ᠬᠤᠷᠴᠢᠨ ᠲᠣᠭᠤᠷᠢᠭ᠄ ᠣᠯᠠᠨ ᠲᠠᠯ᠎ᠠ ᠪᠠᠷ ᠬᠦᠴᠦᠯᠡᠵᠦ ᠪᠠᠶᠢᠭᠠᠳ ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ
ᠨᠡᠶᠢᠲᠡᠯᠡᠭᠰᠡᠨ ᠴᠠᠭ᠄
2025/3/17
      ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ᠡᠯ᠎ᠡ ᠲᠠᠯ᠎ᠠ ᠶᠢᠨ ᠬᠦᠴᠦᠨ ᠢ ᠵᠣᠬᠢᠶᠠᠨ ᠪᠠᠶᠢᠭᠤᠯᠵᠤ ᠲᠠᠷᠢᠶᠠᠯᠠᠩ ᠤᠨ ᠮᠠᠰᠢᠨ ᠤ ᠲᠣᠬᠢᠷᠠᠭᠤᠯᠤᠯᠲᠠ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠣᠯᠭ᠎ᠠ ᠵᠢᠴᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠠᠲᠤᠯᠠᠭ᠎ᠠ ᠵᠡᠷᠭᠡ ᠵᠠᠩᠭᠢᠯᠠᠭ᠎ᠠ ᠶᠢᠨ ᠬᠦᠷᠢᠶᠡᠨ ᠳᠤ ᠤᠯᠠᠨ ᠲᠠᠯ᠎ᠠ ᠪᠠᠷ ᠬᠦᠴᠦᠯᠡᠵᠦ᠂ ᠪᠦᠬᠦ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠳᠤ ᠰᠠᠭᠤᠷᠢ ᠶᠢ ᠪᠠᠲᠤᠳᠬᠠᠪᠠ᠃ ᠬᠤᠷᠴᠢᠨ ᠲᠣᠭᠤᠷᠢᠭ ᠤᠨ ᠬᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠲᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠬᠠᠤᠯᠢ ᠬᠡᠷᠡᠭᠵᠢᠭᠦᠯᠬᠦ ᠭᠡᠰᠢᠭᠦᠳ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠪᠠ ᠡᠵᠡᠩᠨᠡᠯᠲᠡ ᠶᠢᠨ ᠳᠡᠯᠭᠡᠭᠦᠷ ᠲᠤ ᠭᠦᠨᠵᠡᠭᠡᠶᠢᠷᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠ ᠪᠠᠷᠠᠭ᠎ᠠ ᠣᠷᠣᠭᠤᠯᠤᠭᠰᠠᠨ ᠡᠬᠡ ᠲᠠᠩᠰᠠ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠬᠦ ᠶᠢᠨ ᠬᠠᠮᠲᠤ ᠲᠠᠷᠢᠮᠠᠯ ᠤᠨ ᠡᠷᠦᠬᠡ ᠳᠤ ᠬᠤᠳᠠᠯ ᠬᠠᠭᠤᠷᠮᠠᠭ ᠢ ᠢᠯᠭᠠᠨ ᠲᠠᠨᠢᠬᠤ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠲᠠᠷᠢᠶᠠᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠢ ᠲᠡᠭᠡᠭᠰᠢᠯᠡᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号