ᠬᠤᠷᠴᠢᠨ ᠲᠣᠭᠤᠷᠢᠭ᠄ ᠲᠠᠷᠢᠶᠠᠯᠠᠩ ᠬᠥᠳᠡᠭᠡ ᠲᠣᠰᠬᠤᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/28
    ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠲᠦᠷᠢᠮ ᠤᠨ ᠥᠭᠡᠷᠡᠴᠢᠯᠡᠯᠲᠡ᠂ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠡᠭᠦᠨ ᠤ ᠬᠠᠮᠲᠤ᠂ ᠬᠥᠳᠡᠭᠡ ᠲᠣᠰᠬᠤᠨ ᠤ ᠪᠣᠬᠢᠷᠲᠤᠯ ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠭᠠᠳᠠᠭᠰᠢᠯᠠᠭᠤᠯᠤᠯᠲᠠ ᠪᠠᠭ᠎ᠠ᠂ ᠦᠷ᠎ᠡ ᠠᠰᠢᠭ ᠥᠨᠳᠥᠷ ᠪᠣᠬᠢᠷᠲᠤᠯ ᠦᠭᠡᠢ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢᠨ ᠬᠠᠮᠲᠤ ᠣᠳᠣᠨ ᠲᠡᠰ ᠤᠨ ᠪᠣᠯᠪᠠᠰᠤᠨ ᠡᠷᠦᠬᠡ ᠵᠡᠷᠭᠡ ᠤᠯᠠᠨ ᠲᠦᠮᠡᠨᠴᠢ ᠴᠢᠨᠠᠷᠲᠠᠢ ᠰᠢᠯᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号