ᠬᠤᠷᠴᠢᠨ ᠲᠣᠭᠤᠷᠢᠭ᠄ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ
ᠨᠡᠶᠢᠲᠡᠯᠡᠭᠰᠡᠨ ᠴᠠᠭ᠄
2025/2/6
    2025 ᠣᠨ ᠳᠤ᠂ ᠬᠤᠷᠴᠢᠨ ᠲᠣᠭᠤᠷᠢᠭ ᠤᠨ ᠬᠢᠨ ᠬᠤᠳᠠᠯᠳᠤᠭᠠᠴᠢᠨ ᠤᠷᠢᠵᠤ ᠬᠤᠳᠠᠯᠳᠤᠭ᠎ᠠ ᠡᠵᠡᠩᠨᠡᠬᠦ ᠶᠢ ᠵᠡᠷᠭᠡᠪᠡᠷ ᠴᠢᠬᠤᠯᠠᠴᠢᠯᠠᠵᠤ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠥᠷᠨᠢᠭᠦᠯᠵᠦ᠂ ᠠᠰᠠᠭᠤᠳᠠᠯ ᠢ ︽ᠴᠤᠭᠯᠠᠭᠤᠯᠬᠤ᠂ ᠬᠤᠪᠢᠳᠠᠨ ᠭᠦᠢᠴᠡᠳᠬᠡᠬᠦ ᠂ ᠰᠢᠢᠳᠪᠦᠷᠢᠯᠡᠬᠦ᠂ ᠬᠠᠷᠢᠭᠤ ᠲᠤᠰᠬᠠᠬᠤ︾ ᠠᠵᠢᠯ ᠤᠨ ᠪᠢᠲᠡᠭᠦᠦ ᠴᠠᠭᠠᠷᠢᠭ ᠢ ᠬᠦᠴᠦᠯᠡᠨ ᠪᠣᠶ ᠪᠣᠯᠭᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠢᠭᠤᠳ ᠲᠦᠷᠭᠡᠨ ᠡᠳ᠋ᠯᠡᠬᠦ᠂ ᠵᠠᠰᠠᠭ ᠤᠨ ᠣᠷᠳᠣᠨ ᠤ ᠠᠮᠠᠯᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠥᠷᠢ ᠥᠭᠴᠡᠭᠡ ᠶᠢ ᠲᠦᠷᠭᠡᠨ ᠲᠥᠯᠥᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠠᠵᠤ ᠠᠬᠤᠶᠢᠯᠠᠯᠲᠠᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠦᠢᠯᠡᠴᠢᠯᠡᠭᠡᠨ ᠤ ᠦᠨᠡᠯᠡᠯᠲᠡ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠵᠡᠷᠭᠡ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠰᠤᠷᠭᠠᠨ ᠬᠥᠮᠦᠵᠢᠯ ᠡᠮ ᠡᠮᠨᠡᠯᠭᠡ᠂ ᠴᠢᠳᠠᠪᠤᠷᠢᠲᠠᠨ ᠤ ᠪᠠᠲᠤᠯᠠᠭ᠎ᠠ ᠵᠡᠷᠭᠡ ᠣᠯᠠᠨ ᠲᠠᠯ᠎ᠠ ᠶᠢᠨ ᠳᠡᠮᠵᠢᠯᠭᠡ ᠶᠢ ᠪᠥᠬᠦ ᠬᠦᠴᠦᠨ ᠢᠶᠠᠷ ᠢᠶᠠᠨ ᠬᠠᠩᠭᠠᠵᠤ᠂ ᠦᠢᠯᠡᠴᠢᠯᠡᠭᠡᠨ ᠤ ᠲᠠᠰ ᠳᠡᠪᠰᠢᠬᠦ ᠪᠠᠷ ᠠᠵᠤ ᠠᠬᠤᠶᠢᠯᠠᠯ ᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠦᠨ᠎ᠡ᠃
02.06 2插图.jpg
 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号