︵2025 ᠣᠨ ᠤ 1 ᠰᠠᠷ᠎ᠠ ᠶᠢᠨ 1 ᠤ ᠡᠳᠦᠷ︶ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ | ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠣᠳᠣᠬᠠᠨ ᠳᠤ᠂ | ᠬᠦᠳᠡᠭᠡ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠤᠬᠢᠴᠠᠩᠭᠤᠢ | ᠲᠣᠭᠲᠠᠭᠤᠨ ᠪᠠᠶᠢᠬᠤ ᠶᠢᠨ ᠵᠡᠷᠭᠡ ᠳᠤ ᠤᠯᠠᠨ ᠤᠯᠤᠰ ᠤᠨ ᠣᠷᠴᠢᠨ ᠳᠤᠭᠤᠷᠢᠨ ᠲᠦᠪᠡᠭ ᠪᠤᠳᠤᠯᠢᠶᠠᠨᠲᠠᠢ ᠪᠥᠭᠡᠳ | ᠬᠦᠨᠳᠦ ᠬᠡᠴᠡᠭᠦᠦ ᠪᠠᠶᠢᠵᠤ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠬᠤ ᠲᠣᠭᠲᠠᠭᠠᠯᠲᠤ ᠪᠤᠰᠤ ᠪᠠ | ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ ᠥᠷᠢᠰᠥᠯᠳᠦᠭᠡᠨ ᠢ | ᠠᠷᠭᠠᠴᠠᠭᠠᠬᠤ ᠲᠤᠳᠤᠮ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ | ᠤᠯᠠᠮ ᠪᠠᠬᠢᠵᠢᠭᠦᠯᠬᠦ ᠬᠡᠷᠡᠭᠲᠡᠢ᠃ 2025 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ | ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ | ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ᠂ ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠵᠤᠷᠢᠨ᠂ | ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ | ᠬᠦᠴᠦᠨ ᠪᠣᠯᠭᠠᠵᠤ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ | ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ | ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ | ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ | ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ | ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠨ ᠤ ᠣᠷᠣᠯᠭ᠎ᠠ ᠶᠢ | ᠨᠡᠮᠡᠭᠳᠡᠬᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ | ᠲᠤᠯᠭᠠᠭᠤᠷᠢᠯᠠᠯ ᠬᠠᠩᠭᠠᠬᠤ ᠬᠡᠷᠡᠭᠲᠡᠶ᠃ | ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ | ︵ᠨᠢᠭᠡ︶ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ | ᠨᠢᠭᠡᠴᠢ ᠶᠢᠨ ᠤᠨᠠᠯᠲᠠ ᠪᠣᠯᠤᠨ ᠶᠠᠰᠤ ᠴᠢᠨᠠᠷ ᠢ ᠭᠤᠤᠯᠯᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠲᠣᠭᠲᠠᠭᠤᠨ | ᠤᠨᠠᠯᠲᠠ ᠡᠯᠪᠡᠭ ᠬᠤᠷᠢᠶᠠᠯᠲᠠ ᠶᠢ ᠪᠠᠲᠤᠯᠠᠨ᠎ᠠ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠳᠠ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠥᠨᠳᠥᠷ | ᠤᠨᠠᠯᠲᠠ ᠥᠨᠳᠥᠷ ᠦᠷ᠎ᠡ ᠠᠰᠢᠭᠲᠤ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠡᠭᠡ ᠲᠠᠯᠠᠪᠠᠢ ᠪᠠᠷ ᠤᠨᠠᠯᠲᠠ ᠨᠡᠮᠡᠭᠳᠡᠭᠦᠯᠬᠦ ᠶᠢ | ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ ᠬᠦᠴᠦᠯᠡᠨ ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠢᠷ᠎ᠠ ᠪᠤᠷᠴᠠᠭ ᠢ ᠥᠷᠭᠡᠳᠭᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠰᠢᠯᠢᠮᠳᠡᠭ᠂ ᠯᠣᠬᠠᠱᠧᠩ ᠢ ᠥᠷᠭᠡᠳᠭᠡᠨ ᠲᠠᠷᠢᠬᠤ ᠳᠠᠯᠳᠠ ᠬᠦᠴᠦᠨ ᠢ ᠠᠭᠤᠳᠠᠯᠤᠨ᠂ ᠲᠣᠰᠣᠨ ᠴᠠᠢ ᠵᠡᠷᠭᠡ | ᠮᠣᠳᠣᠯᠢᠭ ᠲᠣᠰᠣᠨ ᠤ ᠮᠠᠲ᠋ᠧᠷᠢᠶᠠᠯ ᠢ ᠬᠥᠭᠵᠢᠭᠦᠯᠬᠦ ᠶᠢ ᠳᠠᠮᠵᠢᠨ᠎ᠠ᠃ ᠬᠥᠪᠥᠩ᠂ ᠰᠢᠬᠢᠷᠯᠢᠭ ᠮᠠᠲ᠋ᠧᠷᠢᠶᠠᠯ᠂ | ᠪᠠᠶᠢᠭᠠᠯᠢᠯᠢᠭ ᠭᠤᠮ ᠵᠡᠷᠭᠡ ᠶᠢᠨ ᠲᠣᠭᠲᠠᠭᠤᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ︵ᠬᠤᠶᠠᠷ︶ ᠮᠠᠯ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ᠎ᠡ᠃ ᠭᠠᠭ᠋ᠠᠢ ᠲᠡᠵᠢᠭᠡᠬᠦ | ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠬᠦ ᠪᠠ ᠲᠤᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ | ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠠᠵᠤ ᠦᠢᠯᠡᠰ ᠤᠨ | ᠬᠦᠴᠢᠷᠳᠡᠯ ᠠᠴᠠ ᠮᠤᠯᠳᠤᠷᠠᠬᠤ ᠶᠢ ᠠᠬᠢᠭᠤᠯᠵᠤ᠂ ᠰᠠᠭᠤᠷᠢ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠎ᠠ | ᠃ ᠪᠠᠺᠲ᠋ᠧᠷᠢ ᠤᠰᠠᠳᠬᠠᠭᠰᠠᠨ ᠰᠦ ᠶᠢᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠡᠷ ᠪᠦᠯᠢ ᠶᠢᠨ | ᠲᠠᠷᠢᠶᠠᠯᠠᠩ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠪᠠᠷ ᠭᠤᠤᠯ ᠴᠣᠭᠴᠠ ᠪᠣᠯᠭᠠᠭᠰᠠᠨ ᠰᠦ ᠶᠢᠨ | ᠦᠢᠯᠡᠰ ᠤᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ | ᠭᠠᠭ᠋ᠠᠶ ᠨᠢᠲᠤᠯᠬᠤ ᠳᠤ ᠬᠢᠵᠢᠭ ᠪᠠᠶᠢᠴᠠᠭᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ | ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠣᠯᠤᠨ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠭᠡᠨ᠎ᠡ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ | ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ︽ᠨᠥᠬᠦᠪᠥᠷᠢᠯᠡᠬᠦ ᠪᠠᠷ ᠡᠵᠡᠯᠡᠬᠦ ᠶᠢ | ᠲᠤᠬᠳᠠᠭᠠᠬᠤ︾ ᠶᠢ ᠴᠢᠩᠳᠠᠯᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ ᠮᠤᠵᠢ ᠶᠢᠨ | ᠬᠡᠪᠴᠢᠶᠡᠨ ᠳᠠᠬᠢ ᠣᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ ᠶᠢ ᠦᠨᠡᠨ ᠬᠦ | ᠪᠠᠲᠤᠯᠠᠨ᠎ᠠ᠃ ᠨᠥᠬᠦᠪᠥᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠪᠠ ᠰᠢᠯᠭᠠᠨ ᠠᠪᠬᠤ | ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠤ ᠡᠵᠡᠯᠡᠭᠰᠡᠨ ᠬᠠᠤᠯᠢ ᠪᠤᠰᠤ | ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ᠂ ᠲᠠᠷᠢᠶᠠᠨ ᠭᠠᠵᠠᠷ ᠢ ᠡᠵᠡᠯᠡᠨ ︽ᠨᠠᠭᠤᠷ ᠮᠠᠯᠲᠠᠵᠤ ᠦᠵᠡᠮᠵᠢ | ᠪᠦᠲᠦᠭᠡᠬᠦ︾᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠵᠡᠷᠭᠡ ᠠᠰᠠᠭᠤᠳᠠᠯ ᠢ | ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠡᠷᠡᠰ ᠬᠤᠷᠢᠭᠯᠠᠨ᠎ᠠ᠃ ᠦᠨᠳᠦᠰᠦᠨ ᠲᠠᠷᠢᠮᠠᠯ ᠤᠨ ᠵᠦᠢᠯ ᠤᠨ ᠭᠠᠷᠴᠠᠭ ᠢ ᠲᠣᠭᠲᠠᠭᠠᠵᠤ᠂ ᠲᠠᠷᠢᠶᠠᠨ ᠭᠠᠵᠠᠷ ᠤᠨ | ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ | ᠪᠤᠰᠤ ᠭᠠᠵᠠᠷ ᠪᠣᠯᠭᠠᠬᠤ︾ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ ᠵᠢᠷᠤᠮ ᠲᠠᠢ | ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠲᠠᠷᠢᠮᠠᠯ ᠤᠨ ᠤᠷᠭᠤᠯᠲᠠ ᠶᠢᠨ | ᠦᠶᠡᠯᠡᠯ ᠤᠨ ᠬᠤᠭᠤᠴᠠᠭ᠎ᠠ ᠵᠡᠷᠭᠡ ᠲᠠᠢ ᠤᠶᠠᠯᠳᠤᠭᠤᠯᠤᠨ ᠴᠢᠬᠤᠯᠠ ᠪᠥᠬᠦᠶ ᠰᠢᠯᠵᠢᠯᠲᠡ ᠶᠢᠨ ᠬᠤᠭᠤᠴᠠᠭ᠎ᠠ ᠶᠢ | ᠲᠣᠭᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ | ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠲᠥᠷᠥᠯ | ᠵᠦᠢᠯ ᠤᠨ ᠬᠡᠷᠡᠭᠵᠢᠭᠦᠯᠦᠯᠲᠡ ᠳᠤ ᠪᠥᠬᠦ ᠶᠠᠪᠤᠴᠠ ᠪᠠᠷ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠶᠠᠰᠤ ᠴᠢᠨᠠᠷ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠵᠡᠭᠦᠨ | ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ᠂ ᠡᠮᠦᠨᠡᠲᠦ ᠣᠷᠣᠨ ᠤ ᠬᠦᠴᠢᠯᠰᠢᠨ | ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ ᠠᠲᠠᠷᠰᠢᠭᠤᠯᠤᠭᠰᠠᠨ ᠭᠠᠵᠠᠷ ᠢ ᠳᠠᠬᠢᠨ | ᠬᠠᠭᠠᠯᠪᠤᠷᠢᠯᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠮᠤᠵᠢ ᠶᠢᠨ ᠬᠡᠪᠴᠢᠶᠡᠨ ᠳᠣᠲᠣᠷᠠᠬᠢ | ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ | ᠳᠤᠤᠷ᠎ᠠ᠂ ᠭᠤᠤᠯ ᠤᠨ ᠵᠠᠮ ᠳᠠᠬᠢ ᠦᠶᠡᠷ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠵᠡᠷᠭᠡ ᠲᠣᠭᠲᠠᠭᠤᠨ ᠪᠤᠰᠤ | ᠲᠠᠷᠢᠶᠠᠨ ᠭᠠᠵᠠᠷ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠤᠴᠠᠭᠠᠨ᠎ᠠ᠃ ᠤᠯᠠᠮᠵᠢᠯᠠᠯᠲᠤ ᠱᠠᠲᠤᠨ ᠲᠠᠷᠢᠶᠠᠨ ᠤ | ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ | ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠬᠥᠳᠤᠯᠤᠨ ᠳᠠᠭᠠᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠦᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠦᠨ᠎ᠡ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠭᠡᠵᠦ᠂ | ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠬᠦᠴᠦᠨ ᠤ ᠨᠢᠭᠡᠳᠦᠯᠲᠡᠢ | ᠲᠥᠯᠥᠪᠵᠢᠭᠦᠯᠭᠡ ᠶᠢ ᠴᠢᠩᠭᠠᠳᠬᠠᠵᠤ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠨᠠᠨ ᠹᠠᠨ ᠤ ᠴᠠᠬᠢᠭᠤᠷ ᠤᠨ ᠬᠥᠨᠳᠡᠶ︾ ᠵᠡᠷᠭᠡ ᠴᠢᠬᠤᠯᠠ ᠶᠡᠭᠡ | ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ | ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠶ ᠦᠷ᠎ᠡ ᠡᠭᠦᠯᠳᠡᠷ ᠤᠨ ᠰᠢᠪᠲᠤᠯᠤᠯᠲᠠ ᠶᠢ ᠲᠦᠷᠭᠡᠳᠭᠡᠨ᠎ᠡ᠃ ᠠᠮᠢᠳᠤ | ᠪᠣᠳᠠᠰ ᠤᠨ ᠦᠷ᠎ᠡ ᠡᠭᠦᠯᠳᠡᠷ ᠪᠤᠶᠢᠵᠢᠭᠤᠯᠬᠤ ᠠᠵᠤ ᠦᠢᠯᠡᠰᠵᠢᠯᠲᠡ ᠶᠢ ᠦᠷᠭᠦᠯᠵᠢᠯᠡᠨ ᠠᠬᠢᠭᠤᠯᠤᠨ᠎ᠠ᠃ | ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠲᠠᠭᠠᠨ | ᠦᠢᠯᠡᠳᠪᠦᠷᠢᠯᠡᠭᠰᠡᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ | ᠬᠡᠷᠡᠭᠯᠡᠬᠦ ᠶᠢ ᠲᠦᠷᠭᠡᠳᠭᠡᠵᠦ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ | ᠰᠢᠨᠡᠳᠭᠡᠬᠦ ᠶᠢ ᠠᠬᠢᠭᠤᠯᠤᠨ᠎ᠠ᠃ ᠣᠶᠤᠨᠴᠢ ᠲᠠᠷᠢᠶᠠᠯᠠᠩ ᠢ ᠳᠡᠮᠵᠢᠨ ᠬᠥᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠂ | ᠳ᠋ᠡᠶᠢᠲ᠋ᠠ᠂ ᠲᠤᠤᠷ᠎ᠠ ᠣᠭᠲᠠᠷᠭᠤᠶ ᠵᠡᠷᠭᠡ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠭᠡᠨ᠎ᠡ᠃ | ︵ᠲᠠᠪᠤ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠶᠢ ᠴᠢᠩᠭᠠᠳᠬᠠᠨ᠂ ᠭᠠᠮᠰᠢᠭ ᠤᠨ | ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠣᠷᠣᠨ | ᠪᠦᠰᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠬᠦᠴᠦᠨ ᠢ ᠰᠠᠶᠢᠲᠤᠷ ᠬᠡᠷᠡᠭᠯᠡᠨ᠂ | ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠣᠳᠣᠬᠢᠴᠢᠯᠠᠭᠰᠠᠨ ᠦᠶᠡᠷ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠪᠠᠶᠢᠭᠤᠯᠵᠤ᠂ ᠠᠶᠤᠯ ᠭᠡᠮ ᠲᠠᠢ ᠤᠰᠤᠨ ᠴᠥᠭᠦᠷᠥᠮ ᠤᠨ | ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠤᠮᠳᠠ ᠵᠢᠵᠢᠭ ᠭᠤᠣᠯ ᠮᠥᠷᠡᠨ ᠢ | ᠵᠠᠰᠠᠬᠤ ᠪᠠ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ | ᠥᠭᠡᠷᠡᠴᠢᠯᠡᠯᠲᠡ ᠶᠢ ᠴᠢᠩᠭᠠᠳᠬᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠵᠠᠩᠭᠢᠯᠠᠭ᠎ᠠ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠲᠠᠯ᠎ᠠ ᠭᠠᠵᠠᠷ ᠤᠨ ᠤᠰᠤᠲᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠭᠤᠤ ᠰᠤᠪᠠᠭ ᠤᠨ | ᠵᠠᠰᠠᠯᠲᠠ ᠶᠢ ᠠᠬᠢᠭᠤᠯᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ | ᠲᠥᠬᠦᠭᠡᠷᠦᠮᠵᠢ ᠶᠢ ᠲᠦᠷᠭᠡᠪᠴᠢᠯᠡᠨ ᠵᠠᠰᠠᠨ ᠰᠡᠷᠭᠦᠭᠡᠨ᠎ᠡ᠃ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ ᠠᠵᠢᠯ ᠢ ᠰᠠᠶᠢᠲᠤᠷ ᠬᠢᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠭᠦᠯᠦᠨ᠎ᠡ᠃ ᠲᠤᠲᠤᠷᠭ᠎ᠠ᠂ ᠪᠣᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠥᠷᠢ᠂ | ᠲᠤᠲᠤᠷᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠰᠢᠮ᠎ᠡ | ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ | ᠭᠠᠷᠤᠯᠲᠠ ᠶᠡᠬᠡᠲᠡᠶ ᠰᠢᠶᠠᠨ ᠤ ᠲᠠᠷᠢᠶᠠᠯᠠᠩ ᠤᠨ ᠳᠠᠭᠠᠳᠬᠠᠯ ᠤᠨ ᠰᠢᠶᠠᠨ ᠤ ᠱᠠᠲᠤᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠶᠢ ᠳᠠᠭᠠᠭᠠᠴᠢᠯᠠᠬᠤ ᠬᠠᠷᠢᠴᠠᠯ ᠢ ᠪᠠᠭᠤᠷᠠᠭᠤᠯᠵᠤ᠂ ᠲᠤᠲᠤᠷᠭ᠎ᠠ᠂ ᠪᠣᠭᠤᠳᠠᠶ᠂ ᠡᠷᠳᠡᠨᠢ ᠰᠢᠰᠢ᠂ | ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ | ᠳᠠᠭᠠᠳᠬᠠᠯ ᠤᠨ ᠳᠠᠭᠠᠳᠬᠠᠭᠤᠯᠬᠤ ᠲᠠᠯᠠᠪᠠᠶ ᠶᠢ ᠥᠷᠭᠡᠳᠭᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ | ᠠᠮᠤ ᠪᠤᠳᠠᠭ᠎ᠠ ᠲᠣᠰᠣᠨ ᠤ ᠲᠠᠷᠢᠮᠠᠯ ᠲᠠᠷᠢᠬᠤ ᠲᠤᠰᠬᠠᠢ ᠵᠦᠢᠯ ᠤᠨ ᠵᠢᠭᠡᠯᠡᠯᠭᠡ ᠳᠤ ᠲᠡᠮ ᠬᠦᠦ ᠥᠭᠬᠦ | ᠲᠤᠷᠰᠢᠯᠲᠠ ᠶᠢᠨ ᠴᠡᠭ ᠥᠷᠨᠢᠭᠦᠯᠬᠦ ᠶᠢ ᠵᠣᠷᠢᠭᠵᠢᠭᠤᠯᠤᠨ᠎ᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ | ᠱᠠᠩᠨᠠᠵᠤ ᠨᠥᠬᠦᠪᠥᠷᠢᠯᠡᠬᠦ ᠤᠷᠮᠠᠰᠢᠭᠤᠯᠤᠨ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ | ᠭᠠᠷᠤᠯᠲᠠ ᠶᠢᠨ ᠲᠤᠮᠤ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠨᠢᠭᠡᠳᠦᠯᠲᠡᠶ | ᠲᠥᠯᠥᠪᠵᠢᠭᠦᠯᠭᠡ ᠳᠤᠤᠷᠠᠬᠢ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠤ ᠠᠰᠢᠭ ᠲᠤᠰᠠ ᠶᠢᠨ ᠨᠥᠬᠦᠪᠥᠷᠢ ᠶᠢ ᠡᠬᠢᠯᠡᠨ ᠬᠡᠷᠡᠭᠵᠢᠭᠦᠯᠵᠦ᠂ ᠪᠡᠯᠡ ᠮᠥᠩᠭᠦ | ᠴᠤᠭᠯᠠᠭᠤᠯᠬᠤ ᠪᠠ ᠬᠤᠪᠢᠶᠠᠷᠢᠯᠠᠬᠤ ᠶᠢ ᠰᠠᠶᠢᠲᠤᠷ ᠬᠢᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠭᠡᠨ᠎ᠡ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠤᠨ ᠵᠣᠬᠢᠴᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠠᠮᠤ | ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠢᠮᠠᠭᠲᠠ ᠵᠦᠢ ᠵᠣᠬᠢᠰᠲᠠᠢ | ᠲᠦᠪᠰᠢᠨ ᠳᠤ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠭᠲᠠᠪᠤᠷᠢᠵᠢᠭᠤᠯᠤᠨ᠂ ᠠᠮᠤ | ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠬᠠᠮᠠᠭᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ | ᠬᠠᠮᠠᠭᠠᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠯᠢ ᠶᠢᠨ ᠪᠣᠭᠤᠮᠲᠠ ᠶᠢᠨ ᠠᠮᠢᠳᠤ | ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ | ᠪᠦᠲᠦᠭᠡᠭᠳᠡᠬᠦᠨ ᠤ ᠠᠵᠤ ᠦᠢᠯᠡᠰ ᠤᠨ ᠬᠤᠬᠢᠷᠠᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠨᠥᠭᠡᠴᠡ | ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠢᠱᠢᠯᠲᠡ ᠶᠢ ᠬᠦᠳᠦᠯᠦᠨ ᠵᠢᠯᠣᠭᠤᠳᠬᠤ ᠶᠢ ᠴᠢᠩᠭᠠᠳᠬᠠᠨ᠎ᠠ᠃ | ︵ᠨᠠᠢᠮᠠ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ | ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ | ᠪᠠᠶᠠᠯᠢᠭ ᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠢᠳᠡᠰᠢᠨ ᠨᠣᠭᠤᠭ᠎ᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠶᠡᠭᠡ ᠳᠤᠮᠳᠠ ᠬᠤᠲᠠ ᠶᠢᠨ ᠡᠷᠭᠢᠨ ᠲᠣᠭᠤᠷᠢᠨ ᠤ ᠣᠳᠣ ᠦᠶ᠎ᠡ ᠶᠢᠨ ᠲᠦᠬᠦᠭᠡᠷᠦᠮᠵᠢᠳᠤ | ᠲᠠᠷᠢᠶᠠᠯᠠᠩ ᠢ ᠰᠢᠨᠡᠳᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠠᠯᠤᠰ ᠬᠦᠨ ᠲᠡᠯᠡᠶ ᠳᠤ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ | ᠲᠡᠯᠡᠶ ᠳᠡᠭᠡᠷᠡᠬᠢ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠤᠨ᠎ᠠ᠃ ᠣᠶ ᠰᠢᠭᠤᠶ ᠶᠢᠨ ᠢᠳᠡᠭᠡᠨ ᠢ ᠬᠥᠭᠵᠢᠭᠦᠯᠵᠦ | ᠂ ︽ᠣᠶ ᠰᠢᠭᠤᠶ ᠶᠢᠨ ᠠᠮᠤ ᠶᠢᠨ ᠰᠠᠩ︾ ᠢ ᠪᠠᠶᠠᠯᠢᠭᠵᠢᠭᠤᠯᠤᠨ᠎ᠠ᠃ ᠢᠳᠡᠰᠢᠨ ᠤ ᠮᠦᠭᠦ ᠶᠢᠨ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠮᠠᠭ ᠤᠨ ᠲᠦᠷᠦᠯ ᠤᠨ | ᠢᠳᠡᠭᠡᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠲᠠᠷᠢᠶᠠᠯᠠᠩ ᠢ ᠪᠤᠶᠢᠵᠢᠭᠤᠯᠤᠨ | ᠬᠥᠭᠵᠢᠭᠦᠯᠵᠦ᠂ ᠰᠢᠨ᠎ᠡ ᠬᠡᠯᠪᠡᠷᠢ ᠶᠢᠨ ᠢᠳᠡᠭᠡᠨ ᠤ ᠡᠬᠢ ᠪᠠᠶᠠᠯᠢᠭ ᠢ ᠨᠡᠭᠡᠭᠡᠨ᠎ᠡ᠃ ᠠᠮᠤ ᠪᠤᠳᠠᠭ᠎ᠠ ᠪᠣᠯᠤᠨ ᠬᠠᠮ | ᠢᠳᠡᠭᠡᠨ ᠢ ᠪᠦᠷᠢᠳᠭᠡᠨ ᠬᠢᠨᠠᠨ ᠬᠡᠮᠵᠢᠬᠦ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ | ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠡᠮ ᠤᠨ ᠦᠯᠡᠳᠡᠭᠳᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ | ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠎ᠠ᠃ | ︵ᠵᠢᠰᠦ︶ ᠠᠮᠤ ᠪᠤᠳᠠᠭ᠎ᠠ ᠪᠣᠯᠤᠨ ᠢᠳᠡᠭᠡᠨ ᠢ ᠠᠷᠪᠢᠯᠠᠨ ᠭᠠᠮᠨᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ | ᠰᠦᠢᠳᠭᠡᠬᠦ ᠶᠢ ᠡᠰᠡᠷᠭᠦᠴᠡᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠷᠡᠭᠦᠯ ᠢᠳᠡᠭᠡᠨ ᠤᠮᠳᠠᠭᠠᠨ ᠢ ᠶᠡᠭᠡ ᠪᠠᠷ ᠰᠠᠨᠠᠭᠠᠴᠢᠯᠠᠵᠤ᠂ | ᠣᠯᠠᠨ ᠨᠡᠶᠢᠲᠡ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠤ ᠪᠠᠶᠢᠭᠤᠯᠤᠮᠵᠢ ᠵᠡᠷᠭᠡ ᠶᠢᠨ ᠲᠣᠰᠣ ᠬᠡᠷᠡᠭᠯᠡᠬᠦ | ᠵᠢᠯᠣᠭᠤᠳᠣᠯᠭ᠎ᠠ ᠶᠢ ᠴᠢᠩᠭᠠᠳᠬᠠᠨ᠂ ᠲᠣᠰᠣ ᠶᠢ ᠪᠠᠭᠠᠰᠬᠠᠬᠤ ᠳᠠᠪᠤᠰᠤ ᠶᠢ ᠪᠠᠭᠠᠰᠬᠠᠬᠤ ᠰᠢᠬᠢᠷ ᠢ ᠪᠠᠭᠠᠰᠬᠠᠬᠤ ᠪᠠ | ᠪᠦᠷᠢᠨ ᠠᠮᠤ ᠪᠤᠳᠠᠭ᠎ᠠ ᠵᠡᠷᠭᠡ ᠢᠳᠡᠭᠡᠨ ᠤᠮᠳᠠᠭᠠᠨ ᠢ ᠳᠡᠯᠭᠡᠷᠡᠭᠦᠯᠦᠨ᠎ᠡ᠃ ᠠᠮᠤ ᠪᠤᠳᠠᠭᠠᠨ ᠤ ᠮᠠᠰᠢᠨ ᠢᠶᠠᠷ | ᠬᠤᠷᠢᠶᠠᠵᠤ ᠬᠤᠷᠣᠭᠳᠠᠯ ᠢ ᠪᠠᠭᠠᠰᠬᠠᠬᠤ᠂ ᠵᠣᠬᠢᠬᠤ ᠬᠡᠮᠵᠢᠶ᠎ᠡ ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ | ᠬᠠᠳᠠᠭᠠᠯᠠᠬᠤ ᠶᠢ ᠠᠬᠢᠭᠤᠯᠤᠨ᠎ᠠ᠃ | ᠬᠤᠶᠠᠷ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠦᠨ ᠥᠷᠭᠡᠳᠭᠡᠨ᠎ᠡ | ︵ᠠᠷᠪᠠ︶ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ | ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ | ᠲᠦᠪᠰᠢᠨ ᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠦᠷᠬᠦᠯᠵᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠦᠵᠡᠯ ᠰᠠᠨᠠᠭ᠎ᠠ ᠰᠤᠯᠠᠷᠠᠬᠤ᠂ | ᠠᠵᠢᠯ ᠰᠤᠯᠠᠷᠠᠬᠤ ᠶᠢ ᠰᠡᠷᠭᠡᠶᠢᠯᠡᠨ᠎ᠡ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ | ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠪᠤᠶᠤ | ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ | ᠬᠡᠪᠴᠢᠶᠡᠨ ᠳᠤ ᠣᠷᠣᠭᠤᠯᠤᠨ᠎ᠠ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠠᠵᠢᠯ | ᠣᠯᠭᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠤᠨ ᠠᠵᠢᠯ ᠣᠯᠭᠤᠯᠲᠠ ᠶᠢᠨ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ ᠶᠢ | ᠲᠣᠭᠲᠠᠪᠤᠷᠢᠵᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ ᠲᠣᠬᠢᠷᠠᠭᠤᠯᠬᠤ ᠵᠠᠷᠴᠢᠮ | ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ | ᠰᠤᠷᠭᠠᠨ ᠬᠥᠮᠦᠵᠢᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶ | ᠥᠷᠨᠢᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠪᠴᠠᠩ ᠤᠨ ᠠᠵᠤ ᠠᠬᠤᠶᠢᠯᠠᠯ ᠪᠠ ᠦᠢᠯᠡᠳᠬᠦᠨ ᠤ | ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ | ᠲᠣᠭᠲᠠᠴᠠ ᠪᠣᠯᠤᠨ ᠣᠷᠣᠯᠭ᠎ᠠ ᠪᠠᠭᠠᠲᠠᠶ ᠬᠥᠮᠦᠨ ᠠᠮᠠ᠂ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ | ᠲᠥᠷᠥᠯ ᠬᠤᠪᠢᠶᠠᠨ ᠬᠠᠪᠰᠤᠷᠤᠨ ᠲᠡᠳᠬᠦᠬᠦ ᠪᠠᠶᠢᠭᠤᠯᠤᠯ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠦᠨᠡᠯᠡᠯᠲᠡ ᠶᠢᠨ | ᠠᠵᠢᠯ ᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠰᠤᠳᠤᠯᠤᠨ ᠲᠣᠭᠲᠠᠭᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ | ᠠᠮᠠ ᠵᠢᠴᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠮᠠᠭᠠᠳᠯᠠᠨ | ᠲᠣᠭᠲᠠᠭᠠᠬᠤ ᠶᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠦᠨ᠎ᠡ᠃ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠥᠮᠦᠨ ᠠᠮᠠ ᠶᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠬᠥᠭᠵᠢᠭᠡᠳᠦᠢ ᠭᠠᠵᠠᠷ ᠣᠷᠣᠨ ᠤ | ᠬᠥᠭᠵᠢᠨ ᠮᠠᠨᠳᠤᠬᠤ ᠶᠢ ᠳᠡᠮᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ | ᠪᠠᠶᠢᠭᠤᠯᠵᠤ᠂ ᠵᠡᠭᠦᠨ ᠪᠠᠷᠠᠭᠤᠨ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ | ᠲᠣᠭᠲᠠᠴᠠ ᠪᠠᠷ ᠳᠠᠮᠵᠢᠭᠤᠯᠤᠨ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃ | ︵ᠠᠷᠪᠠᠨ ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ | ᠣᠷᠣᠭᠤᠯᠤᠯᠲᠠ ᠬᠢᠵᠦ ᠡᠳ᠋ ᠬᠥᠷᠥᠩᠭᠡ ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ | ᠲᠣᠭᠲᠡᠴᠡ ᠶᠢ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ | ᠣᠷᠣᠭᠤᠯᠤᠯᠲᠠ ᠬᠢᠵᠦ ᠪᠦᠷᠢᠯᠳᠦᠭᠰᠡᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ | ᠬᠥᠷᠥᠩᠭᠡ ᠶᠢ ᠳᠡᠩᠰᠡᠯᠡᠨ ᠬᠠᠮᠢᠶᠠᠷᠬᠤ ᠨᠢᠭᠡᠳᠦᠯᠲᠡᠶ ᠡᠬᠡ ᠲᠠᠩᠰᠠ ᠶᠢ ᠪᠠᠶᠢᠭᠤᠯᠤᠨ᠎ᠠ᠃ ᠬᠠᠪᠰᠤᠷᠤᠨ ᠲᠡᠳᠬᠦᠬᠦ | ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠳ᠋ ᠬᠥᠷᠥᠩᠭᠡ ᠶᠢᠨ | ᠪᠦᠷᠢᠯᠳᠦᠬᠦ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ | ᠣᠷᠣᠯᠭ᠎ᠠ ᠶᠢ ᠬᠤᠪᠢᠶᠠᠷᠢᠯᠠᠬᠤ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ | ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠥᠷᠲᠡᠭ ᠢ ᠪᠠᠲᠤᠯᠠᠨ ᠦᠷ᠎ᠡ ᠠᠰᠢᠭ ᠢ ᠨᠡᠮᠡᠭᠳᠡᠭᠦᠯᠬᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢᠨ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠶᠢ | ᠠᠬᠢᠭᠤᠯᠤᠨ᠎ᠠ᠃ ᠡᠳ᠋ ᠬᠥᠷᠥᠩᠭᠡ ᠶᠢ ᠲᠥᠷᠥᠯ ᠬᠤᠪᠢᠶᠠᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠡᠯ᠎ᠡ | ᠭᠠᠵᠠᠷ ᠤᠨ ᠦᠷ᠎ᠡ ᠠᠰᠢᠭ ᠢᠶᠠᠷ ᠳᠤᠤᠷ᠎ᠠ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠳᠡᠮᠵᠢᠨ᠎ᠡ᠃ | | ᠭᠤᠷᠪᠠ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ | ᠪᠤᠵᠠᠭᠠᠶᠢᠷᠠᠭᠤᠯᠤᠨ᠎ᠠ | ︵ᠠᠷᠪᠠᠨ ᠭᠤᠷᠪᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠵᠠᠬ᠎ᠠ | ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ᠂ ᠣᠨᠴᠠᠯᠢᠭᠲᠤ ᠲᠠᠷᠢᠶᠠᠯᠠᠩ ᠤᠨ | ᠪᠦᠲᠦᠭᠡᠭᠳᠡᠬᠦᠨ ᠢ ᠳᠠᠷᠢᠵᠤ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ | ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ | ᠲᠥᠷᠥᠯ ᠲᠡᠮᠳᠡᠭ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠨᠴᠠᠯᠢᠭᠲᠤ | ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ | ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠭᠦᠨᠵᠡᠭᠡᠶ | ᠠᠭᠤᠰᠤᠯᠴᠠᠯ ᠢ ᠠᠬᠢᠭᠤᠯᠵᠤ᠂ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠣᠯᠭᠤᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠤᠨᠴᠠᠯᠢᠬᠵᠢᠭᠰᠠᠨ᠂ ᠰᠣᠳᠣᠨᠵᠢᠭᠰᠠᠨ᠂ ᠵᠢᠷᠤᠮᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠳᠣ ᠦᠶ᠎ᠡ ᠶᠢᠨ | ᠭᠦᠢᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠭᠤᠤᠯ ᠴᠣᠭᠴᠠ | ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ ᠬᠠᠮᠲᠤ ᠪᠠᠷ ᠪᠠᠶᠢᠭᠤᠯᠬᠤ ᠶᠢ ᠳᠠᠮᠵᠢᠨ᠎ᠠ᠃ ᠬᠥᠳᠡᠭᠡ ᠲᠣᠰᠬᠤᠨ ᠤ | ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠲᠣᠭᠲᠡᠴᠡ ᠶᠢ | ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ | ᠳᠡᠮᠵᠢᠬᠦ ᠲᠦᠷᠦ ᠶᠢᠨ ᠪᠤᠳᠤᠯᠭ᠎ᠠ ᠶᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ | ᠬᠤᠯᠪᠣᠭᠳᠠᠭᠤᠯᠬᠤ ᠲᠣᠭᠲᠡᠴᠡ ᠶᠢ ᠪᠦᠷᠢᠨᠰᠢᠬᠦᠯᠵᠤ᠂ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ | ᠳᠠᠶᠢᠴᠢᠯᠠᠬᠤ ᠶᠢ ᠲᠦᠷᠦ ᠶᠢᠨ ᠪᠤᠳᠤᠯᠭ᠎ᠠ ᠶᠢᠨ ᠬᠡᠯᠪᠠᠶᠢᠯᠲᠡ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠵᠤ | ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠬᠢᠭᠡᠳ ᠲᠠᠷᠢᠶᠠᠯᠠᠬᠤ | ᠡᠷᠦᠬᠡ ᠵᠡᠷᠭᠡ ᠶᠢᠨ ᠨᠢᠭᠲᠠ ᠬᠤᠯᠪᠣᠭᠠᠯᠠᠬᠤ ᠪᠠ ᠬᠤᠷᠰᠢᠯᠴᠠᠬᠤ ᠶᠢ ᠬᠥᠲᠥᠯᠥᠨ ᠵᠢᠯᠣᠭᠤᠳᠴᠤ᠂ ᠨᠠᠭᠠᠳᠤ ᠵᠠᠬ᠎ᠠ ᠶᠢᠨ | ᠣᠷᠣᠯᠭ᠎ᠠ ᠶᠢ ᠪᠠᠲᠤᠯᠠᠨ ᠬᠤᠪᠢᠶᠠᠷᠢᠯᠠᠬᠤ᠂ ᠬᠤᠪᠢ ᠣᠷᠣᠭᠤᠯᠬᠤ᠂ ᠦᠢᠯᠡᠴᠢᠯᠡᠭᠡ ᠪᠠᠷ ᠳᠠᠶᠢᠴᠢᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠲᠤ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ | ᠨᠡᠩ ᠢᠯᠡᠭᠦᠦ ᠬᠦᠷᠲᠡᠭᠡᠨ᠎ᠡ᠃ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠨᠡᠶᠢᠭᠡᠮ ᠤᠨ ᠪᠡᠯᠡ | ᠣᠷᠣᠭᠤᠯᠤᠯᠲᠠ ᠶᠢ ᠵᠢᠷᠤᠮᠵᠢᠭᠤᠯᠤᠨ ᠬᠥᠲᠥᠯᠥᠨ ᠵᠢᠯᠣᠭᠤᠳᠴᠤ᠂ ᠠᠶᠤᠯ ᠲᠦᠭᠰᠢᠭᠦᠷᠢ ᠶᠢ ᠰᠡᠷᠭᠡᠶᠢᠯᠡᠬᠦ | ᠲᠣᠭᠲᠡᠴᠡ ᠶᠢ ᠲᠡᠭᠦᠯᠳᠡᠷᠵᠢᠭᠦᠯᠦᠨ᠎ᠡ᠃ | ︵ᠠᠷᠪᠠᠨ ᠲᠠᠪᠤ︶ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠨ᠎ᠡ᠃ | ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠦᠯᠢ ᠶᠢᠨ ᠡᠵᠡᠩᠨᠡᠯᠲᠡ ᠳᠤ ᠲᠣᠬᠢᠷᠠᠬᠤ ᠠᠵᠤ | ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ | ᠬᠦᠷᠢᠶ᠎ᠡ ᠬᠠᠰᠢᠶᠠᠨ ᠤ ᠠᠵᠤ ᠠᠬᠤᠶ᠂ ᠣᠶ ᠳᠣᠲᠣᠷᠠᠬᠢ ᠠᠵᠤ ᠠᠬᠤᠶ᠂ ᠠᠷᠠᠳ ᠤᠨ ᠤᠯᠠᠮᠵᠢᠯᠠᠯᠲᠤ ᠰᠠᠭᠤᠴᠠ ᠶᠢᠨ | ᠠᠵᠤ ᠠᠬᠤᠶ ᠶᠢ ᠬᠥᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠦᠢᠯᠡᠴᠢᠯᠡᠭᠡ ᠪᠠ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠷᠠᠭᠤᠯᠤᠨ᠂ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠲᠥᠷᠥᠯ | ᠲᠡᠮᠳᠡᠭ ᠢ ᠪᠤᠶᠢᠵᠢᠭᠤᠯᠤᠨ ᠲᠠᠨᠢᠯᠴᠠᠭᠤᠯᠤᠨ᠎ᠠ᠃ ᠭᠡᠷ ᠤᠨ ᠶᠠᠪᠤᠳᠠᠯ ᠤᠨ ᠦᠢᠯᠡᠴᠢᠯᠡᠭᠡ ᠪᠠᠷ ᠬᠦᠳᠡᠭᠡ ᠲᠤᠰᠬᠤᠨ ᠢ | ᠬᠥᠭᠵᠢᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠨᠠᠰᠤ ᠠᠭᠢᠭᠰᠠᠨ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ | ᠲᠡᠳᠬᠦᠨ ᠳᠡᠮᠵᠢᠬᠦ ᠶᠢ ᠴᠢᠩᠭᠠᠳᠬᠠᠨ᠎ᠠ᠃ ᠬᠥᠯᠥᠰᠥᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ | ᠲᠦᠷᠢᠮ ᠤᠨ ᠪᠦᠬᠦ ᠲᠠᠯ᠎ᠠ ᠶᠢ ᠬᠠᠮᠤᠷᠬᠤ ᠪᠠ ᠪᠦᠲᠦᠮᠵᠢᠲᠡᠢ ᠠᠵᠢᠯᠯᠠᠬᠤ ᠶᠢ ᠠᠬᠢᠭᠤᠯᠵᠤ᠂ ᠡᠯ᠎ᠡ ᠲᠦᠷᠦᠯ ᠤᠨ | ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠵᠠᠯᠠᠷᠠᠭᠤᠯᠤᠨ᠎ᠠ᠃ ᠰᠢᠶᠠᠨ ᠤ ᠬᠡᠪᠴᠢᠶᠡᠨ ᠤ ᠲᠤᠰ ᠲᠤᠰ ᠤᠨ | ᠣᠨᠴᠠᠯᠢᠭ ᠲᠠᠢ ᠠᠵᠤ ᠠᠬᠤᠶ ᠶᠢ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠷᠠᠳ ᠢ | ᠪᠠᠶᠠᠵᠢᠭᠤᠯᠬᠤ ᠠᠵᠤ ᠦᠢᠯᠡᠰ ᠢ ᠳᠡᠮᠵᠢᠨ ᠬᠥᠭᠵᠢᠭᠦᠯᠵᠦ᠂ ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠤᠨ ᠤ ᠬᠦᠳᠡᠭᠡ ᠠᠵᠤ | ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠤᠰᠬᠠᠶ | ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ | ᠬᠡᠷᠡᠭᠵᠢᠭᠦᠯᠬᠦ ᠬᠡᠪᠴᠢᠶ᠎ᠡ ᠶᠢ ᠥᠷᠭᠡᠳᠭᠡᠵᠦ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠪᠠ ᠬᠦᠳᠡᠭᠡ | ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ | ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠎ᠡ᠃ | ᠳᠥᠷᠪᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ | ︵ᠠᠷᠪᠠᠨ ᠵᠢᠷᠭᠤᠭ᠎ᠠ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ | ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ | ᠵᠣᠬᠢᠴᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠢᠶᠠᠨ ᠰᠢᠶᠠᠩ ᠤᠨ | ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠣᠷᠣᠨ ᠵᠠᠶ ᠶᠢ ᠨᠢᠭᠡᠳᠦᠯᠲᠡᠶ | ᠲᠥᠯᠥᠪᠵᠢᠭᠦᠯᠬᠦ ᠪᠠ ᠡᠯᠧᠮᠧᠨ᠋ᠲ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠬᠤᠲᠠ ᠬᠥᠳᠡᠭᠡ ᠶᠢᠨ ᠠᠵᠤ | ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢᠨ ᠶᠠᠰᠤ | ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ | ᠲᠤᠭ᠎ᠠ ᠶᠢ ᠪᠦᠬᠦᠨ ᠢ ᠬᠠᠮᠤᠷᠤᠭᠤᠯᠬᠤ ᠪᠠᠷ ᠱᠠᠭᠠᠷᠳᠠᠵᠤ ᠪᠣᠯᠬᠤ ᠥᠬᠡᠶ᠂ ᠤᠷᠤᠨ ᠲᠤᠭ᠎ᠠ ᠱᠠᠭᠠᠷᠳᠠᠬᠤ ᠥᠬᠡᠶ | ᠪᠠᠶᠢᠪᠠᠯ ᠰᠢᠶᠠᠨ ᠰᠢᠶᠠᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠬᠠᠮᠢᠶᠠᠷᠤᠨ | ᠡᠵᠡᠮᠳᠡᠵᠦ ᠬᠥᠲᠥᠯᠥᠨ ᠵᠢᠯᠣᠭᠤᠳᠬᠤ ᠪᠤᠶᠤ ᠶᠡᠷᠦᠩᠬᠡᠶ ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ | ᠭᠠᠷᠭᠠᠵᠤ ᠪᠣᠯᠤᠨ᠎ᠠ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠠ ᠳᠡᠰ ᠳᠠᠷᠠᠭᠠᠯᠠᠯ ᠢ | ᠵᠦᠢ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠨᠢᠭᠡᠳᠦᠯᠲᠡᠶ | ᠲᠥᠯᠥᠪᠵᠢᠭᠦᠯᠦᠨ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠠᠭᠪᠤᠷ ᠢ | ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠥᠬᠡᠶ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ | ᠳᠤᠤᠷ᠎ᠠ᠂ ᠰᠢᠶᠠᠨ ᠤ ᠬᠡᠪᠴᠢᠶ᠎ᠡ ᠪᠠᠷ ᠨᠢᠭᠡᠳᠦᠯᠲᠡᠶ ᠲᠥᠯᠥᠪᠵᠢᠭᠦᠯᠬᠦ ᠨᠢᠭᠡᠴᠢ᠂ ᠰᠢᠶᠠᠩ ᠪᠠᠯᠭᠠᠰᠤ ᠪᠠᠷ ᠦᠨᠳᠦᠰᠦᠨ | ᠬᠡᠷᠡᠭᠵᠢᠭᠦᠯᠬᠦ ᠨᠢᠭᠡᠴᠢ ᠪᠣᠯᠭᠠᠭᠰᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠥᠷᠨᠢᠭᠦᠯᠦᠨ᠎ᠡ᠃ | ︵ᠠᠷᠪᠠᠨ ᠳᠣᠯᠤᠭ᠎ᠠ︶ ᠰᠠᠭᠤᠷᠢ ᠲᠦᠬᠦᠭᠡᠷᠦᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ | ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ | ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ | ᠵᠢᠷᠤᠮᠵᠢᠭᠤᠯᠬᠤ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ | ᠬᠥᠳᠡᠭᠡ ᠲᠣᠰᠬᠤᠨ ᠤ ᠤᠰᠤ ᠬᠠᠩᠭᠠᠬᠤ ᠶᠢ ᠰᠢᠶᠠᠨ ᠤ ᠬᠡᠪᠴᠢᠶ᠎ᠡ ᠨᠢᠭᠡᠳᠦᠯᠲᠡᠶ ᠬᠠᠮᠢᠶᠠᠷᠬᠤ ᠪᠠ ᠲᠤᠰᠬᠠᠶᠢᠵᠢᠭᠰᠠᠨ | ᠬᠠᠮᠢᠶᠠᠷᠤᠯᠲᠠ ᠬᠠᠮᠠᠭᠠᠯᠠᠯᠲᠠ ᠶᠠᠪᠤᠭᠤᠯᠬᠤ ᠶᠢ ᠬᠡᠷᠡᠭᠵᠢᠭᠦᠯᠵᠦ ᠪᠣᠯᠤᠨ᠎ᠠ᠃ ᠰᠢᠨ᠎ᠡ ᠨᠢᠭᠡ ᠡᠭᠡᠯᠵᠢ ᠶᠢᠨ ᠬᠥᠳᠡᠭᠡ | ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ | ᠵᠠᠰᠠᠮᠠᠯ ᠵᠠᠮ ᠵᠢᠴᠢ ᠬᠥᠭᠦᠷᠭᠡ ᠨᠦᠬᠡᠨ ᠵᠠᠮ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ | ᠴᠡᠭᠴᠡᠯᠡᠨ ᠵᠠᠰᠠᠬᠤ ᠶᠢ ᠥᠷᠨᠢᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠥᠬᠦᠴᠡᠯ ᠪᠦᠷᠢᠳᠦᠭᠰᠡᠨ ᠰᠢᠶᠠᠩ ᠪᠠᠯᠭᠠᠰᠤ ᠪᠠ ᠪᠠᠶᠢᠭᠤᠯᠤᠮᠵᠢᠲᠦ | ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ | ᠤᠰᠤᠨ ᠵᠠᠮ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ | ᠪᠠᠷᠠᠭ᠎ᠠ ᠰᠢᠦᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠯᠲᠡ ᠶᠢ | ᠲᠣᠰᠬᠤᠨ ᠳᠤ ᠣᠷᠣᠭᠤᠯᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠯᠬᠢᠶᠡᠵᠢᠭᠦᠯᠦᠨ | ᠡᠵᠡᠩᠨᠡᠵᠦ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠢ ᠪᠠᠶᠢᠷᠢᠰᠢᠭᠤᠯᠬᠤ ᠶᠢ ᠳᠡᠮᠵᠢᠵᠦ᠂ ᠬᠦᠢᠲᠡᠨ ᠬᠡᠯᠬᠢᠶᠡᠲᠦ | ᠳᠣᠭᠢᠷᠠᠭᠤᠯᠤᠨ ᠬᠦᠷᠭᠡᠬᠦ ᠪᠠ ᠳᠠᠷᠦ᠋ᠢᠬᠠᠨ ᠵᠢᠵᠢᠭᠯᠡᠨ ᠬᠤᠳᠠᠯᠳᠤᠬᠤ ᠶᠢ ᠰᠢᠶᠠᠩ ᠪᠠᠯᠭᠠᠰᠤ ᠳᠠᠶᠢᠰᠢ | ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠲᠦᠯᠬᠢᠨ ᠠᠬᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ ᠶᠢ ᠡᠭᠡᠭᠦᠯᠦᠨ | ᠬᠤᠷᠢᠶᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ | ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠠᠷᠬᠠᠮᠠᠯ ᠮᠠᠶ᠋ᠢᠭ ᠤᠨ | ᠳᠠᠬᠢᠯᠳᠠ ᠡᠨᠧᠷᠭᠢ ᠶᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠤᠯᠠᠨ | ᠨᠡᠶᠢᠲᠡ ᠶᠢᠨ ᠴᠠᠬᠢᠯᠭᠠᠨ ᠴᠡᠨᠡᠭᠯᠡᠵᠦ ᠳ᠋ᠢᠶᠠᠨ ᠤᠤᠢ ᠰᠣᠯᠢᠬᠤ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ | ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ | ᠲᠠᠷᠢᠶᠠᠴᠢᠳ ᠤᠨ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ | ᠬᠡᠷᠡᠭᠵᠢᠭᠦᠯᠵᠦ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠪᠤᠯᠵᠤ ᠨᠤᠷᠠᠵᠤ ᠰᠦᠢᠳᠦᠭᠰᠡᠨ ᠣᠷᠣᠨ ᠰᠠᠭᠤᠴᠠ ᠶᠢ | ᠰᠡᠷᠭᠦᠭᠡᠨ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃ | ︵ᠠᠷᠪᠠᠨ ᠨᠠᠢᠮᠠ︶ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠨᠥᠬᠦᠴᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ | ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ | ᠪᠠᠲᠤᠯᠠᠨ᠎ᠠ᠃ ᠠᠵᠢᠯᠲᠠᠨ ᠢ ᠳᠣᠷᠣᠭᠰᠢ ᠪᠠᠭᠤᠯᠭᠠᠬᠤ ᠪᠠᠷ ᠭᠤᠣᠯᠳᠠᠯᠭ᠎ᠠ ᠪᠣᠯᠭᠠᠨ ᠨᠢᠭᠳᠠᠷᠠᠭᠰᠠᠨ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠭᠤᠣᠯ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠡᠭᠠᠨ | ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠡᠴᠡ ᠶᠢ ᠪᠦᠷᠢᠨᠰᠢᠬᠦᠯᠵᠦ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠠ ᠲᠣᠰ ᠵᠢᠯ ᠳᠤ | ᠲᠠᠩᠰᠠ ᠲᠠᠶᠢᠯᠤᠭᠰᠠᠨ ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ | ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ | ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠵᠦ᠂ ᠰᠢᠶᠠᠨ ᠤ ᠬᠡᠪᠴᠢᠶᠡᠨ ᠤ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠲᠣᠰᠬᠤᠨ ᠤ | ᠱᠠᠲᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ | ᠃ ᠬᠥᠳᠡᠭᠡ ᠲᠣᠰᠬᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠦᠨ᠎ᠡ᠃ | ᠨᠠᠰᠤᠨ ᠳᠤ ᠥᠯᠥ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ | ᠥᠷᠭᠡᠳᠭᠡᠵᠦ᠂ ᠬᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠪᠠᠲᠤᠯᠠᠭ᠎ᠠ ᠪᠠ | ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠨ᠎ᠠ᠃ | ︵ᠠᠷᠪᠠ ᠵᠢᠰᠦ︶ ᠬᠥᠳᠡᠭᠡ ᠲᠣᠰᠬᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ | ᠬᠥᠳᠡᠭᠡ ᠠᠵᠤ ᠠᠬᠤᠶ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠶ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ | ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠡᠴᠡ ᠶᠢ | ᠪᠦᠷᠢᠨᠰᠢᠭᠦᠯᠵᠦ᠂ ᠨᠡᠶᠢᠭᠡᠮᠴᠢᠯᠡᠭᠰᠡᠨ ᠬᠠᠮᠢᠶᠠᠷᠤᠯᠲᠠ ᠬᠠᠮᠠᠭᠠᠯᠠᠯᠲᠠ ᠪᠠ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ | ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠠᠭᠪᠤᠷ ᠢ ᠰᠣᠩᠭᠤᠵᠤ᠂ ᠵᠣᠷᠯᠣᠩ ᠤᠨ ᠢᠯᠭᠠᠳᠠᠰᠤ ᠪᠠ ᠠᠮᠢᠳᠤᠷᠠᠯ ᠤᠨ | ᠪᠣᠬᠢᠷ ᠤᠰᠤ ᠶᠢ ᠬᠠᠮᠵᠢᠯᠴᠠᠨ ᠵᠠᠰᠠᠬᠤ ᠶᠢ ᠠᠬᠢᠭᠤᠯᠤᠨ᠂ ᠬᠥᠳᠡᠭᠡ ᠲᠣᠰᠬᠤᠨ ᠤ ᠨᠡᠯᠢᠶᠡᠳ ᠶᠡᠭᠡ ᠲᠠᠯᠠᠪᠠᠶ ᠲᠠᠢ | ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ | ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ | ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠣᠯᠠᠨ | ᠡᠬᠢᠲᠦ ᠪᠣᠬᠢᠷᠲᠤᠯ ᠤᠨ ᠲᠣᠪᠤᠶᠢᠮ᠎ᠠ ᠣᠷᠣᠨ ᠪᠦᠰᠡ ᠶᠢᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠮᠠᠯ | ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠤᠰᠤᠨ ᠭᠠᠷᠤᠯᠲᠠ ᠶᠢᠨ ᠲᠡᠵᠢᠭᠡᠨ | ᠦᠷᠡᠵᠢᠭᠦᠯᠬᠦ ᠰᠡᠭᠦᠯ ᠤᠨ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ ᠭᠠᠵᠠᠷ ᠢ | ᠠᠶᠤᠯᠭᠦᠢ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠬᠦᠨᠳᠦ | ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠡᠷᠢᠬᠦ ᠪᠠ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠰᠢ | ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ ᠲᠦᠢᠯ ᠤᠨ | ᠣᠨᠣᠪᠴᠢᠲᠠᠶ ᠪᠠᠷ ᠬᠤᠪᠢᠶᠠᠷᠢᠯᠠᠨ ᠲᠣᠭᠲᠠᠭᠠᠵᠤ᠂ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ | ᠤ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠠᠮᠵᠢᠯᠴᠠᠭ᠎ᠠ ᠪᠣᠯᠤᠨ ᠬᠠᠮᠲᠤᠷᠠᠨ | ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ | ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠬᠡᠮᠥ᠋ᠷᠡᠨ ᠤ ᠵᠢᠭᠠᠰᠤ ᠠᠩᠨᠠᠬᠤ ᠶᠢ | ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠵᠤ᠂ ᠬᠥᠬᠡᠮᠥ᠋ᠷᠡᠨ ᠤ ᠬᠤᠪᠣᠷ ᠴᠤᠬᠠᠭ ᠮᠥᠬᠦᠬᠦ ᠰᠢᠬᠠᠭᠰᠠᠨ | ᠳᠦᠷᠰᠦ ᠶᠢ ᠠᠪᠤᠷᠠᠬᠤ ᠪᠠ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ | ᠴᠢᠩᠭᠠᠳᠬᠠᠨ᠎ᠠ᠃ | ᠲᠠᠪᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠦᠨ᠎ᠡ | ︵ᠬᠤᠷᠢ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ | ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠤᠨ ᠬᠤᠭᠤᠴᠠᠭᠠᠨ ᠤ ᠲᠣᠭᠲᠠᠭᠤᠨ | ᠪᠠᠶᠢᠬᠤ ᠶᠢ ᠪᠠᠲᠤᠯᠠᠵᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠰᠡᠭ ᠵᠠᠯᠠᠭᠤ ᠺᠠᠳ᠋ᠷᠴᠤᠳ ᠤᠨ ᠬᠥᠳᠡᠭᠡ ᠲᠣᠰᠬᠤᠨ | ᠦᠨᠳᠦᠰᠦᠨ ᠱᠠᠲᠤᠨ ᠤ ︽ᠨᠤᠳᠤᠭ ᠤᠰᠤᠨ ᠳᠤ ᠲᠠᠰᠬᠤ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠪᠥᠬᠦ ᠤᠯᠤᠰ ᠤᠨ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ | ᠲᠣᠷᠣᠶ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠵᠦ | ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢᠨ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠠᠮ ᠤᠨ ᠭᠡᠰᠢᠭᠦᠨ᠂ ᠺᠠᠳ᠋ᠷ ᠤᠨ | ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠵᠦ᠂ ᠲᠤᠰᠬᠤᠨ ᠤ ᠺᠠᠳ᠋ᠷ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ | ᠠᠵᠢᠯᠲᠠᠨ ᠤ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠎ᠠ᠃ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ | ᠠᠷᠠᠳᠴᠢᠯᠠᠯ ᠢᠶᠠᠷ ᠬᠡᠷᠡᠭ ᠵᠥᠪᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ ᠤ | ᠲᠣᠰᠬᠤᠨ ᠤ ᠱᠠᠲᠤᠨ ᠤ ᠬᠡᠷᠡᠭ ᠵᠥᠪᠯᠡᠬᠦ ᠵᠥᠪᠯᠡᠯᠭᠡᠨ ᠳᠤ ᠣᠯᠠᠨ ᠠᠷᠭ᠎ᠠ ᠵᠠᠮ ᠢᠶᠠᠷ ᠣᠷᠣᠯᠴᠠᠬᠤ ᠶᠢ ᠲᠡᠮᠵᠢᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠢᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠳᠤ ᠴᠠᠭᠳᠠᠨ | ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠵᠢᠷᠤᠮᠵᠢᠯ ᠢ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃ | ︵ᠬᠤᠷᠢᠨ ᠨᠢᠭᠡ︶ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠪᠠᠶᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠳᠤ | ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠬᠥᠳᠡᠯᠦᠩᠭᠦᠶ ᠪᠠᠷ ᠲᠣᠬᠢᠷᠠᠭᠤᠯᠬᠤ ᠲᠣᠭᠲᠡᠴᠡ ᠶᠢ | ᠪᠦᠷᠢᠨᠰᠢᠭᠦᠯᠦᠨ᠎ᠡ᠃ ᠰᠢᠶᠠᠨ ᠰᠢᠶᠠᠩ ᠠᠴᠠ ᠵᠢᠭᠡᠯᠡᠵᠦ ᠠᠵᠢᠯᠯᠠᠭᠤᠯᠬᠤ ᠠᠵᠢᠯᠲᠠᠨ ᠢ ᠴᠢᠩᠭ᠎ᠠ ᠬᠠᠮᠢᠶᠠᠷᠤᠨ ᠡᠵᠡᠮᠳᠡᠬᠦ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠳᠤ | ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠨ ᠰᠢᠯᠭᠠᠬᠤ ᠠᠵᠢᠯ ᠥᠷᠨᠢᠭᠦᠯᠬᠦ ᠶᠢ ᠴᠢᠩᠭ᠎ᠠ ᠬᠢᠵᠠᠭᠠᠷᠯᠠᠵᠤ | ᠂ ᠲᠠᠷᠢᠶᠠᠯᠠᠩ ᠳᠤ ᠬᠤᠯᠪᠣᠭᠳᠠᠭᠰᠠᠨ ᠬᠢᠨᠠᠨ ᠰᠢᠯᠭᠠᠯᠲᠠ ᠶᠢ ᠴᠣᠮᠬᠠᠳᠬᠠᠨ ᠰᠢᠯᠢᠳᠡᠭᠵᠢᠭᠦᠯᠦᠨ᠎ᠡ᠃ ︽ᠨᠢᠭᠡ | ᠪᠢᠯᠧᠲ ᠢᠶᠠᠷ ᠦᠭᠡᠶᠢᠰᠭᠡᠬᠦ︾ ᠪᠠ ᠬᠠᠷᠢᠭᠤᠴᠠᠯᠭ᠎ᠠ ᠶᠢᠨ ᠪᠢᠴᠢᠭ ᠲᠣᠭᠲᠠᠬᠤ ᠵᠦᠢᠯᠡᠰ ᠢ ᠢᠯᠭᠠᠷᠠᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ | ᠬᠡᠷᠡᠭᠯᠡᠭᠡᠨ ᠤ ᠳᠡᠰ ᠳᠠᠷᠠᠭᠠᠯᠠᠯ ᠢ ᠴᠡᠪᠡᠷᠯᠡᠨ ᠨᠡᠶᠢᠳᠭᠡᠵᠦ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ | ︾ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠦᠨᠳᠦᠰᠦᠨ | ᠱᠠᠲᠤᠨ ᠤ ᠲᠤᠤᠷᠴᠢᠯᠠᠭᠰᠠᠨ ᠵᠠᠰᠠᠯᠲᠠ ᠶᠢᠨ ︽ᠣᠯᠠᠨ ᠲᠤᠤᠷ ᠢ ᠨᠢᠭᠡᠳᠭᠡᠬᠦ︾ ᠶᠢ ᠠᠬᠢᠭᠤᠯᠤᠨ᠎ᠠ᠃ ︽ᠳᠡᠭᠡᠷ᠎ᠡ | ᠱᠠᠲᠤ ᠶᠢᠨ ᠬᠢ ᠶᠢ ᠬᠠᠰᠤᠵᠤ ᠳᠣᠷᠣᠭᠰᠢ ᠪᠠᠨ ᠨᠥᠬᠦᠪᠥᠷᠢᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ | ᠲᠤᠭ᠎ᠠ ᠶᠢᠨ ᠡᠬᠢ ᠪᠠᠶᠠᠯᠢᠭ ᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠠᠶᠢᠰᠢ ᠬᠡᠯᠪᠠᠶᠢᠯᠭᠡᠬᠦ ᠶᠢ ᠠᠬᠢᠭᠤᠯᠵᠤ᠂ | ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠯᠡᠨ᠎ᠡ᠃ | ︵ᠬᠤᠷᠢᠨ ᠬᠤᠶᠠᠷ︶ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠣᠯᠪᠠᠰᠤᠨ ᠬᠦᠳᠡᠭᠡ | ᠳᠤᠰᠬᠤᠨ ᠤ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠮ ᠤᠨ ᠰᠢᠨ᠎ᠡ | ᠡᠭᠦᠳᠦᠯᠳᠡ ᠶᠢᠨ ᠤᠨᠤᠯ ᠢ ᠬᠥᠮᠦᠰ ᠤᠨ ᠰᠡᠳᠭᠢᠯ ᠳᠤ ᠨᠡᠩ ᠬᠠᠳᠠᠩᠰᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠴᠠᠭ ᠦᠶ᠎ᠡ ᠶᠢᠨ ᠰᠢᠨ᠎ᠡ ᠬᠡᠪ | ᠰᠤᠷᠲᠠᠯ ᠢ ᠪᠣᠢ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠎ᠡ︾ ᠵᠡᠷᠭᠡ | ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠶ᠎ᠡ ᠨᠠᠶᠢᠷᠠᠮᠳᠠᠭᠤ ᠭᠡᠷ ᠪᠦᠯᠢ ᠬᠢᠭᠡᠳ ᠡᠶ᠎ᠡ ᠵᠣᠬᠢᠴᠠᠯ ᠲᠠᠢ | ᠬᠥᠷᠰᠢ ᠵᠡᠷᠭᠡᠯᠡᠳᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠤᠭᠴᠠᠯᠠᠨ᠎ᠠ᠃ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ | ᠬᠦᠷᠭᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡ ᠪᠠ ᠪᠦᠲᠦᠭᠡᠭᠳᠡᠬᠦᠨ ᠤ | ᠬᠠᠩᠭᠠᠯᠭ᠎ᠠ ᠶᠢ ᠪᠠᠶᠠᠯᠢᠭᠵᠢᠭᠤᠯᠤᠨ᠂ ︽ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠤᠷᠤᠨ | ᠨᠤᠲᠤᠭ ᠤᠨ ᠰᠣᠶᠣᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠦᠳᠦᠯᠦᠨ ᠵᠢᠯᠣᠭᠤᠳᠤᠨ᠎ᠠ᠃ | ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ | ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃ | ︵ᠬᠤᠷᠢᠨ ᠭᠤᠷᠪᠠ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠶᠡᠭᠡ ᠬᠡᠮᠵᠢᠶᠡᠨ ᠤ ᠪᠣᠭᠲᠣᠯᠠᠬᠤ ᠪᠡᠯᠡᠭ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ | ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠤᠷᠤᠭᠯᠠᠵᠤ ᠪᠤᠯᠬᠤ ᠬᠦᠮᠦᠰ ᠲᠤ ᠦᠵᠡᠭᠦᠯᠬᠦ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠤᠷᠤᠭ ᠢᠨᠠᠭ ᠤᠨ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢ ᠴᠢᠩᠭᠠᠳᠬᠠᠨ᠎ᠠ᠃ | ᠤᠷᠤᠭ ᠤᠨ ᠬᠠᠪᠰᠤᠷᠤᠨ ᠮᠡᠬᠡᠯᠡᠭᠴᠢ ᠤᠷᠤᠭ ᠮᠡᠬᠡᠯᠡᠭᠴᠢ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠎ᠡ᠃ ᠳᠡᠭᠡᠳᠦᠰ ᠤᠨ ᠰᠦᠮ᠎ᠡ ᠶᠢᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠨᠠᠶᠢᠷ ᠲᠠᠯ᠎ᠠ ᠬᠠᠷᠠᠵᠤ ᠠᠳᠠᠭᠠᠷᠬᠠᠬᠤ᠂ ᠶᠡᠭᠡ ᠪᠠᠷ ᠪᠡᠯᠡᠳᠬᠡᠵᠦ ᠶᠡᠭᠡ ᠪᠠᠷ ᠬᠢᠬᠦ᠂ | ᠳᠦᠭᠦᠮᠬᠡᠨ ᠠᠰᠠᠷᠠᠵᠤ ᠬᠦᠨᠳᠦ ᠪᠠᠷ ᠤᠷᠤᠰᠢᠭᠤᠯᠬᠤ᠂ ᠳᠤᠷ᠎ᠠ ᠪᠠᠷ ᠣᠷᠣᠰᠢᠭᠤᠯᠬᠤ ᠵᠡᠷᠭᠡ ᠲᠤᠪᠤᠶᠢᠮ᠎ᠠ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ ᠰᠠᠨᠠᠭᠠᠴᠢᠯᠠᠬᠤ | ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠴᠡᠭᠴᠡᠯᠡᠨ ᠵᠠᠰᠠᠨ᠎ᠠ᠃ | ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃ | ︵ᠬᠤᠷᠢᠨ ᠳᠥᠷᠪᠡ︶ ᠬᠥᠳᠡᠭᠡ ᠲᠣᠰᠬᠤᠨ ᠤ ᠠᠮᠤᠷ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ | ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ | ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠳᠡᠪᠬᠢᠲᠡᠢ ᠡᠷᠡᠭᠦᠯ ᠰᠠᠷᠠᠭᠤᠯ ᠨᠡᠶᠢᠭᠡᠮ ᠤᠨ | ᠠᠭᠤᠷ ᠠᠮᠢᠰᠬᠤᠯ ᠢ ᠪᠤᠢ ᠪᠣᠯᠭᠠᠨ᠎ᠠ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ ︽ᠭᠠᠴᠠᠭ᠎ᠠ ᠲᠣᠰᠬᠤᠨ ᠤ ᠡᠵᠡᠷᠬᠡᠭᠴᠢ︾᠂ ᠲᠥᠷᠥᠯ | ᠤᠭᠰᠠᠭ᠎ᠠ ᠤᠪᠤᠭ ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠰᠡᠷᠭᠡᠶᠢᠯᠡᠨ | ᠬᠤᠷᠢᠭᠯᠠᠨ᠎ᠠ᠃ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠨ᠎ᠠ᠃ ᠬᠥᠳᠡᠭᠡ ᠲᠣᠰᠬᠤᠨ ᠤ ᠵᠣᠭᠤᠰ ᠨᠠᠭᠠᠳᠬᠤ ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ | ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠤᠢ ᠪᠣᠯᠭᠠᠵᠤ᠂ ᠲᠠᠷᠢᠶᠠᠯᠠᠩ ᠳᠤ ᠬᠤᠯᠪᠣᠭᠳᠠᠭᠰᠠᠨ ᠬᠦᠷᠢᠶᠡᠨ ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ | ᠵᠡᠷᠭᠡ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠥᠳᠡᠭᠡ ᠲᠣᠰᠬᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ | ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠰᠢᠲᠠᠮᠠᠬᠠᠶ ᠬᠡᠶ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠥᠪᠡᠷ ᠢᠶᠠᠨ | ᠬᠡᠷ ᠪᠠᠷᠢᠬᠤ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ | ᠵᠢᠷᠭᠤᠭ᠎ᠠ᠂ ᠡᠯᠧᠮᠧᠨ᠋ᠲ ᠢ ᠪᠠᠲᠤᠯᠠᠬᠤ ᠪᠠ ᠲᠤᠬᠢᠷᠠᠭᠤᠯᠭ᠎ᠠ ᠰᠢᠯᠢᠳᠡᠭᠵᠢᠬᠦᠯᠬᠦ ᠪᠠᠶᠢᠭᠤᠯᠤᠯ ᠲᠣᠭᠲᠠᠴᠠ ᠶᠢ | ᠬᠦᠴᠦᠯᠡᠨ ᠪᠦᠷᠢᠨᠰᠢᠭᠦᠯᠤᠨ᠎ᠠ | ︵ᠬᠤᠷᠢᠨ ᠲᠠᠪᠤ︶ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ | ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ︽ᠶᠡᠷᠦᠩᠭᠡᠢ ᠳᠡᠭᠡᠨ ᠲᠣᠭᠲᠠᠭᠤᠨ ᠪᠠᠶᠢᠯᠭᠠᠵᠤ᠂ ᠪᠠᠭ᠎ᠠ | ᠲᠣᠬᠢᠷᠠᠭᠤᠯᠤᠯᠲᠠ ᠬᠢᠬᠦ︾ ᠶᠢ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠪᠠᠷ ᠢᠶᠠᠨ ᠲᠤᠷᠰᠢᠯᠲᠠ ᠬᠢᠬᠦ ᠬᠡᠪᠴᠢᠶ᠎ᠡ ᠶᠢ ᠥᠷᠭᠡᠳᠭᠡᠨ᠂ | ᠤᠷᠲᠤᠳᠬᠠᠨ ᠳᠠᠭᠠᠭᠠᠴᠢᠯᠠᠭᠤᠯᠬᠤ ᠳᠤᠮᠳᠠᠬᠢ ᠵᠥᠷᠢᠴᠡᠯ ᠵᠠᠭᠤᠷᠠᠯᠳᠤᠭᠠᠨ ᠢ ᠲᠣᠬᠢᠲᠠᠶ ᠨᠠᠮᠳᠠᠭᠤᠯᠵᠤ᠂ ᠵᠣᠩᠬᠢᠯᠠᠬᠤ | ᠣᠯᠠᠨ ᠲᠣᠭᠠᠨ ᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠢ ᠶᠡᠷᠦᠩᠬᠡᠶ ᠳᠤᠨᠢ ᠤᠷᠲᠤᠳᠬᠠᠬᠤ ᠪᠠ | ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ | ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠷᠢᠮ ᠢ ᠪᠦᠷᠢᠨᠰᠢᠬᠦᠯᠵᠤ᠂ ᠭᠦᠢᠴᠡᠳᠭᠡᠬᠦ ᠲᠤᠭ᠎ᠠ | ᠪᠠᠭᠤᠯᠭᠠᠬᠤ᠂ ᠡᠭᠦᠷᠭᠡ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠭᠠᠵᠠᠷ ᠰᠢᠷᠣᠢ ᠶᠢᠨ ᠡᠷᠭᠢᠯᠲᠡ ᠶᠢ ᠠᠬᠢᠭᠤᠯᠵᠤ | ᠪᠣᠯᠬᠤ ᠦᠭᠡᠢ᠃ ᠡᠷᠭᠢᠯᠲᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ ᠪᠣᠳᠠᠲᠤ ᠶᠠᠭᠤᠮ᠎ᠠ ᠪᠠᠷ ᠲᠦᠷᠢᠶᠡᠰᠦᠯᠡᠬᠦ | ᠵᠡᠷᠭᠡ ᠠᠷᠭ᠎ᠠ ᠮᠠᠶ᠋ᠢᠭ ᠢ ᠨᠡᠶᠢᠲᠡᠯᠡᠬᠦ ᠪᠠᠷ ᠳᠠᠮᠵᠢᠨ᠂ ᠡᠷᠭᠢᠯᠲᠡ ᠶᠢᠨ ᠵᠠᠷᠤᠳᠠᠯ ᠢ ᠵᠦᠶ ᠵᠣᠬᠢᠰᠲᠠᠶ ᠬᠡᠪᠴᠢᠶᠡᠨ ᠳᠤ | ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ | ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ | ᠰᠠᠶᠢᠲᠤᠷ ᠬᠡᠷᠡᠭᠯᠡᠨ᠎ᠡ᠃ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠭᠡᠷ ᠪᠠᠶᠢᠰᠢᠩ ᠤᠨ | ᠰᠠᠭᠤᠷᠢ ᠭᠠᠵᠠᠷ ᠤᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠲᠠᠷᠢᠶᠠᠴᠢᠨ ᠡᠷᠦᠬᠡ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ | ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ | ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠰᠦᠪᠡᠭᠴᠢᠯᠡᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠬᠥᠳᠡᠭᠡ | ᠲᠣᠰᠬᠤᠨ ᠠᠴᠠ ᠲᠠᠷᠢᠶᠠᠴᠢᠨ ᠤ ᠭᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ | ᠵᠥᠪᠰᠢᠶᠡᠷᠡᠬᠦ ᠦᠭᠡᠢ᠂ ᠠᠵᠢᠯ ᠠᠴᠠ ᠪᠠᠨ ᠠᠮᠠᠷᠠᠭᠰᠠᠨ ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ | ᠭᠡᠷ ᠪᠠᠷᠢᠬᠤ ᠶᠢ ᠵᠥᠪᠰᠢᠶᠡᠷᠡᠬᠦ ᠦᠭᠡᠢ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ ᠡᠷᠬᠡ ᠠᠰᠢᠭ ᠢ ᠬᠠᠮᠠᠭᠠᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠠᠮᠲᠤ ᠶᠢᠨ ᠣᠷᠣᠯᠭ᠎ᠠ ᠳᠤ ᠠᠯᠪᠠ ᠪᠠᠷ | ᠬᠠᠷᠠᠯᠲᠠ ᠲᠤᠭᠳᠠᠭᠠᠬᠤ ᠦᠭᠡᠢ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ ᠥᠷᠢ ᠥᠭᠴᠡᠭᠡ ᠶᠢ | ᠴᠢᠩᠭ᠎ᠠ ᠬᠢᠵᠠᠭᠠᠷᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ ᠪᠠ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠤᠰᠬᠠᠶ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | | ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠯᠠ ᠣᠷᠣᠭᠤᠯᠵᠤ ᠪᠠᠯᠠ | ᠳᠣᠭᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠦᠳᠡᠭᠡ ᠠᠵᠤ ᠠᠬᠤᠢ ᠬᠥᠳᠡᠭᠡ ᠲᠣᠰᠬᠤᠨ ᠤ | ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠷ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠎ᠠ᠃ | ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠤᠯᠤᠰ ᠤᠨ | ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ | ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ | ᠰᠣᠯᠢᠵᠤ ᠠᠪᠬᠤ᠂ ᠬᠠᠳᠠᠭᠠᠯᠠᠮᠵᠢ ᠶᠢᠨ ᠪᠡᠯᠡᠳᠭᠡᠯ ᠮᠥᠩᠭᠦᠨ ᠤ ᠵᠥᠷᠢᠶᠡᠲᠦ ᠨᠣᠷᠮ᠎ᠠ ᠵᠡᠷᠭᠡ ᠵᠣᠭᠤᠰᠣᠨ ᠤ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠠᠯᠠ ᠮᠥᠩᠭᠦᠨ ᠤ ᠣᠷᠣᠭᠤᠯᠤᠯᠲᠠ ᠪᠠᠨ | ᠨᠡᠮᠡᠭᠳᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠬᠦᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠲᠤᠰᠬᠠᠢ ᠲᠥᠷᠥᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠠᠮᠵᠢᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠮᠠᠯ ᠵᠢᠭᠦᠷᠲᠡᠨ ᠤ | ᠠᠮᠢᠳᠤ ᠴᠣᠭᠴᠠ᠂ ᠲᠠᠷᠢᠶᠠᠯᠠᠩ ᠤᠨ ᠲᠥᠬᠦᠭᠡᠷᠦᠮᠵᠢ ᠵᠡᠷᠭᠡ ᠪᠠᠷᠢᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ | ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠳᠤᠮᠳᠠ ᠪᠠᠭ᠎ᠠ ᠪᠠᠩᠬᠢ ᠶᠢᠨ ᠲᠠᠷᠢᠶᠠᠯᠠᠩ ᠢ ᠳᠡᠮᠵᠢᠬᠦ ᠪᠠᠭ᠎ᠠ ᠠᠵᠤ | ᠠᠬᠤᠶᠢᠯᠠᠯ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠨᠢᠭᠡ ᠮᠤᠵᠢ ᠳᠤ ᠨᠢᠭᠡ ᠠᠷᠭ᠎ᠠ ᠪᠣᠳᠣᠯᠭ᠎ᠠ︾ | ᠪᠠᠷ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠭᠠᠴᠠᠭ᠎ᠠ | ᠪᠠᠯᠭᠠᠰᠤᠨ ᠤ ᠪᠠᠩᠬᠢ ᠶᠢᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠨᠡᠶᠢᠳᠭᠡᠬᠦ ᠠᠵᠢᠯ ᠢ ᠯᠠᠪᠳᠠᠭᠤᠨ ᠪᠥᠭᠡᠳ | ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠬᠦᠭᠵᠢᠭᠦᠯᠬᠦ ᠶᠢ ᠳᠡᠮᠵᠢᠨ᠎ᠡ᠃ | ᠬᠥᠳᠡᠭᠡ ᠲᠣᠰᠬᠤᠨ ᠤ ᠡᠯ᠎ᠡ ᠵᠦᠢᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠤᠬᠢᠯᠲᠠ ᠦᠭᠬᠦᠨ᠎ᠡ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠵᠦᠢᠯᠡᠰ ᠤᠨ ᠪᠦᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠮᠡᠬᠡᠯᠡᠨ | ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃ | ︵ᠬᠤᠷᠢᠨ ᠨᠠᠢᠮᠠ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠ ᠬᠥᠭᠵᠢᠭᠦᠯᠬᠦ ᠲᠣᠭᠲᠡᠴᠡ ᠶᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠴᠢᠳ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠬᠥᠳᠡᠭᠡ ᠲᠣᠰᠬᠤᠨ ᠤ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ | ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠷᠠᠨ ᠲᠠᠷᠬᠠᠨ ᠢ | ᠪᠤᠶᠢᠵᠢᠭᠤᠯᠬᠤ ᠢᠨᠵᠧᠨᠧᠷᠢᠩ ᠢ ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠰᠢᠨᠵᠢᠯᠡᠭᠡᠨ ᠤ ᠲᠤᠰᠬᠠᠢ ᠮᠡᠷᠭᠡᠵᠢᠯ ᠢ ᠰᠢᠯᠢᠳᠡᠭᠵᠢᠭᠦᠯᠦᠨ | ᠲᠣᠬᠢᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ | ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠲᠠᠷᠢᠶᠠᠯᠠᠩ ᠤᠨ ᠠᠵᠤ ᠠᠬᠤᠶᠢᠯᠠᠯ ᠵᠡᠷᠭᠡ ᠶᠢᠨ ᠠᠵᠤ | ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ᠎ᠠ᠃ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠬᠴᠢ | ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠣᠶᠤᠲᠠᠳ ᠤᠨ ᠪᠠᠷᠠᠭᠤᠨ ᠣᠷᠣᠨ ᠳᠤ ᠰᠠᠶᠢᠨ | ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠢ | ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠦᠰᠡᠯ ᠵᠡᠭᠦᠳᠦ ᠪᠠᠨ | ᠬᠥᠭᠡᠭᠡᠴᠡᠯᠳᠦᠭᠴᠢ ᠶᠢᠨ ᠲᠥᠯᠥᠪᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ | ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠳᠡᠭᠡ ᠲᠣᠰᠬᠤᠨ ᠳᠤ ᠦᠨᠳᠦᠰᠦᠯᠡᠵᠦ ᠲᠠᠷᠢᠶᠠᠯᠠᠩ ᠢ ᠳᠡᠮᠵᠢᠨ | ᠲᠠᠷᠢᠶᠠᠴᠢᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠣᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠢ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠳᠤ | ᠦᠢᠯᠡᠴᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠰᠢᠯᠭᠠᠨ ᠲᠤᠭᠲᠠᠭᠠᠬᠤ ᠤᠷᠢᠵᠤ ᠬᠡᠷᠡᠭᠯᠡᠬᠦ | ᠤᠷᠮᠠᠰᠢᠭᠤᠯᠬᠤ ᠲᠣᠭᠲᠡᠴᠡ ᠶᠢ ᠲᠡᠭᠦᠯᠳᠡᠷᠵᠢᠭᠦᠯᠦᠨ᠎ᠡ᠃ | ︵ᠬᠤᠷᠢ ᠵᠢᠰᠦ︶ ᠣᠶ ᠰᠢᠭᠤᠢ᠂ ᠠᠲᠠᠷ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ | ᠵᠡᠷᠭᠡ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠤᠨ᠎ᠠ᠃ ᠬᠠᠮᠲᠤ ᠶᠢᠨ ᠤᠢ ᠰᠢᠭᠤᠢ ᠶᠢᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠢ ᠮᠣᠳᠣ ᠶᠢ ᠣᠭᠲᠣᠯᠬᠤ | ᠬᠠᠮᠢᠶᠠᠷᠤᠯᠲᠠ ᠶᠢᠨ ᠳᠦᠷᠢᠮ ᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡᠲᠦ ᠬᠥᠮᠥᠨ ᠳᠤ ᠤᠢ ᠮᠣᠳᠣ ᠶᠢ | ᠰᠶᠢᠳᠪᠦᠷᠢᠯᠡᠬᠦ ᠡᠷᠬᠡ ᠪᠠ ᠲᠡᠭᠦᠨ ᠠᠴᠠ ᠠᠰᠢᠭ ᠣᠯᠬᠤ ᠡᠷᠬᠡ ᠶᠢ ᠨᠡᠩ ᠭᠦᠢᠴᠡᠳ ᠣᠯᠭᠤᠨ᠎ᠠ᠃ ᠠᠲᠠᠷ | ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠ | ᠺᠣᠮᠫᠠᠨᠢ ᠶᠢ ᠵᠠᠰᠠᠬᠤ ᠵᠡᠷᠭᠡ ᠪᠠᠶᠢᠭᠤᠯᠤᠯ ᠲᠣᠭᠲᠡᠴᠡ ᠶᠢ ᠪᠦᠷᠢᠨᠰᠢᠭᠦᠯᠦᠨ᠎ᠡ᠃ ᠤᠯᠤᠰ ᠤᠨ ᠥᠮᠴᠢᠯᠡᠯ ᠤᠨ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠷᠬᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠢᠷᠤᠮᠵᠢᠭᠤᠯᠤᠨ ᠬᠠᠮᠢᠶᠠᠷᠴᠤ | ᠠᠰᠢᠭᠯᠠᠬᠤ ᠶᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠤᠰᠤ ᠬᠡᠷᠡᠭᠯᠡᠬᠦ | ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ | ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ | ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃ | ︵ᠭᠤᠴᠢ︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠲᠣᠭᠲᠡᠴᠡ ᠶᠢ | ᠪᠦᠷᠢᠨᠰᠢᠭᠦᠯᠦᠨ᠎ᠡ᠃ ᠰᠢᠯᠵᠢᠭᠦᠯᠦᠨ ᠲᠤᠭᠠᠴᠠᠭ᠎ᠠ ᠬᠢᠬᠦ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠵᠡᠷᠭᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠲᠠᠢ | ᠬᠤᠯᠪᠣᠭᠳᠠᠭᠤᠯᠬᠤ ᠶᠢ ᠠᠬᠢᠭᠤᠯᠤᠨ᠎ᠠ᠃ ᠪᠦᠬᠦ ᠤᠯᠤᠰ ᠤᠨ ᠢᠯᠡ ᠪᠥᠭᠡᠳ ᠨᠢᠭᠡᠳᠦᠯᠲᠡᠢ ᠡᠷᠦᠬᠡ ᠠᠮᠠ ᠶᠢᠨ | ᠳᠠᠩᠰᠠ ᠶᠢᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ | ᠪᠠᠶᠢᠩᠭᠤ ᠰᠠᠭᠤᠭ᠎ᠠ ᠭᠠᠵᠠᠷ ᠠᠴᠠ ᠡᠷᠦᠬᠡ ᠠᠮᠠ ᠶᠢᠨ ᠳᠠᠩᠰᠠ ᠶᠢ ᠳᠠᠩᠰᠠᠯᠠᠵᠤ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ᠃ ᠨᠥᠬᠦᠴᠡᠯ ᠲᠠᠢ ᠬᠤᠳᠠ ᠶᠢᠨ ᠲᠣᠭᠲᠠᠪᠤᠷᠢᠲᠠᠢ ᠠᠵᠢᠯ | ᠣᠯᠵᠤ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠣᠷᠣᠨ | ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ | ᠣᠷᠣᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠳᠠᠬᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ ᠭᠠᠵᠠᠷ ᠤᠨ | ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠠᠵᠢᠯ ᠣᠯᠣᠭᠰᠠᠨ ᠭᠠᠵᠠᠷ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ | ᠬᠦᠴᠦᠨ ᠦᠭᠡᠢ ᠪᠣᠯᠭᠠᠨ᠎ᠠ᠃ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ | ᠰᠢᠷᠣᠢ ᠶᠢᠨ ᠳᠠᠭᠠᠭᠠᠴᠢᠯᠠᠯᠲᠠ ᠶᠢᠨ ᠡᠷᠬᠡ᠂ ᠭᠡᠷ ᠪᠠᠶᠢᠰᠢᠩ ᠤᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ | ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ | ᠲᠥᠯᠥᠪᠦᠷᠢ ᠲᠠᠢ ᠪᠠᠷ ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠷᠬᠡᠪᠰᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠶᠢᠳᠪᠦᠷᠢᠯᠡᠬᠦ ᠶᠢ ᠪᠦᠬᠦ ᠨᠠᠮ ᠤᠨ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠵᠦ᠂ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ | ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ︽ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ | ᠪᠦᠷᠢᠨᠰᠢᠭᠦᠯᠬᠦ ᠬᠡᠷᠡᠭᠲᠡᠢ᠃ ᠲᠡᠦᠬᠡ ᠶᠢᠨ ᠬᠦᠯᠢᠴᠡᠩᠭᠦᠢ ᠤᠪᠤᠷ ᠢ ᠪᠠᠷᠢᠮᠳᠠᠯᠠᠵᠦ᠂ ᠴᠢᠳᠠᠯ ᠤᠨ ᠬᠢᠷᠢ ᠪᠠᠷ ᠢᠶᠠᠨ | ᠴᠢᠷᠮᠠᠶᠢᠵᠤ᠂ ᠴᠢᠳᠠᠯ ᠢᠶᠠᠷ ᠢᠶᠠᠨ ᠬᠢᠵᠦ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ | ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠲᠠᠷᠢᠶᠠᠴᠢᠨ ᠤᠯᠠᠨ ᠲᠦᠮᠡᠨ ᠳᠤ ᠨᠢᠳᠤᠨ ᠳᠤ | ᠦᠵᠡᠭᠳᠡᠵᠦ ᠭᠠᠷ ᠲᠤ ᠪᠠᠷᠢᠬᠳᠠᠬᠤ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠢ᠃ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠪᠣᠳᠠᠲᠤ ᠪᠠᠶᠢᠳᠠᠯ ᠠᠴᠠ ᠡᠭᠦᠰᠬᠦ ᠶᠢ | ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠠᠵᠢᠯᠯᠠᠬᠤ ᠠᠷᠭ᠎ᠠ ᠮᠠᠶ᠋ᠢᠭ ᠪᠠ | ᠠᠷᠭ᠎ᠠ ᠪᠠᠨ ᠰᠠᠶᠢᠵᠢᠷᠠᠭᠤᠯᠤᠨ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠥᠭᠦᠮᠴᠢᠯᠡᠬᠦ ᠪᠠ ︽ᠨᠢᠭᠡ | ᠯᠡ ᠠᠳᠠᠯᠢ ᠪᠠᠷ ᠬᠢᠬᠦ︾ ᠶᠢ ᠰᠡᠷᠭᠡᠶᠢᠯᠡᠨ ᠬᠤᠷᠢᠭᠯᠠᠨ᠎ᠠ᠃ ᠡᠯ᠎ᠡ ᠭᠠᠵᠠᠷ ᠤᠨ ᠦᠢᠯᠡᠳᠦᠯᠭᠡ ᠶᠢᠨ ᠰᠦᠪᠡᠭᠴᠢᠯᠡᠯᠲᠡ | ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠪᠠ ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ | ᠨᠡᠩ ᠪᠠᠲᠤᠳᠬᠠᠵᠤ᠂ ᠬᠥᠳᠡᠭᠡ ᠲᠣᠰᠬᠤᠨ ᠢ ᠨᠡᠩ ᠴᠡᠴᠡᠭᠯᠡᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ | ᠬᠥᠭᠵᠢᠶᠡᠨᠲᠡᠢ ᠪᠣᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠵᠠᠭᠠᠶ᠎ᠠ᠃ | | |