ᠬᠤᠷᠴᠢᠨ ᠲᠣᠭᠤᠷᠢᠭ᠄ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠴᠢᠩᠭᠠᠳᠬᠠᠨ᠎ᠠ
ᠨᠡᠶᠢᠲᠡᠯᠡᠭᠰᠡᠨ ᠴᠠᠭ᠄
2025/3/13
     ᠡᠨᠡ ᠵᠢᠯ᠂ ᠬᠤᠷᠴᠢᠨ ᠲᠣᠭᠤᠷᠢᠭ ᠤᠨ ᠬᠢᠨ 11.4 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠪᠠᠷᠠᠭᠤᠨ ᠯᠢᠶᠣᠤ ᠾᠧ ᠭᠤᠣᠯ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ LXB ᠤᠰᠤ ᠬᠠᠩᠭᠠᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠬᠤᠶᠠᠳᠤᠭᠠᠷ ᠬᠤᠭᠤᠴᠠᠭᠠᠨ ᠤ ᠵᠡᠷᠭᠡ ᠴᠢᠬᠤᠯᠠ ᠶᠡᠭᠡ ᠢᠨᠵᠧᠨᠧᠷᠢᠩ ᠢ ᠥᠨᠳᠥᠷ ᠪᠦᠲᠦᠮᠵᠢᠲᠡᠢ ᠠᠵᠢᠯᠯᠠᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ᠃ ᠡᠭᠦᠨ ᠤ ᠬᠠᠮᠲᠤ᠂ ᠬᠡᠮᠡᠷᠯᠢᠭ ᠬᠠᠶᠢᠲᠠᠩ᠂ ᠡᠯᠡᠰᠦᠷᠬᠡᠭ ᠭᠠᠵᠠᠷ ᠤᠨ ᠦᠵᠦᠮ᠂ ᠬᠡᠭᠡᠷ᠎ᠡ ᠶᠢᠨ ᠲᠠᠤᠯᠠᠢ ᠶᠢᠨ ᠪᠦᠭᠡᠷ᠎ᠡ᠂ ᠴᠢᠴᠠᠷᠭᠠᠨ᠎ᠠ ᠵᠡᠷᠭᠡ ᠳᠥᠷᠪᠡᠨ ᠶᠡᠭᠡ ᠵᠢᠮᠢᠰ ᠤᠨ ᠠᠵᠤ ᠦᠢᠯᠡᠰ ᠤᠨ ᠬᠡᠪᠴᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠵᠦ᠂ ᠣᠶ ᠶᠢᠨ ᠬᠤᠷᠮᠣᠶ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠲᠦᠰᠢᠭᠯᠡᠬᠦ ᠠᠭᠤᠯᠠ ᠪᠣᠯᠭᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号