2025 ᠣᠨ ᠤ ᠥᠪᠥᠷ ᠮᠣᠩᠭᠤᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ | ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶ ᠶᠢᠨ ᠰᠦᠯᠵᠢᠶᠡᠨ | ᠳᠡᠭᠡᠷ᠎ᠡ ᠨᠡᠷ᠎ᠡ ᠮᠡᠳᠡᠭᠦᠯᠬᠦ ᠠᠵᠢᠯ 3 ᠰᠠᠷ᠎ᠠ ᠶᠢᠨ 12 ᠤᠨ ᠡᠳᠦᠷ ᠠᠴᠠ 3 ᠰᠠᠷ᠎ᠠ ᠶᠢᠨ 26 ᠤ ᠡᠳᠦᠷ ᠪᠤᠯᠲᠠᠯ᠎ᠠ | ᠶᠠᠪᠤᠭᠳᠠᠨ᠎ᠠ᠃ ᠮᠠᠨ ᠤ ᠣᠷᠣᠨ ᠳᠤ 2025 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶᠂ | ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵3 +2︶ ᠶᠢᠨ ᠰᠣᠷᠣᠬᠴᠢ | ᠡᠯᠰᠡᠬᠦ ᠳᠤ ᠣᠷᠤᠯᠴᠠᠬᠤ ᠰᠢᠯᠭᠠᠭᠤᠯᠤᠭᠴᠢ ᠪᠠ ᠨᠠᠢᠮᠠᠳᠤᠭᠠᠷ ᠣᠨ ︵ᠠᠩᠬ᠎ᠠ ᠵᠡᠷᠭᠡ ᠶᠢᠨ ᠲᠤᠮᠳᠠᠳᠦ | ᠰᠤᠷᠭᠠᠭᠤᠯᠢ ᠶᠢᠨ ᠬᠤᠶᠠᠳᠤᠭᠠᠷ ᠣᠨ︶ ᠤ ᠰᠢᠯᠭᠠᠭᠤᠯᠤᠭᠴᠢ ᠪᠦᠭᠦᠨ ᠴᠥᠮ ᠲᠣᠭᠲᠠᠭᠠᠯ ᠶᠣᠰᠣᠭᠠᠷ ᠨᠡᠷ᠎ᠡ | ᠮᠡᠳᠡᠭᠦᠯᠬᠦ ᠭᠠᠷᠳᠠᠮ ᠢ ᠭᠦᠢᠴᠡᠳᠬᠡᠬᠦ ᠬᠡᠷᠡᠭᠲᠡᠢ᠃ ᠰᠢᠯᠭᠠᠭᠤᠯᠤᠭᠴᠢ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | ᠴᠠᠭ᠄ 2025 ᠣᠨ ᠤ 3 ᠰᠠᠷ᠎ᠠ ᠶᠢᠨ 12 ᠤᠨ ᠡᠳᠦᠷ ᠤᠨ 9᠄ 00 ᠠᠴᠠ ᠡᠬᠢᠯᠡᠵᠦ᠂ 3 ᠰᠠᠷ᠎ᠠ ᠶᠢᠨ 26 ᠤ | ᠡᠳᠦᠷ ᠤᠨ 17᠄ 00 ᠲᠤ ᠳᠠᠭᠤᠰᠤᠨ᠎ᠠ᠃ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠢ ᠨᠡᠷ᠎ᠡ ᠮᠡᠳᠡᠭᠦᠯᠬᠦ | ᠬᠤᠭᠤᠴᠠᠭᠠᠨ ᠳᠤ ᠡᠳᠦᠷ ᠪᠦᠷᠢ ᠶᠢᠨ 9᠄ 00 — 17᠄ 00 ᠲᠤ ᠨᠡᠭᠡᠭᠡᠨ᠎ᠡ᠃ ᠰᠢᠯᠭᠠᠭᠤᠯᠤᠭᠴᠢ | ᠲᠣᠭᠲᠠᠭᠰᠠᠨ ᠬᠤᠭᠤᠴᠠᠭᠠᠨ ᠳᠤ ᠨᠡᠷ᠎ᠡ ᠮᠡᠳᠡᠭᠦᠯᠬᠦ ᠬᠡᠷᠡᠭᠲᠡᠢ᠂ ᠬᠤᠭᠤᠴᠠᠭ᠎ᠠ ᠨᠢ ᠬᠡᠲᠦᠷᠡᠪᠡᠯ ᠳᠠᠭᠢᠵᠤ ᠭᠥᠯᠢᠶᠡᠨ | ᠠᠪᠴᠤ ᠰᠢᠢᠳᠪᠦᠷᠢᠯᠡᠬᠦ ᠦᠭᠡᠢ᠃ ᠨᠡᠷ᠎ᠡ ᠮᠡᠳᠡᠭᠦᠯᠬᠦ ᠳᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠨᠡᠷ᠎ᠡ ᠮᠡᠳᠡᠭᠦᠯᠬᠦ | ᠮᠡᠳᠡᠭᠡ ᠵᠠᠩᠭᠢ ᠶᠢ ᠨᠤᠲᠠᠯᠠᠬᠤ ᠪᠠ ᠨᠡᠷ᠎ᠡ ᠮᠡᠳᠡᠭᠦᠯᠬᠦ ᠬᠢᠷᠢ ᠭᠡᠮ ᠢ ᠬᠢᠨᠠᠨ ᠪᠠᠶᠢᠴᠠᠭᠠᠬᠤ ᠭᠤᠷᠪᠠᠨ ᠶᠠᠪᠤᠴᠠ | ᠬᠤᠪᠢᠶᠠᠨ᠎ᠠ᠃ ᠨᠡᠷ᠎ᠡ ᠮᠡᠳᠡᠭᠦᠯᠬᠦ ᠪᠣᠳᠠᠲᠠᠢ ᠶᠠᠪᠤᠴᠠ ᠨᠢ᠄ ᠰᠢᠯᠭᠠᠭᠤᠯᠤᠭᠴᠢ ᠲᠣᠭᠲᠠᠭᠰᠠᠨ ᠬᠤᠭᠤᠴᠠᠭᠠᠨ ᠳᠤ ︽ | ᠥᠪᠥᠷ ᠮᠣᠩᠭᠤᠯ ᠤᠨ ᠰᠣᠷᠣᠬᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ᠲᠦᠷᠦᠭᠦᠦ | ᠨᠢᠭᠤᠷ ᠲᠤ ᠣᠷᠣᠵᠤ᠂ ᠰᠦᠯᠵᠢᠶᠡᠨ ᠬᠠᠭᠤᠳᠠᠰᠤ ᠶᠢᠨ ᠪᠠᠷᠠᠭᠤᠨ ᠳᠡᠭᠡᠷᠡᠬᠢ ︽ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ | ᠰᠢᠯᠭᠠᠯᠲᠠ︶ ᠶᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠡᠭᠦᠳᠡ︾ ᠭᠡᠰᠡᠨ ᠢ ᠳᠠᠷᠤᠵᠤ ᠨᠡᠷ᠎ᠡ ᠮᠡᠳᠡᠭᠦᠯᠬᠦ | ᠰᠢᠰᠲ᠋ᠧᠮ ᠳᠤ ᠣᠷᠣᠨ᠎ᠠ᠃ ᠬᠡᠷᠪᠡ ᠲᠣᠰ ᠲᠠᠪᠴᠠᠩ ᠢ ᠬᠡᠷᠡᠭᠯᠡᠨ ᠨᠡᠷ᠎ᠡ ᠮᠡᠳᠡᠭᠦᠯᠵᠦ ᠥᠩᠭᠡᠷᠡᠭᠰᠡᠨ ᠰᠢᠯᠭᠠᠭᠤᠯᠤᠭᠴᠢ | ᠪᠣᠯ᠂ ᠨᠢᠭᠡᠨᠲᠡ ᠳᠠᠩᠰᠠᠯᠠᠭᠤᠯᠤᠭᠰᠠᠨ ᠲᠠᠩᠰᠠᠨ ᠨᠣᠮᠧᠷ ᠢᠶᠠᠷ ᠢᠶᠠᠨ ᠨᠡᠷ᠎ᠡ ᠮᠡᠳᠡᠭᠦᠯᠵᠦ ᠪᠣᠯᠣᠨ᠎ᠠ᠃ ᠳᠠᠩᠰᠠᠯᠠᠭᠤᠯᠵᠤ | ᠥᠩᠭᠡᠷᠡᠭᠰᠡᠨ ᠦᠭᠡᠢ ᠰᠢᠯᠭᠠᠭᠤᠯᠤᠭᠴᠢ ᠰᠢᠨ᠎ᠡ ᠪᠠᠷ ᠳᠠᠩᠰᠠᠯᠠᠭᠤᠯᠬᠤ ᠬᠡᠷᠡᠭᠲᠡᠢ᠃ ᠰᠢᠯᠭᠠᠭᠤᠯᠤᠭᠴᠢ | ᠳᠠᠩᠰᠠᠯᠠᠭᠤᠯᠬᠤ ᠦᠶ᠎ᠡ ᠳᠤ ᠬᠤᠪᠢ ᠬᠥᠮᠥᠨ ᠤ ᠮᠡᠳᠡᠭᠡ ᠵᠠᠩᠭᠢ ᠪᠠᠨ ᠲᠠᠭᠯᠠᠵᠤ᠂ ᠪᠤᠷᠤᠭᠤ ᠦᠭᠡᠢ ᠪᠠᠨ | ᠨᠤᠲᠠᠯᠠᠭᠰᠠᠨ ᠤ ᠳᠠᠷᠠᠭ᠎ᠠ ︽ᠨᠤᠲᠠᠯᠠᠬᠤ︾ ᠶᠢ ᠲᠣᠪᠴᠢᠳᠠᠨ᠎ᠠ᠃ ᠳᠠᠩᠰᠠᠯᠠᠭᠤᠯᠵᠤ ᠪᠠᠷᠠᠭᠰᠠᠨ ᠤ ᠳᠠᠷᠠᠭ᠎ᠠ ᠡᠬᠢᠨ ᠤ | ᠨᠢᠭᠤᠷ ᠳᠡᠭᠡᠷᠡᠬᠢ ︽ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ | ᠰᠢᠯᠭᠠᠯᠲᠠ ︵ᠥᠨᠳᠥᠷ ᠳᠤᠮᠳᠠᠳᠤ ᠶᠢᠨ ᠰᠤᠷᠤᠬᠴᠢ ᠡᠯᠰᠡᠬᠦ ᠰᠢᠯᠭᠠᠯᠲᠠ︶︾ ᠶᠢ ᠲᠣᠪᠴᠢᠳᠠᠵᠤ᠂ ᠳᠣᠣᠷᠠᠬᠢ | ᠴᠢᠳᠠᠮᠵᠢ ᠶᠢᠨ ᠬᠡᠰᠡᠭ ᠲᠤ ︽ᠰᠢᠯᠭᠠᠯᠲᠠ ᠳᠤ ᠨᠡᠷ᠎ᠡ ᠮᠡᠳᠡᠭᠦᠯᠬᠦ︾ ᠶᠢ ᠰᠣᠩᠭᠤᠨ᠎ᠠ᠃ ᠨᠡᠷ᠎ᠡ ᠮᠡᠳᠡᠭᠦᠯᠦᠭᠰᠡᠨ ᠮᠡᠳᠡᠭᠡ | ᠵᠠᠩᠭᠢ ᠶᠢ ᠪᠤᠷᠤᠭᠤ ᠦᠭᠡᠢ ᠭᠡᠵᠦ ᠨᠤᠲᠠᠯᠠᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ | ᠶᠢ ᠥᠪᠡᠷᠲᠡᠭᠡᠨ ᠳᠠᠷᠤᠮᠠᠯᠯᠠᠨ᠎ᠠ᠃ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ ︵ᠰᠤᠷᠭᠠᠭᠤᠯᠢ ᠳᠤ ᠪᠠᠶᠢᠭ᠎ᠠ | ᠰᠣᠷᠣᠬᠴᠢ︶ ᠪᠤᠶᠤ ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ︵ᠨᠡᠶᠢᠭᠡᠮ ᠤᠨ ᠰᠢᠯᠭᠠᠭᠤᠯᠤᠭᠴᠢ︶ ᠨᠢ ᠨᠡᠷ᠎ᠡ | ᠮᠡᠳᠡᠭᠦᠯᠦᠭᠰᠡᠨ ᠰᠢᠯᠭᠠᠭᠤᠯᠤᠭᠴᠢ ᠶᠢ ᠬᠢᠨᠠᠮᠠᠭᠠᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ︽ᠤᠷᠢᠳᠴᠢᠯᠠᠨ ᠨᠡᠷ᠎ᠡ | ᠮᠡᠳᠡᠭᠦᠯᠬᠦ ᠬᠦᠰᠦᠨᠦᠭᠲᠦ︾ ᠶᠢᠨ ᠬᠠᠷᠠᠭᠠᠯᠵᠠᠭᠰᠠᠨ ᠬᠦᠰᠦᠨᠦᠭᠲᠦ ᠳᠤ ︽ᠪᠠᠶᠢᠳᠠᠯ ᠨᠢ ᠦᠨᠡᠨ ᠪᠣᠳᠠᠲᠠᠢ ᠨᠡᠷ᠎ᠡ | ᠮᠡᠳᠡᠭᠦᠯᠬᠦ ᠶᠢ ᠨᠢ ᠵᠥᠪᠰᠢᠶᠡᠷᠡᠨ᠎ᠡ︾ ᠭᠡᠰᠡᠨ ᠴᠣᠬᠤᠯᠠᠪᠤᠷᠢ ᠪᠢᠴᠢᠬᠦ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ᠃ | |