | ᠴᠢᠳᠠᠪᠤᠷᠢ ᠨᠢ 6 ᠲᠦᠮᠡᠨ ᠲᠣᠨ ᠳᠤ ᠬᠦᠷᠴᠦ᠂ 2024 ᠣᠨ ᠳᠤ ᠵᠢᠯ ᠤᠨ ᠦᠢᠯᠡᠳᠬᠦᠨ ᠤ ᠥᠷᠲᠡᠭ ᠢ 10 | ᠳ᠋ᠦᠩᠰᠢᠭᠤᠷ ᠲᠥᠭᠦᠷᠢᠭ ᠰᠢᠬᠠᠮ ᠪᠡᠶᠡᠯᠡᠭᠦᠯᠪᠡ᠃ ᠡᠭᠦᠨ ᠤ ᠬᠠᠮᠲᠤ᠂ ᠬᠤᠳᠠᠯᠳᠤᠭᠠᠴᠢᠨ ᠤᠷᠢᠵᠤ ᠬᠦᠴᠦᠨ ᠢᠶᠠᠨ | ᠲᠥᠪᠯᠡᠷᠡᠭᠦᠯᠬᠦ ᠶᠢ ᠪᠦᠬᠦ ᠬᠦᠴᠦᠨ ᠢᠶᠠᠷ ᠢᠶᠠᠨ ᠥᠷᠭᠡᠳᠬᠡᠵᠦ᠂ ᠪᠡᠭᠡᠵᠢᠩ ᠤᠨ ᠵᠢᠶᠠᠨ ᠺᠦᠨ᠂ ᠾᠧᠪᠧᠶ ᠶᠢᠨ ᠮᠠ | ᠪᠧᠨ ᠵᠠᠢ ᠵᠡᠷᠭᠡ 9 ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠳᠤ ᠭᠠᠷ ᠤᠨ ᠦᠰᠦᠭ ᠵᠢᠷᠤᠭᠰᠠᠨ ᠪᠥᠭᠡᠳ | ᠵᠢᠶᠠᠩᠨᠠᠨ ᠶᠡᠭᠡ ᠰᠤᠷᠭᠠᠭᠤᠯᠢ᠂ ᠭᠤᠸᠠᠩᠳᠦ᠋ᠩ ᠤᠨ ᠱᠠᠩ ᠬᠥ᠋ ᠲᠠᠩ ᠵᠡᠷᠭᠡ ᠰᠤᠳᠤᠯᠤᠨ ᠨᠡᠭᠡᠭᠡᠬᠦ ᠪᠦᠯᠬᠦᠮ ᠲᠠᠢ | ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠦᠬᠡᠷ ᠤᠨ ᠮᠢᠬᠠᠨ ᠤ ᠠᠵᠤ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠣᠳᠣᠬᠠᠨ ᠳᠤ ᠨᠢᠭᠡᠨᠲᠡ 5 ᠵᠦᠢᠯ ᠤᠨ ᠦᠢᠯᠡᠳᠬᠦᠨ ᠢ | ᠨᠡᠭᠡᠭᠡᠨ ᠬᠥᠭᠵᠢᠭᠦᠯᠵᠦ ᠳᠡᠯᠭᠡᠷᠡᠭᠦᠯᠦᠭᠰᠡᠨ ᠪᠠᠶᠢᠨ᠎ᠠ᠃ | |