ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠮᠴᠢᠯᠡᠭᠡᠨ ᠤ ᠪᠦᠯᠦᠭᠯᠡᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠲᠣᠭᠤᠷᠢᠭ ᠢ ᠬᠠᠮᠤᠷᠤᠭᠰᠠᠨ | ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠲᠠᠪᠴᠠᠩ ᠢ ᠬᠦᠴᠦᠯᠡᠨ ᠪᠠᠶᠢᠭᠤᠯᠵᠤ᠂ ᠡᠪᠡᠳᠴᠢᠲᠡᠨ ᠤ ᠡᠯᠧᠺᠳ᠋ᠷᠣᠨ | ᠡᠪᠡᠳᠴᠢᠨ ᠤ ᠲᠡᠮᠳᠡᠭᠯᠡᠯ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠮᠲᠤᠪᠠᠷ ᠡᠳ᠋ᠯᠡᠵᠦ᠂ ᠡᠮᠴᠢᠯᠡᠭᠡᠨ ᠤ ᠪᠦᠯᠦᠭᠯᠡᠯ ᠤᠨ ᠳᠣᠲᠣᠭᠠᠳᠤ ᠶᠢᠨ ᠡᠯ᠎ᠡ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠮᠡᠳᠡᠭᠡ ᠵᠠᠩᠭᠢ ᠶᠢᠨ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠪᠡ᠃ ᠡᠭᠦᠨ ᠤ ᠬᠠᠮᠲᠤ᠂ | ᠲᠠᠪᠴᠠᠩ ᠳᠤ ᠲᠦᠰᠢᠭᠯᠡᠨ ᠡᠮᠴᠢᠯᠡᠭᠡᠨ ᠤ ᠪᠦᠯᠦᠭᠯᠡᠯ ᠤᠨ ᠳᠣᠲᠣᠷ᠎ᠠ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ᠂ | ᠠᠯᠤᠰ ᠡᠵᠡᠮᠰᠢᠯᠲᠦ ᠵᠢᠷᠤᠭ ᠳᠦᠷᠰᠦ ᠪᠠᠷ ᠣᠨᠣᠰᠢᠯᠠᠬᠤ᠂ ᠠᠯᠤᠰ ᠡᠵᠡᠮᠰᠢᠯᠲᠦ ᠰᠤᠷᠭᠠᠨ ᠬᠥᠮᠦᠵᠢᠯ ᠵᠡᠷᠭᠡ | ᠦᠢᠯᠡᠴᠢᠯᠡᠭᠡ ᠶᠢ ᠶᠡᠬᠡᠪᠡᠷ ᠳᠡᠯᠭᠡᠷᠡᠭᠦᠯᠵᠦ᠂ ᠣᠷᠣᠨ ᠪᠦᠰᠡ ᠶᠢᠨ ᠰᠢᠯᠭᠠᠨ ᠪᠠᠶᠢᠴᠠᠭᠠᠬᠤ᠂ ᠵᠢᠷᠤᠭ ᠳᠦᠷᠰᠦ᠂ | ᠵᠢᠷᠦᠬᠡᠨ ᠤ ᠯᠤᠭᠰᠢᠯᠲᠠ᠂ ᠡᠪᠡᠳᠴᠢᠨ ᠤ ᠵᠦᠢ᠂ ᠠᠷᠢᠭᠤᠳᠬᠠᠬᠤ ᠬᠠᠮᠢᠶᠠᠷᠤᠯᠲᠠ ᠵᠡᠷᠭᠡ ᠡᠬᠢ ᠪᠠᠶᠠᠯᠢᠭ ᠢ | ᠬᠠᠮᠲᠤᠪᠠᠷ ᠡᠳ᠋ᠯᠡᠬᠦ ᠲᠥᠪ ᠢ ᠨᠢᠭᠡᠳᠦᠯᠲᠡᠶ ᠲᠥᠯᠥᠪᠯᠡᠨ ᠪᠦᠲᠦᠭᠡᠨ ᠪᠠᠶᠢᠭᠤᠯᠵᠤ᠂ ᠪᠠᠶᠢᠴᠠᠭᠠᠨ ᠰᠢᠯᠭᠠᠭᠰᠠᠨ ᠦᠷ᠎ᠡ | ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠪᠡᠳᠴᠢᠲᠡᠨ ᠤ ᠠᠵᠤ ᠠᠬᠤᠶ ᠶᠢᠨ ᠳᠠᠷᠤᠭᠠᠰᠤ ᠶᠢ | ᠬᠥᠩᠭᠡᠷᠡᠭᠦᠯᠵᠦ᠂ ᠡᠮᠴᠢᠯᠡᠭᠡᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | |