ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ ︽2025 ᠣᠨ ᠤ ᠲᠦᠩᠯᠢᠶᠣᠤ | ᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ | ᠲᠦᠩᠯᠢᠶᠣᠤ ᠬᠤᠲᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯᠳᠤᠭᠠᠨ ᠠᠴᠠ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠪᠠᠭᠤᠯᠭᠠᠪᠠ᠂ ᠬᠢᠨᠠᠮᠠᠭᠠᠶ | ᠲᠤᠭᠤᠰᠢᠯᠠᠭᠤᠯᠤᠨ ᠬᠡᠷᠡᠭᠵᠢᠭᠦᠯᠲᠦᠭᠡᠶ᠃ 2025 ᠣᠨ ᠤ 3 ᠳ᠋ᠤᠭᠠᠷ ᠰᠠᠷ᠎ᠠ ᠶᠢᠨ 9 ︵ᠲᠤᠰ ᠮᠠᠲ᠋ᠧᠷᠢᠶᠠᠯ ᠢ | ᠢᠯᠡ ᠪᠠᠷ ᠨᠡᠶᠢᠲᠡᠯᠡᠨ᠎ᠡ︶ 2025 ᠣᠨ ᠤ ᠲᠦᠩᠯᠢᠶᠣᠤ ᠬᠤᠲᠠ ᠶᠢᠨ ᠤᠯᠤᠰ ᠠᠷᠠᠳ ᠤᠨ ᠠᠵᠤ ᠠᠬᠤᠶ ᠪᠠ | ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠲᠡᠭᠦᠰᠬᠡᠯ ᠤᠨ ᠵᠢᠯ᠂ ᠮᠥᠨ ᠴᠦ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠢᠨ ᠵᠢᠯ ᠪᠣᠯᠤᠨ᠎ᠠ᠃ ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ | ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ | ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2025 ᠣᠨ ᠳᠤ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠨᠢᠭᠡ ᠭᠤᠣᠯ ᠰᠢᠵᠢᠮ︾ ᠢ ᠪᠦᠬᠦ ᠲᠠᠯ᠎ᠠ ᠪᠠᠷ ᠲᠤᠤᠱᠯᠠᠭᠤᠯᠵᠤ᠂ | ︽ᠬᠤᠶᠠᠷ ᠶᠡᠭᠡ ᠶᠠᠪᠤᠳᠠᠯ︾ ᠢ ᠬᠢᠨᠠᠮᠠᠭᠠᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠬᠦᠴᠢᠷᠳᠡᠯ ᠢ ᠪᠦᠬᠦ | ᠲᠠᠯ᠎ᠠ ᠪᠠᠷ ᠰᠢᠪᠲᠤᠯᠵᠤ᠂ ᠴᠢᠨᠠᠷ ᠰᠠᠶᠢᠲᠠᠢ ᠳᠠᠪᠠᠯᠲᠠ ᠲᠠᠢ ᠨᠡᠬᠡᠯᠲᠡ︾ ᠶᠢᠨ ᠠᠵᠢᠯ ᠤᠨ ᠬᠠᠷᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠥᠯᠥᠭᠡ ᠴᠢᠷᠮᠠᠶᠢᠵᠤ᠂ | ᠴᠢᠷᠮᠠᠶᠢᠨ ᠲᠡᠮᠡᠴᠡᠬᠦ ᠶᠢ ᠲᠡᠷᠢᠭᠦᠨ ᠳᠤ ᠲᠠᠯᠪᠢᠵᠤ ᠬᠥᠭᠵᠢᠯᠲᠡ ᠶᠢ ᠠᠳᠬᠤᠵᠤ᠂ ᠣᠳᠣᠬᠢᠴᠢᠯᠠᠭᠰᠠᠨ | ᠲᠦᠩᠯᠢᠶᠣᠣ ᠶᠢᠨ ᠪᠦᠲᠦᠭᠡᠨ ᠪᠠᠶᠢᠭᠤᠯᠤᠯᠲᠠ ᠶᠢᠨ ᠪᠣᠳᠠᠰ ᠤᠨ ᠰᠠᠭᠤᠷᠢ ᠶᠢ ᠴᠥᠬᠦᠷᠡᠰᠢ ᠦᠭᠡᠢ ᠪᠠᠲᠤᠳᠬᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠲᠦᠩᠯᠢᠶᠣᠣ ᠶᠢᠨ ᠬᠠᠭᠤᠳᠠᠰᠤ ᠶᠢ ᠪᠢᠴᠢᠭᠯᠡᠬᠦ ᠪᠠᠷ | ᠬᠦᠴᠦᠯᠡᠨ ᠴᠢᠷᠮᠠᠶᠢᠨ᠎ᠠ᠃ 2025 ᠣᠨ ᠤ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠠᠴᠠ | ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% | ᠨᠡᠮᠡᠭᠳᠡᠭᠦᠯᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ | 15% ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢ | 4% ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 8% | ᠨᠡᠮᠡᠭᠳᠡᠭᠦᠯᠵᠣ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 6% ᠪᠠ 6.5% ᠨᠡᠮᠡᠭᠳᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ | ᠵᠦᠢᠯ ᠤᠨ ᠬᠢᠵᠠᠭᠠᠷᠯᠠᠯ ᠤᠨ ᠴᠢᠨᠠᠷᠲᠠᠢ ᠡᠭᠦᠷᠭᠡ ᠬᠠᠷᠠᠯᠲᠠ ᠶᠢ ᠪᠡᠶᠡᠯᠡᠭᠦᠯᠦᠨ᠎ᠡ᠃ ᠨᠢᠭᠡ᠂ ᠥᠪᠡᠷᠲᠡᠭᠡᠨ ᠵᠠᠰᠠᠬᠤ | ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤᠨ | ᠶᠡᠭᠡ ᠡᠭᠦᠷᠭᠡ︾ ᠶᠢ ᠪᠥᠬᠦ ᠬᠦᠴᠦᠨ ᠢᠶᠠᠷ ᠨᠠᠶᠢᠳᠠᠪᠤᠷᠢᠵᠢᠭᠤᠯᠤᠨ᠎ᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠪᠠᠬᠢ ᠪᠠᠶᠢᠭᠤᠯᠤᠨ᠎ᠠ᠃ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠠᠵᠢᠯᠯᠠᠭᠠᠨ ᠢ ᠡᠷᠡᠰ | ᠰᠠᠶᠢᠲᠤᠷ ᠬᠢᠵᠦ᠂ ︽ᠲᠠᠪᠤᠨ ᠮᠢᠩᠭᠠᠨ ᠲᠦᠮᠡ ᠶᠢᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠦᠨ᠂ ︽ᠭᠤᠷᠪᠠᠨ | ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠣᠨ ᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ 350 | ᠲᠦᠮᠡᠨ ᠮᠦ ᠠᠴᠠ ᠳᠡᠭᠡᠭᠰᠢ ᠡᠯᠡᠰᠦ ᠶᠢ ᠶᠡᠷᠦᠩᠬᠡᠶᠢᠯᠡᠨ ᠵᠠᠰᠠᠨ᠎ᠠ᠃ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ | ᠬᠡᠯᠪᠡᠷᠢ ᠪᠣᠯᠭᠠᠨ ᠬᠤᠪᠢᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ | ᠬᠤᠣᠰ ᠡᠵᠡᠮᠳᠡᠯ ᠠᠴᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠬᠤᠣᠰ ᠡᠵᠡᠮᠳᠡᠯ | ᠪᠣᠯᠭᠠᠨ ᠬᠤᠪᠢᠷᠠᠭᠤᠯᠬᠤ ᠶᠢ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠠᠵᠢᠯ ᠢ ᠥᠷᠨᠢᠭᠦᠯᠦᠨ᠎ᠡ᠃ | ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ | ᠵᠡᠷᠭᠡ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠭᠤᠣᠯ ᠤᠷᠤᠰᠬᠠᠯ ᠤᠨ ᠠᠮᠢ | ᠠᠬᠤᠢ ᠶᠢᠨ ᠬᠤᠩᠭᠢᠯ᠂ ᠤᠷᠤᠰᠬᠠᠯ ᠤᠨ ᠵᠠᠮ᠂ ᠡᠷᠭᠢ ᠶᠢ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠬᠤ︾ | ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ 8 ᠭᠤᠣᠯ ᠮᠥᠷᠡᠨ ᠤ ︽ᠤᠷᠤᠰᠬᠠᠯ ᠤᠨ ᠵᠠᠮ ᠢ ᠴᠡᠪᠡᠷᠯᠡᠬᠦ | ᠠᠵᠢᠯᠯᠠᠭ᠎ᠠ︾ ᠶᠢ ᠥᠷᠨᠢᠭᠦᠯᠦᠨ᠎ᠡ᠃ Ⅲ ᠳᠡᠰ ᠤᠨ ᠤᠰᠤᠨ ᠴᠣᠭᠴᠠ ᠶᠢᠨ ᠬᠠᠷᠢᠴᠠᠯ ᠢ 60% ᠠᠴᠠ | ᠳᠡᠭᠡᠭᠰᠢ ᠳᠤ ᠲᠣᠭᠲᠠᠪᠤᠷᠢᠵᠢᠭᠤᠯᠬᠤ ᠪᠠᠷ ᠴᠢᠷᠮᠠᠶᠢᠵᠤ᠂ ᠤᠯᠤᠰ ᠤᠨ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ | ᠠᠨᠠᠢ Ⅴ ᠳᠡᠰ ᠤᠨ ᠤᠰᠤᠨ ᠴᠣᠭᠴᠠ ᠶᠢ ︽ᠦᠭᠡᠢ︾ ᠪᠣᠯᠭᠠᠨ᠎ᠠ᠃ ᠠᠭᠠᠷ ᠤᠨ ᠰᠢᠯᠢᠳᠡᠭ ᠰᠠᠶᠢᠨ ᠡᠳᠦᠷ ᠤᠨ | ᠲᠤᠭ᠎ᠠ ᠶᠢᠨ ᠡᠵᠡᠯᠡᠬᠦ ᠬᠠᠷᠢᠴᠠᠯ ᠢ 90% ᠠᠴᠠ ᠳᠠᠪᠠᠭᠤᠯᠤᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠮᠠᠯ | ᠲᠠᠷᠢᠶᠠᠯᠠᠩ ᠤᠨ ᠠᠵᠤ ᠠᠬᠤᠢ ᠶᠢᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠶᠢ ᠦᠷᠭᠦᠯᠵᠢᠯᠡᠨ | ᠴᠢᠩᠭᠠᠳᠬᠠᠨ᠎ᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ᠲᠠᠷᠢᠶᠠᠨ ᠭᠠᠵᠠᠷ ᠢ | ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠶᠢ | ᠪᠥᠬᠦ ᠲᠠᠯ᠎ᠠ ᠪᠠᠷ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ | ᠨᠥᠭᠡᠴᠡ ᠠᠮᠤ ᠶᠢᠨ ᠬᠡᠪᠴᠢᠶ᠎ᠡ ᠪᠠ ᠬᠤᠲᠠ ᠶᠢᠨ ᠱᠠᠲᠤᠨ ᠤ ᠨᠥᠭᠡᠴᠡ ᠠᠮᠤ ᠶᠢᠨ ᠲᠤᠭ᠎ᠠ ᠬᠡᠮᠵᠢᠶ᠎ᠡ ᠳᠤ | ᠲᠣᠬᠢᠷᠠᠭᠤᠯᠤᠯᠲᠠ ᠬᠢᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠨᠥᠭᠡᠴᠡ ᠠᠮᠤ ᠪᠤᠳᠠᠭ᠎ᠠ ᠶᠢᠨ | ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠣᠬᠢᠷᠲᠤᠯ ᠦᠭᠡᠢ ᠬᠥᠮᠥᠷᠭᠡᠯᠡᠨ ᠨᠥᠭᠡᠴᠡᠯᠡᠬᠦ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠤ ᠪᠤᠳᠠᠭᠠᠨ ᠤ ᠰᠦᠯᠵᠢᠶᠡᠨ ᠳᠡᠭᠡᠷᠡᠬᠢ ᠠᠷᠠᠯᠵᠢᠶᠠᠨ ᠤ | ᠲᠠᠪᠴᠠᠩ ᠢ ᠪᠦᠷᠢᠨᠰᠢᠭᠦᠯᠵᠦ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ | ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠠᠶᠤᠯᠲᠠᠢ ᠬᠢᠮᠢ ᠶᠢᠨ ᠪᠣᠳᠠᠰ᠂ ᠠᠭᠤᠷᠬᠠᠢ᠂ ᠠᠵᠤ | ᠦᠢᠯᠡᠳᠪᠦᠷᠢ ᠠᠷᠠᠯᠵᠢᠶ᠎ᠠ ᠵᠡᠷᠭᠡ ᠬᠦᠷᠢᠶᠡᠨ ᠳᠠᠬᠢ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ | ᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠠᠵᠠᠷ ᠤᠨ ᠭᠠᠢ ᠭᠠᠮᠰᠢᠭ᠂ ᠤᠢ ᠰᠢᠭᠤᠢ ᠨᠤᠲᠤᠭ | ᠪᠡᠯᠴᠢᠭᠡᠷ ᠤᠨ ᠲᠦᠢᠮᠡᠷ ᠤᠨ ᠪᠠᠶᠢᠳᠠᠯ᠂ ᠦᠶᠡᠷ ᠤᠰᠤᠲᠤᠯ ᠭᠠᠩ ᠵᠡᠷᠭᠡ ᠪᠠᠶᠢᠭᠠᠯᠢ ᠶᠢᠨ ᠭᠠᠢ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠤᠯᠢ ᠶᠢ | ᠵᠥᠷᠢᠴᠡᠭᠰᠡᠨ ᠲᠣᠪᠤᠶᠢᠮ᠎ᠠ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠶᠠᠯᠠᠲᠤ ᠠᠵᠢᠯᠯᠠᠭ᠎ᠠ ᠶᠢ ᠪᠦᠬᠦ | ᠬᠦᠴᠦᠨ ᠢᠶᠠᠷ ᠢᠶᠠᠨ ᠪᠠᠭᠠᠰᠬᠠᠨ᠎ᠠ᠃ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ | ᠬᠦᠴᠦᠯᠡᠨ ᠰᠠᠶᠢᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠠᠬᠢᠭᠤᠯᠤᠨ᠎ᠠ᠃ | ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ | ᠥᠨᠳᠥᠷ ᠲᠦᠪᠰᠢᠨ ᠢᠶᠠᠷ ᠪᠦᠲᠦᠭᠡᠨ ᠪᠠᠶᠢᠭᠤᠯᠤᠨ᠎ᠠ᠃ ᠬᠤᠣᠯᠢᠩᠭᠤᠣᠯ ᠤᠨ ᠠᠭᠤᠷᠬᠠᠢ ᠶᠢᠨ ᠣᠷᠣᠨ ᠤ ᠶᠡᠷᠦᠩᠬᠡᠢ | ᠲᠥᠯᠦᠪᠵᠢᠭᠦᠯᠭᠡ ᠶᠢᠨ ᠴᠣᠬᠤᠯᠠᠪᠤᠷᠢ ᠶᠢ ᠠᠬᠢᠭᠤᠯᠵᠤ᠂ ᠬᠤᠣᠯᠢᠩᠭᠤᠣᠯ ᠤᠨ ᠨᠡᠭᠦᠷᠡᠰᠦᠨ ᠠᠭᠤᠷᠬᠠᠢ ᠶᠢᠨ | ᠨᠢᠭᠡᠳᠦᠭᠡᠷ ᠨᠣᠮᠧᠷᠲᠤ ᠬᠤᠳᠳᠤᠭ ᠢ ᠬᠢᠨᠠᠨ ᠵᠥᠪᠰᠢᠶᠡᠷᠡᠵᠦ ᠭᠤᠶᠤᠴᠢᠯᠠᠨ ᠮᠡᠳᠡᠭᠦᠯᠬᠦ᠂ ᠬᠤᠶᠠᠳᠤᠭᠠᠷ ᠨᠣᠮᠧᠷᠲᠤ | ᠬᠤᠳᠳᠤᠭ ᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠳᠥᠷᠪᠡᠳᠦᠭᠡᠷ ᠨᠣᠮᠧᠷᠲᠤ ᠬᠤᠳᠳᠤᠭ ᠤᠨ ᠠᠭᠤᠷᠬᠠᠢ | ᠬᠠᠶᠢᠬᠤ ᠡᠷᠬᠡ ᠶᠢ ᠵᠠᠬ᠎ᠠ ᠳᠡᠯᠭᠡᠭᠦᠷᠴᠢᠯᠡᠨ ᠬᠤᠳᠠᠯᠳᠤᠬᠤ ᠶᠢ ᠦᠷᠭᠦᠯᠵᠢᠯᠡᠨ ᠠᠬᠢᠭᠤᠯᠤᠨ᠎ᠠ᠃ ᠵᠠᠷᠤᠳ | ᠬᠤᠰᠢᠭᠤᠨ ᠤ ᠬᠤᠪᠣᠷ ᠴᠤᠬᠠᠭ ᠰᠢᠷᠣᠢ ᠶᠢᠨ ᠠᠭᠤᠷᠬᠠᠢ ᠶᠢᠨ ᠬᠠᠶᠢᠨ ᠰᠢᠨᠵᠢᠬᠦ ᠲᠥᠷᠥᠯ ᠵᠦᠢᠯ᠂ ᠨᠠᠢᠮᠠᠨ | ᠬᠤᠰᠢᠭᠤᠨ ᠤ ᠪᠠᠶᠢᠭᠠᠯᠢ ᠶᠢᠨ ᠬᠤᠵᠢᠷ ᠤᠨ ᠠᠭᠤᠷᠬᠠᠢ ᠶᠢᠨ ᠨᠠᠷᠢᠨ ᠪᠠᠶᠢᠴᠠᠭᠠᠯᠲᠠ ᠶᠢᠨ ᠲᠥᠷᠥᠯ ᠵᠦᠢᠯ ᠵᠢᠴᠢ ᠵᠠᠬ᠎ᠠ | ᠳᠡᠯᠭᠡᠭᠦᠷᠴᠢᠯᠡᠨ ᠬᠤᠳᠠᠯᠳᠤᠬᠤ ᠶᠢ ᠠᠬᠢᠭᠤᠯᠤᠨ᠎ᠠ᠃ ᠲᠤᠯᠭᠠᠭᠤᠷᠢᠯᠠᠬᠤ ᠴᠢᠨᠠᠷᠲᠠᠢ᠂ ᠲᠣᠬᠢᠷᠠᠭᠤᠯᠬᠤ ᠴᠢᠨᠠᠷᠲᠠᠢ | ᠴᠠᠬᠢᠯᠭᠠᠨ ᠡᠭᠦᠰᠬᠡᠭᠴᠢ ᠶᠢᠨ ᠬᠡᠪᠴᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠠᠷ ᠢᠳᠡᠪᠬᠢᠯᠡᠨ ᠴᠢᠷᠮᠠᠶᠢᠵᠤ᠂ ᠭᠠᠵᠠᠷ | ᠣᠷᠣᠨ ᠤ ᠴᠠᠬᠢᠯᠭᠠᠨ ᠬᠦᠴᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠰᠢᠰᠲ᠋ᠧᠮ ᠲᠠᠢ ᠲᠣᠬᠢᠷᠠᠭᠤᠯᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ | ᠤᠨ ᠴᠢᠬᠤᠯᠠ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ 300 ᠲᠦᠮᠡᠨ ᠮᠦ ᠠᠴᠠ ᠳᠡᠭᠡᠭᠰᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ | 200 ᠳ᠋ᠦᠩᠰᠢᠭᠤᠷ ᠵᠢᠩ ᠠᠴᠠ ᠳᠠᠪᠠᠭᠤᠯᠤᠨ᠎ᠠ᠃ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠲᠤᠰᠠᠯᠠᠬᠤ | ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭ᠎ᠠ ᠶᠢᠨ ᠲᠥᠰᠥᠯ ︵ | 2025 — 2027︶︾ ᠢ ᠨᠠᠶᠢᠳᠠᠪᠤᠷᠢᠵᠢᠭᠤᠯᠵᠤ᠂ ᠭᠤᠣᠯ ᠪᠣᠯᠬᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 75% ᠬᠦᠷᠦᠭᠦᠯᠬᠦ ᠪᠠᠷ ᠴᠢᠷᠮᠠᠶᠢᠨ᠎ᠠ᠃ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠮᠤᠷ ᠲᠦᠪᠰᠢᠨ ᠲᠣᠭᠲᠠᠭᠤᠨ ᠬᠠᠩᠭᠠᠯᠭ᠎ᠠ ᠶᠢ ᠬᠦᠴᠦᠯᠡᠨ | ᠪᠠᠲᠤᠯᠠᠵᠤ᠂ ᠮᠢᠬᠠᠨ ᠤ ᠵᠦᠢᠯ ᠤᠨ ᠭᠠᠷᠤᠯᠲᠠ ᠶᠢ 74 ᠲᠦᠮᠡᠨ ᠲᠣᠨ᠂ ᠦᠨᠢᠶᠡᠨ ᠰᠦ ᠶᠢᠨ ᠭᠠᠷᠤᠯᠲᠠ ᠶᠢ 67 | ᠲᠦᠮᠡᠨ ᠲᠣᠨ᠂ ᠵᠢᠭᠦᠷᠲᠡᠨ ᠤ ᠥᠨᠳᠡᠭᠡ ᠶᠢᠨ ᠭᠠᠷᠤᠯᠲᠠ ᠶᠢ 4.9 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ | ᠃ ᠤᠮᠠᠷᠠᠰᠢ ᠨᠡᠭᠡᠭᠡᠯᠲᠡ ᠶᠢᠨ ᠴᠢᠬᠤᠯᠠ ᠪᠠᠬᠢᠯᠡᠯᠲᠡ ᠶᠢ ᠲᠦᠷᠭᠡᠪᠴᠢᠯᠡᠨ ᠪᠠᠶᠢᠭᠤᠯᠤᠨ᠎ᠠ᠃ ᠭᠠᠶᠢᠯᠢ ᠪᠠᠲᠤᠯᠠᠬᠤ | ᠪᠠᠷᠠᠭᠠᠨ ᠤ ᠭᠦᠢᠯᠭᠡᠭᠡᠨ ᠤ ᠲᠥᠪ ︵B ᠬᠡᠯᠪᠡᠷᠢ︶ ᠤᠨ ᠪᠣᠭᠤᠮᠲᠠ ᠬᠠᠭᠠᠵᠤ ᠡᠵᠡᠩᠨᠡᠬᠦ ᠠᠰᠢᠭᠲᠠᠢ ᠠᠵᠠ | ᠲᠣᠬᠢᠶᠠᠯ ᠢ ᠴᠢᠩᠭ᠎ᠠ ᠠᠳᠬᠤᠵᠤ᠂ ᠤᠯᠠᠮᠵᠢᠯᠠᠯᠲᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠡᠯᠪᠡᠷᠢ ᠪᠠᠨ | ᠬᠤᠪᠢᠷᠠᠭᠤᠯᠤᠨ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡ ᠥᠷᠨᠢᠭᠦᠯᠬᠦ ᠶᠢ ᠬᠥᠲᠥᠯᠥᠨ | ᠵᠢᠯᠣᠭᠤᠳᠤᠨ᠎ᠠ᠃ ︽ᠳᠤᠮᠳᠠᠳᠤ ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ︾ ᠶᠢᠨ ᠵᠡᠭᠦᠨ ᠬᠤᠶᠢᠲᠤ ᠶᠢᠨ | ᠣᠷᠣᠨ ᠪᠦᠰᠡ ᠶᠢᠨ ᠵᠠᠩᠭᠢᠯᠠᠭ᠎ᠠ ᠶᠢᠨ ᠴᠡᠭ ᠤᠨ ᠬᠤᠲᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠳᠤᠮᠳᠠᠳᠤ | ᠡᠸᠦ᠋ᠷᠦᠫᠡ ᠶᠢᠨ ᠡᠭᠡᠯᠵᠢᠨ ᠤ ᠭᠠᠯᠲᠤ ᠲᠡᠷᠭᠡ ᠶᠢᠨ ᠪᠠᠶᠢᠩᠭᠤᠵᠢᠭᠰᠠᠨ ᠠᠶᠠᠯᠠᠯᠲᠠ ᠶᠢ ᠠᠬᠢᠭᠤᠯᠤᠨ᠎ᠠ᠃ ᠤᠯᠤᠰ ᠤᠨ | ᠭᠤᠣᠯᠯᠠᠭᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠤᠯᠤᠰ ᠤᠨ ᠠᠮᠤ ᠪᠤᠳᠠᠭᠠᠨ ᠤ | ᠪᠠᠷᠠᠭᠠᠨ ᠤ ᠭᠦᠢᠯᠭᠡᠭᠡᠨ ᠤ ᠭᠤᠣᠯ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠦᠢᠯᠡᠴᠢᠯᠡᠭᠡᠨ ᠤ ᠦᠷ᠎ᠡ ᠠᠰᠢᠭ ᠢ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠵᠤ᠂ ᠬᠤᠷᠴᠢᠨ ᠲᠣᠭᠤᠷᠢᠭ ᠢ | ᠥᠪᠡᠷᠲᠡᠭᠡᠨ ᠵᠠᠰᠠᠬᠤ ᠣᠷᠣᠨ ᠤ ᠲᠠᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠪᠠᠷ ᠭᠤᠶᠤᠴᠢᠯᠠᠨ ᠮᠡᠳᠡᠭᠦᠯᠬᠦ ᠶᠢ | ᠠᠬᠢᠭᠤᠯᠤᠨ᠎ᠠ᠃ ᠬᠢᠯᠢ ᠳᠠᠭᠠᠤ ᠶᠢᠨ ᠪᠣᠭᠤᠮᠲᠠ ᠪᠠ ᠲᠠᠯᠠᠢ ᠳᠠᠭᠠᠤ ᠶᠢᠨ ᠭᠠᠷᠠᠮ ᠤᠨ ᠬᠤᠳᠠ ᠯᠤᠭ᠎ᠠ ᠶᠢᠨ | ᠬᠠᠮᠵᠢᠯᠴᠠᠭ᠎ᠠ ᠪᠠᠨ ᠭᠦᠨᠵᠡᠭᠡᠶᠢᠷᠡᠭᠦᠯᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠨᠡᠮᠡᠭᠳᠡᠯ ᠤᠨ ᠬᠤᠷᠳᠤᠴᠠ ᠶᠢ 3% ᠣᠷᠴᠢᠮ ᠬᠦᠷᠭᠡᠨ᠎ᠡ᠃ ᠬᠤᠶᠠᠷ᠂ ᠥᠪᠡᠷᠲᠡᠭᠡᠨ | ᠵᠠᠰᠠᠬᠤ ᠣᠷᠣᠨ ᠤ ᠴᠢᠬᠤᠯᠠ ᠪᠠᠶᠢᠷᠢᠯᠠᠭᠤᠯᠤᠯᠲᠠ ᠳᠤ ᠬᠦᠴᠦ ᠪᠠᠨ ᠲᠥᠪᠯᠡᠷᠡᠭᠦᠯᠦᠨ᠂ ︽ᠵᠢᠷᠭᠤᠭᠠᠨ ᠢᠨᠵᠧᠨᠧᠷᠢᠩ︾ | ᠢ ᠦᠷᠭᠦᠯᠵᠢᠯᠡᠨ ᠬᠡᠷᠡᠭᠵᠢᠭᠦᠯᠦᠨ᠎ᠡ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠭᠦᠨᠵᠡᠭᠡᠢ | ᠬᠡᠷᠡᠭᠵᠢᠭᠦᠯᠦᠨ᠎ᠡ᠃ ᠣᠨ ᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠳᠤᠮᠳᠠ ᠤᠷᠲᠤ ᠬᠤᠭᠤᠴᠠᠭᠠᠨ ᠤ ᠡᠭᠦᠷᠭᠡ ᠪᠠᠨ ᠮᠡᠳᠡᠭᠳᠡᠬᠦ᠋ᠢᠴᠡ ᠠᠬᠢᠯᠲᠠ ᠲᠠᠢ ᠪᠣᠯᠭᠠᠨ᠎ᠠ᠃ | ᠲᠦᠷᠦ ᠶᠢᠨ ᠶᠠᠪᠤᠳᠠᠯ ᠤᠨ ᠬᠤᠷᠢᠶᠠᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠡᠷᠡᠭᠵᠢᠭᠦᠯᠦᠯᠲᠡ ᠶᠢ | ᠲᠦᠷᠭᠡᠪᠴᠢᠯᠡᠨ ᠠᠬᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ | ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠰᠢᠪᠲᠤᠯᠤᠯᠲᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠤᠨ᠎ᠠ᠃ ᠲᠣᠳᠣᠷᠬᠠᠢ ᠪᠣᠯᠣᠭᠰᠠᠨ ᠲᠦᠷᠦ ᠶᠢᠨ ᠪᠣᠳᠣᠯᠭ᠎ᠠ ᠶᠢ ᠡᠷᠡᠰ ᠴᠢᠩᠭ᠎ᠠ ᠬᠡᠷᠡᠭᠵᠢᠭᠦᠯᠦᠨ᠂ | ᠴᠢᠭᠯᠡᠯ ᠤᠨ ᠴᠢᠨᠠᠷᠲᠠᠢ᠂ ᠵᠢᠯᠣᠭᠤᠳᠤᠯᠭ᠎ᠠ ᠶᠢᠨ ᠴᠢᠨᠠᠷᠲᠠᠢ ᠲᠦᠷᠦ ᠶᠢᠨ ᠪᠣᠳᠣᠯᠭ᠎ᠠ ᠶᠢ ᠵᠣᠷᠢᠭᠲᠠᠢ ᠪᠠᠷ ᠰᠢᠨ᠎ᠡ ᠶᠢ | ᠡᠭᠦᠳᠴᠦ᠂ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠨᠢᠭᠡᠨᠲᠡ ᠠᠰᠢᠭ ᠬᠦᠷᠲᠡᠭᠰᠡᠨ ᠲᠥᠷᠥ ᠶᠢᠨ | ᠪᠣᠳᠣᠯᠭ᠎ᠠ ᠶᠢᠨ ᠲᠥᠷᠥᠯ ᠵᠦᠢᠯ ᠳᠤ ᠰᠤᠳᠤᠯᠤᠨ ᠨᠤᠲᠠᠯᠠᠬᠤ ᠶᠢ ᠴᠢᠩᠭᠠᠳᠬᠠᠨ᠂ ᠲᠦᠷᠦ ᠶᠢᠨ ᠪᠣᠳᠣᠯᠭ᠎ᠠ ᠶᠢᠨ | ᠦᠢᠯᠡᠳᠦᠯ ᠢ ᠶᠡᠬᠡᠰᠬᠡᠨ᠎ᠡ᠃ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ 3.6 | ᠲᠦᠮᠡᠨ ᠮᠦ ᠠᠴᠠ ᠳᠡᠭᠡᠭᠰᠢ ᠡᠯᠡᠰᠦ ᠶᠢ ᠵᠠᠰᠠᠬᠤ ᠪᠠᠷ ᠲᠥᠯᠥᠪᠯᠡᠵᠦ᠂ ᠨᠢᠭᠡᠳᠦᠭᠡᠷ ᠬᠤᠭᠤᠴᠠᠭᠠᠨ ᠤ 110 ᠲᠦᠮᠡᠨ | ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ | ᠂ ᠬᠤᠶᠠᠳᠤᠭᠠᠷ ᠬᠤᠭᠤᠴᠠᠭᠠᠨ ᠤ 60 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠠᠬᠢᠭᠤᠯᠤᠨ᠎ᠠ᠃ ᠳᠤᠯᠠᠭᠠᠯᠠᠭ᠎ᠠ ᠶᠢᠨ ᠢᠨᠵᠧᠨᠧᠷᠢᠩ ᠢ ᠯᠠᠪᠳᠠᠭᠤᠨ | ᠠᠬᠢᠭᠤᠯᠤᠨ᠎ᠠ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠣᠨ ᠠᠯᠤᠰᠯᠠᠭᠰᠠᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠤᠷᠤᠭ᠎ᠠ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠢ | 60᠂ ᠢᠯᠴᠢ ᠰᠣᠯᠢᠬᠤ ᠥᠷᠳᠡᠭᠡ ᠶᠢ 30 ᠥᠭᠡᠷᠡᠴᠢᠯᠡᠨ ᠰᠠᠶᠢᠵᠢᠷᠠᠭᠤᠯᠤᠨ᠎ᠠ᠃ ᠲᠦᠩᠯᠢᠶᠣᠣ ᠶᠢᠨ 2 × 35 | ᠲᠦᠮᠡᠨ ᠺᠢᠯᠣᠸᠠᠲ ᠤᠨ ᠢᠯᠴᠢ ᠬᠠᠩᠭᠠᠬᠤ ᠵᠢᠴᠢ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠤᠨ ᠭᠤᠷᠪᠠᠳᠤᠭᠠᠷ | ᠬᠤᠭᠤᠴᠠᠭᠠᠨ ᠤ ᠢᠨᠵᠧᠨᠧᠷᠢᠩ᠂ ᠬᠤᠩ ᠭᠤᠸᠠᠩ ᠬᠥᠭᠦᠷᠭᠡ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ | ᠭᠤᠣᠯ ᠠᠯᠤᠰᠯᠠᠭᠰᠠᠨ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ | ᠭᠤᠣᠯᠳᠠᠯᠭ᠎ᠠ ᠲᠠᠢ ᠠᠬᠢᠭᠤᠯᠤᠨ᠎ᠠ᠃ ︽ᠠᠷᠠᠳ ᠢ ᠰᠤᠷᠪᠤᠯᠵᠢᠯᠠᠵᠤ ᠳᠤᠯᠠᠭᠠᠯᠠᠭ᠎ᠠ ᠶᠢ ᠨᠢ ᠠᠰᠠᠭᠤᠬᠤ︾ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠯᠴᠢ ᠬᠠᠩᠭᠠᠬᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ | ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ | ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ | ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ | ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠦᠨᠡᠨᠬᠦ ᠪᠤᠢ ᠪᠣᠯᠭᠠᠨ᠎ᠠ᠃ ᠰᠢᠨᠵᠢᠯᠡᠭᠡ ᠮᠡᠷᠭᠡᠵᠢᠯ ᠤᠨ ︽ | ᠰᠢᠪᠲᠤᠯᠤᠯᠲᠠ︾ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ᠃ ᠡᠳ᠋ ᠤᠨ ᠵᠠᠰᠠᠭ ᠤᠨ ᠰᠢᠨᠵᠢᠯᠡᠭᠡ | ᠮᠡᠷᠭᠡᠵᠢᠯ ᠤᠨ ᠪᠡᠯᠡ ᠣᠷᠣᠭᠤᠯᠤᠯᠲᠠ ᠶᠢᠨ ᠵᠠᠶᠢᠯᠠᠰᠢ ᠦᠭᠡᠢ ᠨᠡᠮᠡᠭᠳᠡᠯ ᠢ ᠪᠠᠲᠤᠯᠠᠵᠤ᠂ ᠪᠥᠬᠦ ᠨᠡᠶᠢᠭᠡᠮ ᠤᠨ | ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠦᠨ᠎ᠡ᠃ ᠠᠵᠤ | ᠦᠢᠯᠡᠰ ᠤᠨ ᠬᠡᠯᠬᠢᠶ᠎ᠡ ᠲᠠᠢ ᠨᠢᠭᠲᠠ ᠤᠶᠠᠯᠳᠤᠭᠤᠯᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ ᠭᠠᠳᠠᠭᠰᠢᠯᠠᠭᠤᠯᠬᠤ ᠡᠨᠧᠷᠭᠢ᠂ ᠬᠤᠰᠢᠭᠤᠷᠠᠯ ᠮᠠᠲ᠋ᠧᠷᠢᠶᠠᠯ᠂ | ᠰᠢᠨ᠎ᠡ ᠬᠡᠯᠪᠡᠷᠢ ᠪᠠᠷ ᠡᠨᠧᠷᠭᠢ ᠨᠥᠭᠡᠴᠡᠯᠡᠬᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠵᠡᠷᠭᠡ | ᠭᠤᠣᠯᠳᠠᠯᠭ᠎ᠠ ᠲᠠᠢ ᠴᠢᠭᠯᠡᠯ ᠢ ᠬᠥᠨᠳᠡᠯᠡᠨ ᠢᠶᠠᠷ ᠬᠠᠮᠤᠷᠴᠤ᠂ ᠠᠵᠤ ᠦᠢᠯᠡᠰ ᠤᠨ ᠳᠠᠪᠠᠭᠤᠯᠢᠭ ᠢ ᠲᠡᠰ ᠳᠡᠪᠰᠢᠭᠦᠯᠬᠦ᠂ | ᠬᠤᠰᠢᠭᠤᠷᠠᠯ ᠮᠡᠷᠭᠡᠵᠢᠯ ᠢ ᠬᠤᠪᠢᠷᠠᠭᠤᠯᠬᠤ᠂ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ | ᠵᠡᠷᠭᠡ ᠳᠡᠭᠡᠳᠦ ᠲᠡᠰ ᠤᠨ ᠬᠤᠪᠢᠷᠠᠯᠲᠠ ᠶᠢ ᠭᠤᠯᠳᠤ ᠪᠠᠷ ᠬᠥᠲᠥᠯᠥᠨ ᠳᠠᠭᠠᠭᠤᠯᠤᠨ᠎ᠠ᠃ ︽ᠴᠢᠳᠠᠪᠤᠷᠢᠲᠠᠨ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ︽ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠂ | ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠰᠢᠨ᠎ᠡ ᠶᠢ ᠡᠭᠦᠳᠬᠦ ᠪᠦᠯᠬᠦᠮ ᠨᠡᠶᠢᠲᠡ ᠶᠢ ᠠᠮᠢᠳᠤᠯᠢᠭ ᠢᠶᠠᠷ | ᠤᠷᠢᠨ ᠠᠪᠴᠢᠷᠠᠨ᠎ᠠ᠃ ︽ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ ᠡᠭᠦᠳᠬᠦ | ᠲᠠᠪᠴᠠᠩ ᠤᠨ ᠲᠦᠩᠯᠢᠶᠣᠣ ᠶᠢᠨ ᠬᠤᠪᠢᠶᠠᠷᠢ ᠲᠥᠪ ᠤᠨ ᠡᠮᠬᠢ ᠵᠢᠷᠤᠮ ᠲᠠᠢ ᠡᠵᠡᠩᠨᠡᠯᠲᠡ ᠶᠢ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 2 ᠨᠡᠮᠡᠭᠳᠡᠭᠦᠯᠬᠦ ᠪᠠᠷ | ᠴᠢᠷᠮᠠᠶᠢᠵᠤ᠂ ᠭᠤᠣᠯᠯᠠᠭᠴᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 10 ᠠᠴᠠ | ᠳᠡᠭᠡᠭᠰᠢ ᠪᠠᠶᠢᠭᠤᠯᠬᠤ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠢ 50 ᠵᠦᠢᠯ ᠠᠴᠠ ᠳᠡᠭᠡᠭᠰᠢ ᠳᠡᠩᠰᠡᠯᠡᠨ ᠲᠡᠮᠳᠡᠭᠯᠡᠬᠦ ᠪᠠᠷ ᠴᠢᠷᠮᠠᠶᠢᠵᠤ᠂ ᠮᠡᠷᠭᠡᠵᠢᠯ ᠤᠨ ᠭᠡᠷ᠎ᠡ ᠶᠢᠨ | ᠠᠷᠠᠯᠵᠢᠶ᠎ᠠ ᠪᠦᠲᠦᠭᠰᠡᠨ ᠬᠡᠮᠵᠢᠶ᠎ᠡ ᠶᠢ 20% ᠠᠴᠠ ᠳᠡᠭᠡᠭᠰᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ᠃ ᠴᠢᠯᠦᠭᠡᠲᠦ | ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠢᠳᠡᠪᠬᠢᠲᠡᠢ ᠠᠬᠢᠭᠤᠯᠤᠨ᠎ᠠ᠃ ᠭᠠᠳᠠᠭᠠᠳᠤ | ᠪᠡᠯᠡ ᠳᠤ ᠬᠤᠯᠪᠣᠭᠳᠠᠬᠤ ᠠᠵᠤ ᠠᠬᠤᠶᠢᠯᠠᠯ ᠢ ᠡᠮᠬᠢᠯᠡᠨ ᠲᠢᠭᠯᠡᠵᠦ᠂ ᠠᠵᠤ ᠠᠬᠤᠶᠢᠯᠠᠯ ᠤᠨ ᠲᠥᠷᠥᠯ ᠵᠦᠢᠯ ᠢ | ᠨᠠᠶᠢᠳᠠᠪᠤᠷᠢᠵᠢᠭᠤᠯᠬᠤ᠂ ᠪᠡᠯᠡ ᠮᠥᠩᠭᠦ ᠪᠠᠨ ᠨᠡᠮᠡᠭᠳᠡᠭᠦᠯᠦᠨ ᠰᠲ᠋ᠣᠺ ᠢᠶᠠᠨ ᠥᠷᠭᠡᠳᠬᠡᠬᠦ᠂ ᠮᠡᠷᠭᠡᠵᠢᠯ ᠤᠨ | ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠠᠪᠤᠴᠠ ᠳᠤ ᠭᠠᠳᠠᠭᠠᠳᠤ ᠪᠡᠯᠡ ᠪᠠᠷ ᠪᠡᠯᠡ ᠣᠷᠣᠭᠤᠯᠬᠤ ᠶᠢ | ᠠᠬᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠳᠠᠪᠠᠭᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠠᠵᠤ ᠠᠬᠤᠶᠢᠯᠠᠯ ᠢ ᠢᠳᠡᠪᠬᠢᠲᠡᠢ ᠵᠣᠬᠢᠶᠠᠨ ᠪᠠᠶᠢᠭᠤᠯᠵᠤ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ | ᠲᠦᠷᠦᠯ ᠤᠨ ᠳᠡᠯᠭᠡᠨ ᠦᠵᠡᠭᠦᠯᠵᠦ ᠵᠥᠪᠳᠡᠯᠴᠡᠬᠦ ᠠᠵᠢᠯᠯᠠᠭ᠎ᠠ ᠳᠤ ᠣᠷᠣᠯᠴᠠᠭᠤᠯᠵᠤ᠂ ᠰᠣᠯᠢᠯᠴᠠᠭᠠᠨ ᠤ ᠲᠠᠪᠴᠠᠩ ᠢ | ᠪᠠᠶᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠤᠷᠢᠵᠤ ᠪᠡᠯᠡ ᠲᠠᠲᠠᠬᠤ ᠪᠠᠨ ᠡᠷᠴᠢᠮᠵᠢᠭᠦᠯᠦᠨ᠎ᠡ᠃ | ᠭᠤᠷᠪᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠵᠤ᠂ ︽ᠵᠢᠷᠭᠤᠭᠠᠨ | ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ᠃ ᠲᠥᠪ ᠤᠨ ︽ᠬᠤᠶᠠᠷ ᠴᠢᠬᠤᠯᠠ︾ ︽ᠬᠤᠶᠠᠷ ᠰᠢᠨ᠎ᠡ︾ ︽ᠬᠤᠶᠠᠷ ᠠᠵᠤ | ᠦᠢᠯᠡᠰ︾ ᠵᠡᠷᠭᠡ ᠠᠯᠢ ᠣᠯᠠᠨ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ | ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ︽ | ᠨᠢᠭᠡ ᠪᠦᠯᠦᠭ ᠢ ᠨᠥᠭᠡᠴᠡᠯᠡᠵᠦ᠂ ᠨᠢᠭᠡ ᠪᠦᠯᠦᠭ ᠢ ᠠᠵᠢᠯ ᠡᠬᠢᠯᠡᠭᠦᠯᠵᠦ᠂ ᠨᠢᠭᠡ ᠪᠦᠯᠦᠭ ᠢ ᠪᠦᠲᠦᠭᠡᠨ ᠪᠠᠶᠢᠭᠤᠯᠵᠤ᠂ | ᠨᠢᠭᠡ ᠪᠦᠯᠦᠭ ᠢ ᠳᠠᠭᠤᠰᠬᠠᠬᠤ︾ ᠰᠠᠶᠢᠨ ᠣᠷᠴᠢᠯ ᠢ ᠪᠣᠶ ᠪᠣᠯᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠡᠴᠦᠰ ᠤᠨ ᠵᠢᠯ ᠤᠨ ᠴᠢᠬᠤᠯᠠ ᠶᠡᠭᠡ ᠲᠥᠷᠥᠯ ᠵᠦᠢᠯ᠂ ︽ᠠᠷᠪᠠᠨ ᠲᠠᠪᠤᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠪᠠ ᠳᠡᠭᠡᠳᠦ ᠱᠠᠲᠤᠨ ᠠᠴᠠ ᠪᠡᠯᠡ ᠮᠥᠩᠭᠦ ᠣᠯᠬᠤ | ᠲᠥᠷᠥᠯ ᠵᠦᠢᠯ ᠤᠨ ᠳᠥᠷᠪᠡᠨ ᠨᠠᠷᠢᠨ ᠬᠠᠭᠤᠳᠠᠰᠤ ᠶᠢ ᠲᠦᠷᠭᠡᠳᠬᠡᠨ ᠲᠣᠭᠲᠠᠭᠠᠨ᠎ᠠ᠃ ᠡᠨᠧᠷᠭᠢ᠂ ᠠᠵᠤ | ᠦᠢᠯᠡᠳᠪᠦᠷᠢ᠂ ᠰᠠᠭᠤᠷᠢ ᠲᠥᠬᠦᠭᠡᠷᠦᠮᠵᠢ᠂ ᠦᠢᠯᠡᠴᠢᠯᠡᠭᠡᠨ ᠤ ᠦᠢᠯᠡᠰ᠂ ᠮᠠᠯ ᠲᠠᠷᠢᠶᠠᠯᠠᠩ ᠣᠶ ᠰᠢᠭᠤᠢ ᠪᠡᠯᠴᠢᠭᠡᠷ | ᠤᠰᠤ᠂ ᠠᠷᠠᠳ ᠤᠨ ᠠᠮᠢᠳᠤᠷᠠᠯ ᠨᠡᠶᠢᠭᠡᠮ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ | ᠭᠠᠳᠠᠭᠰᠢᠯᠠᠭᠤᠯᠬᠤ ᠵᠡᠷᠭᠡ 7 ᠴᠢᠬᠤᠯᠠ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠲᠥᠷᠥᠯ ᠵᠦᠢᠯ ᠢ ᠲᠥᠯᠥᠪᠯᠡᠨ | ᠨᠥᠭᠡᠴᠡᠯᠡᠬᠦ ᠶᠢ ᠥᠷᠨᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ︽ | ᠲᠣᠮᠣ ᠬᠡᠪᠴᠢᠶ᠎ᠡ︾ ᠳᠤ ᠣᠷᠣᠭᠤᠯᠬᠤ ᠪᠠᠷ ᠴᠢᠷᠮᠠᠶᠢᠨ᠎ᠠ᠃ ᠤᠯᠤᠰ ᠤᠨ ᠴᠢᠬᠤᠯᠠ ᠶᠡᠭᠡ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠥᠮᠥᠷᠭᠡ ᠳᠤ ᠲᠦᠰᠢᠭᠯᠡᠨ᠂ ᠪᠣᠶ ᠪᠥᠬᠦᠶ ᠲᠥᠷᠥᠯ ᠵᠦᠢᠯ ᠢ | ᠬᠥᠮᠥᠷᠭᠡ ᠳᠤ ᠣᠷᠣᠭᠤᠯᠵᠤ ᠬᠥᠳᠡᠯᠦᠩᠭᠦᠶ ᠬᠠᠮᠢᠶᠠᠷᠴᠤ᠂ ᠨᠠᠷᠢᠯᠢᠭ ᠣᠨᠣᠴᠠᠲᠠᠶ ᠪᠠᠷ ᠳᠣᠭᠢᠷᠠᠭᠤᠯᠤᠨ᠂ ᠲᠥᠷᠥᠯ | ᠵᠦᠢᠯ ᠤᠨ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠬᠡᠬᠦ ᠶᠢ ᠲᠦᠷᠭᠡᠳᠬᠡᠨ᠂ ᠨᠠᠶᠢᠳᠠᠪᠤᠷᠢᠵᠢᠭᠤᠯᠬᠤ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ | ᠠᠵᠤ ᠠᠬᠤᠶᠢᠯᠠᠯ ᠢ ᠲᠡᠳᠬᠦᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠤᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠵᠢᠯᠯᠠᠭᠠᠨ ᠤ ᠲᠥᠰᠦᠯ ᠢ | ᠲᠣᠭᠲᠠᠭᠠᠵᠤ᠂ ︽ᠪᠢ ᠠᠵᠤ ᠠᠬᠤᠶᠢᠯᠠᠯ ᠢ ᠬᠠᠪᠰᠤᠷᠤᠨ ᠢᠲᠡᠭᠡᠯ ᠵᠣᠷᠢᠭ ᠢ ᠨᠢ ᠬᠦᠪᠴᠢᠯᠡᠬᠦ︾ ᠵᠡᠷᠭᠡ ᠲᠤᠰᠬᠠᠢ | ᠠᠵᠢᠯᠯᠠᠭ᠎ᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ︽ᠨᠢᠭᠡ | ᠠᠵᠤ ᠠᠬᠤᠶᠢᠯᠠᠯ ᠨᠢᠭᠡ ᠲᠥᠷᠥ ᠶᠢᠨ ᠪᠣᠳᠣᠯᠭ᠎ᠠ︾ ᠶᠢᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠠᠵᠤ | ᠠᠬᠤᠶᠢᠯᠠᠯ ᠳᠤ ᠵᠥᠪ ᠲᠠᠯ᠎ᠠ ᠶᠢᠨ ᠬᠠᠪᠰᠤᠷᠤᠯᠭ᠎ᠠ ᠪᠠ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ | ᠠᠵᠤ ᠠᠬᠤᠶᠢᠯᠠᠯ ᠳᠤ ᠦᠵᠡᠭᠦᠯᠬᠦ ᠨᠠᠵᠠᠭᠠᠶ ᠨᠥᠯᠥᠭᠡ ᠶᠢ ᠴᠠᠭ ᠲᠤᠬᠠᠶ ᠳᠤᠨᠢ ᠠᠷᠢᠯᠭᠠᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠶ ᠳᠤ ᠦᠵᠡᠭᠦᠯᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ | ᠰᠢᠨ᠎ᠡ ᠨᠢᠭᠡ ᠡᠭᠡᠯᠵᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ | ᠨᠡᠶᠢᠲᠡᠯᠡᠨ᠎ᠡ᠃ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠳᠤ | ᠢᠳᠡᠪᠬᠢᠲᠡᠶ ᠠᠭᠤᠰᠤᠯᠴᠠᠵᠤ᠂ ︽ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠪᠠ ︽ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ︾ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠷᠬᠡ ᠲᠡᠭᠰᠢ | ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠤᠳᠠᠯ ᠥᠬᠡᠶ | ᠨᠡᠶᠢᠲᠡᠯᠡᠬᠦ ᠭᠡᠵᠦ ᠪᠠᠶᠢᠭ᠎ᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠷᠭ᠎ᠠ ᠪᠠ ᠬᠢᠨᠠᠨ ᠪᠠᠶᠢᠴᠠᠭᠠᠬᠤ | ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠬᠦᠷᠢᠶᠡᠨ ᠳᠠᠬᠢ ᠥᠭᠡᠷᠡᠴᠢᠯᠡᠯᠲᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ︽ᠤᠬᠠᠭᠠᠯᠢᠭ ᠪᠤᠰᠤ︾ | ᠥᠷᠢᠰᠥᠯᠳᠦᠭᠡᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠤ ᠠᠬᠤᠶᠢᠯᠠᠯ ᠳᠤ | ᠥᠷᠢᠲᠦᠭᠰᠡᠨ ᠵᠣᠭᠤᠰ ᠮᠥᠩᠭᠦ ᠶᠢ ᠦᠷᠭᠦᠯᠵᠢᠯᠡᠨ ᠲᠥᠯᠥᠵᠦ᠂ ᠠᠵᠤ ᠠᠬᠤᠶᠢᠯᠠᠯ ᠤᠨ ᠠᠵᠤ ᠠᠬᠤᠶᠢᠯᠠᠯ ᠳᠤ ᠠᠰᠢᠭ | ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠲᠡᠮᠡᠴᠡᠨ ᠣᠯᠬᠤ ᠶᠢ ᠳᠠᠮᠵᠢᠵᠤ᠂ | ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢᠨ ᠡᠷᠴᠢᠮ ᠢ ᠳᠡᠭᠡᠭᠰᠢᠯᠡᠭᠦᠯᠦᠨ᠎ᠡ᠃ ᠮᠢᠩᠭᠠᠨ ᠠᠵᠤ | ᠠᠬᠤᠶᠢᠯᠠᠯ ᠲᠦᠮᠡᠨ ᠡᠷᠦᠬᠡ ᠬᠠᠷᠢᠯᠴᠠᠨ ᠬᠠᠪᠰᠤᠷᠤᠨ ᠲᠡᠳᠬᠦᠬᠦ ᠶᠢ ᠥᠷᠨᠢᠭᠦᠯᠵᠦ᠂ ᠴᠢᠨᠠᠷ ᠰᠠᠶᠢᠲᠠᠶ ᠳᠤᠮᠳᠠ ᠵᠢᠵᠢᠭ | ᠠᠵᠤ ᠠᠬᠤᠶᠢᠯᠠᠯ ᠢ 20 ᠠᠴᠠ ᠳᠡᠭᠡᠭᠰᠢ ᠬᠥᠮᠥᠵᠢᠭᠦᠯᠬᠦ ᠪᠠᠷ ᠴᠢᠷᠮᠠᠶᠢᠵᠤ᠂ 50 ᠬᠤᠪᠢ ᠶᠢᠨ ᠡᠵᠡᠩᠨᠡᠯᠲᠡ ᠶᠢᠨ | ᠡᠷᠦᠬᠡ ᠶᠢᠨ ︽ᠠᠵᠤ ᠠᠬᠤᠶᠢᠯᠠᠯ ᠪᠣᠯᠵᠤ ᠬᠤᠪᠢᠷᠠᠬᠤ︾ ᠶᠢ ᠪᠡᠶᠡᠯᠡᠭᠦᠯᠵᠦ᠂ ᠬᠤᠲᠠ ᠶᠢᠨ ᠬᠠᠷᠢᠶ᠎ᠠ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠨ ᠬᠤᠬᠢᠷᠠᠯ ᠢ ᠪᠠᠭᠠᠰᠬᠠᠵᠤ᠂ ᠥᠪᠡᠷ ᠤᠨ ᠥᠷᠳᠡᠭ ᠢ ᠨᠢ ᠪᠠᠭᠤᠷᠠᠭᠤᠯᠵᠤ ᠦᠷ᠎ᠡ | ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ | ᠠᠳᠬᠤᠨ᠎ᠠ᠃ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠬᠤ ᠪᠠᠷ ᠬᠠᠷᠠᠯᠲᠠ ᠪᠣᠯᠭᠠᠵᠤ᠂ ᠠᠵᠢᠯ | ᠣᠯᠭᠤᠯᠲᠠ ᠶᠢᠨ ᠨᠥᠯᠥᠭᠡ ᠶᠢ ᠦᠨᠡᠯᠡᠨ ᠵᠢᠱᠢᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠵᠣᠷᠢᠭᠵᠢᠭᠤᠯᠤᠨ | ᠳᠡᠮᠵᠢᠨ᠎ᠡ᠃ ᠴᠢᠳᠠᠪᠤᠷᠢᠲᠠᠨ ᠢ ᠤᠷᠢᠵᠤ ᠦᠯᠡᠳᠡᠭᠡᠬᠦ ᠠᠵᠢᠯᠯᠠᠭ᠎ᠠ ᠶᠢ ᠥᠷᠨᠢᠭᠦᠯᠵᠦ᠂ ᠳᠡᠭᠡᠳᠦ ᠲᠡᠰ ᠳᠠᠪᠬᠤᠷᠭ᠎ᠠ ᠶᠢᠨ | ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠤᠷᠢᠨ ᠠᠪᠴᠢᠷᠠᠬᠤ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠵᠠᠯᠠᠭᠤᠴᠤᠳ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ | ᠬᠥᠭᠵᠢᠭᠡᠵᠦ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠲᠠᠯᠪᠢᠨ᠎ᠠ᠃ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠴᠢᠷᠮᠠᠶᠢᠨ ᠰᠢᠢᠳᠪᠦᠷᠢᠯᠡᠵᠦ᠂ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢᠨ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠂ | ᠬᠤᠲᠠ ᠪᠠᠯᠭᠠᠰᠤ ᠶᠢᠨ 1.2 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 40 ᠲᠦᠮᠡ ᠠᠴᠠ ᠳᠡᠭᠡᠭᠰᠢ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠨᠥᠬᠦᠪᠦᠷᠢ ᠶᠢᠨ | ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 8000 ᠲᠦᠮᠡᠨ ᠬᠥᠮᠥᠨ ᠤᠳᠠᠭ᠎ᠠ | ᠥᠷᠨᠢᠭᠦᠯᠵᠦ᠂ ᠤᠷ᠎ᠠ ᠮᠡᠷᠭᠡᠵᠢᠯ ᠤᠨ ᠴᠢᠳᠠᠪᠤᠷᠢᠲᠠᠨ ᠢ 8000 ᠠᠴᠠ ᠳᠡᠭᠡᠭᠰᠢ ᠪᠣᠯᠪᠠᠰᠤᠷᠠᠭᠤᠯᠤᠨ᠎ᠠ᠃ ᠤᠰᠤ | ᠠᠷᠪᠢᠯᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠦᠨ᠎ᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠪᠠᠷ | ᠭᠤᠣᠯ ᠪᠣᠯᠭᠠᠨ᠂ ᠭᠦᠶᠦᠬᠡᠨ ᠪᠤᠯᠠᠵᠤ ᠳᠤᠰᠤᠯᠭᠠᠨ ᠤᠰᠤᠯᠠᠬᠤ ᠤᠰᠤ ᠠᠷᠪᠢᠯᠠᠬᠤ ᠮᠡᠷᠭᠡᠵᠢᠯ ᠢ ᠪᠦᠬᠦ ᠲᠠᠯ᠎ᠠ ᠪᠠᠷ | ᠳᠡᠯᠭᠡᠷᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠨᠥᠬᠦᠪᠦᠷᠢ ᠥᠭᠬᠦ ᠪᠠ ᠤᠰᠤ ᠠᠷᠪᠢᠯᠠᠭᠰᠠᠨ ᠢ ᠱᠠᠩᠨᠠᠨ ᠬᠥᠬᠢᠭᠦᠯᠬᠦ ᠵᠡᠷᠭᠡ ᠳᠦᠷᠢᠮ ᠢ | ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠶᠢ 2.5 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ ᠤᠰᠤ ᠶᠡᠭᠡ ᠬᠤᠷᠣᠭᠳᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠬᠢᠵᠠᠭᠠᠷᠯᠠᠵᠤ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠬᠦᠴᠦᠯᠡᠨ ᠨᠠᠶᠢᠳᠠᠪᠤᠷᠢᠵᠢᠭᠤᠯᠵᠤ᠂ ᠡᠨᠧᠷᠭᠢ | ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 20 ᠲᠥᠷᠥᠯ ᠵᠦᠢᠯ ᠢ ᠬᠡᠷᠡᠭᠵᠢᠭᠦᠯᠵᠦ᠂ ᠬᠠᠶᠠᠭᠳᠠᠮᠠᠯ ᠤᠰᠤ ᠶᠢ | ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠳᠠᠬᠢᠯᠲᠠ ᠤᠰᠤ ᠶᠢ ᠲᠣᠬᠢᠷᠠᠭᠤᠯᠤᠨ ᠠᠰᠢᠭᠯᠠᠬᠤ ᠲᠥᠷᠥ ᠶᠢᠨ | ᠪᠣᠳᠣᠯᠭ᠎ᠠ ᠶᠢ ᠲᠣᠭᠲᠠᠭᠠᠨ᠂ ᠨᠢᠭᠡ ᠪᠦᠯᠦᠭ ᠤᠰᠤ ᠠᠷᠪᠢᠯᠠᠬᠤ ᠮᠠᠶ᠋ᠢᠭ ᠤᠨ ᠠᠵᠤ ᠠᠬᠤᠶᠢᠯᠠᠯ᠂ ᠤᠰᠤ ᠠᠷᠪᠢᠯᠠᠬᠤ | ᠬᠡᠪ ᠳᠠᠭᠤᠷᠢᠶᠠᠯᠲᠤ ᠠᠵᠤ ᠠᠬᠤᠶᠢᠯᠠᠯ ᠪᠣᠯᠣᠨ ᠤᠰᠤ ᠠᠷᠪᠢᠯᠠᠬᠤ ᠮᠠᠶ᠋ᠢᠭ ᠤᠨ ᠬᠦᠷᠢᠶᠡᠯᠡᠩ ᠲᠣᠭᠤᠷᠢᠭ ᠢ ᠶᠡᠬᠡᠪᠡᠷ | ᠡᠭᠦᠳᠦᠨ ᠪᠠᠶᠢᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠦᠷᠢ ᠶᠢᠨ ᠤᠰᠤ | ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 13.5% ᠠᠴᠠ ᠳᠡᠭᠡᠭᠰᠢ ᠪᠠᠭᠤᠷᠠᠭᠤᠯᠬᠤ ᠪᠠᠷ ᠴᠢᠷᠮᠠᠶᠢᠨ᠎ᠠ᠃ | ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ᠂ ᠰᠠᠭᠤᠭᠠᠯᠢ | ᠠᠷᠠᠳ ᠤᠨ ᠪᠤᠰᠤ ᠬᠡᠷᠡᠭᠯᠡᠬᠦ ᠤᠰᠤ ᠪᠠ ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤᠨ ᠤ | ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠤ ᠳᠠᠷᠠᠭ᠎ᠠ ᠠᠬᠢᠭᠤᠯᠤᠨ ᠪᠤᠳᠤᠵᠤ ᠦᠨ᠎ᠡ ᠨᠡᠮᠡᠬᠦ ᠵᠡᠷᠭᠡ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ | ᠪᠠᠭᠠᠰᠬᠠᠬᠤ᠂ ᠨᠣᠭᠤᠭᠠᠷᠠᠭᠤᠯᠤᠯᠲᠠ ᠶᠢᠨ ᠤᠰᠤᠨ ᠤ ᠰᠤᠷᠪᠤᠯᠵᠢ ᠶᠢ ᠰᠣᠯᠢᠬᠤ ᠶᠢ ᠠᠬᠢᠭᠤᠯᠵᠤ᠂ ᠤᠰᠤ ᠠᠷᠪᠢᠯᠠᠬᠤ | ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠪᠥᠬᠦ ᠠᠷᠠᠳ ᠤᠨ ᠤᠰᠤ ᠠᠷᠪᠢᠯᠠᠬᠤ ᠦᠵᠡᠯ ᠤᠬᠠᠮᠰᠠᠷ ᠢ | ᠴᠢᠩᠭᠠᠳᠬᠠᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠦᠨ᠎ᠡ᠃ ᠮᠣᠩᠭᠤᠯ ᠣᠷᠣᠰ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠤᠳ ᠯᠤᠭ᠎ᠠ ᠶᠢᠨ ᠠᠷᠠᠯᠵᠢᠶ᠎ᠠ ᠶᠢᠨ ᠶᠠᠪᠤᠯᠴᠠᠭ᠎ᠠ ᠵᠡᠷᠭᠡ ᠬᠦᠷᠢᠶᠡᠨ ᠳᠠᠬᠢ ᠨᠡᠪᠲᠡᠷᠡᠯᠴᠡᠭᠡ ᠬᠠᠮᠵᠢᠯᠴᠠᠭ᠎ᠠ ᠪᠠᠨ | ᠭᠦᠨᠵᠡᠭᠡᠶᠢᠷᠡᠭᠦᠯᠦᠨ᠎ᠡ᠃ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠬᠥᠭᠵᠢᠯᠲᠡ ᠶᠢᠨ ᠶᠡᠭᠡ ᠲᠠᠯ᠎ᠠ ᠳᠤ ᠭᠦᠨᠵᠡᠭᠡᠢ ᠠᠭᠤᠰᠤᠯᠴᠠᠵᠤ᠂ ︽ᠭᠢᠷᠢᠨ ᠤ ᠡᠮᠦᠨ᠎ᠡ ᠬᠡᠰᠡᠭ ᠯᠢᠶᠣᠤᠨᠢᠩ ᠤᠨ | ᠬᠤᠶᠢᠲᠤ ᠬᠡᠰᠡᠭ ᠥᠪᠥᠷ ᠮᠣᠩᠭᠤᠯ ᠤᠨ ᠵᠡᠭᠦᠨ ᠬᠡᠰᠡᠭ︾ ᠤᠨ ᠵᠢᠷᠭᠤᠭᠠᠨ ᠬᠤᠲᠠ ᠶᠢᠨ ᠴᠢᠨᠠᠷ ᠰᠠᠶᠢᠲᠠᠢ | ᠬᠠᠮᠵᠢᠯᠴᠠᠨ ᠬᠥᠭᠵᠢᠬᠦ ᠳᠤ ᠢᠳᠡᠪᠬᠢᠲᠡᠢ ᠣᠷᠣᠯᠴᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ | ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠳᠠᠯ ᠦᠭᠡᠢ ᠨᠡᠶᠢᠲᠡᠯᠡᠨ | ᠬᠡᠷᠡᠭᠵᠢᠭᠦᠯᠬᠦ ᠪᠠᠷ ᠪᠠᠶᠢᠭ᠎ᠠ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠯ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠥᠪᠥᠷ ᠮᠣᠩᠭᠤᠯ ᠤᠨ ᠵᠡᠭᠦᠨ ᠬᠡᠰᠡᠭ ᠤᠨ ᠡᠯ᠎ᠡ ᠠᠶᠢᠮᠠᠭ ᠬᠤᠲᠠ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠥᠩᠯᠢᠶᠣᠣ ᠤᠯᠠᠭᠠᠨᠬᠠᠳᠠ ᠶᠢᠨ ︽ᠬᠤᠣᠰ ᠬᠤᠲᠠ︾ ᠶᠢᠨ | ᠬᠠᠮᠵᠢᠯᠴᠠᠨ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠬᠢᠩᠭᠠᠨ ᠠᠶᠢᠮᠠᠭ ᠯᠤᠭ᠎ᠠ ᠶᠢᠨ ︽ᠰᠢᠭᠤᠳ ᠬᠤᠷᠰᠢᠯᠴᠠᠬᠤ | ᠠᠵᠤ ᠠᠬᠤᠢ︾ ᠶᠢᠨ ᠬᠠᠮᠲᠤᠷᠠᠯᠴᠠᠭ᠎ᠠ ᠶᠢ ᠥᠷᠭᠡᠳᠬᠡᠨ᠂ ᠰᠢᠯᠢ ᠶᠢᠨ ᠭᠤᠣᠯ ᠠᠶᠢᠮᠠᠭ᠂ ᠬᠥᠯᠥᠨ ᠪᠤᠶᠢᠷ | ᠬᠤᠲᠠ ᠯᠤᠭ᠎ᠠ ᠶᠢᠨ ᠬᠥᠭᠵᠢᠯᠲᠡ ᠶᠢ ᠵᠣᠯᠭᠠᠭᠤᠯᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠵᠡᠭᠦᠨ ᠬᠡᠰᠡᠭ ᠤᠨ | ᠭᠠᠵᠠᠷ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠲᠥᠪᠯᠡᠷᠡᠭᠰᠡᠨ ᠣᠷᠣᠨ ᠢ ᠴᠣᠭᠴᠠᠯᠠᠨ ᠪᠠᠶᠢᠭᠤᠯᠤᠨ᠎ᠠ᠃ | ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ | ︽ᠳᠥᠷᠪᠡᠨ ᠠᠵᠢᠯᠯᠠᠭ᠎ᠠ︾ ᠶᠢ ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠾᠧᠪᠧᠢ ᠣᠷᠣᠨ ᠳᠤ | ᠬᠠᠨᠳᠤᠭᠤᠯᠤᠭᠰᠠᠨ ᠠᠵᠤ ᠠᠬᠤᠶᠢᠯᠠᠯ ᠢ ᠤᠷᠢᠬᠤ ᠡᠷᠴᠢᠮ ᠢᠶᠠᠨ ᠴᠢᠩᠭᠠᠷᠠᠭᠤᠯᠤᠨ᠂ ᠴᠢᠨᠠᠷ ᠰᠠᠶᠢᠲᠠᠢ ᠮᠠᠯ | ᠲᠠᠷᠢᠶᠠᠯᠠᠩ ᠤᠨ ᠠᠰᠢᠭ ᠰᠢᠮ᠎ᠡ ᠶᠢᠨ ᠪᠦᠲᠦᠭᠡᠭᠳᠡᠬᠦᠨ᠂ ᠣᠨᠴᠠᠯᠢᠭᠲᠤ ᠠᠵᠤ ᠦᠢᠯᠡᠳᠪᠦᠷᠢ ᠶᠢᠨ ᠪᠦᠲᠦᠭᠡᠭᠳᠡᠬᠦᠨ ᠤ | ᠨᠡᠶᠢᠰᠯᠡᠯ ᠳᠠᠬᠢ ᠵᠠᠬ᠎ᠠ ᠳᠡᠯᠭᠡᠭᠦᠷ ᠢ ᠰᠠᠨᠠᠭᠠᠴᠢᠯᠠᠭ᠎ᠠ ᠠᠴᠠ ᠪᠠᠨ ᠨᠡᠭᠡᠭᠡᠨ᠎ᠡ᠃ ᠭᠤᠸᠠᠩᠳᠦ᠋ᠩ ᠰᠢᠶᠠᠩᠭᠠᠩ ᠣᠣᠮᠧᠨ ᠤ | ᠶᠡᠭᠡ ᠪᠤᠯᠤᠩ ᠤᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠵᠤ ᠠᠬᠤᠶ ᠶᠢᠨ ᠪᠦᠰᠡ᠂ ᠪᠡᠭᠡᠵᠢᠩ | ᠲᠢᠶᠠᠨᠵᠢᠨ ᠾᠧᠪᠧᠢ ᠶᠢᠨ ᠠᠵᠤ ᠠᠬᠤᠢ ᠶᠢᠨ ᠬᠦᠷᠢᠶᠡᠨ ᠤ ᠠᠵᠤ ᠦᠢᠯᠡᠰ ᠤᠨ ᠰᠢᠯᠵᠢᠯᠲᠡ ᠶᠢ ᠨᠡᠩ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠤᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠭᠤᠣᠯᠳᠠᠭᠤ ᠰᠢᠨ᠎ᠡ ᠴᠠᠭ ᠦᠶ᠎ᠡ ᠶᠢᠨ ᠴᠤᠭ | ᠵᠠᠯᠢ ᠶᠢ ᠪᠠᠳᠠᠷᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠥᠪᠥᠷ ᠮᠣᠩᠭᠤᠯ ᠤᠨ ᠰᠦᠷ | ᠵᠢᠪᠬᠤᠭ᠎ᠠ ᠶᠢ ᠢᠯᠡᠷᠡᠭᠦᠯᠬᠦ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠢ ᠴᠤᠤᠷᠢᠶᠠᠲᠤᠭᠤᠯᠬᠤ᠂ ᠬᠤᠷᠴᠢᠨ | ᠰᠣᠶᠣᠯ ᠤᠨ ᠠᠭᠤᠯᠬᠤᠨ ᠢ ᠠᠭᠤᠳᠠᠯᠬᠤ᠂ ᠲᠣᠭᠠᠴᠢᠯᠠᠭᠰᠠᠨ ᠴᠢᠳᠠᠪᠬᠢ ᠣᠯᠭᠤᠬᠤ ᠶᠢ ᠠᠬᠢᠭᠤᠯᠬᠤ ᠵᠡᠷᠭᠡ | ᠵᠢᠷᠭᠤᠭᠠᠨ ᠲᠠᠯ᠎ᠠ ᠠᠴᠠ ᠤᠮᠠᠷᠠᠲᠤ ᠬᠢᠯᠢ ᠶᠢᠨ ᠰᠣᠶᠣᠯ ᠤᠨ ᠱᠣᠰᠢᠭ᠎ᠠ ᠶᠢ ᠢᠯᠡᠳᠬᠡᠭᠰᠡᠨ ᠲᠦᠩᠯᠢᠶᠣᠣ ᠶᠢᠨ | ᠬᠠᠭᠤᠳᠠᠰᠤ ᠶᠢ ᠪᠢᠴᠢᠭᠯᠡᠨ᠎ᠡ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠭᠠᠨ ᠤ | ᠲᠠᠶᠢᠯᠪᠤᠷᠢᠯᠠᠯᠲᠠ ᠶᠢ ᠭᠦᠨᠵᠡᠭᠡᠶᠢᠷᠡᠭᠦᠯᠵᠦ᠂ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠰᠤᠳᠤᠯᠭᠠᠨ ᠤ | ᠲᠠᠪᠤᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠪᠦᠬᠦ ᠬᠤᠳᠠ ᠶᠢᠨ ᠤᠷᠠᠯᠢᠭ ᠤᠨ ᠡᠬᠢ ᠪᠠᠶᠠᠯᠢᠭ ᠪᠠ | ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ | ᠥᠷᠨᠢᠭᠦᠯᠦᠨ᠎ᠡ᠃ ᠪᠠᠷᠠᠭᠤᠨ ᠯᠢᠶᠣᠤ ᠾᠧ ᠭᠤᠣᠯ ᠤᠨ ᠪᠣᠯᠪᠠᠰᠤᠨ ᠤ ᠭᠤᠣᠯ ᠰᠡᠳᠦᠪᠲᠦ ᠰᠢᠷᠢᠰ ᠲᠡᠦᠬᠡ ᠶᠢᠨ | ᠳᠤᠷᠠᠰᠬᠠᠯᠲᠤ ᠵᠦᠢᠯᠡᠰ ᠤᠨ ᠦᠵᠡᠭᠦᠯᠦᠯᠭᠡ ᠶᠢ ᠡᠷᠭᠢᠯᠡᠵᠦ᠂ ᠳᠠᠭᠤᠤ ᠪᠥᠵᠢᠭᠲᠦ ᠵᠦᠴᠦᠭᠡ ︽ᠥᠩᠭᠡᠲᠦ ᠡᠭᠦᠯᠡ | ᠬᠥᠪᠥᠯᠵᠡᠭᠰᠡᠨ ᠭᠠᠵᠠᠷ︾᠂ ᠴᠠᠭᠠᠨ ᠬᠥᠭᠵᠢᠮ ᠤᠨ ᠪᠦᠯᠬᠦᠮ ᠤᠨ ᠳᠠᠭᠤᠤ ᠬᠥᠭᠵᠢᠮ ᠤᠨ ᠦᠳᠡᠰᠢᠯᠡᠭᠡ ᠵᠡᠷᠭᠡ ᠪᠥᠬᠦ | ᠤᠯᠤᠰ ᠤᠨ ᠴᠢᠨᠠᠷᠲᠠᠢ ᠲᠣᠭᠤᠷᠢᠨ ᠲᠣᠭᠯᠠᠯᠲᠠ ᠶᠢ ᠠᠬᠢᠭᠤᠯᠵᠤ᠂ ᠡᠯ᠎ᠡ ᠱᠠᠲᠤᠨ ᠤ ᠤᠯᠠᠭᠠᠨᠮᠥ᠋ᠴᠢᠷ ᠤᠨ | ᠲᠣᠭᠯᠠᠯᠲᠠ ᠶᠢᠨ ᠠᠵᠢᠯᠯᠠᠭ᠎ᠠ ᠶᠢ 1000 ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠵᠤ᠂ ︽ᠰᠢ ᠵᠦᠴᠦᠭᠡ ᠶᠢ | ᠬᠥᠳᠡᠭᠡ ᠲᠣᠰᠬᠤᠨ ᠳᠤ ᠣᠷᠣᠭᠤᠯᠬᠤ︾ ᠲᠣᠭᠯᠠᠯᠲᠠ ᠶᠢᠨ ᠠᠵᠢᠯᠯᠠᠭ᠎ᠠ ᠶᠢ 200 ᠤᠳᠠᠭ᠎ᠠ ᠠᠴᠠ ᠳᠡᠭᠡᠭᠰᠢ | ᠥᠷᠨᠢᠭᠦᠯᠦᠨ᠎ᠡ᠃ ︽ᠪᠢᠴᠢᠭ ᠤᠨ ᠰᠤᠷᠪᠤᠯᠵᠢᠲᠤ ᠲᠦᠩᠯᠢᠶᠣᠣ︾ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠥᠬᠦ ᠠᠷᠠᠳ ᠢᠶᠠᠷ ᠢᠶᠠᠨ ᠨᠣᠮ ᠤᠩᠰᠢᠬᠤ᠂ ᠤᠮᠠᠷᠠᠲᠤ ᠬᠢᠯᠢ ᠶᠢᠨ ᠲᠣᠰᠬᠤᠨ ᠤ ᠦᠳᠡᠰᠢᠯᠡᠭᠡ | ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃ ᠪᠠᠷᠠᠭᠤᠨ ᠯᠢᠶᠣᠤ | ᠾᠧ ᠭᠤᠣᠯ ᠤᠨ ᠪᠣᠯᠪᠠᠰᠤᠨ᠂ ᠬᠤᠷᠴᠢᠨ ᠠᠷᠠᠳ ᠤᠨ ᠳᠠᠭᠤᠤ᠂ ᠵᠢᠷᠢᠮ ᠤᠨ ᠪᠠᠷ ᠵᠢᠷᠤᠭ ᠵᠡᠷᠭᠡ ᠤᠳᠬ᠎ᠠ | ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠡᠷᠴᠢᠮ ᠢᠶᠠᠨ ᠴᠢᠩᠭᠠᠷᠠᠭᠤᠯᠵᠤ᠂ ︽ᠪᠠᠷᠠᠭᠤᠨ ᠯᠢᠶᠣᠤ | ᠾᠧ ᠭᠤᠣᠯ ᠤᠨ ᠨᠠᠶᠢᠷᠠᠯ ᠰᠢᠯᠦᠭ︾ ᠵᠡᠷᠭᠡ ᠪᠦᠲᠦᠭᠡᠯ ᠢ ᠭᠤᠣᠯᠳᠠᠯᠭ᠎ᠠ ᠲᠠᠢ ᠡᠭᠦᠳᠦᠨ ᠪᠦᠲᠦᠭᠡᠨ᠎ᠡ᠃ ᠤᠮᠠᠷᠠᠲᠤ | ᠬᠢᠯᠢ ᠶᠢᠨ ᠰᠣᠶᠣᠯ ᠤᠨ ᠪᠠᠶᠢᠭᠤᠯᠤᠯᠲᠠ ᠳᠡᠭᠡᠭᠰᠢᠯᠡᠯᠲᠡ ᠶᠢ ᠬᠤᠲᠠ ᠶᠢᠨ ᠳᠦᠷᠢ ᠲᠥᠷᠬᠦ ᠶᠢᠨ ᠤᠬᠠᠭᠤᠯᠭ᠎ᠠ᠂ | ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠨᠠᠷᠠᠲᠤ ᠰᠢᠯᠢᠳᠡᠭ ᠪᠦᠲᠦᠭᠡᠭᠳᠡᠬᠦᠨ ᠢ | ᠲᠠᠨᠢᠯᠴᠠᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠡᠷᠭᠡ ᠬᠦᠷᠢᠶ᠎ᠡ | ᠴᠠᠷᠠᠭ᠎ᠠ ᠯᠤᠭ᠎ᠠ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ | ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠶᠢ ᠪᠡᠶᠡᠯᠡᠭᠦᠯᠦᠨ᠎ᠡ᠃ ᠳᠥᠷᠪᠡ᠂ ᠭᠤᠷᠪᠠᠨ ᠠᠵᠤ ᠦᠢᠯᠡᠰ ᠤᠨ | ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠲᠦᠷᠭᠡᠳᠬᠡᠨ᠎ᠡ ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ᠃ ︽ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠶ ᠳᠣᠭᠢᠷᠠᠭᠤᠯᠤᠨ ᠡᠵᠡᠮᠳᠡᠬᠦ | ᠥᠨᠳᠥᠷ ᠤᠨᠠᠯᠲᠠ ᠲᠠᠢ ᠮᠡᠷᠭᠡᠵᠢᠯ + ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ︾ ᠤ ᠰᠢᠨ᠎ᠡ ᠵᠠᠭᠪᠤᠷ ᠢ | 1000 ᠲᠦᠮᠡᠨ ᠮᠦ ᠠᠴᠠ ᠳᠡᠭᠡᠭᠰᠢ ᠬᠡᠷᠡᠭᠵᠢᠭᠦᠯᠦᠨ᠎ᠡ᠃ 5 ᠵᠠᠭᠤᠨ ᠲᠦᠮᠡᠨ ᠮᠦ᠂ 3 ᠠᠷᠪᠠᠨ ᠲᠦᠮᠡᠨ ᠮᠦ᠂ | ᠡᠳᠦᠢ ᠲᠡᠳᠦᠢ ᠲᠦᠮᠡᠨ ᠮᠦ ᠠᠴᠠ ᠳᠡᠭᠡᠭᠰᠢᠬᠢ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠥᠪᠯᠡᠷᠡᠭᠦᠯᠦᠨ | ᠵᠠᠯᠭᠠᠯᠳᠤᠭᠤᠯᠤᠨ ᠪᠠᠶᠢᠭᠤᠯᠤᠨ᠎ᠠ᠃ ᠲᠥᠬᠦᠭᠡᠷᠦᠮᠵᠢᠲᠦ ᠲᠠᠷᠢᠶᠠᠯᠠᠩ ᠢ 1600 ᠮᠦ ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ ᠲᠥᠬᠦᠭᠡᠷᠦᠮᠵᠢᠲᠦ ᠲᠠᠷᠢᠶᠠᠯᠠᠩ ᠤᠨ ᠰᠣᠳᠣᠨ ᠪᠦᠲᠦᠭᠡᠭᠳᠡᠬᠦᠨ ᠤ ᠬᠦᠷᠢᠶᠡᠯᠡᠩ ᠲᠣᠭᠤᠷᠢᠭ ᠢ 3 | ᠪᠠᠶᠢᠭᠤᠯᠤᠨ᠎ᠠ᠃ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ ᠨᠢᠭᠡᠳᠦᠭᠡᠷ ᠴᠢᠬᠤᠯᠠ ᠣᠷᠣᠨ︾ | ᠢ ᠪᠠᠶᠢᠭᠤᠯᠵᠤ᠂ ︽ᠨᠢᠭᠡ ᠲᠥᠪ᠂ ᠭᠤᠷᠪᠠᠨ ᠬᠦᠷᠢᠶᠡᠯᠡᠩ ᠲᠣᠭᠤᠷᠢᠭ᠂ ᠲᠠᠪᠤᠨ ᠰᠠᠭᠤᠷᠢᠨ ᠭᠠᠵᠠᠷ︾ ᠢ | ᠪᠥᠲᠥᠭᠡᠨ ᠪᠠᠶᠢᠭᠤᠯᠵᠤ᠂ ᠲᠤᠭ᠎ᠠ ᠪᠠᠷᠢᠮᠲᠠ ᠶᠢᠨ ᠬᠡᠯᠬᠢᠶ᠎ᠡ᠂ ᠮᠥᠩᠭᠦᠨ ᠭᠦᠢᠯᠭᠡᠭᠡᠨ ᠤ ᠬᠡᠯᠬᠢᠶ᠎ᠡ᠂ ᠦᠢᠯᠡᠴᠢᠯᠡᠭᠡᠨ ᠤ | ᠬᠡᠯᠬᠢᠶ᠎ᠡ ᠵᠡᠷᠭᠡ ︽ᠭᠤᠷᠪᠠᠨ ᠬᠡᠯᠬᠢᠶ᠎ᠡ ᠶᠢ ᠠᠭᠤᠰᠤᠯᠴᠠᠭᠤᠯᠤᠭᠰᠠᠨ︾ ᠲᠤᠯᠭᠠᠭᠤᠷᠢᠯᠠᠬᠤ ᠪᠠᠲᠤᠯᠠᠭ᠎ᠠ ᠶᠢᠨ | ᠰᠢᠰᠲ᠋ᠧᠮᠵᠢ ᠶᠢ ᠪᠠᠶᠢᠭᠤᠯᠤᠨ ᠴᠢᠩᠭᠠᠳᠬᠠᠵᠤ᠂ ᠡᠳ᠋ᠰᠢᠭᠦᠯᠦᠨ ᠪᠣᠷᠣᠯᠠᠭᠤᠯᠬᠤ ᠬᠥᠲᠥᠴᠢ ᠠᠵᠤ ᠠᠬᠤᠶᠢᠯᠠᠯ ᠢ | 30 ᠠᠴᠠ ᠳᠡᠭᠡᠭᠰᠢ ᠣᠷᠣᠭᠤᠯᠤᠨ ᠠᠪᠴᠢᠷᠠᠵᠤ᠂ 30 ᠵᠤᠷᠪᠤᠰ ᠠᠰᠢᠭ ᠲᠤᠰᠠ ᠶᠢᠨ ᠬᠠᠷᠢᠴᠠᠭᠠᠲᠤ ᠬᠡᠯᠬᠢᠶ᠎ᠡ ᠶᠢ | ᠪᠣᠶ ᠪᠣᠯᠭᠠᠵᠤ᠂ 50 ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ᠂ 100 ᠪᠠᠷᠢᠮᠵᠢᠶᠠᠵᠢᠭᠰᠠᠨ ᠲᠡᠵᠢᠭᠡᠪᠦᠷᠢ ᠶᠢᠨ | ᠵᠢᠱᠢᠶ᠎ᠡ ᠦᠵᠡᠭᠦᠯᠬᠦ ᠪᠠᠯᠭᠠᠰᠤ ᠲᠣᠰᠬᠤᠨ᠂ 1000 ᠵᠢᠱᠢᠶ᠎ᠡ ᠦᠵᠡᠭᠦᠯᠬᠦ ᠲᠠᠯᠠᠪᠠᠶ ᠡᠷᠦᠬᠡ ᠶᠢ ᠳᠠᠶᠢᠴᠢᠯᠠᠨ᠂ | ᠠᠯᠠᠰᠢᠨ ᠦᠬᠡᠷ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 500 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠶᠢ ᠠᠬᠢᠭᠤᠯᠤᠨ᠎ᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢ ᠤᠯᠤᠰ ᠤᠨ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠭᠠᠬᠤ ᠪᠠᠷ ᠢᠳᠡᠪᠬᠢᠲᠡᠢ | ᠭᠤᠶᠤᠴᠢᠯᠠᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠠᠬᠢᠭᠤᠯᠤᠨ᠎ᠠ᠃ ᠲᠣᠭᠠᠴᠢᠯᠠᠭᠰᠠᠨ ᠮᠡᠷᠭᠡᠵᠢᠯ᠂ ᠪᠣᠬᠢᠷᠲᠤᠯ ᠦᠭᠡᠢ ᠮᠡᠷᠭᠡᠵᠢᠯ ᠢ ᠢᠳᠡᠪᠬᠢᠲᠡᠢ ᠬᠡᠷᠡᠭᠯᠡᠨ ᠤᠯᠠᠮᠵᠢᠯᠠᠯᠲᠤ | ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 30 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠨᠠᠩ ᠣᠯᠠᠨ ᠲᠥᠷᠥᠯ ᠵᠦᠢᠯ ᠢ ︽ | ᠥᠪᠡᠷᠲᠡᠭᠡᠨ ᠵᠠᠰᠠᠬᠤ ᠣᠷᠣᠨ ᠤ 2025 ᠪᠣᠬᠢᠷᠲᠤᠯ ᠦᠭᠡᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭ᠎ᠠ | ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠬᠦ ᠨᠡᠷᠡᠰ︾ ᠲᠤ ᠣᠷᠣᠭᠤᠯᠵᠤ᠂ ᠬᠤᠶᠠᠳᠤᠭᠠᠷ ᠪᠦᠯᠦᠭ ᠤᠨ | ᠲᠣᠭᠠᠴᠢᠯᠠᠭᠰᠠᠨ ᠬᠡᠯᠪᠡᠷᠢ ᠪᠣᠯᠭᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ | ᠥᠷᠨᠢᠭᠦᠯᠵᠦ᠂ ᠪᠣᠬᠢᠷᠲᠤᠯ ᠦᠭᠡᠢ ᠦᠢᠯᠡᠳᠪᠦᠷᠢ ᠶᠢ 2 ᠡᠭᠦᠳᠦᠨ ᠪᠠᠶᠢᠭᠤᠯᠤᠨ᠎ᠠ᠃ ᠬᠥᠩᠭᠡᠨᠴᠠᠭᠠᠨ ᠢᠶᠠᠷ ᠰᠠᠭᠤᠷᠢ | ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠬᠦᠨ ᠤ ᠥᠷᠲᠡᠭ ᠮᠢᠩᠭᠠᠨ ᠳ᠋ᠦᠩᠰᠢᠭᠤᠷ ᠢ | ᠳᠠᠪᠠᠭ᠋ᠤ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ | ᠬᠥᠩᠭᠡᠨᠴᠠᠭᠠᠨ ᠤ ᠢᠰᠦᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ | ᠂ ᠵᠠᠬᠠᠨᠠᠭᠤᠷ ᠤᠨ ᠬᠥᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ 35 ᠲᠦᠮᠡᠨ ᠲᠣᠨ ᠴᠠᠬᠢᠯᠭᠠᠨ ᠵᠠᠳᠠᠯᠤᠯ ᠤᠨ | ᠬᠥᠩᠭᠡᠨᠴᠠᠭᠠᠨ᠂ ᠶᠢᠨ ᠯᠢᠶᠠᠨ ᠤ 55 ᠲᠦᠮᠡᠨ ᠲᠣᠨ ᠲᠠᠲᠠᠳᠠᠭ ᠯᠠᠰᠠ᠂ ᠴᠤᠸᠠᠩ ᠶᠢᠨ ᠤ ᠥᠨᠳᠥᠷ ᠴᠡᠪᠡᠷᠴᠡᠲᠤ | ᠬᠥᠩᠭᠡᠨᠴᠠᠭᠠᠨ ᠵᠢᠴᠢ ᠨᠠᠷᠢᠯᠢᠭ ᠡᠳ᠋ᠰᠢᠭᠦᠯᠬᠦ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ | ᠣᠷᠣᠭᠤᠯᠬᠤ ᠶᠢ ᠬᠦᠴᠦᠯᠡᠨ ᠠᠬᠢᠭᠤᠯᠵᠤ᠂ ᠴᠤᠸᠠᠩ ᠰᠢᠨ ᠤ 20 ᠲᠦᠮᠡᠨ ᠲᠣᠨ ᠬᠥᠩᠭᠡᠨ ᠮᠥᠷᠲᠡᠭᠡᠨ ᠣᠨᠴᠠᠭᠠᠢ | ᠬᠠᠲᠠᠭᠤ ᠤᠶᠠᠨ ᠬᠠᠲᠠᠨ ᠴᠢᠨᠠᠷᠲᠠᠢ ᠬᠥᠩᠭᠡᠨᠴᠠᠭᠠᠨ ᠤ ᠬᠠᠶᠢᠯᠤᠰᠢ᠂ ᠴᠤᠸᠠᠩ ᠶᠤᠸᠠᠨ ᠤ 30 ᠲᠦᠮᠡᠨ ᠲᠣᠨ | ᠣᠨᠴᠠᠭᠠᠢ ᠨᠠᠷᠢᠯᠢᠭ ᠬᠥᠩᠭᠡᠨᠴᠠᠭᠠᠨ ᠤ ᠬᠠᠶᠢᠯᠤᠰᠢ ᠶᠢᠨ ᠰᠢᠨ᠎ᠡ ᠶᠢ ᠡᠭᠦᠳᠬᠦ ᠲᠥᠷᠥᠯ ᠵᠦᠢᠯ ᠤᠨ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ᠡᠷᠳᠡᠨᠢ ᠰᠢᠰᠢ ᠶᠢᠨ ᠨᠡᠶᠢᠯᠡᠮᠡᠯ ᠠᠮᠢᠳᠤ ᠪᠣᠳᠠᠰ ᠤᠨ ᠠᠵᠤ | ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠮᠧᠶ ᠬᠤᠸᠠ ᠠᠮᠢᠳᠤ ᠪᠣᠳᠠᠰ ᠤᠨ 1. | 5 ᠲᠦᠮᠡᠨ ᠲᠣᠨ ᠪᠥᠭᠡᠮ ᠰᠢᠬᠢᠷ ᠤᠨ ᠬᠦᠴᠢᠯ ᠪᠠ 25 ᠲᠦᠮᠡᠨ ᠲᠣᠨ ᠰᠷᠸᠤ᠋ ᠰᠢᠪᠲᠤᠷᠲᠦ ᠬᠦᠴᠢᠯ ᠤᠨ | ᠵᠦᠢᠯᠡᠰ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠢᠦᠢ ᠸᠠᠩ ᠤᠨ ᠲᠠᠯᠠᠰᠲᠤ ᠦᠵᠦᠮ ᠤᠨ ᠰᠢᠬᠢᠷ᠂ ᠵᠢᠦ | ᠫᠧᠩ ᠡᠮ ᠦᠢᠯᠡᠳᠬᠦ ᠬᠤᠶᠠᠳᠤᠭᠠᠷ ᠬᠤᠭᠤᠴᠠᠭ᠎ᠠ᠂ ᠬᠠᠢ ᠲᠢᠶᠠᠨ ᠡᠮ ᠦᠢᠯᠡᠳᠬᠦ ᠬᠤᠶᠠᠳᠤᠭᠠᠷ ᠬᠤᠭᠤᠴᠠᠭ᠎ᠠ ᠶᠢᠨ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠨᠢᠺᠧᠯ ᠢᠶᠠᠷ | ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠭᠠᠷᠤᠯᠲᠠ ᠶᠢ ᠲᠣᠭᠲᠠᠪᠤᠷᠢᠵᠢᠭᠤᠯᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠾᠧ ᠢ᠂ ᠵᠢᠩ ᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠲᠣᠭᠲᠠᠭᠤᠨ ᠢᠶᠠᠷ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ᠂ ᠵᠢᠪᠡᠷᠡᠬᠦ ᠦᠭᠡᠢ ᠪᠣᠯᠣᠳ ᠢ ᠬᠦᠢᠲᠡᠨ ᠢᠶᠠᠷ | ᠬᠡᠪᠰᠢᠭᠦᠯᠬᠦ ᠪᠦᠲᠦᠭᠡᠭᠳᠡᠬᠦᠨ ᠵᠡᠷᠭᠡ ᠰᠢᠨ᠎ᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ | ᠵᠢᠪᠡᠷᠡᠬᠦ ᠦᠭᠡᠢ ᠪᠣᠯᠣᠳ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠲᠥᠷᠥᠯ ᠵᠦᠢᠯ ᠢ ᠢᠳᠡᠪᠬᠢᠲᠡᠢ | ᠣᠷᠣᠭᠤᠯᠤᠨ ᠠᠪᠴᠢᠷᠠᠨ᠎ᠠ᠃ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠦᠢᠯᠡᠳᠬᠦᠨ ᠤ ᠥᠷᠲᠡᠭ ᠤᠨ ᠨᠡᠮᠡᠭᠳᠡᠯ ᠢ ᠠᠬᠢᠭᠤᠯᠤᠨ᠎ᠠ᠃ ᠵᠦᠩ ᠪᠥᠸᠧ ᠬᠡᠷᠡᠯ ᠴᠡᠨᠡᠭ ᠤᠨ ᠰᠢᠯ᠂ ᠣᠣ ᠪᠠᠩ | ᠰᠢᠯ ᠤᠨ ᠪᠦᠲᠦᠭᠡᠭᠳᠡᠬᠦᠨ᠂ ᠱᠧᠩ ᠪᠦᠦ ᠰᠢᠯ ᠰᠠᠪᠠ ᠵᠡᠷᠭᠡ ᠨᠢᠭᠡ ᠪᠦᠯᠦᠭ ᠲᠥᠷᠥᠯ ᠵᠦᠢᠯ ᠤᠨ ᠠᠰᠢᠭᠯᠠᠯᠲᠠ ᠳᠤ | ᠣᠷᠣᠬᠤ ᠶᠢ ᠯᠠᠪᠳᠠᠭᠤᠨ ᠠᠬᠢᠭᠤᠯᠵᠤ᠂ ᠬᠦᠷᠢᠶ᠎ᠡ ᠬᠤᠰᠢᠭᠤᠨ ᠤ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ | ᠮᠠᠲ᠋ᠧᠷᠢᠶᠠᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠡᠮ ᠳᠤ ᠬᠡᠷᠡᠭᠯᠡᠬᠦ ᠰᠢᠯ᠂ | ᠣᠨᠴᠠᠭᠠᠢ ᠨᠢᠮᠭᠡᠨ ᠰᠢᠯ᠂ ᠣᠨᠴᠠ ᠲᠥᠷᠥᠯ ᠤᠨ ᠰᠢᠯ ᠵᠡᠷᠭᠡ ᠥᠨᠳᠥᠷ ᠨᠡᠮᠡᠯᠲᠡ ᠥᠷᠲᠡᠭᠲᠦ ᠠᠵᠤ ᠠᠬᠤᠶᠢᠯᠠᠯ ᠢ | ᠲᠠᠲᠠᠬᠤ ᠡᠷᠴᠢᠮ ᠢ ᠴᠢᠩᠭᠠᠷᠠᠭᠤᠯᠤᠨ᠎ᠠ᠃ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠦᠷᠭᠦᠯᠵᠢᠯᠡᠨ | ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ᠃ ᠤᠯᠤᠰ ᠤᠨ ᠭᠤᠷᠪᠠᠳᠤᠭᠠᠷ ᠪᠦᠯᠦᠭ ᠤᠨ 120 | ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠣᠮᠣ ᠰᠠᠭᠤᠷᠢᠨ ᠭᠠᠵᠠᠷ᠂ ᠬᠡᠷᠡᠯ ᠴᠡᠨᠡᠭ ᠤᠨ | ᠬᠠᠪᠰᠤᠷᠤᠨ ᠲᠡᠳᠬᠦᠬᠦ ᠢᠨᠵᠧᠨᠧᠷᠢᠩ᠂ ᠾᠥᠸᠧ ᠮᠧᠶ ᠬᠤᠩ ᠵᠢᠶᠦ᠋ᠨ ᠤ ᠣᠷᠴᠢᠯ ᠠᠵᠤ ᠠᠬᠤᠢ ᠶᠢᠨ ᠵᠢᠱᠢᠶ᠎ᠡ | ᠦᠵᠡᠭᠦᠯᠬᠦ ᠢᠨᠵᠧᠨᠧᠷᠢᠩ ᠤᠨ ᠵᠢᠷᠭᠤᠳᠤᠭᠠᠷ ᠬᠤᠭᠤᠴᠠᠭ᠎ᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠰᠢᠨ᠎ᠡ ᠡᠨᠧᠷᠭᠢ ᠶᠢ 400 ᠲᠦᠮᠡᠨ | ᠺᠢᠯᠣᠸᠠᠲ ᠰᠢᠨ᠎ᠡ ᠪᠠᠷ ᠨᠡᠮᠡᠭᠳᠡᠭᠦᠯᠦᠨ ᠲᠣᠤᠷ ᠲᠤ ᠨᠡᠶᠢᠯᠡᠭᠦᠯᠵᠦ᠂ ᠶᠡᠷᠦᠩᠬᠡᠢ ᠬᠡᠮᠵᠢᠶ᠎ᠡ ᠶᠢ 1800 ᠲᠦᠮᠡᠨ | ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ᠃ | ᠬᠤᠷᠴᠢᠨ ᠲᠣᠭᠤᠷᠢᠭ ᠤᠨ ᠯᠦᠩ ᠮᠠ ᠴᠢᠳᠬᠤᠮᠠᠯ ᠦᠢᠯᠡᠳᠬᠦᠨ ᠤ ᠲᠥᠷᠥᠯ ᠵᠦᠢᠯ ᠤᠨ ᠭᠦᠢᠴᠡᠳ | ᠦᠢᠯᠡᠳᠪᠦᠷᠢᠯᠡᠬᠦ᠂ ᠳᠠᠪᠲᠠᠨ ᠦᠢᠯᠡᠳᠬᠦ ᠶᠢ ᠵᠣᠭᠰᠣᠭᠠᠬᠤ᠂ ᠰᠠᠯᠬᠢᠨ ᠬᠦᠴᠦᠨ ᠤ ᠴᠠᠬᠢᠯᠭᠠᠨ ᠤ ᠲᠥᠬᠦᠭᠡᠷᠦᠮᠵᠢ ᠶᠢᠨ | ᠲᠥᠷᠥᠯ ᠵᠦᠢᠯ ᠢ ᠵᠠᠯᠭᠠᠯᠳᠤᠭᠠᠪᠠᠷ ᠠᠵᠢᠯ ᠡᠬᠢᠯᠡᠭᠦᠯᠬᠦ ᠶᠢ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠫᠧᠩ | ᠾᠦᠢ ᠰᠢᠨ᠎ᠡ ᠡᠨᠧᠷᠭᠢ ᠶᠢᠨ ᠨᠥᠭᠡᠴᠡᠯᠡᠯᠲᠡ ᠶᠢᠨ PACK ᠦᠢᠯᠡᠳᠪᠦᠷᠢᠯᠡᠯ ᠤᠨ ᠱᠤᠭᠤᠮ᠂ ᠬᠤᠷᠴᠢᠨ ᠵᠡᠭᠦᠨ | ᠭᠠᠷᠤᠨ ᠳᠤᠮᠳᠠᠳᠤ ᠬᠤᠰᠢᠭᠤ ᠶᠢᠨ ᠰᠢᠦᠢ ᠾᠧ ᠣᠶᠣᠨᠴᠢ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠵᠡᠷᠭᠡ | ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ᠎ᠡ᠃ ᠣᠲᠣ | ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ᠃ ᠳᠤᠮᠳᠠᠳᠤ ᠤᠯᠤᠰ ᠤᠨ ᠬᠢᠮᠢ ᠶᠢᠨ | ᠢᠨᠵᠧᠨᠧᠷᠢᠩ ᠤᠨ ᠪᠦᠯᠦᠭᠯᠡᠯ ᠤᠨ ᠬᠤᠶᠠᠷᠴᠢ ᠡᠲ᠋ᠡᠨᠤᠯ ᠤᠨ ᠲᠥᠷᠥᠯ ᠵᠦᠢᠯ ᠤᠨ ᠭᠦᠢᠴᠡᠳ ᠦᠢᠯᠡᠳᠪᠦᠷᠢᠯᠡᠬᠦ ᠶᠢ | ᠠᠬᠢᠭᠤᠯᠵᠤ᠂ ᠶᠢᠨ ᠮᠧᠢ ᠬᠢᠮᠢ ᠶᠢᠨ ᠠᠵᠤ ᠦᠢᠯᠡᠳᠪᠦᠷᠢ ᠶᠢᠨ 10 ᠲᠦᠮᠡᠨ ᠲᠣᠨ ᠡᠪᠡᠰᠦᠨ ᠬᠦᠴᠢᠯ ᠤᠨ ᠲᠥᠷᠥᠯ | ᠵᠦᠢᠯ ᠢ ᠪᠠᠶᠢᠭᠤᠯᠤᠨ ᠪᠦᠲᠦᠭᠡᠨ᠎ᠡ᠃ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠤᠨ ᠬᠥᠭᠵᠢᠭᠦᠯᠦᠨ᠎ᠡ᠃ | ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠰᠢ ᠠᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠲᠦᠩᠯᠢᠶᠣᠣ ᠳᠠᠬᠢ | ᠤᠬᠠᠭᠳᠠᠬᠤᠨ ᠤ ᠰᠢᠯᠭᠠᠨ ᠪᠠᠲᠤᠯᠠᠬᠤ ᠲᠥᠪ ᠢ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ | ᠰᠢᠨ᠎ᠡ ᠵᠠᠮ ᠢ ᠲᠦᠷᠭᠡᠳᠬᠡᠨ ᠨᠡᠭᠡᠭᠡᠨ᠎ᠡ᠃ ᠤᠰᠤᠲᠥ᠋ᠷᠥᠭᠴᠢ ᠡᠨᠧᠷᠭᠢ ᠶᠢ ᠨᠥᠭᠡᠴᠡᠯᠡᠬᠦ ᠠᠵᠤ ᠦᠢᠯᠡᠰ ᠤᠨ | ᠬᠥᠭᠵᠢᠯᠲᠡ ᠶᠢᠨ ᠬᠤᠰᠢᠭᠤᠷᠠᠯ ᠢ ᠴᠢᠩᠭ᠎ᠠ ᠠᠩᠬᠠᠷᠴᠤ᠂ ᠤᠰᠤᠲᠥ᠋ᠷᠥᠭᠴᠢ ᠡᠨᠧᠷᠭᠢ ᠶᠢ ᠨᠥᠭᠡᠴᠡᠯᠡᠬᠦ ᠲᠥᠷᠥᠯ | ᠵᠦᠢᠯ ᠢ ᠢᠳᠡᠪᠬᠢᠲᠡᠢ ᠰᠦᠪᠡᠭᠴᠢᠯᠡᠵᠦ᠂ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨ᠎ᠡ | ᠬᠡᠯᠪᠡᠷᠢ ᠶᠢᠨ ᠡᠨᠧᠷᠭᠢ ᠨᠥᠭᠡᠴᠡᠯᠡᠬᠦ ᠪᠠ ᠤᠰᠤᠲᠥ᠋ᠷᠥᠭᠴᠢ ᠪᠠᠷ ᠰᠠᠭᠤᠷᠢ ᠪᠣᠯᠭᠠᠭᠰᠠᠨ ᠪᠣᠬᠢᠷᠲᠤᠯ ᠦᠭᠡᠢ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠬᠢᠷᠲᠤᠯ ᠦᠭᠡᠢ | ᠪᠣᠳᠣᠯᠭ᠎ᠠ ᠶᠢᠨ ᠠᠵᠤ ᠦᠢᠯᠡᠰ᠃ ︽ᠥᠪᠥᠷ ᠮᠣᠩᠭᠤᠯ ᠤᠨ ᠵᠡᠭᠦᠨ ᠬᠡᠰᠡᠭ ᠤᠨ ᠪᠣᠬᠢᠷᠲᠤᠯ ᠦᠭᠡᠢ ᠲᠣᠭᠠᠴᠢᠯᠠᠭᠰᠠᠨ | ᠣᠶᠣᠨᠴᠢ ᠪᠣᠳᠣᠯᠭ᠎ᠠ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ︵2025 — | 2030︶︾ ᠶᠢ ᠨᠠᠶᠢᠷᠠᠭᠤᠯᠤᠨ ᠵᠣᠬᠢᠶᠠᠵᠤ᠂ ᠭᠤᠷᠪᠠᠨ ᠲᠣᠮᠣ ᠴᠢᠮᠡᠭᠡ ᠬᠤᠯᠪᠣᠭᠠᠨ ᠤ ᠪᠦᠯᠦᠭᠯᠡᠯ ᠤᠨ ᠣᠶᠣᠨᠴᠢ | ᠪᠣᠳᠣᠯᠭ᠎ᠠ ᠶᠢᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠠᠬᠢᠭᠤᠯᠵᠤ᠂ ᠬᠤᠸᠠ ᠸᠧᠢ ᠵᠡᠷᠭᠡ ᠪᠣᠳᠣᠯᠭ᠎ᠠ ᠶᠢᠨ | ᠬᠦᠴᠦᠨ ᠤ ᠲᠣᠯᠣᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠨ᠎ᠠ᠃ ᠳᠣᠣᠷ᠎ᠠ ᠠᠭᠠᠷ ᠤᠨ | ᠠᠵᠤ ᠠᠬᠤᠢ᠃ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠲᠤᠰᠬᠠᠢ ᠵᠦᠢᠯ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠳᠣᠣᠷ᠎ᠠ ᠠᠭᠠᠷ ᠤᠨ ᠠᠵᠤ ᠠᠬᠤᠢ ᠶᠢᠨ ᠲᠥᠷᠥᠯ ᠵᠦᠢᠯ ᠢ ᠴᠢᠨᠠᠷ | ᠰᠠᠶᠢᠲᠠᠢ ᠨᠥᠭᠡᠴᠡᠯᠡᠨ᠂ ᠬᠤᠷᠴᠢᠨ ᠲᠣᠭᠤᠷᠢᠭ ᠤᠨ ᠳᠣᠣᠷ᠎ᠠ ᠠᠭᠠᠷ ᠤᠨ ᠦᠢᠯᠡᠳᠬᠦ ᠦᠢᠯᠡᠰ ᠤᠨ ᠰᠢᠨᠵᠢᠯᠡᠭᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠤᠨ᠎ᠠ᠃ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︽1+8+1︾ ᠣᠨ ᠤ | ᠠᠵᠢᠯᠯᠠᠭ᠎ᠠ ᠶᠢᠨ ᠲᠥᠰᠥᠯ ᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠵᠤ᠂ ᠬᠡᠪᠴᠢᠶᠡᠵᠢᠯ ᠠᠴᠠ ᠳᠡᠭᠡᠭᠰᠢᠬᠢ ᠵᠠᠬ᠎ᠠ | ᠳᠡᠯᠭᠡᠭᠦᠷ ᠤᠨ ᠭᠤᠤᠯ ᠴᠣᠭᠴᠠ ᠶᠢ 120 ᠡᠷᠦᠬᠡ ᠠᠴᠠ ᠳᠡᠭᠡᠭᠰᠢ ᠰᠢᠨ᠎ᠡ ᠨᠡᠮᠡᠭᠳᠡᠭᠦᠯᠬᠦ ᠪᠠᠷ ᠴᠢᠷᠮᠠᠶᠢᠨ᠎ᠠ᠃ 191 | ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠣᠨ ᠤ ᠲᠥᠯᠥᠪᠯᠡᠭᠡ ᠶᠢᠨ ᠪᠡᠯᠡ ᠣᠷᠣᠭᠤᠯᠤᠯᠲᠠ ᠶᠢ | 20% ᠠᠴᠠ ᠳᠡᠭᠡᠭᠰᠢ ᠨᠡᠮᠡᠭᠳᠡᠭᠦᠯᠦᠨ᠂ 300 ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠵᠦ | ᠨᠥᠭᠡᠴᠡᠯᠡᠨ᠎ᠡ᠃ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ | ᠰᠢᠰᠲ᠋ᠧᠮᠵᠢ᠂ ᠰᠢᠶᠠᠨ ᠰᠢᠶᠠᠩ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠪᠠ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ | ᠬᠡᠮᠵᠢᠶ᠎ᠡ ᠶᠢ 1.4 ᠳ᠋ᠦᠩᠰᠢᠭᠤᠷ ᠲᠣᠨ ᠬᠦᠷᠦᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠠᠸᠠᠷ ᠤᠨ ᠭᠡᠷ ᠪᠠᠶᠢᠰᠢᠩ ᠢ 150 ᠲᠦᠮᠡᠨ | ᠲᠡᠭᠰᠢ ᠳᠥᠷᠪᠡᠯᠵᠢᠨ ᠮᠧᠳ᠋ᠷ ᠪᠣᠷᠣᠯᠠᠭᠤᠯᠬᠤ ᠪᠠᠷ ᠴᠢᠷᠮᠠᠶᠢᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠤ | ᠲᠥᠷᠥᠯ ᠵᠦᠢᠯ ᠢ 108 ᠠᠴᠠ ᠳᠡᠭᠡᠭᠰᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃ ᠭᠤᠣᠯᠳᠠᠯᠭ᠎ᠠ ᠲᠠᠢ ᠬᠦᠷᠢᠶ᠎ᠡ | ᠪᠠ ᠪᠠᠭᠤᠷᠠᠢ ᠭᠤᠭᠴᠤᠭ᠎ᠠ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢ ᠦᠷᠭᠦᠯᠵᠢᠯᠡᠨ | ᠴᠢᠩᠭᠠᠷᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠲᠦᠭᠡᠮᠡᠯ ᠬᠠᠷᠠᠭᠠᠯᠵᠠᠯᠲᠤ ᠮᠥᠩᠭᠦᠨ | ᠭᠦᠢᠯᠭᠡᠭᠡᠨ ᠤ ᠵᠢᠭᠡᠯᠡᠯᠭᠡ ᠶᠢ ᠴᠥᠮ 15% ᠠᠴᠠ ᠳᠡᠭᠡᠭᠰᠢ ᠨᠡᠮᠡᠭᠳᠡᠭᠦᠯᠦᠨ᠎ᠡ᠃ ᠠᠵᠤ ᠦᠢᠯᠡᠳᠪᠦᠷᠢ ᠪᠠ ᠴᠢᠮᠡᠭᠡ | ᠵᠠᠩᠭᠢᠵᠢᠯᠲᠠ ᠶᠢᠨ ᠬᠦᠷᠢᠶᠡᠨ ᠤ ᠦᠢᠯᠡᠴᠢᠯᠡᠭᠡᠨ ᠤ ᠦᠢᠯᠡᠰ ᠪᠠ ᠮᠠᠯ ᠲᠠᠷᠢᠶᠠᠯᠠᠩ ᠤᠨ ᠠᠵᠤ ᠠᠬᠤᠶ ᠶᠢᠨ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 6% | ᠂ 7% ᠨᠡᠮᠡᠭᠳᠡᠭᠦᠯᠦᠨ᠎ᠡ᠃ ᠶᠤᠸᠠᠢ ᠯᠠᠢ ᠾᠧ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠬᠤᠶᠠᠳᠤᠭᠠᠷ | ᠬᠤᠭᠤᠴᠠᠭ᠎ᠠ᠂ ᠪᠠᠷᠠᠭᠤᠨ ᠯᠢᠶᠣᠤ ᠾᠧ ᠭᠤᠣᠯ ᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠴᠦᠩᠭᠦᠯ ᠤᠨ ᠭᠤᠤ᠂ ᠮᠥᠩᠭᠦᠨ ᠲᠣᠬᠤᠢ ᠶᠢᠨ 5A ᠲᠠᠰ ᠤᠨ ᠦᠵᠡᠮᠵᠢ ᠶᠢᠨ ᠣᠷᠣᠨ ᠤ | ᠪᠦᠲᠦᠭᠡᠨ ᠪᠠᠶᠢᠭᠤᠯᠤᠯᠲᠠ ᠪᠠ ᠬᠤᠷᠴᠢᠨ ᠤ 500 ᠺᠢᠯᠣᠮᠧᠳ᠋ᠷ ᠤᠨ ᠦᠵᠡᠮᠵᠢ ᠶᠢᠨ ᠵᠠᠮ ᠤᠨ ᠶᠠᠰᠤ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠲᠦᠩᠯᠢᠶᠣᠣ ᠬᠤᠲᠠ ᠶᠢᠨ ᠨᠠᠢᠮᠠᠳᠤᠭᠠᠷ ᠬᠤᠭᠤᠴᠠᠭᠠᠨ ᠤ | ᠬᠤᠷᠴᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ︽ᠲᠣᠰᠬᠤᠨ ᠤ BA︾ ︽ᠲᠣᠰᠬᠤᠨ ᠤ | ᠠᠯᠠᠭᠠᠳᠠᠬᠤ ᠪᠥᠮᠪᠦᠭᠡ︾ ᠵᠡᠷᠭᠡ ᠣᠯᠠᠨ ᠲᠦᠮᠡᠨᠴᠢ ᠴᠢᠨᠠᠷᠲᠠᠢ ᠤᠷᠤᠯᠳᠤᠭᠠᠨ ᠢ ᠪᠤᠶᠢᠵᠢᠭᠤᠯᠬᠤ ᠡᠷᠴᠢᠮ ᠢᠶᠠᠨ | ᠴᠢᠩᠭᠠᠷᠠᠭᠤᠯᠤᠨ᠎ᠠ᠃ ᠲᠠᠪᠤ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠨ᠎ᠡ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ ︽ᠲᠥᠷᠥᠯ ᠵᠦᠢᠯ ᠢᠶᠠᠷ ᠭᠤᠣᠯᠯᠠᠵᠤ᠂ ᠬᠤᠳᠠᠯᠳᠤᠭᠠᠴᠢᠨ ᠤᠷᠢᠬᠤ ᠶᠢ | ᠴᠢᠬᠤᠯᠠᠴᠢᠯᠠᠬᠤ︾ ᠶᠢ ᠪᠠᠷᠢᠮᠲᠠᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠳᠬᠠᠵᠤ᠂ ᠪᠥᠬᠦ ᠬᠦᠷᠢᠶᠡᠨ ᠤ ᠲᠥᠷᠥᠯ ᠵᠦᠢᠯ ᠤᠨ ᠦᠷ᠎ᠡ ᠪᠦᠲᠦᠮᠵᠢ ᠶᠢ ᠶᠡᠷᠦᠩᠬᠡᠶᠢᠯᠡᠨ | ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ︽ᠵᠣᠭᠰᠣᠩᠭᠢᠷᠠᠭᠰᠠᠨ ᠲᠥᠷᠥᠯ ᠵᠦᠢᠯ ᠢ ᠰᠡᠷᠭᠦᠭᠡᠬᠦ᠂ ᠰᠤᠯᠠ ᠪᠠᠶᠢᠭ᠎ᠠ | ᠡᠳ᠋ ᠬᠥᠷᠥᠩᠭᠡ ᠶᠢ ᠠᠰᠢᠭᠯᠠᠬᠤ᠂ ᠨᠢᠭᠡᠨᠲᠡ ᠲᠣᠬᠢᠷᠠᠭᠤᠯᠤᠭᠰᠠᠨ ᠬᠦᠴᠦᠨ ᠵᠦᠢᠯ ᠢ ᠡᠬᠢᠯᠡᠭᠦᠯᠬᠦ︾ ᠢᠨᠵᠧᠨᠧᠷᠢᠩ ᠢ | ᠶᠡᠷᠦᠩᠬᠡᠶᠢᠯᠡᠨ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠡᠷᠴᠢᠮ ᠢ ᠥᠷᠭᠡᠳᠬᠡᠨ᠂ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠠᠷ ᠨᠠᠩ ᠣᠯᠠᠨ ᠠᠷᠠᠳ ᠤᠨ ᠳᠤᠮᠳᠠᠬᠢ ᠬᠥᠷᠥᠩᠭᠡ ᠶᠢ ᠳᠠᠶᠢᠴᠢᠯᠠᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠭᠤᠯᠵᠤ᠂ ᠲᠥᠷᠥᠯ ᠵᠦᠢᠯ ᠤᠨ ᠪᠥᠬᠦ | ᠶᠠᠪᠤᠴᠠ ᠪᠠᠷ᠂ ᠨᠠᠷᠢᠯᠢᠭᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠂ 500 ᠭᠤᠣᠯᠳᠠᠯᠭ᠎ᠠ ᠲᠠᠢ ᠲᠥᠷᠥᠯ ᠵᠦᠢᠯ ᠢ | ᠬᠡᠷᠡᠭᠵᠢᠭᠦᠯᠬᠦ ᠪᠠᠷ ᠲᠥᠯᠥᠪᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 15% ᠨᠡᠮᠡᠭᠳᠡᠭᠦᠯᠦᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠤᠷᠲᠤ ᠬᠤᠭᠤᠴᠠᠭᠠᠨ ᠤ ᠠᠵᠢᠯ ᠢ ᠰᠠᠶᠢᠲᠤᠷ ᠬᠢᠵᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠣᠨ ᠤ | ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠱᠠᠲᠤ ᠭᠤᠣᠯ ᠬᠠᠷᠢᠭᠤᠴᠠᠯᠭ᠎ᠠ ᠡᠭᠦᠷᠭᠡᠯᠡᠬᠦ᠂ ᠰᠠᠯᠠᠭ᠎ᠠ ᠮᠥᠴᠢᠷ ᠤᠳ | ᠡᠭᠦᠷᠭᠡ ᠡᠭᠦᠷᠭᠡᠯᠡᠬᠦ᠂ ᠬᠤᠰᠢᠭᠤ ᠰᠢᠶᠠᠨ ᠲᠦᠷᠦᠭᠦᠯᠡᠨ ᠬᠢᠬᠦ᠂ ᠬᠦᠷᠢᠶᠡᠯᠡᠩ ᠲᠣᠭᠤᠷᠢᠭ ᠬᠤᠰᠢᠭᠤᠴᠢᠯᠠᠬᠤ ᠶᠢ | ᠪᠠᠷᠢᠮᠲᠠᠯᠠᠨ᠂ ᠪᠣᠬᠢᠷᠲᠤᠯ ᠦᠭᠡᠢ ᠠᠵᠤ ᠠᠬᠤᠢ ᠶᠢ ᠤᠷᠢᠬᠤ᠂ ᠬᠡᠯᠬᠢᠶ᠎ᠡ ᠶᠢᠨ ᠭᠤᠣᠯᠯᠠᠭᠴᠢ ᠠᠵᠤ ᠠᠬᠤᠢ ᠶᠢ | ᠤᠷᠢᠬᠤ᠂ ᠠᠵᠤ ᠦᠢᠯᠡᠰ ᠤᠨ ᠬᠦᠷᠢᠶᠡᠯᠡᠩ ᠳᠤ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠳ ᠨᠡᠶᠢᠭᠡᠮᠯᠢᠭ ᠢ | ᠠᠰᠢᠭᠯᠠᠨ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠵᠦ᠂ ︽ᠰᠠᠭᠤᠷᠢ ᠮᠥᠩᠭᠦ +︾ ᠵᠡᠷᠭᠡ ᠵᠠᠬ᠎ᠠ | ᠳᠡᠯᠭᠡᠭᠦᠷᠴᠢᠯᠡᠨ ᠬᠤᠳᠠᠯᠳᠤᠭᠠᠴᠢᠨ ᠤᠷᠢᠬᠤ ᠶᠢ ᠬᠠᠶᠢᠨ ᠰᠦᠪᠡᠭᠴᠢᠯᠡᠵᠦ᠂ ᠭᠡᠷ᠎ᠡ ᠶᠢᠨ ᠵᠣᠷᠢᠭ ᠰᠠᠨᠠᠭ᠎ᠠ ᠶᠢ | ᠴᠢᠩᠭᠠᠷᠠᠭᠤᠯᠤᠨ᠂ ᠠᠮᠠᠯᠠᠯᠲᠠ ᠶᠢᠨ ᠵᠦᠢᠯᠡᠰ ᠢ ᠪᠡᠶᠡᠯᠡᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ | ᠲᠦᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠪᠣᠳᠠᠲᠠᠶᠢᠵᠢᠭᠤᠯᠤᠭᠰᠠᠨ ᠪᠡᠯᠡ | ᠮᠥᠩᠭᠦ ᠶᠢ 10% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠳᠠᠯᠳᠠ | ᠴᠢᠳᠠᠪᠤᠷᠢ ᠶᠢ ᠬᠥᠭᠵᠢᠭᠡᠨ ᠪᠠᠳᠠᠷᠠᠭᠤᠯᠤᠨ᠎ᠠ᠃ ᠠᠩᠬᠠᠨ ᠤ ᠠᠵᠤ ᠠᠬᠤᠢ᠂ ᠮᠥᠰᠥ ᠴᠠᠰᠤᠨ ᠤ ᠠᠵᠤ ᠠᠬᠤᠢ᠂ | ᠪᠤᠭᠤᠷᠤᠯᠴᠤᠳ ᠤᠨ ᠠᠵᠤ ᠠᠬᠤᠢ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠦᠷᠭᠦᠯᠵᠢᠯᠡᠨ ᠪᠤᠶᠢᠵᠢᠭᠤᠯᠵᠤ | ᠂ ᠰᠣᠶᠣᠯ ᠵᠢᠭᠤᠯᠴᠢᠯᠠᠯ ᠤᠨ ᠦᠢᠯᠡᠰ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ | ᠬᠥᠮᠥᠵᠢᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ | ᠥᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ︽ᠵᠠᠰᠠᠭ ᠤᠨ ᠣᠷᠳᠣᠨ + ᠠᠵᠤ ᠠᠬᠤᠶᠢᠯᠠᠯ + | ᠮᠥᠩᠭᠦᠨ ᠭᠦᠢᠯᠭᠡᠭᠡᠨ︾ ᠢᠶᠠᠷ ᠬᠡᠷᠡᠭᠯᠡᠭᠡ ᠶᠢ ᠠᠬᠢᠭᠤᠯᠬᠤ ᠵᠠᠭᠪᠤᠷ ᠢ ᠪᠠᠷᠢᠮᠲᠠᠯᠠᠨ᠂ ᠵᠢᠭᠤᠯᠴᠢᠯᠠᠯ ᠤᠨ ᠤᠯᠠᠷᠢᠯ᠂ | ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠵᠡᠷᠭᠡ ᠴᠢᠬᠤᠯᠠ ᠵᠠᠩᠭᠢᠯᠠᠭ᠎ᠠ ᠶᠢᠨ ᠡᠳᠦᠷ ᠢ ᠵᠠᠪᠳᠤᠨ ᠠᠳᠬᠤᠵᠤ᠂ | ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 300 ᠤᠳᠠᠭᠠᠨ ᠠᠴᠠ ᠳᠡᠭᠡᠭᠰᠢ ᠵᠣᠬᠢᠶᠠᠨ | ᠪᠠᠶᠢᠭᠤᠯᠤᠨ ᠥᠷᠨᠢᠭᠦᠯᠵᠦ᠂ ︽ᠬᠤᠶᠠᠷ ᠰᠢᠨ᠎ᠡ︾ ᠶᠢᠨ ᠲᠥᠷᠥ ᠶᠢᠨ ᠪᠣᠳᠣᠯᠭ᠎ᠠ ᠶᠢ ᠥᠷᠭᠡᠳᠬᠡᠨ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠲᠥᠷᠥᠯ ᠤᠨ | ᠬᠡᠷᠡᠭᠯᠡᠭᠡᠨ ᠤ ᠲᠡᠮᠳᠡᠭᠲᠦ᠂ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ ᠶᠢ 3000 ᠲᠦᠮᠡᠨ ᠲᠥᠭᠦᠷᠢᠭ ᠠᠴᠠ | ᠳᠡᠭᠡᠭᠰᠢ ᠲᠠᠷᠬᠠᠭᠠᠵᠤ᠂ ᠮᠠᠰᠢᠨ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ 6000᠂ ᠭᠡᠷ ᠤᠨ ᠴᠠᠬᠢᠯᠭᠠᠨ | ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ 10 ᠲᠦᠮᠡ ᠠᠴᠠ ᠳᠡᠭᠡᠭᠰᠢ ᠪᠡᠶᠡᠯᠡᠭᠦᠯᠦᠨ᠎ᠡ᠃ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ᠂ ᠣᠨᠴᠠᠯᠢᠭᠲᠤ ᠪᠦᠲᠦᠭᠡᠭᠳᠡᠬᠦᠨ ᠤ | ᠡᠯᠧᠺᠳ᠋ᠷᠣᠨ ᠬᠤᠳᠠᠯᠳᠤᠭᠠᠨ ᠤ ᠥᠭᠡᠷᠡᠴᠢᠯᠡᠯᠲᠡ ᠪᠠ ᠣᠨᠴᠠᠯᠢᠭᠲᠤ ᠬᠤᠳᠠᠯᠳᠤᠭᠠᠨ ᠤ ᠴᠤᠭᠯᠠᠷᠠᠯ ᠤᠨ ᠲᠣᠭᠤᠷᠢᠭ | ᠵᠡᠷᠭᠡ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠨᠡᠶᠢᠲᠡ | 40 ᠲᠥᠯᠥᠪᠵᠢᠭᠦᠯᠵᠦ᠂ ᠭᠤᠣᠯ ᠬᠤᠲᠠ ᠶᠢᠨ ᠲᠣᠭᠤᠷᠢᠭ ᠤᠨ ᠬᠡᠰᠡᠭ ᠨᠡᠶᠢᠭᠡᠮ ᠲᠣᠭᠤᠷᠢᠭ ᠪᠠ ᠬᠤᠣᠯᠢᠩᠭᠤᠣᠯ | ᠬᠤᠲᠠ ᠶᠢᠨ ᠪᠥᠬᠦ ᠬᠡᠪᠴᠢᠶᠡᠨ ᠳᠤ ᠨᠢᠭᠡ ᠮᠥᠴᠡ ᠶᠢᠨ ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ | ᠲᠣᠭᠤᠷᠢᠭ ᠢ ᠪᠣᠶ ᠪᠣᠯᠭᠠᠨ᠎ᠠ᠃ ᠵᠢᠷᠭᠤᠭ᠎ᠠ᠂ ᠬᠥᠭᠵᠢᠯᠲᠡ ᠶᠢᠨ ᠰᠢᠨ᠎ᠡ ᠵᠢᠷᠤᠭ ᠲᠥᠯᠥᠪᠯᠡᠭᠡ ᠶᠢ ᠴᠢᠨᠠᠷ ᠰᠠᠶᠢᠲᠠᠢ | ᠲᠥᠯᠥᠪᠵᠢᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ ᠬᠦᠴᠦᠨ ᠢᠶᠠᠨ | ᠲᠥᠪᠯᠡᠷᠡᠭᠦᠯᠦᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠳ᠋ᠦᠩᠨᠡᠯᠲᠡ ᠪᠠ ᠦᠨᠡᠯᠡᠨ ᠵᠢᠱᠢᠯᠲᠡ ᠶᠢ | ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠦᠬᠦ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ︽ᠦᠨᠳᠦᠰᠦᠨ ᠰᠡᠳᠬᠢᠴᠡ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ᠲᠥᠯᠦᠪᠵᠢᠭᠦᠯᠭᠡ ᠶᠢᠨ ᠰᠠᠨᠠᠭᠤᠯᠭ᠎ᠠ ᠪᠠ ︽ᠬᠥᠲᠥᠯᠪᠦᠷᠢ ᠶᠢᠨ ᠲᠣᠪᠴᠢ︾ ᠶᠢᠨ ᠲᠥᠰᠥᠯ ᠢ ᠪᠦᠷᠢᠯᠳᠦᠭᠦᠯᠵᠦ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠪᠣᠯᠬᠤ ᠭᠦᠢᠴᠡᠳᠬᠡᠯ ᠲᠤᠭ᠎ᠠ ᠶᠢ ᠲᠥᠰᠥᠭᠡᠯᠡᠨ ᠪᠤᠳᠤᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠴᠢᠬᠤᠯᠠ ᠶᠡᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠠᠷᠭ᠎ᠠ ᠵᠠᠮ ᠢ ᠨᠠᠷᠢᠯᠢᠭᠵᠢᠭᠤᠯᠤᠨ᠂ ᠨᠢᠭᠡ ᠪᠦᠯᠦᠭ ᠪᠡᠯᠭᠡ | ᠲᠡᠮᠳᠡᠭ ᠤᠨ ᠴᠢᠨᠠᠷᠲᠠᠢ ᠬᠥᠲᠥᠯᠥᠨ ᠳᠠᠭᠠᠭᠤᠯᠬᠤ ᠴᠢᠨᠠᠷᠲᠠᠢ ᠴᠢᠬᠤᠯᠠ ᠶᠡᠭᠡ ᠲᠠᠩ ᠴᠣᠭᠴᠠᠲᠤ ᠢᠨᠵᠧᠨᠧᠷᠢᠩ ᠪᠠ ︽ | ᠵᠢᠵᠢᠭᠬᠡᠨ ᠮᠥᠷᠲᠡᠭᠡᠨ ᠭᠤᠶᠣᠬᠠᠨ︾ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠲᠥᠯᠥᠪᠯᠡᠵᠦ᠂ ᠳᠡᠭᠡᠳᠦ | ᠱᠠᠲᠤᠨ ᠤ ᠲᠥᠯᠦᠪᠵᠢᠭᠦᠯᠭᠡ ᠶᠢᠨ ︽ᠬᠥᠲᠥᠯᠪᠦᠷᠢ ᠶᠢᠨ ᠲᠣᠪᠴᠢ︾ ᠲᠠᠢ ᠵᠣᠯᠭᠠᠭᠤᠯᠬᠤ᠂ ᠡᠯ᠎ᠡ ᠲᠠᠯ᠎ᠠ ᠶᠢᠨ ᠬᠢᠨ ᠤ | ᠰᠠᠨᠠᠯ ᠢ ᠬᠤᠷᠢᠶᠠᠬᠤ ᠪᠠ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ ︽ | ᠲᠦᠩᠯᠢᠶᠣᠣ ᠬᠤᠲᠠ ᠶᠢᠨ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠲᠤᠰᠬᠠᠢ ᠵᠦᠢᠯ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠠᠷᠢᠨ ᠬᠠᠭᠤᠳᠠᠰᠤ︾ ᠶᠢ ᠲᠣᠭᠲᠠᠭᠠᠵᠤ᠂ ᠡᠯ᠎ᠡ ᠲᠥᠷᠥᠯ ᠤᠨ | ᠲᠤᠰᠬᠠᠢ ᠵᠦᠢᠯ ᠤᠨ ᠲᠥᠯᠦᠪᠵᠢᠭᠦᠯᠭᠡ ᠶᠢ ᠲᠦᠩᠯᠢᠶᠣᠣ ᠬᠤᠲᠠ ᠶᠢᠨ ᠲᠥᠯᠦᠪᠵᠢᠭᠦᠯᠭᠡ ᠶᠢᠨ ︽ᠬᠥᠲᠥᠯᠪᠦᠷᠢ ᠶᠢᠨ | ᠲᠣᠪᠴᠢ︾ ᠯᠦᠭᠡ ᠵᠡᠷᠭᠡ ᠳᠤᠨᠢ ᠰᠤᠳᠤᠯᠵᠤ᠂ ᠵᠡᠷᠭᠡ ᠳᠤᠨᠢ ᠨᠠᠶᠢᠷᠠᠭᠤᠯᠤᠨ ᠵᠣᠬᠢᠶᠠᠵᠤ᠂ ᠵᠡᠷᠭᠡ ᠳᠤᠨᠢ | ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ ᠠᠬᠢᠭᠤᠯᠤᠨ᠎ᠠ᠃ ᠬᠤᠳᠠ ᠶᠢᠨ ᠱᠠᠲᠤᠨ ᠠᠴᠠ ᠳᠣᠷᠣᠭᠰᠢᠬᠢ ᠡᠳ᠋ ᠤᠨ ᠵᠠᠰᠠᠭ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠲᠡᠭ ᠰᠠᠭᠤᠷᠢ ᠶᠢᠨ ᠲᠥᠰᠥᠪ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠷᠤᠯᠭ᠎ᠠ ᠶᠢᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠎ᠡ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ | ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠢ ᠶᠢᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠤᠯᠤᠰ ᠤᠨ | ᠥᠮᠴᠢᠯᠡᠯᠲᠦ ᠨᠢᠭᠡᠳᠦᠭᠡᠷ ᠳᠡᠰ ᠤᠨ ᠠᠵᠤ ᠠᠬᠤᠶᠢᠯᠠᠯ ᠤᠨ ᠲᠤᠭ᠎ᠠ ᠶᠢ 5 ᠡᠷᠦᠬᠡ ᠶᠢᠨ ᠳᠣᠲᠣᠷ᠎ᠠ ᠴᠢᠩᠭ᠎ᠠ | ᠬᠢᠵᠠᠭᠠᠷᠯᠠᠨ᠎ᠠ᠃ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ | ᠲᠤᠭ᠎ᠠ ᠶᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠳᠤ | ᠤᠷᠢᠳ ᠢᠶᠠᠷ ᠬᠡᠷᠡᠭᠯᠡᠵᠦ᠂ ︽ᠪᠠᠷᠢᠮᠵᠢᠶᠠᠲᠤ ᠭᠠᠵᠠᠷ︾ ᠤᠨ ᠬᠠᠩᠭᠠᠯᠭ᠎ᠠ ᠶᠢ ᠬᠡᠷᠡᠭᠵᠢᠭᠦᠯᠵᠦ᠂ ᠵᠥᠪᠰᠢᠶᠡᠷᠡᠭᠰᠡᠨ | ᠪᠣᠯᠪᠠᠴᠤ ᠬᠠᠩᠭᠠᠭᠠᠳᠤᠢ 821 ᠮᠦ ᠭᠠᠵᠠᠷ ᠰᠢᠷᠣᠢ ᠶᠢ ᠦᠷᠭᠦᠯᠵᠢᠯᠡᠨ ᠰᠢᠢᠳᠪᠦᠷᠢᠯᠡᠨ᠎ᠡ᠃ ︽ᠡᠮᠴᠢᠯᠡᠭᠡ᠂ | ᠡᠮᠴᠢᠯᠡᠭᠡ ᠶᠢᠨ ᠳᠠᠭᠠᠳᠬᠠᠯ᠂ ᠡᠮ ᠡᠮᠨᠡᠯᠭᠡ︾ ᠶᠢᠨ ᠬᠠᠮᠵᠢᠯᠴᠠᠨ ᠬᠥᠭᠵᠢᠬᠦ ᠪᠠ ᠵᠠᠰᠠᠯᠲᠠ ᠶᠢ ᠦᠷᠭᠦᠯᠵᠢᠯᠡᠨ | ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠤᠨ᠂ ᠡᠮᠴᠢᠯᠡᠭᠡᠨ ᠤ ᠳᠠᠭᠠᠳᠬᠠᠯ ᠤᠨ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠵᠢᠴᠢ ᠴᠢᠨᠠᠷ ᠰᠠᠶᠢᠲᠠᠶ | ᠬᠥᠭᠵᠢᠯᠲᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠶᠢᠨ ᠲᠠᠰ ᠤᠨ ᠭᠤᠣᠯᠳᠠᠯᠭ᠎ᠠ ᠲᠠᠢ | ᠲᠤᠰᠬᠠᠢ ᠰᠠᠯᠠᠭ᠎ᠠ ᠶᠢ 40 ᠪᠠᠶᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠪᠠᠬᠢᠵᠢᠭᠦᠯᠦᠨ | ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠬᠡᠷᠡᠭᠵᠢᠭᠦᠯᠵᠦ᠂ ︽1+9︾ ᠠᠵᠢᠯ ᠤᠨ ᠰᠢᠰᠲ᠋ᠧᠮᠵᠢ ᠶᠢ ᠪᠠᠶᠢᠭᠤᠯᠤᠨ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠢᠨᠵᠧᠨᠧᠷᠢᠩ ᠢ 7 ᠥᠷᠨᠢᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠢᠯᠡᠴᠢᠯᠡᠭᠡᠨ ᠤ ᠬᠡᠯᠬᠢᠶ᠎ᠡ ᠶᠢ 7 ᠳᠠᠪᠲᠠᠨ ᠪᠣᠯᠪᠠᠰᠤᠷᠠᠭᠤᠯᠵᠤ᠂ | ᠦᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠤᠰᠬᠠᠢ ᠲᠥᠰᠥᠯ ᠢ 7 ᠬᠡᠷᠡᠭᠵᠢᠭᠦᠯᠵᠦ᠂ | ᠪᠥᠬᠦ ᠣᠷᠣᠨ ᠤ ᠬᠡᠪᠴᠢᠶᠡᠨ ᠳᠤ ᠬᠠᠭᠤᠯᠪᠤᠷᠢᠯᠠᠨ ᠳᠡᠯᠭᠡᠷᠡᠭᠦᠯᠵᠦ ᠪᠣᠯᠬᠤ ᠰᠢᠨ᠎ᠡ ᠶᠢ ᠡᠭᠦᠳᠦᠭᠰᠡᠨ ᠬᠢᠯᠠᠰ ᠴᠡᠭ ᠢ | ᠨᠠᠩ ᠣᠯᠠᠨ ᠪᠤᠶᠢᠵᠢᠭᠤᠯᠤᠨ᠎ᠠ᠃ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠡᠶᠡᠯᠡᠭᠦᠯᠬᠦ︾ | ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ︽ᠨᠢᠭᠡ ᠲᠠᠪᠴᠠᠩ ᠢᠶᠠᠷ ᠪᠦᠬᠦᠨ ᠢ ᠭᠦᠢᠴᠡᠳᠬᠡᠬᠦ︾ | ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠬᠡᠷᠡᠭᠯᠡᠭᠡᠨ ᠤ ᠲᠠᠯᠠᠪᠤᠷ ᠢ ᠥᠷᠭᠡᠳᠬᠡᠨ ᠲᠠᠰ ᠳᠡᠪᠰᠢᠭᠦᠯᠵᠦ᠂ | ︽ᠨᠢᠭᠡ ᠬᠦᠰᠦᠨᠦᠭᠲᠦ ᠪᠠᠷ ᠨᠢᠭᠡᠳᠦᠯᠲᠡᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ | ᠺᠣᠳ᠋ ᠢᠶᠠᠷ ᠨᠡᠶᠢᠳᠡᠮ ᠭᠦᠢᠴᠡᠳᠬᠡᠬᠦ︾ ᠲᠠᠪᠤᠨ ᠦᠨᠡᠮᠯᠡᠯ ᠢ ᠬᠤᠯᠪᠤᠭᠠᠯᠠᠨ ᠣᠯᠭᠤᠬᠤ᠂ ︽12345 + | ᠲᠣᠥᠷᠵᠢᠭᠤᠯᠬᠤ︾ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠦᠪᠡᠭᠴᠢᠯᠡᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠴᠢᠮᠡᠭᠡ | ᠵᠠᠩᠭᠢ ᠶᠢ ᠬᠠᠮᠲᠤᠪᠠᠷ ᠭᠥᠷᠳᠡᠬᠦ ᠨᠣᠷᠮ᠎ᠠ ᠶᠢ 90% ᠠᠴᠠ ᠳᠡᠭᠡᠭᠰᠢ ᠬᠦᠷᠦᠭᠦᠯᠵᠦ᠂ ᠰᠦᠯᠵᠢᠶᠡᠨ ᠳᠡᠭᠡᠷ᠎ᠡ ᠠᠵᠢᠯ | ᠶᠠᠪᠤᠳᠠᠯ ᠭᠦᠢᠴᠡᠳᠬᠡᠬᠦ ᠨᠣᠷᠮ᠎ᠠ ᠶᠢ 95% ᠠᠴᠠ ᠳᠡᠭᠡᠭᠰᠢ ᠬᠦᠷᠦᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠲᠠᠯ᠎ᠠ ᠪᠠᠷ ᠰᠢᠯᠢᠳᠡᠭᠵᠢᠭᠦᠯᠬᠦ ᠶᠢᠨ ᠬᠠᠮᠲᠤ ᠪᠥᠬᠦ ᠣᠷᠣᠨ ᠤ ᠬᠡᠪ ᠳᠠᠭᠤᠷᠢᠶᠠᠯᠲᠤ ᠬᠤᠲᠠ ᠶᠢᠨ | ᠬᠢᠷᠢ ᠬᠡᠮᠵᠢᠶ᠎ᠡ ᠳᠤ ᠲᠣᠭᠲᠠᠭᠤᠨ ᠢᠶᠠᠷ ᠬᠦᠷᠬᠦ ᠶᠢ ᠪᠡᠶᠡᠯᠡᠭᠦᠯᠦᠨ᠎ᠡ᠃ ᠳᠣᠯᠤᠭ᠎ᠠ᠂ ᠬᠤᠲᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠯᠡᠵᠦ᠂ ᠬᠤᠲᠠ ᠬᠥᠳᠡᠭᠡ ᠶᠢᠨ ᠬᠠᠮᠲᠤᠪᠠᠷ ᠴᠡᠴᠡᠭᠯᠡᠨ | ᠬᠥᠭᠵᠢᠬᠦ ᠶᠢ ᠠᠬᠢᠭᠤᠯᠤᠨ᠎ᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠪᠴᠢᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠬᠤᠲᠠ | ᠪᠠᠯᠭᠠᠰᠤᠵᠢᠯᠲᠠ ᠶᠢᠨ ᠬᠡᠷᠡᠭᠵᠢᠭᠦᠯᠬᠦ ᠲᠥᠰᠥᠯ ᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠤᠲᠠ ᠶᠢᠨ ᠱᠠᠲᠤᠨ ᠤ | ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠣᠭᠲᠠᠭᠠᠵᠤ ᠨᠡᠶᠢᠲᠡᠯᠡᠨ᠎ᠡ᠃ ᠬᠤᠳᠠ ᠶᠢᠨ ᠰᠢᠨᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠭᠤᠣᠯ ᠬᠤᠲᠠ ᠶᠢᠨ ᠲᠣᠭᠤᠷᠢᠭ ᠤᠨ ᠭᠤᠭᠤᠵᠢᠭᠰᠠᠨ ᠡᠪᠳᠡᠷᠡᠭᠰᠡᠨ ᠢ ᠵᠠᠰᠠᠬᠤ | ᠢᠨᠵᠧᠨᠧᠷᠢᠩ ᠢ ᠬᠡᠷᠡᠭᠵᠢᠭᠦᠯᠵᠦ᠂ 64 ᠬᠠᠭᠤᠴᠢᠨ ᠬᠤᠷᠤᠭ᠎ᠠ ᠶᠢ ᠥᠭᠡᠷᠡᠴᠢᠯᠡᠨ ᠰᠠᠶᠢᠵᠢᠷᠠᠭᠤᠯᠵᠤ᠂ ᠰᠢᠲᠠᠮᠠᠬᠠᠢ | ᠬᠡᠢ ᠶᠢᠨ ᠬᠤᠭᠤᠯᠠᠢ ᠶᠢᠨ ᠲᠣᠣᠷ ᠢ 20 ᠺᠢᠯᠣᠮᠧᠳ᠋ᠷ᠂ ᠤᠰᠤ ᠬᠠᠩᠭᠠᠬᠤ ᠤᠰᠤ ᠵᠠᠯᠠᠬᠤ ᠬᠤᠭᠤᠯᠠᠢ ᠶᠢᠨ ᠲᠣᠣᠷ ᠢ | 20 ᠺᠢᠯᠣᠮᠧᠳ᠋ᠷ ᠰᠢᠨ᠎ᠡ ᠪᠠᠷ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠵᠤ᠂ 2000 ᠲᠡᠷᠭᠡᠨ ᠵᠣᠭᠰᠣᠭᠠᠯ᠂ | 1000 ᠴᠠᠬᠢᠯᠭᠠᠨ ᠴᠡᠨᠡᠭᠯᠡᠬᠦ ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠨ ᠪᠠᠶᠢᠭᠤᠯᠵᠤ᠂ ᠬᠤᠲᠠ ᠶᠢᠨ ᠶᠠᠪᠤᠳᠠᠯ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃ ᠬᠤᠲᠠ ᠶᠢᠨ ᠶᠠᠰᠤ ᠴᠢᠨᠠᠷ ᠢ | ᠰᠢᠰᠲ᠋ᠧᠮ ᠲᠠᠢ ᠳᠡᠭᠡᠭᠰᠢᠯᠡᠭᠦᠯᠵᠦ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠣᠶᠤᠨᠴᠢᠯᠠᠭᠰᠠᠨ | ᠥᠭᠡᠷᠡᠴᠢᠯᠡᠯᠲᠡ ᠶᠢ ᠠᠬᠢᠭᠤᠯᠤᠨ᠂ ᠰᠢᠨ᠎ᠡ ᠨᠢᠭᠡ ᠡᠭᠡᠯᠵᠢ ᠶᠢᠨ ᠭᠤᠣᠯ ᠬᠤᠲᠠ ᠶᠢᠨ ᠲᠣᠭᠤᠷᠢᠭ ᠤᠨ ᠬᠤᠳᠠ ᠶᠢᠨ | ᠶᠠᠪᠤᠳᠠᠯ ᠤᠨ ᠴᠡᠴᠡᠷᠯᠢᠭ ᠤᠨ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠪᠠ ᠣᠷᠴᠢᠨ ᠲᠣᠭᠤᠷᠢᠨ ᠤ ᠠᠷᠢᠭᠤᠨ | ᠴᠡᠪᠡᠷ ᠢ ᠨᠢᠭᠡ ᠴᠤᠬᠴᠠᠵᠢᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠷᠦᠯ ᠵᠦᠢᠯ ᠤᠨ ᠥᠭᠡᠷᠡᠴᠢᠯᠡᠯᠲᠡ ᠶᠢ | ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ | ᠦᠷᠭᠦᠯᠵᠢᠯᠡᠨ ᠴᠡᠭᠴᠡᠯᠡᠨ ᠵᠠᠰᠠᠨ᠎ᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠰᠢᠭᠤ ᠰᠢᠶᠠᠨ ᠤ ᠡᠬᠢ ᠪᠠᠶᠠᠯᠢᠭ ᠤᠨ | ᠳᠠᠪᠠᠭᠤᠯᠢᠭ ᠲᠠᠭᠠᠨ ᠰᠠᠭᠤᠷᠢᠯᠠᠨ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠪᠠᠶᠢᠷᠢ | ᠲᠣᠭᠲᠠᠭᠠᠯᠲᠠ ᠪᠠᠨ ᠣᠨᠣᠪᠴᠢᠲᠠᠶ ᠣᠯᠵᠤ᠂ ᠠᠵᠤ ᠠᠬᠤᠢ ᠶᠢᠨ ᠪᠣᠳᠠᠲᠤ ᠬᠦᠴᠦᠨ ᠢᠶᠠᠨ ᠪᠤᠵᠠᠭᠠᠶᠢᠷᠠᠭᠤᠯᠤᠨ᠂ | ᠰᠢᠶᠠᠨ ᠤ ᠬᠤᠲᠠ ᠪᠠ ᠲᠥᠪ ᠪᠠᠯᠭᠠᠰᠤ ᠶᠢᠨ ᠲᠠᠲᠠᠬᠤ ᠬᠦᠴᠦᠨ᠂ ᠳᠠᠶᠢᠴᠢᠯᠠᠬᠤ ᠬᠦᠴᠦᠨ ᠢ ᠴᠢᠩᠭᠠᠷᠠᠭᠤᠯᠬᠤ ᠶᠢ | ᠠᠬᠢᠭᠤᠯᠤᠨ᠎ᠠ᠃ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠠᠭᠠᠵᠤ | ᠨᠡᠭᠦᠭᠰᠡᠨ ᠦᠷ᠎ᠡ ᠬᠡᠦᠬᠡᠳ ᠤᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ | ᠦᠷᠭᠦᠯᠵᠢᠯᠡᠨ ᠳᠡᠭᠡᠭᠰᠢᠯᠡᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠬᠠᠮᠤᠷᠬᠤ | ᠨᠣᠷᠮ᠎ᠠ ᠶᠢ 90% ᠠᠴᠠ ᠳᠡᠭᠡᠭᠰᠢ ᠪᠠᠶᠢᠬᠤ ᠶᠢ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠥᠨᠳᠥᠷ ᠪᠦᠲᠦᠮᠵᠢᠲᠡᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ | ᠪᠦᠲᠦᠮᠵᠢᠲᠡᠶ ᠵᠣᠯᠭᠠᠭᠤᠯᠬᠤ ᠪᠡᠯᠡ ᠮᠥᠩᠭᠦ ᠶᠢ 8 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ 117 ᠲᠥᠷᠥᠯ | ᠵᠦᠢᠯ ᠢ ᠪᠡᠯᠡ ᠣᠷᠣᠭᠤᠯᠤᠨ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠢ | 18 ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠠᠬᠢᠭᠤᠯᠵᠤ᠂ ᠠᠵᠤ ᠦᠢᠯᠡᠰ᠂ ᠠᠵᠢᠯ ᠣᠯᠭᠤᠯᠲᠠ᠂ ᠮᠥᠩᠭᠦᠨ ᠭᠦᠢᠯᠭᠡᠭᠡ ᠪᠠ ᠨᠡᠶᠢᠭᠡᠮ ᠤᠨ | ᠬᠠᠪᠰᠤᠷᠤᠨ ᠲᠡᠳᠬᠦᠬᠦ ᠵᠡᠷᠭᠡ 20 ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠨᠠᠶᠢᠳᠠᠪᠤᠷᠢᠵᠢᠭᠤᠯᠤᠨ᠎ᠠ᠃ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ | ᠲᠣᠰᠬᠤᠨ ᠤ ᠵᠠᠰᠠᠮᠠᠯ ᠵᠠᠮ ᠢ 260 ᠺᠢᠯᠣᠮᠧᠳ᠋ᠷ᠂ ᠡᠷᠦᠬᠡ ᠶᠢᠨ ᠵᠣᠷᠯᠣᠩ ᠢ 5000 ᠠᠴᠠ ᠳᠡᠭᠡᠭᠰᠢ ᠰᠢᠨ᠎ᠡ ᠪᠠᠷ | ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ 712 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠨ ᠵᠠᠰᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ | 50 ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠶᠢ ᠪᠠᠲᠤᠯᠠᠬᠤ | ᠢᠨᠵᠧᠨᠧᠷᠢᠩ ᠢ 10 ᠰᠢᠨ᠎ᠡ ᠪᠠᠷ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠵᠤ᠂ 10 ᠭᠠᠴᠠᠭ᠎ᠠ ᠲᠣᠰᠬᠤᠨ ᠤ | ᠤᠰᠤ ᠬᠠᠩᠭᠠᠬᠤ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ | ᠂ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠪᠠ ᠪᠠᠶᠢᠭᠤᠯᠤᠮᠵᠢᠲᠤ ᠪᠠᠯᠭᠠᠰᠤ ᠶᠢᠨ ᠠᠮᠢᠳᠤᠷᠠᠯ ᠤᠨ | ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠬᠠᠮᠤᠷᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠮᠠᠰᠢᠨᠴᠢᠯᠠᠯᠲᠠ ᠶᠢᠨ | ᠥᠭᠡᠷᠡᠴᠢᠯᠡᠯᠲᠡ ᠶᠢ ᠵᠣᠷᠢᠭᠵᠢᠭᠤᠯᠵᠤ᠂ ᠠᠶᠠᠨᠴᠢᠳ ᠪᠠᠷᠠᠭ᠎ᠠ ᠰᠢᠤᠳᠠᠨ ᠢ ᠠᠭᠤᠰᠤᠯᠴᠠᠭᠤᠯᠬᠤ ᠨᠠᠩ ᠣᠯᠠᠨ | ᠲᠤᠷᠰᠢᠯᠲᠠ ᠶᠢᠨ ᠵᠠᠮ ᠱᠤᠭᠤᠮ ᠢ ᠨᠡᠪᠲᠡᠷᠡᠭᠦᠯᠦᠨ᠎ᠡ᠃ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ 5G ᠶᠢᠨ ᠰᠠᠭᠤᠷᠢ ᠥᠷᠲᠡᠭᠡ ᠶᠢ 500 ᠪᠠᠶᠢᠭᠤᠯᠵᠤ᠂ ᠬᠥᠳᠡᠭᠡ ᠲᠣᠰᠬᠤᠨ ᠤ ᠭᠠᠵᠠᠷ | ᠣᠷᠣᠨ ᠳᠤ ᠰᠦᠯᠵᠢᠶ᠎ᠡ ᠶᠢ ᠪᠦᠬᠦᠨ ᠢ ᠬᠠᠮᠤᠷᠬᠤ ᠶᠢ ᠠᠬᠢᠭᠤᠯᠤᠨ᠎ᠠ᠃ ︽ᠵᠢᠨᠢᠩ — ᠤᠯᠠᠭᠠᠨᠬᠠᠳᠠ — | ᠲᠥᠩᠯᠢᠶᠣᠣ — ᠴᠠᠩᠴᠦ᠋ᠨ︾ ᠲᠦᠷᠭᠡᠨ ᠲᠡᠮᠦᠷ ᠵᠠᠮ ᠤᠨ ᠲᠥᠷᠥᠯ ᠵᠦᠢᠯ ᠢ ᠤᠯᠤᠰ ᠤᠨ ᠲᠡᠮᠦᠷ ᠵᠠᠮ ᠤᠨ | ᠲᠣᠣᠷ ᠤᠨ ᠲᠥᠯᠦᠪᠵᠢᠭᠦᠯᠭᠡ ᠳᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠎ᠠ᠃ G5511 ᠴᠠᠪᠢᠨᠲᠠᠯ᠎ᠠ ᠠᠴᠠ | ᠰᠤᠭᠤᠲᠤ ᠬᠦᠷᠬᠦ ᠲᠦᠷᠭᠡᠨ ᠵᠠᠮ᠂ G334 ᠪᠦᠦ ᠺᠠᠩ ᠠᠴᠠ ᠴᠢ ᠺᠧ ᠱᠦ ᠬᠦᠷᠬᠦ ᠬᠤᠶᠠᠳᠤᠭᠠᠷ ᠳᠡᠰ ᠤᠨ | ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ S310 ᠵᠠᠮ ᠤᠨ ᠵᠥᠷᠢᠯᠢᠭ | ᠬᠥᠭᠦᠷᠭᠡ ᠪᠠᠷ ᠥᠭᠡᠷᠡᠴᠢᠯᠡᠬᠦ ᠢᠨᠵᠧᠨᠧᠷᠢᠩ ᠢ ᠠᠵᠢᠯ ᠡᠬᠢᠯᠡᠭᠦᠯᠵᠦ᠂ G2515 ᠯᠦᠪᠧᠢ ᠠᠴᠠ ᠬᠤᠣᠯᠢᠩᠭᠤᠣᠯ | ᠬᠦᠷᠬᠦ ᠲᠦᠷᠭᠡᠨ ᠵᠠᠮ᠂ G203 ᠵᠡᠷᠭᠡ ᠶᠢᠨ ᠵᠥᠷᠢᠯᠢᠭ ᠬᠥᠭᠦᠷᠭᠡ ᠪᠠᠷ ᠥᠭᠡᠷᠡᠴᠢᠯᠡᠬᠦ ᠲᠥᠷᠥᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠬᠦᠷᠢᠶ᠎ᠡ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠠᠵᠢᠯ ᠲᠥᠷᠥᠯ ᠤᠨ ᠰᠢᠯᠭᠠᠨ ᠪᠠᠶᠢᠴᠠᠭᠠᠯᠲᠠ ᠶᠢ ᠦᠩᠭᠡᠷᠡᠭᠦᠯᠬᠦ ᠪᠠᠷ ᠴᠢᠷᠮᠠᠶᠢᠵᠤ᠂ ᠵᠠᠷᠤᠳ ᠬᠤᠰᠢᠭᠤᠨ ᠤ | ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠭᠡᠨ᠎ᠡ᠃ | ᠬᠤᠣᠯᠢᠩᠭᠤᠣᠯ ᠤᠨ ᠡᠮᠦᠨᠡᠬᠢ 500 ᠺᠢᠯᠤᠸᠤᠯᠲ᠂ ᠦᠷᠭᠡᠨᠲᠠᠯ᠎ᠠ ᠶᠢᠨ 220 ᠺᠢᠯᠤᠸᠤᠯᠲ ᠤᠨ ᠴᠠᠬᠢᠯᠭᠠᠨ | ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠴᠠᠬᠢᠯᠭᠠᠨ ᠲᠣᠣᠷ ᠤᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ 408 ᠺᠢᠯᠣᠮᠧᠳ᠋ᠷ ᠴᠠᠬᠢᠯᠭᠠᠨ ᠲᠣᠣᠷ ᠢ ᠥᠭᠡᠷᠡᠴᠢᠯᠡᠨ | ᠲᠡᠰ ᠳᠡᠪᠰᠢᠭᠦᠯᠦᠨ᠎ᠡ᠃ ᠴᠠᠷᠠᠰᠤ ᠠᠴᠠ ᠢ ᠯᠦᠩ ᠶᠦᠩ ᠬᠦᠷᠬᠦ ᠰᠢᠲᠠᠮᠠᠬᠠᠢ ᠬᠡᠢ ᠶᠢᠨ ᠬᠤᠭᠤᠯᠠᠢ ᠶᠢᠨ | ᠠᠰᠢᠭᠯᠠᠯᠲᠠ ᠳᠤ ᠣᠷᠣᠬᠤ ᠶᠢ ᠠᠬᠢᠭᠤᠯᠵᠤ᠂ ᠲᠦᠩᠯᠢᠶᠣᠣ ᠠᠴᠠ ᠬᠢᠩᠭᠠᠨ ᠠᠶᠢᠮᠠᠭ ᠲᠤ ᠬᠦᠷᠬᠦ ᠪᠠᠶᠢᠭᠠᠯᠢ ᠶᠢᠨ | ᠰᠢᠲᠠᠮᠠᠬᠠᠢ ᠬᠡᠢ ᠶᠢᠨ ᠬᠤᠭᠤᠯᠠᠢ ᠶᠢ ᠡᠬᠢᠯᠡᠨ ᠪᠦᠲᠦᠭᠡᠨ ᠪᠠᠶᠢᠭᠤᠯᠤᠨ᠎ᠠ᠃ ᠥᠪᠥᠷ ᠮᠣᠩᠭᠤᠯ ᠤᠨ ᠤᠰᠤᠨ | ᠬᠠᠩᠭᠠᠯᠲᠠ ᠶᠢᠨ ᠲᠦᠩᠯᠢᠶᠣᠣ ᠳᠠᠬᠢ ᠰᠠᠯᠪᠤᠷᠢ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠤᠯ | ᠭᠤᠣᠯ ᠤᠨ ᠤᠰᠤ ᠶᠢ ᠪᠠᠷᠠᠭᠤᠨ ᠯᠢᠶᠣᠣ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠤᠨ ᠪᠥᠬᠦ ᠱᠤᠭᠤᠮ ᠢᠶᠠᠷ ᠤᠷᠤᠰᠬᠠᠯ ᠲᠠᠢ ᠪᠣᠯᠬᠤ ᠶᠢ ᠬᠦᠴᠦᠯᠡᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠢ 15 | ᠬᠡᠷᠡᠭᠵᠢᠭᠦᠯᠵᠦ᠂ ᠨᠠᠢᠮᠠᠨ ᠬᠤᠰᠢᠭᠤᠨ ᠤ ᠪᠠᠶᠢᠭᠠᠯᠢ ᠶᠢᠨ ᠬᠤᠵᠢᠷ ᠤᠨ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠢᠦᠢ ᠵᠢᠩ ᠳᠡᠭᠡᠳᠦ ᠰᠢᠨᠵᠢᠯᠡᠭᠡ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠠᠢᠮᠠ᠂ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ | ᠪᠠᠲᠤᠯᠠᠨ᠎ᠠ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠪᠴᠢᠯᠡᠨ ᠪᠠᠶᠢᠭᠤᠯᠤᠨ᠎ᠠ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠢ 5 ᠰᠢᠨ᠎ᠡ ᠪᠠᠷ ᠪᠠᠶᠢᠭᠤᠯᠵᠤ᠂ ᠥᠭᠡᠷᠡᠴᠢᠯᠡᠨ ᠪᠠᠶᠢᠭᠤᠯᠵᠤ᠂ ᠥᠷᠭᠡᠳᠬᠡᠨ ᠪᠠᠶᠢᠭᠤᠯᠵᠤ᠂ | ᠬᠡᠦᠬᠡᠳ ᠤᠨ ᠴᠡᠴᠡᠷᠯᠢᠭ ᠢ 3 ᠡᠭᠡᠭᠦᠯᠦᠨ ᠬᠤᠳᠠᠯᠳᠤᠨ ᠠᠪᠴᠤ᠂ ᠰᠤᠷᠤᠭᠴᠢ ᠡᠯᠰᠡᠬᠦ ᠲᠤᠭ᠎ᠠ ᠪᠠ ᠬᠡᠥᠬᠡᠳ ᠡᠯᠰᠡᠬᠦ | ᠲᠤᠭ᠎ᠠ ᠶᠢ 4000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠪᠠᠭᠰᠢ ᠶᠢ 600 ᠠᠴᠠ ᠳᠡᠭᠡᠭᠰᠢ ᠡᠯᠰᠡᠨ᠎ᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠪᠢᠴᠢᠭ ᠤᠨ ᠪᠣᠭᠴᠣ ᠶᠢ ᠬᠥᠩᠭᠡᠷᠡᠭᠦᠯᠬᠦ ᠠᠵᠢᠯᠯᠠᠭ᠎ᠠ ᠶᠢ | ᠡᠬᠢᠯᠡᠭᠦᠯᠵᠦ᠂ ᠳᠠᠰᠬᠠᠯ ᠳᠠᠭᠠᠭᠠᠯᠭᠠᠪᠤᠷᠢ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠦᠨ᠎ᠡ᠃ ᠰᠤᠷᠤᠭᠴᠢᠳ ᠤᠨ | ᠪᠡᠶ᠎ᠡ ᠮᠠᠬᠠᠪᠤᠳ ᠢ ᠴᠢᠭᠢᠷᠠᠭᠵᠢᠭᠤᠯᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ 2 | ᠴᠠᠭ ᠠᠴᠠ ᠳᠤᠲᠠᠭᠤ ᠪᠠᠶᠢᠯᠭᠠᠬᠤ ᠦᠭᠡᠶ ᠶᠢ ᠪᠠᠲᠤᠯᠠᠨ᠎ᠠ᠃ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠳᠤ ᠠᠵᠢᠯ ᠮᠡᠷᠭᠡᠵᠢᠯ ᠪᠠ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠬᠠᠷᠢᠴᠠᠯ ᠤᠨ | ᠬᠢᠵᠠᠭᠠᠷᠯᠠᠯ ᠭᠠᠷᠭᠠᠬᠤ ᠦᠭᠡᠢ ᠪᠠᠶᠢᠵᠤ᠂ ᠴᠢᠨᠠᠷ ᠰᠠᠶᠢᠲᠠᠢ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠣᠷᠣᠭᠴᠢ ᠡᠯᠰᠡᠬᠦ ᠲᠥᠯᠥᠪᠯᠡᠭᠡ ᠶᠢᠨ ᠲᠤᠭ᠎ᠠ ᠶᠢ 500 ᠠᠴᠠ ᠳᠤᠲᠠᠭᠤ ᠦᠭᠡᠢ ᠰᠢᠨ᠎ᠡ ᠪᠠᠷ ᠨᠡᠮᠡᠭᠳᠡᠭᠦᠯᠦᠨ᠎ᠡ᠃ ︽ | ᠳᠥᠷᠪᠡ ᠶᠢ ᠤᠷᠢᠳ ᠢᠶᠠᠷ ᠪᠣᠳᠣᠯᠬᠢᠯᠠᠬᠤ︾ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠬᠤᠣᠰ ᠳᠡᠭᠡᠳᠦ︾᠂ ︽ᠬᠤᠤᠰ ᠰᠢᠯᠢᠳᠡᠭ︾ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠪᠦᠯᠬᠦᠮ ᠤᠨ ᠡᠳᠦᠷ ᠤᠨ ᠭᠤᠣᠯ ᠰᠡᠳᠦᠪᠲᠦ ᠠᠵᠢᠯᠯᠠᠭ᠎ᠠ ᠪᠣᠯᠣᠨ ᠶᠣᠰᠣ | ᠰᠤᠷᠲᠠᠬᠤᠨ ᠤ ᠬᠥᠮᠦᠵᠢᠯ ᠤᠨ ᠠᠵᠢᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠵᠠᠯᠠᠭᠤᠴᠤᠳ ᠤᠨ | ᠬᠥᠭᠵᠢᠯᠲᠡ ᠶᠢᠨ ᠮᠠᠶ᠋ᠢᠭ ᠤᠨ ᠬᠤᠳᠠ ᠶᠢ ᠦᠷᠭᠦᠯᠵᠢᠯᠡᠨ ᠪᠥᠲᠥᠭᠡᠨ ᠪᠠᠶᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠳᠡᠯᠡᠬᠡᠢ ᠶᠢᠨ ᠡᠷᠡᠭᠦᠯ | ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠦᠬᠦᠯᠢ ᠴᠣᠭᠴᠠᠲᠤ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠲᠥᠷᠥᠯ ᠵᠦᠢᠯ᠂ ᠤᠯᠤᠰ ᠤᠨ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠲᠤᠷᠰᠢᠯᠲᠠ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠥᠨᠳᠥᠷ ᠦᠷ᠎ᠡ | ᠪᠦᠲᠦᠮᠵᠢᠲᠡᠶ ᠦᠢᠯᠡᠴᠢᠯᠡᠭᠡᠨ ᠤ ᠰᠢᠰᠲ᠋ᠧᠮᠵᠢ ᠶᠢᠨ ᠵᠢᠱᠢᠶ᠎ᠡ ᠦᠵᠡᠭᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠨᠢᠭᠲᠠᠷᠠᠭᠰᠠᠨ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠨᠢᠭᠲᠠᠷᠠᠭᠰᠠᠨ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠰᠢᠨ᠎ᠡ ᠬᠦᠷᠢᠶᠡᠯᠡᠩ ᠲᠣᠭᠤᠷᠢᠭ ᠢ | ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠤᠯᠤᠰ ᠢᠶᠠᠨ ᠬᠠᠶᠢᠷᠠᠯᠠᠬᠤ ᠠᠷᠢᠭᠤᠨ ᠴᠡᠪᠡᠷ ᠤᠨ | ᠠᠵᠢᠯ ᠤᠨ ᠭᠤᠣᠯᠳᠠᠯᠭ᠎ᠠ ᠶᠢ ᠪᠥᠬᠦ ᠲᠠᠯ᠎ᠠ ᠶᠢᠨ ᠨᠡᠶᠢᠭᠡᠮ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠠᠰᠢ | ᠬᠤᠪᠢᠷᠠᠭᠤᠯᠬᠤ ᠶᠢ ᠠᠬᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠂ ︽ᠪᠡᠭᠡᠵᠢᠩ ᠲᠥᠩᠯᠢᠶᠣᠣ᠂ ᠯᠢᠶᠣᠤᠨᠢᠩ ᠲᠥᠩᠯᠢᠶᠣᠣ︾ ᠶᠢᠨ ᠡᠮᠴᠢᠯᠡᠭᠡᠨ ᠤ ᠬᠠᠮᠵᠢᠯᠴᠠᠭ᠎ᠠ ᠶᠢ | ᠴᠢᠩᠭᠠᠳᠬᠠᠵᠤ᠂ ︽ᠡᠮᠴᠢᠯᠡᠭᠡᠨ ᠤ ᠣᠶᠣᠨᠴᠠ ᠴᠤᠭᠯᠠᠷᠠᠯ︾ ᠤᠨ ᠨᠠᠷᠠᠲᠤ ᠱᠣᠰᠢᠭ᠎ᠠ ᠶᠢ ᠪᠣᠶ ᠪᠣᠯᠭᠠᠵᠤ᠂ | ᠬᠤᠶᠠᠳᠤᠭᠠᠷ ᠳᠡᠰ ᠠᠴᠠ ᠳᠡᠭᠡᠭᠰᠢᠬᠢ 30 ᠡᠮᠴᠢᠯᠡᠭᠡᠨ ᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠭᠰᠠᠨ ᠦᠷ᠎ᠡ | ᠳ᠋ᠦᠩ ᠢ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠤᠨ ᠬᠤᠷᠢᠭ᠎ᠠ ᠱᠤᠭᠤᠮ ᠢ ᠪᠦᠬᠦ ᠲᠠᠯ᠎ᠠ ᠪᠠᠷ ᠪᠠᠲᠤᠯᠠᠨ᠎ᠠ᠃ ᠨᠡᠶᠢᠭᠡᠮ ᠤᠨ ᠪᠠᠲᠤᠯᠠᠭ᠎ᠠ ᠶᠢᠨ | ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠦᠨᠳᠦᠰᠦᠨ ᠨᠠᠰᠤᠵᠢᠯ ᠤᠨ ᠳᠠᠭᠠᠳᠬᠠᠯ ᠢ ᠣᠨᠣᠪᠴᠢᠲᠠᠶ ᠪᠠᠷ | ᠥᠷᠭᠡᠳᠬᠡᠨ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠤᠷᠮ᠎ᠠ ᠶᠢ 95% ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠤᠨ᠎ᠠ᠃ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ | ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ᠂ | ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠂ ᠰᠤᠮᠤ ᠰᠢᠶᠠᠩ | ᠪᠠᠯᠭᠠᠰᠤ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠢ 5᠂ ᠭᠠᠴᠠᠭ᠎ᠠ ᠲᠣᠰᠬᠤᠨ ᠤ | ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ 50 ᠪᠠᠶᠢᠭᠤᠯᠵᠤ᠂ 1000 ᠣᠨᠴᠠ | ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠬᠦ ᠶᠢ | ᠪᠡᠶᠡᠯᠡᠭᠦᠯᠵᠦ᠂ ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ ᠢ 50 ᠰᠢᠨ᠎ᠡ ᠪᠠᠷ ᠨᠡᠮᠡᠭᠳᠡᠭᠦᠯᠵᠦ᠂ ᠣᠨᠴᠠ | ᠬᠦᠴᠢᠷᠳᠡᠯᠲᠡᠶ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡ ᠶᠢ ᠪᠦᠬᠦᠨ ᠢ ᠬᠠᠮᠤᠷᠬᠤ ᠶᠢ | ᠪᠡᠶᠡᠯᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠨᠡᠶᠢᠳᠡᠮ ᠠᠰᠢᠭ ᠬᠦᠷᠲᠡᠭᠡᠬᠦ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠡᠶᠡᠯᠡᠭᠦᠯᠵᠦ᠂ ᠬᠤᠲᠠ ᠶᠢᠨ | ᠬᠡᠦᠬᠡᠳ ᠰᠠᠭᠠᠲᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠬᠤ ᠶᠢ | ᠠᠬᠢᠭᠤᠯᠵᠤ᠂ ︽ᠠᠨᠠᠷ ᠤᠨ ᠦᠷ᠎ᠡ︾ ᠬᠡᠦᠬᠡᠳ ᠰᠠᠭᠠᠲᠠᠭᠤᠯᠬᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ 15 | ᠰᠢᠨ᠎ᠡ ᠪᠠᠷ ᠨᠡᠮᠡᠭᠳᠡᠭᠦᠯᠵᠦ᠂ ᠮᠢᠩᠭᠠᠨ ᠬᠥᠮᠥᠨ ᠪᠦᠷᠢ ᠳᠤ ᠨᠣᠭᠳᠠᠬᠤ ᠣᠷᠣᠨ ᠲᠤᠭ᠎ᠠ ᠶᠢ 4.8 ᠬᠦᠷᠦᠭᠦᠯᠦᠨ᠎ᠡ᠃ | ᠣᠯᠠᠨ ᠳᠡᠰ ᠳᠠᠪᠬᠤᠷᠭ᠎ᠠ ᠪᠦᠬᠦᠢ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠣᠯᠠᠨ | ᠲᠦᠮᠡᠨ ᠤ ᠡᠮᠴᠢᠯᠡᠭᠡᠨ ᠤ ᠳᠠᠭᠠᠳᠬᠠᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠤᠶᠠᠷ | ᠬᠤᠪᠢ ᠠᠴᠠ ᠳᠡᠭᠡᠭᠰᠢ ᠪᠣᠯᠭᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠤ ᠦᠢᠯᠡᠰ ᠤᠨ ᠳᠡᠭᠡᠳᠦ | ᠰᠤᠷᠭᠠᠭᠤᠯᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ | ᠦᠢᠯᠡᠰ ᠪᠤᠰᠬᠠᠬᠤ ᠳᠤ ᠬᠦᠴᠦᠨ ᠨᠡᠮᠡᠷᠢᠯᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠵᠦ᠂ ᠬᠦᠴᠢᠷᠳᠡᠯ ᠲᠠᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠢ ᠪᠠᠲᠤᠯᠠᠨ᠎ᠠ᠃ | ᠵᠡᠮᠳᠡᠭᠴᠦᠳ ᠤᠨ ᠴᠢᠳᠠᠪᠤᠷᠢᠲᠠᠨ ᠤ ᠬᠥᠮᠥᠷᠭᠡ ᠶᠢ ᠲᠦᠷᠭᠡᠪᠴᠢᠯᠡᠨ ᠪᠠᠶᠢᠭᠤᠯᠵᠤ᠂ ᠵᠡᠮᠳᠡᠭᠴᠦᠳ ᠤᠨ ᠬᠤᠶᠠᠷ | ᠵᠦᠢᠯ ᠤᠨ ᠨᠥᠬᠦᠪᠦᠷᠢ ᠶᠢ ᠨᠠᠷᠢᠯᠢᠭ ᠣᠨᠣᠴᠠᠲᠠᠢ ᠪᠠᠷ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠠᠷᠠᠳ | ᠤᠯᠠᠨ ᠤ ᠪᠡᠶ᠎ᠡ ᠴᠢᠭᠢᠷᠠᠭᠵᠢᠭᠤᠯᠬᠤ ᠭᠡᠷ ᠢ 3 ᠰᠢᠨ᠎ᠡ ᠪᠠᠷ ᠪᠠᠶᠢᠭᠤᠯᠵᠤ᠂ ᠨᠥᠬᠦᠴᠡᠯ ᠪᠦᠷᠢᠳᠦᠭᠰᠡᠨ | ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠪᠦᠬᠦᠨ ᠢ ᠨᠡᠶᠢᠭᠡᠮ ᠳᠤ ᠰᠦᠢᠳᠬᠡᠯ ᠬᠤᠷᠢᠶᠠᠬᠤ | ᠦᠭᠡᠢ ᠪᠠᠷ ᠨᠡᠭᠡᠭᠡᠬᠦ ᠶᠢ ᠠᠬᠢᠭᠤᠯᠤᠨ᠎ᠠ᠃ ᠣᠷᠣᠰᠢᠭᠤᠯᠭ᠎ᠠ ᠶᠢᠨ ᠬᠦᠷᠢᠶᠡᠨ ᠳᠠᠬᠢ ᠢᠯᠵᠠᠷᠠᠮᠠᠯ ᠰᠠᠮᠠᠭᠤᠨ ᠦᠵᠡᠭᠳᠡᠯ ᠢ | ᠴᠡᠭᠴᠡᠯᠡᠨ ᠵᠠᠰᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ ᠲᠥᠬᠦᠭᠡᠷᠦᠮᠵᠢ ᠶᠢᠨ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ | ᠰᠡᠷᠭᠡᠶᠢᠯᠡᠨ ᠠᠷᠢᠯᠭᠠᠨ᠎ᠠ᠃ ᠡᠳ᠋ ᠤᠨ ᠵᠠᠰᠠᠭ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠢᠰᠲ᠋ᠧᠮ ᠢ | ᠲᠡᠭᠦᠯᠳᠡᠷᠵᠢᠭᠦᠯᠵᠦ᠂ ᠲᠥᠯᠥᠬᠦ ᠪᠠᠷ ᠪᠠᠶᠢᠭ᠎ᠠ ᠥᠷᠢ ᠥᠭᠴᠡᠭᠡ ᠶᠢᠨ ᠲᠦᠷᠦᠯ ᠵᠦᠢᠯ ᠢ ᠵᠦᠢᠯ ᠳᠠᠷᠠᠭᠠᠯᠠᠨ | ᠨᠠᠷᠢᠯᠢᠭᠵᠢᠭᠤᠯᠵᠤ᠂ ᠨᠢᠭᠤᠭᠳᠠᠮᠠᠯ ᠥᠷᠢ ᠥᠭᠴᠡᠭᠡ ᠶᠢ ᠠᠷᠢᠯᠭᠠᠬᠤ ᠠᠬᠢᠴᠠ ᠶᠢ ᠠᠷᠪᠠᠨ ᠡᠳᠦᠷ ᠢᠶᠠᠷ ᠪᠦᠷᠢᠳᠬᠡᠨ᠂ | ᠰᠠᠷ᠎ᠠ ᠳᠠᠷᠠᠭᠠᠯᠠᠨ ᠮᠡᠳᠡᠭᠳᠡᠨ᠎ᠡ᠃ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠴᠦ᠂ ᠣᠷᠣᠨ ᠨᠤᠲᠤᠭ ᠤᠨ ᠬᠠᠤᠯᠢ ᠶᠢᠨ ᠬᠥᠮᠥᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠡᠷᠡᠭᠦᠯ | ᠪᠤᠰᠤ ᠬᠥᠷᠥᠩᠭᠡ ᠶᠢ ᠢᠯᠭᠠᠷᠠᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ ᠰᠤᠯᠠ ᠪᠠᠶᠢᠬᠤ ᠭᠠᠵᠠᠷ ᠰᠢᠷᠣᠢ ᠪᠠ ︽ | ᠬᠠᠭᠠᠰ ᠲᠤᠲᠠᠭᠤ ᠤᠷᠬᠢᠭᠰᠠᠨ︾ ᠲᠥᠷᠥᠯ ᠵᠦᠢᠯ ᠢ ᠰᠢᠢᠳᠪᠦᠷᠢᠯᠡᠵᠦ ᠰᠡᠷᠭᠦᠭᠡᠬᠦ ᠡᠷᠴᠢᠮ ᠢ ᠴᠢᠩᠭᠠᠷᠠᠭᠤᠯᠵᠤ᠂ ︽ | ᠲᠤᠰᠢᠶᠠᠬᠤ ᠪᠠᠲᠤᠯᠠᠭ᠎ᠠ ᠲᠠᠢ ᠣᠷᠣᠨ ᠰᠠᠭᠤᠴᠠ︾ ︽ᠲᠤᠰᠢᠶᠠᠬᠤ ᠪᠠᠲᠤᠯᠠᠭ᠎ᠠ ᠲᠠᠢ ᠠᠰᠠᠷ︾ ᠤᠨ ᠡᠭᠦᠷᠭᠡ ᠶᠢ | ᠪᠡᠶᠡᠯᠡᠭᠦᠯᠵᠦ᠂ ︽ᠪᠤᠴᠠᠵᠤ ᠨᠡᠭᠦᠬᠦ ᠳᠤ ᠬᠦᠴᠢᠷᠲᠡᠢ᠂ ᠣᠷᠣᠵᠤ ᠰᠠᠭᠤᠬᠤ ᠳᠤ ᠬᠦᠴᠢᠷᠲᠡᠢ︾ ᠪᠠᠶᠢᠬᠤ | ᠠᠰᠠᠭᠤᠳᠠᠯ ᠢ ᠲᠦᠷᠭᠡᠳᠬᠡᠨ ᠰᠢᠢᠳᠪᠦᠷᠢᠯᠡᠵᠦ᠂ ︽ᠭᠡᠷ ᠪᠠᠶᠢᠰᠢᠩ ᠲᠤᠰᠢᠶᠠᠮᠠᠭᠴᠠ ᠦᠨᠡᠮᠯᠡᠯ ᠭᠠᠷᠳᠠᠭᠤᠯᠬᠤ︾ | ᠥᠭᠡᠷᠡᠴᠢᠯᠡᠯᠲᠡ ᠶᠢ ᠠᠬᠢᠭᠤᠯᠤᠨ᠎ᠠ᠃ ᠠᠭᠤᠷᠬᠠᠢ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠠᠶᠤᠯᠲᠠᠢ ᠬᠢᠮᠢ ᠶᠢᠨ | ᠪᠣᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠦᠢᠯᠡᠳᠪᠦᠷᠢᠯᠡᠯ ᠤᠨ ᠠᠳᠡᠯ ᠢ ᠴᠢᠩᠭ᠎ᠠ | ᠰᠡᠷᠭᠡᠶᠢᠯᠡᠵᠦ᠂ ᠠᠰᠠᠭᠤᠳᠠᠯ ᠤᠨ ᠳᠠᠯᠳᠠ ᠭᠡᠮ ᠢ ᠬᠥᠳᠡᠯᠦᠩᠭᠦᠶ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠡ᠃ | ᠬᠢᠵᠢᠭ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠠᠵᠢᠯ ᠤᠨ ᠲᠣᠭᠲᠠᠴᠠ ᠶᠢ ᠪᠠᠬᠢᠵᠢᠭᠦᠯᠦᠨ | ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠠᠵᠤ | ᠠᠬᠤᠶᠢᠯᠠᠯ ᠤᠨ ᠣᠷᠣᠯᠠᠨ ᠬᠠᠲᠠᠭᠠᠵᠤ ᠣᠷᠣᠯᠠᠨ ᠨᠥᠭᠡᠴᠡᠯᠡᠵᠦ ᠣᠷᠣᠯᠠᠨ ᠪᠣᠷᠣᠯᠠᠭᠤᠯᠬᠤ ᠦᠢᠯᠡᠴᠢᠯᠡᠭᠡ ᠶᠢ | ᠲᠡᠮᠵᠢᠵᠤ᠂ 16 ᠲᠦᠮᠡᠨ ᠲᠣᠨ ᠠᠮᠤ ᠪᠤᠳᠠᠭ᠎ᠠ ᠶᠢ ᠠᠷᠪᠢᠯᠠᠬᠤ ᠪᠠᠷ ᠲᠥᠯᠥᠪᠯᠡᠵᠦ ᠪᠠᠶᠢᠨ᠎ᠠ᠃ ᠮᠠᠯᠴᠢᠨ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠪᠠᠶᠢᠳᠠᠯ ᠢ ᠲᠤᠰᠬᠠᠶᠢᠯᠠᠨ ᠵᠠᠰᠠᠬᠤ ᠶᠢ ᠥᠷᠨᠢᠭᠦᠯᠵᠦ᠂ | ᠴᠠᠯᠢᠩ ᠥᠷᠢᠲᠦᠬᠦ ᠶᠢ ᠰᠡᠷᠭᠡᠶᠢᠯᠡᠵᠦ ᠴᠡᠭᠴᠡᠯᠡᠨ ᠵᠠᠰᠠᠬᠤ ᠶᠢ ᠴᠢᠩᠭᠠᠷᠠᠭᠤᠯᠤᠨ᠎ᠠ᠃ ᠵᠥᠷᠢᠴᠡᠯ ᠵᠢᠭᠤᠷᠠᠯᠳᠤᠭᠠᠨ ᠢ | ᠡᠬᠢ ᠡᠭᠦᠰᠦᠯ ᠠᠴᠠ ᠨᠢ ᠰᠡᠷᠭᠡᠶᠢᠯᠡᠨ ᠡᠶᠡᠳᠡᠭᠦᠯᠵᠦ᠂ ᠬᠡᠲᠦᠷᠡᠮᠡᠬᠡᠢ ᠬᠡᠷᠡᠭ᠂ ᠣᠯᠠᠨ ᠨᠡᠶᠢᠲᠡ ᠶᠢᠨ ᠬᠡᠷᠡᠭ ᠡᠭᠦᠰᠬᠦ ᠶᠢ | ᠴᠢᠩᠭ᠎ᠠ ᠰᠡᠷᠭᠡᠶᠢᠯᠡᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ᠂ ︽ᠱᠠᠯᠢᠭ ᠵᠠᠪᠬᠠᠢ ᠵᠦᠢᠯ᠂ ᠵᠣᠭᠤᠰ ᠲᠠᠢ | ᠨᠠᠭᠠᠳᠬᠤ᠂ ᠬᠤᠣᠷ ᠰᠠᠷᠢᠭᠠᠯᠠᠬᠤ︾᠂ ︽ᠣᠷᠴᠢᠨ ᠲᠣᠭᠤᠷᠢᠨ ᠢᠳᠡᠭᠡᠨ ᠤᠮᠳᠠᠭᠠᠨ ᠡᠮ ᠤᠨ ᠵᠦᠢᠯ︾ ᠪᠠ ᠠᠵᠤ | ᠠᠬᠤᠢ ᠶᠢᠨ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ | | | |