3 ᠰᠠᠷ᠎ᠠ ᠶᠢᠨ 10 ᠤ ᠦᠳᠡ ᠶᠢᠨ ᠬᠤᠶᠢᠨ᠎ᠠ ᠪᠠ 11 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ | ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ ᠶᠡᠭᠡ ᠬᠤᠷᠠᠯ ᠤᠨ ᠡᠯ᠎ᠡ ᠵᠦᠢᠯ ᠤᠨ | ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ᠃ | ᠲᠥᠯᠥᠭᠡᠯᠡᠭᠴᠢᠳ ᠤᠨ ᠪᠦᠯᠬᠦᠮ ᠤᠨ ᠳᠠᠷᠤᠭ᠎ᠠ ᠰᠦᠨ ᠱᠤᠤ ᠴᠧᠩ᠂ ᠪᠦᠯᠬᠦᠮ ᠤᠨ ᠳᠡᠳ᠋ ᠳᠠᠷᠤᠭ᠎ᠠ ᠸᠠᠩ ᠯᠢ | ᠰᠢᠶᠠ ᠬᠢᠨᠠᠨ ᠵᠥᠪᠯᠡᠬᠦ ᠳᠤ ᠣᠷᠣᠯᠴᠠᠵᠤ᠂ ᠯᠢᠦ ᠱᠤᠸᠠᠩ᠂ ᠢᠦᠢ ᠯᠢ ᠰᠢᠨ᠂ ᠵᠠᠩ ᠱᠤᠤ ᠴᠦᠨ᠂ ᠵᠧᠩ ᠬᠤᠩ | ᠹᠠᠨ ᠲᠤᠰ ᠲᠤᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠬᠢᠯᠡᠪᠡ᠃ ᠶᠡᠭᠡ ᠬᠤᠷᠠᠯ ᠤᠨ | ᠪᠢᠴᠢᠭ ᠮᠠᠲ᠋ᠧᠷᠢᠶᠠᠯ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ | ᠣᠷᠣᠯᠴᠠᠵᠤ ᠬᠢᠨᠠᠨ ᠵᠥᠪᠯᠡᠭᠰᠡᠨ ᠰᠠᠨᠠᠯ ᠢ ᠰᠣᠨᠣᠰᠴᠠᠢ᠃ | ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠤᠨ ᠲᠤᠬᠠᠶ ᠰᠢᠢᠳᠪᠦᠷᠢ ᠶᠢᠨ ᠲᠥᠰᠦᠯ᠂ | 2024 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠢᠳᠪᠦᠷᠢ ᠶᠢᠨ ᠲᠥᠰᠦᠯ᠂ 2024 ᠣᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠲᠥᠪ ᠤᠨ ᠪᠠ ᠣᠷᠣᠨ | ᠨᠤᠲᠤᠭ ᠤᠨ ᠲᠥᠰᠦᠪ ᠤᠨ ᠲᠤᠬᠠᠶ ᠰᠢᠢᠳᠪᠦᠷᠢ ᠶᠢᠨ ᠲᠥᠰᠦᠯ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ | ᠰᠢᠢᠳᠪᠦᠷᠢ ᠶᠢᠨ ᠲᠥᠰᠦᠯ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ | ᠰᠢᠢᠳᠪᠦᠷᠢ ᠶᠢᠨ ᠲᠥᠰᠦᠯ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ | ᠲᠤᠬᠠᠶ ᠰᠢᠢᠳᠪᠦᠷᠢ ᠶᠢᠨ ᠲᠥᠰᠦᠯ ᠢ ᠬᠢᠨᠠᠨ ᠵᠥᠪᠯᠡᠪᠡ᠃ | ᠬᠤᠷᠠᠯ ᠠᠴᠠ ᠶᠡᠭᠡ ᠬᠤᠷᠠᠯ ᠤᠨ ᠬᠤᠭᠤᠴᠠᠭᠠᠨ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠲᠥᠯᠥᠭᠡᠯᠡᠭᠴᠢᠳ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠣᠯᠤᠨ ᠡᠭᠦᠷᠭᠡᠲᠦ ᠪᠤᠳᠤᠯ ᠢᠶᠠᠷ ᠡᠯ᠎ᠡ | ᠵᠦᠢᠯ ᠤᠨ ᠠᠵᠢᠯ ᠤᠨ ᠮᠡᠳᠡᠭᠦᠯᠦᠯᠲᠡ ᠪᠣᠯᠤᠨ ᠲᠥᠯᠥᠭᠡᠯᠡᠭᠴᠢ ᠶᠢᠨ ᠬᠠᠤᠯᠢ ᠶᠢᠨ ᠲᠥᠰᠦᠯ ᠢ ᠨᠠᠷᠢᠨ ᠬᠢᠨᠠᠮᠠᠭᠠᠢ | ᠬᠢᠨᠠᠨ ᠵᠥᠪᠯᠡᠵᠦ᠂ ᠠᠷᠠᠳ ᠤᠯᠠᠨ ᠪᠣᠯᠤᠨ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠰᠡᠳᠭᠢᠯ ᠤᠨ ᠲᠠᠭᠤᠨ | ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠤᠳᠤᠵᠤ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ | ᠰᠠᠨᠠᠯ ᠢᠶᠠᠨ ᠢᠯᠡᠳᠭᠡᠨ᠂ ᠲᠦᠷᠦ ᠶᠢᠨ ᠪᠠᠶᠢᠭᠤᠯᠭ᠎ᠠ ᠶᠢᠨ ᠠᠵᠢᠯ ᠢ ᠦᠨᠡᠨ ᠪᠣᠳᠠᠲᠠᠢ ᠦᠨᠡᠯᠡᠵᠦ᠂ ᠨᠠᠮ ᠪᠣᠯᠤᠨ | ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠢᠳᠡᠪᠬᠢᠲᠡᠢ ᠪᠠᠷ ᠪᠣᠳᠠᠲᠠᠢ ᠠᠷᠭ᠎ᠠ ᠭᠠᠷᠭᠠᠵᠤ᠂ ᠰᠠᠶᠢᠨ ᠠᠷᠭ᠎ᠠ | ᠪᠤᠳᠤᠯᠭ᠎ᠠ ᠳᠤᠷᠠᠳᠪᠠ᠃ ᠲᠥᠯᠥᠭᠡᠯᠡᠭᠴᠢᠳ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠰᠡᠳᠭᠢᠯ | ᠰᠠᠨᠠᠭ᠎ᠠ ᠪᠠᠨ ᠲᠥᠪᠯᠡᠷᠡᠭᠦᠯᠦᠨ ᠨᠢᠭᠡ ᠰᠡᠳᠭᠢᠯ ᠨᠢᠭᠡ ᠵᠤᠷᠢᠭ ᠢᠶᠠᠷ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠪᠡ᠃ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ | ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠲᠥᠯᠥᠭᠡᠯᠡᠭᠴᠢᠳ ᠨᠠᠮ ᠪᠠ | ᠤᠯᠤᠰ ᠤᠨ ᠠᠷᠠᠳ ᠣᠯᠠᠨ ᠲᠠᠢ ᠬᠠᠷᠢᠯᠴᠠᠬᠤ ᠬᠥᠭᠦᠷᠭᠡ ᠪᠣᠯᠵᠣ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ | ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ | ᠬᠡᠬᠦᠳᠡᠭ ᠳᠦᠭᠦᠷᠡᠩ ᠤᠯᠤᠰ ᠲᠥᠷᠥ ᠶᠢᠨ ᠬᠠᠯᠠᠭᠤᠨ ᠰᠡᠳᠭᠢᠯᠭᠡ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | |