ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠥᠪᠯᠡᠯ | ᠠᠯᠪᠠᠨ ᠬᠡᠷ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ ︽ᠲᠦᠩᠯᠢᠶᠣᠤ | ᠬᠤᠲᠠ ᠶᠢᠨ 2025 ᠣᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ | ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠣᠱᠯᠠᠭᠤᠯᠤᠨ | ᠨᠠᠶᠢᠳᠠᠪᠤᠷᠢᠵᠢᠭᠤᠯᠲᠤᠭᠠᠶ᠃ 2025 ᠣᠨ ᠤ 2 ᠳ᠋ᠤᠭᠠᠷ ᠰᠠᠷ᠎ᠠ ᠶᠢᠨ 27 ︵ᠲᠤᠰ ᠮᠠᠲ᠋ᠧᠷᠢᠶᠠᠯ ᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ ᠲᠦᠩᠯᠢᠶᠣᠤ ᠬᠤᠲᠠ ᠶᠢᠨ 2025 ᠣᠨ ᠤ ᠤᠰᠤ ᠠᠷᠪᠢᠯᠠᠬᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠰᠤ ᠠᠷᠪᠢᠯᠠᠵᠤ ᠣᠰᠣᠨ ᠤ | ᠡᠬᠢ ᠪᠠᠶᠠᠯᠢᠭ ᠢ ᠬᠠᠮᠠᠭᠠᠯᠠᠬᠤ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠣᠣᠱᠯᠠᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠤᠰᠤ ᠠᠷᠪᠢᠯᠠᠬᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠥᠬᠦ ᠨᠡᠶᠢᠭᠡᠮ ᠤᠨ ᠤᠰᠤ ᠠᠷᠪᠢᠯᠠᠬᠤ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠳᠤᠲᠠᠭᠳᠠᠬᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ | ᠠᠪᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠬᠦ ᠶᠢᠨ ᠲᠤᠰᠠᠳᠠ᠂ ᠪᠥᠬᠦ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠨᠢᠭᠡ᠂ ᠶᠡᠷᠦᠩᠬᠡᠢ | ᠱᠠᠭᠠᠷᠳᠠᠯᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ | ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ | ᠤᠰᠤ ᠶᠢ ᠵᠠᠰᠠᠬᠤ ᠰᠡᠳᠬᠢᠴᠡ ᠶᠢ ᠭᠦᠨᠵᠡᠭᠡᠢ ᠦᠢᠯᠡᠳᠦᠯᠭᠡᠵᠢᠭᠦᠯᠵᠦ᠂ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠠᠵᠢᠯ | ᠲᠦᠷᠦᠯ ᠢ ᠡᠵᠡᠮᠳᠡᠬᠦ᠂ ᠲᠣᠭᠲᠠᠭᠰᠠᠨ ᠨᠤᠷᠮ᠎ᠠ ᠶᠢ ᠡᠵᠡᠮᠳᠡᠬᠦ ᠶᠢ ᠪᠠᠷᠢᠮᠲᠠᠯᠠᠵᠤ᠂ ᠪᠦᠬᠦ ᠨᠡᠶᠢᠭᠡᠮ ᠤᠨ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠲᠦᠷᠢᠮ᠂ ᠲᠦᠷᠦ ᠶᠢᠨ ᠪᠤᠳᠤᠯᠭ᠎ᠠ᠂ | ᠮᠡᠷᠭᠡᠵᠢᠯ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ | ᠠᠮᠢᠳᠤᠷᠠᠯ᠂ ᠠᠮᠢ ᠠᠬᠤᠢ ᠶᠢᠨ ᠪᠦᠬᠦ ᠶᠠᠪᠤᠴᠠ ᠳᠤ ᠬᠡᠷᠡᠭᠯᠡᠬᠦ ᠤᠰᠤ ᠶᠢ ᠠᠷᠪᠢᠯᠠᠬᠤ ᠶᠢ ᠲᠦᠷᠭᠡᠳᠬᠡᠨ ᠠᠬᠢᠭᠤᠯᠵᠤ᠂ | ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠵᠦ᠂ ᠪᠦᠬᠦ | ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠤᠰᠤᠨ ᠤ ᠠᠶᠤᠯᠭᠦᠢ ᠶᠢᠨ ᠪᠠᠲᠤᠯᠠᠭ᠎ᠠ | ᠬᠠᠩᠭᠠᠨ᠎ᠠ᠃ ᠬᠤᠶᠠᠷ᠂ ᠦᠨᠳᠦᠰᠦᠨ ᠵᠠᠷᠴᠢᠮ ︵ᠨᠢᠭᠡ︶ ᠵᠠᠰᠠᠭ ᠤᠨ ᠣᠷᠳᠣᠨ ᠭᠤᠣᠯ ᠤᠳᠤᠷᠢᠳᠴᠤ᠂ ᠰᠠᠯᠠᠭ᠎ᠠ | ᠮᠥᠴᠢᠷ ᠬᠠᠮᠵᠢᠯᠴᠠᠨ᠎ᠠ᠃ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ | ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠬᠤᠲᠠ ᠶᠢᠨ ᠠᠵᠢᠯᠯᠠᠭᠠᠨ ᠢ | ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠡᠯ᠎ᠡ ᠱᠠᠲᠤᠨ ᠤ | ᠵᠠᠰᠠᠭ ᠤᠨ ᠣᠷᠳᠣᠨ ᠲᠦᠷᠦᠭᠦᠯᠡᠨ ᠶᠡᠷᠦᠩᠬᠡᠶᠢᠯᠡᠨ ᠠᠳᠬᠤᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠵᠣᠬᠢᠴᠠᠭᠤᠯᠤᠨ ᠬᠠᠮᠵᠢᠯᠴᠠᠵᠤ᠂ ᠤᠰᠤ ᠠᠷᠪᠢᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠶ᠃ ︵ᠬᠤᠶᠠᠷ︶ ᠪᠦᠬᠦᠯᠢ ᠴᠣᠭᠴᠠ ᠪᠠᠷ ᠨᠢ ᠠᠬᠢᠭᠤᠯᠵᠤ᠂ ᠭᠤᠤᠯᠳᠠᠯᠭ᠎ᠠ ᠲᠠᠢ | ᠰᠢᠪᠲᠤᠯᠤᠯᠲᠠ ᠬᠢᠨ᠎ᠡ᠃ ᠤᠰᠤ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ᠡᠯ᠎ᠡ ᠭᠠᠵᠠᠷ ᠡᠯ᠎ᠡ ᠬᠦᠷᠢᠶᠡᠨ ᠳᠤ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠲᠠᠲᠠᠬᠤ᠂ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠳᠤ ᠥᠨᠳᠥᠷ | ᠪᠦᠲᠦᠮᠵᠢᠲᠡᠶ ᠪᠠᠷ ᠤᠰᠤ ᠠᠷᠪᠢᠯᠠᠬᠤ ᠬᠡᠪᠴᠢᠶ᠎ᠡ ᠶᠢ ᠥᠷᠭᠡᠳᠬᠡᠵᠦ᠂ ᠭᠦᠶᠦᠭᠡᠨ ᠪᠤᠯᠠᠵᠤ ᠳᠤᠰᠤᠯᠭᠠᠨ ᠤᠰᠤᠯᠠᠬᠤ | ᠮᠡᠷᠭᠡᠵᠢᠯ ᠢ ᠲᠦᠭᠡᠮᠡᠯᠵᠢᠭᠦᠯᠦᠨ᠂ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠠᠭᠤᠳᠠᠯᠤᠨ᠎ᠠ᠃ ︵ | ᠭᠤᠷᠪᠠ︶ ᠶᠡᠷᠦᠩᠬᠡᠶᠢᠯᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︽ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠠᠵᠢᠯ ᠲᠥᠷᠥᠯ ᠢ ᠡᠵᠡᠮᠳᠡᠬᠦ᠂ ᠲᠣᠭᠲᠠᠭᠰᠠᠨ ᠨᠣᠷᠮ᠎ᠠ ᠶᠢ ᠬᠢᠵᠠᠭᠠᠷᠯᠠᠬᠤ︾ | ᠵᠡᠷᠭᠡ ᠣᠯᠠᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠬᠦ ᠶᠢ ᠪᠠᠷᠢᠮᠲᠠᠯᠠᠵᠤ᠂ ᠤᠰᠤ ᠠᠷᠪᠢᠯᠠᠨ ᠦᠷ᠎ᠡ ᠠᠰᠢᠭ ᠢ | ᠨᠡᠮᠡᠭᠳᠡᠭᠦᠯᠬᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠬᠢᠷᠠᠯ ᠢ ᠪᠠᠭᠠᠰᠬᠠᠬᠤ᠂ ᠤᠰᠤ ᠶᠢ | ᠠᠰᠢᠭᠯᠠᠬᠤ ᠶᠢ ᠲᠠᠷᠢᠶᠠᠯᠠᠩ᠂ ᠠᠵᠤ ᠦᠢᠯᠡᠳᠪᠦᠷᠢ᠂ ᠦᠢᠯᠡᠳᠪᠦᠷᠢᠯᠡᠯ ᠠᠮᠢᠳᠤᠷᠠᠯ ᠤᠨ ᠬᠡᠷᠡᠭᠯᠡᠬᠦ ᠤᠰᠤᠨ ᠤ ᠪᠦᠬᠦ | ᠶᠠᠪᠤᠴᠠ ᠳᠤ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠ ᠦᠷ᠎ᠡ | ᠠᠰᠢᠭ ᠢ ᠳᠡᠭᠡᠭᠰᠢᠯᠡᠭᠦᠯᠬᠦ ᠬᠡᠷᠡᠭᠲᠡᠶ᠃ ︵ᠲᠦᠷᠪᠡ︶ ᠰᠢᠨᠵᠢᠯᠡᠭᠡ ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠠᠵᠤ | ᠦᠢᠯᠡᠰ ᠢ ᠪᠤᠶᠢᠵᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠴᠢᠩᠭᠠᠷᠠᠭᠤᠯᠤᠨ᠂ | ᠲᠡᠷᠢᠭᠦᠨ ᠤ ᠤᠰᠤ ᠠᠷᠪᠢᠯᠠᠬᠤ ᠮᠡᠷᠭᠡᠵᠢᠯ ᠬᠢᠭᠡᠳ ᠤᠷᠠᠨ ᠳᠠᠷᠬ᠎ᠠ ᠶᠢ ᠳᠡᠯᠭᠡᠷᠡᠭᠦᠯᠵᠦ᠂ ᠦᠷ᠎ᠡ ᠪᠦᠲᠦᠭᠡᠯ ᠢ | ᠬᠤᠪᠢᠷᠠᠭᠤᠯᠬᠤ ᠠᠯᠬᠤᠴᠠ ᠶᠢ ᠲᠦᠷᠭᠡᠳᠬᠡᠨ᠂ ᠤᠰᠤ ᠠᠷᠪᠢᠯᠠᠬᠤ ᠮᠡᠷᠭᠡᠵᠢᠯ ᠲᠣᠨᠣᠭᠯᠠᠯ ᠤᠨ ᠦᠢᠯᠡᠳᠬᠦᠨ ᠢ | ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠵᠢᠴᠢ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠰᠤ | ᠠᠷᠪᠢᠯᠠᠬᠤ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ᠃ ︵ᠲᠠᠪᠤ︶ ᠲᠥᠷᠥ ᠶᠢᠨ ᠪᠣᠳᠣᠯᠭ᠎ᠠ ᠪᠠᠷ ᠬᠥᠲᠥᠯᠥᠨ | ᠵᠢᠯᠣᠭᠤᠳᠴᠤ᠂ ᠬᠤᠶᠠᠷ ᠲᠠᠯ᠎ᠠ ᠪᠠᠷ ᠬᠦᠴᠦᠯᠡᠨ᠎ᠠ᠃ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠢᠭᠡ ᠲᠠᠯ᠎ᠠ ᠪᠠᠷ | ᠭᠠᠵᠠᠷ ᠳᠣᠤᠷᠠᠬᠢ ᠤᠰᠤ ᠶᠢ ᠠᠷᠪᠢᠯᠠᠵᠤ ᠠᠰᠢᠭᠯᠠᠬᠤ ᠶᠢ ᠠᠳᠬᠤᠨ᠂ ᠨᠥᠭᠦᠭᠡ ᠲᠠᠯ᠎ᠠ ᠪᠠᠷ ᠭᠠᠳᠠᠨ᠎ᠠ ᠠᠴᠠ ᠤᠰᠤ | ᠲᠠᠲᠠᠬᠤ ᠶᠢ ᠪᠦᠲᠦᠮᠵᠢᠲᠡᠶ ᠨᠥᠬᠦᠪᠥᠷᠢᠯᠡᠬᠦ ᠶᠢ ᠠᠳᠬᠤᠵᠤ᠂ ᠤᠰᠤ ᠠᠷᠪᠢᠯᠠᠬᠤ ᠤᠬᠠᠭᠤᠯᠭ᠎ᠠ ᠬᠥᠮᠦᠵᠢᠯ ᠤᠨ | ᠡᠷᠴᠢᠮ ᠢᠶᠠᠨ ᠴᠢᠩᠭᠠᠷᠠᠭᠤᠯᠤᠨ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠶ | ᠃ ᠭᠤᠷᠪᠠ᠂ ᠠᠵᠢᠯ ᠤᠨ ᠬᠠᠷᠠᠯᠲᠠ 2025 ᠣᠨ ᠤ ᠡᠴᠦᠰ ᠪᠣᠯᠬᠤ ᠳᠤ᠂ ᠤᠰᠤᠨ ᠤ ᠡᠬᠢ ᠪᠠᠶᠠᠯᠢᠭ ᠢ ᠠᠷᠪᠢᠲᠠᠶ | ᠡᠷᠴᠢᠮᠯᠢᠭ ᠠᠰᠢᠭᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ | ᠦᠷ᠎ᠡ ᠪᠦᠲᠦᠮᠵᠢ ᠪᠠ ᠦᠷ᠎ᠡ ᠠᠰᠢᠭ ᠢ ᠢᠯᠡᠳᠲᠡ ᠳᠡᠭᠡᠭᠰᠢᠯᠡᠭᠦᠯᠵᠦ᠂ ᠪᠥᠬᠦ ᠨᠡᠶᠢᠭᠡᠮ ᠤᠨ ᠤᠰᠤ ᠠᠷᠪᠢᠯᠠᠬᠤ | ᠤᠬᠠᠮᠰᠠᠷ ᠢ ᠲᠠᠰᠤᠷᠠᠯᠲᠠ ᠥᠬᠡᠶ ᠴᠢᠩᠭᠠᠷᠠᠭᠤᠯᠤᠨ᠎ᠠ︔ ᠪᠥᠬᠦ ᠬᠤᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ | 26.81 ᠳ᠋ᠦᠩᠰᠢᠭᠤᠷ ᠺᠦᠪ ᠮᠧᠳ᠋ᠷ ᠤᠨ ᠳᠣᠲᠣᠷ᠎ᠠ ᠬᠢᠵᠠᠭᠠᠷᠯᠠᠵᠤ᠂ ᠡᠩ ᠤᠨ ᠪᠤᠰᠤ ᠤᠰᠤᠨ ᠰᠤᠷᠪᠤᠯᠵᠢ ᠶᠢᠨ | ᠠᠰᠢᠭᠯᠠᠯᠲᠠ ᠶᠢᠨ ᠬᠡᠮᠵᠢᠶ᠎ᠡ ᠶᠢ 0.68 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠬᠦᠷᠦᠭᠦᠯᠵᠦ᠂ ᠲᠠᠷᠢᠶᠠᠯᠠᠩ ᠤᠨ | ᠤᠰᠤ ᠠᠷᠪᠢᠯᠠᠬᠤ ᠴᠢᠳᠠᠪᠤᠷᠢ ᠶᠢ 1.3 ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ | ᠲᠦᠮᠡᠨ ᠲᠥᠭᠦᠷᠢᠭ ᠪᠦᠷᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ ᠪᠦᠷᠢ ᠶᠢᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ | ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 20% ᠪᠠ 13.5% ᠠᠴᠠ ᠳᠡᠭᠡᠭᠰᠢ ᠪᠠᠷ ᠪᠠᠭᠤᠷᠠᠭᠤᠯᠵᠤ᠂ | ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ ᠠᠰᠢᠭᠯᠠᠬᠤ ᠢᠯᠡᠳᠬᠡᠮᠵᠢ ᠶᠢ 0.69 ᠠᠴᠠ | ᠳᠡᠭᠡᠭᠰᠢ ᠬᠦᠷᠦᠭᠦᠯᠵᠦ᠂ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠤᠨ | ᠭᠤᠭᠤᠵᠢᠬᠤ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠨ᠎ᠠ᠃ ᠳᠥᠷᠪᠡ᠂ ᠭᠤᠤᠯᠳᠠᠯᠭ᠎ᠠ ᠲᠠᠢ ᠡᠭᠦᠷᠭᠡ ︵ᠨᠢᠭᠡ︶ | ᠤᠰᠤᠨ ᠤ ᠡᠬᠢ ᠪᠠᠶᠠᠯᠢᠭ ᠤᠨ ᠬᠠᠳᠠᠭᠤ ᠬᠢᠵᠠᠭᠠᠷᠯᠠᠯ ᠢ ᠴᠢᠩᠭᠠᠳᠬᠠᠨ᠎ᠠ 1. ᠣᠷᠣᠨ ᠪᠦᠰᠡ ᠶᠢᠨ ᠤᠰᠤ ᠬᠡᠷᠡᠭᠯᠡᠬᠦ | ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠥᠪᠡᠷᠲᠡᠭᠡᠨ ᠵᠠᠰᠠᠬᠤ | ᠣᠷᠣᠨ ᠠᠴᠠ ᠪᠠᠭᠤᠯᠭᠠᠭᠰᠠᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠯ ᠲᠤᠭ᠎ᠠ ᠶᠢ | ᠦᠨᠳᠦᠰᠦᠯᠡᠨ᠂ ᠬᠤᠰᠢᠭᠤ ᠰᠢᠶᠠᠨ ᠬᠤᠲᠠ ᠲᠣᠭᠤᠷᠢᠭ ᠤᠨ ᠤᠰᠤᠨ ᠤ ᠬᠡᠮᠵᠢᠶ᠎ᠡ ᠶᠢᠨ ᠭᠦᠢᠴᠡᠳᠬᠡᠯ ᠲᠤᠭ᠎ᠠ ᠶᠢᠨ | ᠬᠤᠪᠢᠶᠠᠷᠢᠯᠠᠯᠲᠠ ᠶᠢ ᠲᠦᠷᠭᠡᠳᠬᠡᠬᠦ ᠬᠡᠷᠡᠭᠲᠡᠶ᠃ ᠬᠤᠰᠢᠭᠤ ᠰᠢᠶᠠᠨ ᠬᠤᠲᠠ ᠲᠣᠭᠤᠷᠢᠭ ᠤᠰᠤ ᠬᠤᠪᠢᠶᠠᠬᠤ | ᠭᠦᠢᠴᠡᠳᠬᠡᠯ ᠲᠤᠭ᠎ᠠ ᠶᠢ ᠦᠨᠳᠦᠰᠦᠯᠡᠨ᠂ ᠦᠨᠳᠦᠰᠦᠨ ᠤᠰᠤ ᠬᠡᠷᠡᠭᠯᠡᠬᠦ ᠡᠷᠦᠬᠡ ᠪᠠ ᠤᠰᠤ ᠬᠡᠷᠡᠭᠯᠡᠬᠦ ᠨᠢᠭᠡᠴᠡ ᠳᠤ | ᠨᠠᠷᠢᠯᠢᠬᠵᠢᠭᠤᠯᠤᠨ ᠵᠠᠳᠠᠯᠤᠨ᠎ᠠ᠃ 2025 ᠣᠨ ᠳᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 26.81 | ᠳ᠋ᠦᠩᠰᠢᠭᠤᠷ ᠺᠦᠪ ᠮᠧᠳ᠋ᠷ ᠢᠶᠠᠷ ᠬᠢᠵᠠᠭᠠᠷᠯᠠᠵᠤ᠂ ᠡᠯ᠎ᠡ ᠬᠦᠷᠢᠶ᠎ᠡ ᠴᠠᠷᠠᠭ᠎ᠠ᠂ ᠡᠯ᠎ᠡ ᠠᠵᠢᠯ ᠲᠥᠷᠥᠯ ᠤᠨ ᠤᠰᠤ | ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠵᠤ᠂ ᠲᠦᠮᠡᠨ ᠲᠥᠭᠦᠷᠢᠭ ᠪᠦᠷᠢ ᠶᠢᠨ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠪᠠ ᠲᠦᠮᠡᠨ ᠲᠥᠭᠦᠷᠢᠭ ᠪᠦᠷᠢ ᠶᠢᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 2020 ᠣᠨ ᠤ ᠬᠢ ᠠᠴᠠ 20% ᠪᠠ | 13.5% ᠠᠴᠠ ᠳᠡᠭᠡᠭᠰᠢ ᠪᠠᠷ ᠪᠠᠭᠤᠷᠠᠭᠤᠯᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤ ᠶᠢ ᠪᠦᠲᠦᠮᠵᠢᠲᠡᠶ | ᠠᠰᠢᠭᠯᠠᠬᠤ ᠢᠯᠡᠳᠬᠡᠮᠵᠢ ᠶᠢ 0.69% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 2. ᠤᠰᠤᠨ ᠤ ᠡᠬᠢ | ᠪᠠᠶᠠᠯᠢᠭ ᠤᠨ ᠬᠡᠷᠡᠭᠯᠡᠯᠲᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠪᠠᠷᠠᠭᠤᠨ ᠯᠢᠶᠣᠤ ᠾᠧ ᠭᠤᠤᠯ ᠤᠨ | ᠣᠷᠣᠨ ᠪᠦᠰᠡ ᠶᠢᠨ ᠳᠣᠲᠣᠷᠠᠬᠢ ᠤᠰᠤᠨ ᠤ ᠬᠡᠮᠵᠢᠶ᠎ᠡ ᠨᠢ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠠᠴᠠ | ᠬᠡᠲᠦᠷᠡᠭᠰᠡᠨ ᠬᠤᠷᠴᠢᠨ ᠲᠣᠭᠤᠷᠢᠭ᠂ ᠨᠡᠭᠡᠭᠡᠯᠲᠡ ᠶᠢᠨ ᠲᠣᠭᠤᠷᠢᠭ᠂ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ | ᠂ ᠺᠠᠶᠢᠯᠦ ᠰᠢᠶᠠᠨ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠵᠠᠷᠤᠳ ᠬᠤᠰᠢᠭᠤ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ᠂ ᠤᠰᠤᠨ ᠤ ᠡᠷᠬᠡ ᠶᠢ ᠰᠢᠯᠵᠢᠭᠦᠯᠦᠨ ᠥᠭᠬᠦ ᠪᠠᠷ ᠳᠠᠮᠵᠢᠨ | ᠤᠰᠤᠨ ᠤ ᠭᠦᠢᠴᠡᠳᠬᠡᠯ ᠲᠤᠭ᠎ᠠ ᠣᠯᠤᠭᠰᠠᠨ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠭᠠᠵᠠᠷ ᠳᠣᠤᠷᠠᠬᠢ | ᠤᠰᠤ ᠶᠢ ᠰᠢᠨ᠎ᠡ ᠪᠠᠷ ᠲᠠᠲᠠᠵᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠᠨ ᠴᠥᠮ ᠲᠦᠷ ᠵᠣᠭᠰᠣᠭᠠᠨ᠎ᠠ᠃ ᠤᠰᠤ | ᠠᠪᠬᠤ ᠵᠥᠪᠰᠢᠶᠡᠷᠡᠯ ᠢ ᠬᠢᠨᠠᠨ ᠬᠠᠮᠢᠶᠠᠷᠬᠤ ᠪᠠᠨ ᠴᠢᠩᠭᠠᠷᠠᠭᠤᠯᠵᠤ᠂ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ | ᠤᠰᠤ ᠠᠪᠤᠭᠰᠠᠨ᠂ ᠲᠣᠭᠲᠠᠭᠰᠠᠨ ᠨᠥᠬᠦᠴᠡᠯ ᠢᠶᠠᠷ ᠤᠰᠤ ᠠᠪᠤᠭᠰᠠᠨ ᠦᠭᠡᠶ᠂ ᠴᠣᠬᠤᠯᠠᠪᠤᠷᠢᠯᠠᠭᠰᠠᠨ ᠠᠴᠠ | ᠳᠠᠪᠠᠭᠤᠯᠤᠨ ᠲᠥᠯᠥᠪᠯᠡᠭᠡ ᠠᠴᠠ ᠳᠠᠪᠠᠭᠤᠯᠤᠨ ᠤᠰᠤ ᠠᠪᠤᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 3. ᠭᠤᠤᠯᠳᠠᠯᠭ᠎ᠠ ᠲᠠᠢ | ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠤᠰᠤᠨ ᠤ ᠡᠬᠢ ᠪᠠᠶᠠᠯᠢᠭ ᠢ ᠲᠥᠯᠥᠪᠵᠢᠭᠦᠯᠬᠦ ᠪᠠ ᠪᠦᠲᠦᠭᠡᠨ | ᠪᠠᠶᠢᠭᠤᠯᠬᠤ ᠲᠥᠷᠥᠯ ᠵᠦᠢᠯ ᠤᠨ ᠤᠰᠤ ᠠᠪᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠭᠤᠭᠴᠤᠭ᠎ᠠ ᠳᠤ | ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠢ | ᠡᠷᠬᠡᠪᠰᠢ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ | ᠬᠦᠷᠦᠭᠦᠯᠬᠦ ᠬᠡᠷᠡᠭᠲᠡᠶ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠠᠵᠤ | ᠦᠢᠯᠡᠳᠪᠦᠷᠢ ᠪᠣᠯᠤᠨ ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ | ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠶᠢᠨ | ᠲᠡᠷᠢᠭᠦᠨ ᠤ ᠬᠡᠮᠵᠢᠭᠳᠡᠯ ᠠᠴᠠ ᠳᠣᠤᠷ᠎ᠠ ᠦᠭᠡᠶ ᠪᠠᠶᠢᠬᠤ ᠬᠡᠷᠡᠭᠲᠡᠶ︔ ᠲᠡᠷᠢᠭᠦᠨ ᠤ ᠬᠡᠮᠵᠢᠭᠳᠡᠯ ᠢ ᠬᠠᠷᠠᠬᠠᠨ | ᠲᠣᠭᠲᠠᠭᠠᠭᠠᠳᠤᠶ ᠪᠣᠯ ᠨᠡᠶᠢᠳᠡᠮ ᠬᠡᠷᠡᠭᠯᠡᠬᠦ ᠤᠰᠤ ᠬᠡᠷᠡᠭᠯᠡᠬᠦ ᠲᠣᠭᠲᠠᠭᠰᠠᠨ ᠨᠣᠷᠮ᠎ᠠ ᠠᠴᠠ ᠳᠣᠤᠷ᠎ᠠ ᠦᠭᠡᠶ ᠪᠠᠶᠢᠬᠤ | ᠬᠡᠷᠡᠭᠲᠡᠶ᠃ ᠤᠰᠤ ᠬᠡᠷᠡᠭᠯᠡᠬᠦ ᠬᠢᠷᠢ ᠬᠡᠮᠵᠢᠶ᠎ᠡ ᠨᠢ ᠨᠡᠶᠢᠳᠡᠮ ᠬᠡᠷᠡᠭᠯᠡᠬᠦ ᠤᠰᠤᠨ ᠤ ᠲᠣᠭᠲᠠᠭᠰᠠᠨ ᠲᠤᠭ᠎ᠠ ᠠᠴᠠ ᠳᠣᠤᠷ᠎ᠠ | ᠪᠠᠶᠢᠬᠤ ᠠᠵᠤ ᠦᠢᠯᠡᠳᠪᠦᠷᠢ ᠪᠣᠯᠤᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠳᠤ ᠬᠤᠭᠤᠴᠠᠭ᠎ᠠ | ᠬᠢᠵᠠᠭᠠᠷᠯᠠᠨ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠬᠦ ᠬᠡᠷᠡᠭᠲᠡᠶ᠃ ᠤᠰᠤ ᠬᠡᠷᠡᠭᠯᠡᠬᠦ ᠲᠣᠭᠲᠠᠭᠰᠠᠨ | ᠨᠣᠷᠮ᠎ᠠ ᠶᠢ ᠤᠰᠤ ᠠᠷᠪᠢᠯᠠᠬᠤ ᠶᠢ ᠦᠨᠡᠯᠡᠬᠦ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ᠂ ᠤᠰᠤ ᠠᠷᠪᠢᠯᠠᠬᠤ ᠳᠤ | ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠲᠠᠯ᠎ᠠ ᠪᠠᠷ ᠬᠢ ᠬᠡᠷᠡᠭᠯᠡᠯᠲᠡ ᠶᠢ ᠴᠢᠩᠭᠠᠳᠬᠠᠨ᠎ᠠ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 4. ᠬᠢᠨᠠᠨ ᠬᠡᠮᠵᠢᠵᠦ ᠬᠡᠮᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ︽ᠤᠭᠰᠠᠷᠠᠪᠠᠯ ᠵᠣᠬᠢᠬᠤ ᠶᠢ ᠨᠢ ᠴᠥᠮ ᠤᠭᠰᠠᠷᠠᠵᠤ᠂ ᠪᠠᠶᠢᠴᠠᠭᠠᠪᠠᠯ ᠵᠣᠬᠢᠬᠤ ᠶᠢ ᠨᠢ ᠴᠥᠮ | ᠪᠠᠶᠢᠴᠠᠭᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ 2025 ᠣᠨ ᠤ ᠠᠵᠤ ᠦᠢᠯᠡᠳᠪᠦᠷᠢ᠂ ᠠᠮᠢᠳᠤᠷᠠᠯ᠂ | ᠦᠢᠯᠡᠴᠢᠯᠡᠭᠡᠨ ᠤ ᠦᠢᠯᠡᠰ ᠤᠨ ᠤᠰᠤ ᠲᠠᠲᠠᠬᠤ ᠳᠤ ᠬᠡᠮᠵᠢᠯᠲᠡ ᠶᠢᠨ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠡᠭᠦᠨ ᠳᠤ᠂ ᠵᠢᠯ ᠤᠨ ᠵᠥᠪᠰᠢᠶᠡᠷᠡᠯ ᠤᠨ ᠤᠰᠤᠨ ᠤ ᠬᠡᠮᠵᠢᠶ᠎ᠡ ᠨᠢ 50 ᠲᠦᠮᠡᠨ ᠺᠦᠪ ᠮᠧᠳ᠋ᠷ ᠠᠴᠠ ᠳᠡᠭᠡᠭᠰᠢᠬᠢ | ᠭᠠᠵᠠᠷ ᠤᠨ ᠭᠠᠳᠠᠷᠭᠤ ᠶᠢᠨ ᠤᠰᠤ ᠶᠢ ᠲᠠᠲᠠᠬᠤ ᠬᠡᠮᠵᠢᠶ᠎ᠡ ᠂ 5 ᠲᠦᠮᠡᠨ ᠺᠦᠪ ᠮᠧᠳ᠋ᠷ ᠠᠴᠠ ᠳᠡᠭᠡᠭᠰᠢᠬᠢ ᠭᠠᠵᠠᠷ | ᠳᠣᠣᠷᠠᠬᠢ ᠤᠰᠤ ᠶᠢ ᠲᠠᠲᠠᠬᠤ ᠬᠡᠮᠵᠢᠶ᠎ᠡ ᠶᠢ ᠴᠥᠮ ᠰᠦᠯᠵᠢᠶᠡᠨ ᠳᠡᠭᠡᠷ᠎ᠡ ᠬᠡᠮᠵᠢᠬᠦ ᠶᠢ ᠪᠡᠶᠡᠯᠡᠭᠦᠯᠦᠨ᠎ᠡ᠃ ᠭᠠᠵᠠᠷ ᠤᠨ | ᠭᠠᠳᠠᠷᠭᠤ ᠶᠢᠨ ᠤᠰᠤᠨ ᠤ ᠤᠰᠤᠯᠠᠯᠲᠠ ᠶᠢᠨ ᠣᠷᠣᠨ 1 ᠲᠦᠮᠡᠨ ᠮᠦ ᠠᠴᠠ ᠳᠡᠭᠡᠭᠰᠢᠬᠢ ᠰᠤᠪᠠᠭ ᠤᠨ ᠡᠬᠢᠨ ᠤ | ᠤᠰᠤ ᠠᠪᠬᠤ ᠬᠡᠮᠵᠢᠯᠲᠡ ᠶᠢᠨ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠬᠤᠳᠳᠤᠭ ᠤᠨ ᠤᠰᠤᠯᠠᠯᠲᠠ ᠶᠢᠨ | ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠬᠡᠮᠵᠢᠯᠲᠡ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠲᠣᠭᠤᠷᠢᠭ᠂ ᠬᠤᠳᠳᠤᠭ᠂ | ᠴᠠᠬᠢᠯᠭᠠᠨ ᠤ ᠲᠥᠬᠦᠭᠡᠷᠦᠮᠵᠢ ᠳᠤ ᠴᠥᠮ ᠬᠡᠮᠵᠢᠬᠦ ᠲᠥᠬᠦᠭᠡᠷᠦᠮᠵᠢ ᠤᠭᠰᠠᠷᠠᠵᠤ᠂ ᠠᠯᠤᠰ ᠠᠴᠠ ᠬᠢᠨᠠᠨ ᠬᠡᠮᠵᠢᠬᠦ | ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 5. ᠭᠠᠵᠠᠷ | ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠤ ᠵᠠᠰᠠᠯᠲᠠ ᠶᠢ ᠴᠢᠩᠭᠠᠷᠠᠭᠤᠯᠤᠨ᠎ᠠ᠃ ᠬᠤᠷᠴᠢᠨ | ᠲᠣᠭᠤᠷᠢᠭ ᠤᠨ ᠬᠡᠲᠦᠷᠡᠲᠡᠯ᠎ᠡ ᠮᠠᠯᠲᠠᠭᠰᠠᠨ ᠣᠷᠣᠨ ᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠥᠨᠳᠥᠷ | ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 50 ᠲᠦᠮᠡᠨ ᠮᠦ ᠠᠴᠠ ᠳᠡᠭᠡᠭᠰᠢ | ᠬᠡᠷᠡᠭᠵᠢᠭᠦᠯᠬᠦ ᠪᠠᠷ ᠳᠠᠮᠵᠢᠭᠤᠯᠤᠨ᠂ ᠪᠠᠷᠠᠭᠤᠨ ᠯᠢᠶᠣᠤ ᠾᠧ ᠭᠤᠣᠯ ᠤᠨ ᠤᠰᠤᠨ ᠤ ᠡᠬᠢ ᠪᠠᠶᠠᠯᠢᠭ ᠢ | ᠲᠣᠬᠢᠷᠠᠭᠤᠯᠬᠤ᠂ ᠦᠯᠵᠡᠶᠢᠮᠥ᠋ᠷᠡᠨ ᠤ ᠤᠰᠤ ᠶᠢ ᠲᠠᠲᠠᠵᠤ ᠲᠥᠩᠯᠢᠶᠣᠣ ᠳᠤ ᠣᠷᠣᠭᠤᠯᠬᠤ ᠢᠨᠵᠧᠨᠧᠷᠢᠩ᠂ ᠴᠤᠤᠯ | ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠣᠷᠣᠭᠤᠯᠬᠤ ᠢᠨᠵᠧᠨᠧᠷᠢᠩ ᠢ ᠠᠰᠢᠭᠯᠠᠵᠤ ᠵᠢᠯ ᠳᠤ 1.2 | ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠭᠠᠵᠠᠷ ᠳᠣᠣᠷᠠᠬᠢ ᠤᠰᠤ ᠶᠢ ᠡᠭᠡᠭᠦᠯᠦᠨ ᠨᠥᠬᠦᠪᠦᠷᠢᠯᠡᠵᠦ᠂ ᠴᠥᠭᠦᠷᠥᠮ | ᠵᠢᠴᠢ ᠭᠤᠣᠯ ᠤᠨ ᠵᠠᠮ ᠳᠠᠬᠢ ᠤᠰᠤᠯᠠᠯᠲᠠ ᠶᠢᠨ ᠲᠠᠯᠠᠪᠠᠢ ᠶᠢ 6 ᠲᠦᠮᠡᠨ ᠮᠦ ᠠᠴᠠ ᠳᠡᠭᠡᠭᠰᠢ ᠪᠠᠭᠠᠰᠬᠠᠬᠤ ᠵᠡᠷᠭᠡ | ᠠᠷᠭ᠎ᠠ ᠬᠡᠮᠵᠢᠶ᠎ᠡ ᠶᠢ ᠠᠪᠴᠤ᠂ 2025 ᠣᠨ ᠤ ᠰᠡᠭᠦᠯᠴᠢ ᠠᠴᠠ ᠡᠮᠦᠨ᠎ᠡ ᠲᠠᠲᠠᠬᠤ ᠪᠠ ᠨᠥᠬᠦᠪᠥᠷᠢᠯᠡᠬᠦ ᠶᠢ | ᠲᠡᠩᠴᠡᠭᠦᠷᠢ ᠲᠠᠢ ᠪᠣᠯᠭᠠᠵᠤ᠂ ᠤᠰᠤᠨ ᠲᠦᠪᠰᠢᠨ ᠢ ᠬᠢᠵᠠᠭᠠᠷᠯᠠᠵᠤ ᠪᠦᠬᠦᠢ ᠤᠰᠤᠨ ᠲᠦᠪᠰᠢᠨ ᠠᠴᠠ ᠳᠡᠭᠡᠭᠰᠢ | ᠬᠦᠷᠦᠭᠦᠯᠬᠦ ᠶᠢᠨ ᠬᠠᠮᠲᠤ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠤᠯᠤᠰ ᠤᠨ ᠰᠢᠨ᠎ᠡ ᠨᠢᠭᠡᠨ ᠡᠭᠡᠯᠵᠢ ᠶᠢᠨ | ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠬᠡᠲᠦᠷᠡᠲᠡᠯ᠎ᠡ ᠲᠠᠲᠠᠭᠰᠠᠨ ᠣᠷᠣᠨ ᠤ ᠬᠤᠪᠢᠶᠠᠷᠢᠯᠠᠨ | ᠲᠣᠭᠲᠠᠭᠠᠭᠰᠠᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠦᠬᠦᠢ ᠬᠤᠰᠢᠭᠤ ᠰᠢᠶᠠᠨ ︽ᠨᠢᠭᠡ ᠣᠷᠣᠨ ᠳᠤ ᠨᠢᠭᠡ | ᠪᠣᠳᠣᠯᠭ᠎ᠠ ᠬᠡᠷᠡᠭᠵᠢᠭᠦᠯᠬᠦ︾ ᠵᠠᠰᠠᠯᠲᠠ ᠶᠢᠨ ᠲᠥᠰᠦᠯ ᠢ ᠲᠣᠭᠲᠠᠭᠠᠵᠤ᠂ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠭᠦᠶᠦᠭᠡᠨ ᠪᠤᠯᠠᠵᠤ ᠳᠤᠰᠤᠯᠭᠠᠨ | ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠪᠠᠷᠠᠭᠤᠨ ᠯᠢᠶᠣᠤ ᠾᠧ ᠭᠤᠣᠯ ᠤᠨ ᠪᠥᠬᠦ ᠱᠤᠭᠤᠮ ᠢᠶᠠᠷ ᠤᠷᠤᠰᠬᠠᠯ ᠲᠠᠢ ᠪᠣᠯᠵᠤ᠂ ᠠᠮᠢ ᠠᠬᠤᠢ ᠶᠢᠨ | ᠰᠡᠷᠭᠦᠯᠲᠡ ᠶᠢᠨ ᠡᠷᠴᠢᠮ ᠢ ᠴᠢᠩᠭᠠᠷᠠᠭᠤᠯᠤᠨ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ | ᠣᠷᠣᠭᠤᠯᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠥᠪᠥᠷ ᠮᠣᠩᠭᠤᠯ ᠤᠨ ᠣᠰᠣᠨ ᠬᠠᠩᠭᠠᠯᠲᠠ ᠶᠢᠨ | ᠲᠦᠩᠯᠢᠶᠣᠤ ᠶᠢᠨ ᠰᠠᠯᠪᠤᠷᠢ ᠱᠤᠭᠤᠮ ᠤᠨ ᠢᠨᠵᠧᠨᠧᠷᠢᠩ ᠪᠠ ᠠᠵᠤ ᠦᠢᠯᠡᠳᠪᠦᠷᠢ᠂ ᠠᠮᠢᠳᠤᠷᠠᠯ ᠳᠤ ᠬᠡᠷᠡᠭᠯᠡᠬᠦ | ᠤᠰᠤ ᠶᠢ ᠰᠣᠯᠢᠬᠤ ᠢᠨᠵᠧᠨᠧᠷᠢᠩ ᠢ ᠲᠦᠷᠭᠡᠳᠬᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ | ᠶᠡᠷᠦᠩᠬᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ 2030 ᠣᠨ ᠠᠴᠠ ᠡᠮᠦᠨ᠎ᠡ ᠭᠠᠵᠠᠷ | ᠳᠣᠣᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ ᠲᠣᠭᠲᠠᠪᠤᠷᠢᠵᠢᠭᠤᠯᠬᠤ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ︵ᠬᠤᠶᠠᠷ︶ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ 6. | ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠮᠠᠰᠢᠨ ᠴᠠᠬᠢᠯᠭᠠᠨ | ᠬᠤᠳᠳᠤᠭ ᠤᠨ ᠬᠠᠮᠢᠶᠠᠷᠤᠯᠲᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢᠶᠠᠷ ᠨᠢᠭᠡᠴᠢ | ᠪᠣᠯᠭᠠᠨ᠂ ᠡᠬᠡ ᠳᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠭᠠᠵᠠᠷ ᠰᠢᠷᠣᠶ ᠶᠢᠨ ᠡᠷᠬᠡ ᠶᠢᠨ | ᠬᠠᠷᠢᠶ᠎ᠠ᠂ ᠬᠦᠴᠦᠳᠡᠯ ᠥᠭᠡᠷᠡᠴᠢᠯᠡᠭᠴᠢ᠂ ᠴᠠᠬᠢᠯᠭᠠᠨ ᠬᠡᠮᠵᠢᠭᠦᠷ᠂ ᠮᠠᠰᠢᠨ ᠴᠠᠬᠢᠯᠭᠠᠨ ᠬᠤᠳᠳᠤᠭ ᠤᠨ ᠪᠠᠶᠢᠷᠢᠰᠢᠯ᠂ | ᠤᠰᠤᠯᠠᠯᠲᠠ ᠶᠢᠨ ᠲᠠᠯᠠᠪᠠᠶ᠂ ᠬᠡᠮᠵᠢᠯᠲᠡ ᠶᠢᠨ ᠠᠷᠭ᠎ᠠ ᠮᠠᠶ᠋ᠢᠭ᠂ ᠤᠰᠤ ᠬᠡᠷᠡᠭᠯᠡᠬᠦ ᠡᠷᠦᠬᠡ ᠶᠢᠨ ᠲᠠᠷᠢᠮᠠᠯ ᠤᠨ ᠲᠠᠯᠠᠪᠠᠶ | ᠵᠢᠴᠢ ᠲᠠᠷᠢᠮᠠᠯ᠂ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠬᠠᠷᠢᠭᠤᠴᠠᠯᠭᠠᠲᠠᠨ ᠵᠡᠷᠭᠡ ᠡᠬᠡ ᠲᠠᠩᠰᠠ | ᠪᠠᠶᠢᠭᠤᠯᠵᠤ᠂ ᠬᠠᠤᠯᠢ ᠶᠣᠰᠣᠨ ᠤ ᠮᠠᠰᠢᠨ ᠴᠠᠬᠢᠯᠭᠠᠨ ᠬᠤᠳᠳᠤᠭ ᠢ ᠬᠢᠨᠠᠨ ᠪᠠᠶᠢᠴᠠᠭᠠᠵᠤ ᠳᠠᠩᠰᠠᠯᠠᠨ᠂ ᠤᠰᠤ | ᠠᠪᠬᠤ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠵᠤ᠂ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ᠂ ᠨᠢᠭᠡ | ᠴᠣᠭᠴᠠᠵᠢᠭᠤᠯᠬᠤ ᠶᠢᠨ ᠬᠠᠮᠲᠤ ᠲᠠᠷᠢᠶᠠᠯᠠᠩ ᠤᠨ ᠤᠰᠤ ᠬᠡᠷᠡᠭᠯᠡᠬᠦ ᠶᠢ ᠬᠢᠨᠠᠨ ᠬᠠᠮᠢᠶᠠᠷᠬᠤ ᠲᠠᠪᠴᠠᠩ ᠳᠤ | ᠣᠷᠣᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ | ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ 7. ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ | ᠤᠰᠤᠯᠠᠯᠲᠠ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ | ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠬᠤᠪᠢᠶᠠᠷᠢᠯᠠᠬᠤ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠤᠰᠤ | ᠬᠡᠷᠡᠭᠯᠡᠬᠦ ᠭᠦᠢᠴᠡᠳᠬᠡᠯ ᠲᠤᠭ᠎ᠠ ᠶᠢ ᠭᠠᠴᠠᠭ᠎ᠠ ᠲᠣᠰᠬᠤᠨ᠂ ᠭᠠᠵᠠᠷ ᠰᠢᠷᠣᠶ᠂ ᠬᠠᠷᠢᠭᠤᠴᠠᠯᠭᠠᠲᠠᠨ ᠳᠤ ᠬᠦᠷᠲᠡᠯ᠎ᠡ | ᠵᠠᠳᠠᠯᠤᠨ᠎ᠠ᠃ ᠭᠠᠵᠠᠷ ᠳᠣᠤᠷᠠᠬᠢ ᠤᠰᠤ ᠶᠢ ᠨᠢᠭᠡᠨᠲᠡ ᠬᠡᠲᠦᠷᠡᠲᠡᠯ᠎ᠡ ᠲᠠᠲᠠᠭᠰᠠᠨ ᠪᠤᠶᠤ ᠰᠢᠨ᠎ᠡ ᠪᠠᠷ ᠨᠡᠮᠡᠵᠦ ᠠᠪᠤᠭᠠᠳ | ᠭᠠᠵᠠᠷ ᠳᠣᠤᠷᠠᠬᠢ ᠤᠰᠤ ᠶᠢ ᠬᠠᠮᠢᠶᠠᠷᠤᠨ ᠡᠵᠡᠮᠳᠡᠬᠦ ᠨᠢᠭᠡᠴᠢ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠯ ᠲᠤᠭ᠎ᠠ ᠠᠴᠠ ᠬᠡᠲᠦᠷᠡᠭᠰᠡᠨ ᠭᠠᠵᠠᠷ ᠣᠷᠣᠨ ᠳᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ | ᠬᠤᠳᠳᠤᠭ ᠢ ᠰᠢᠨ᠎ᠡ ᠪᠠᠷ ᠪᠠᠶᠢᠭᠤᠯᠵᠤ ᠪᠣᠯᠬᠤ ᠥᠬᠡᠶ᠂ ᠲᠣᠰ ᠬᠤᠰᠢᠭᠤ ᠰᠢᠶᠠᠨ ᠬᠤᠲᠠ ᠲᠣᠭᠤᠷᠢᠭ ᠤᠨ ᠭᠠᠵᠠᠷ | ᠳᠣᠤᠷᠠᠬᠢ ᠤᠰᠤ ᠶᠢ ᠰᠢᠨ᠎ᠡ ᠪᠠᠷ ᠨᠡᠮᠡᠭᠳᠡᠭᠦᠯᠬᠦ ᠳᠤ ᠬᠢᠵᠠᠭᠠᠷᠯᠠᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠃ | ᠨᠢᠭᠡᠴᠡ ᠪᠤᠶᠤ ᠬᠤᠪᠢ ᠬᠥᠮᠦᠨ ᠰᠢᠨ᠎ᠡ ᠪᠠᠷ ᠴᠠᠬᠢᠯᠭᠠᠨ ᠲᠥᠬᠦᠭᠡᠷᠦᠮᠵᠢ ᠤᠭᠰᠠᠷᠠᠬᠤ ᠪᠤᠶᠤ ᠪᠠᠭᠲᠠᠭᠠᠮᠵᠢ ᠶᠢ ᠨᠢ | ᠨᠡᠮᠡᠭᠳᠡᠭᠦᠯᠦᠨ ᠭᠠᠵᠠᠷ ᠳᠣᠤᠷᠠᠬᠢ ᠤᠰᠤ ᠶᠢ ᠠᠪᠴᠤ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠪᠠᠷ | ᠭᠤᠶᠤᠴᠢᠯᠠᠪᠠᠯ᠂ ᠤᠰᠤ ᠠᠪᠬᠤ ᠪᠠᠷ ᠭᠤᠶᠤᠴᠢᠯᠠᠬᠤ ᠬᠡᠷᠡᠭᠲᠡᠶ᠃ ᠤᠰᠤ ᠠᠪᠬᠤ ᠭᠤᠶᠤᠴᠢᠯᠠᠯ ᠢ ᠨᠢ ᠬᠢᠨᠠᠨ | ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠡᠳᠦᠶ ᠪᠣᠯ ᠴᠠᠬᠢᠯᠭᠠᠨ ᠬᠠᠩᠭᠠᠬᠤ ᠰᠠᠯᠠᠭ᠎ᠠ ᠮᠥᠴᠢᠷ ᠨᠢ | ᠴᠠᠬᠢᠯᠭᠠᠨ ᠬᠠᠩᠭᠠᠵᠤ ᠪᠣᠯᠬᠤ ᠦᠭᠡᠶ᠃ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ | ᠰᠢᠷᠣᠶ ᠶᠢᠨ ᠪᠠᠶᠢᠴᠠᠭᠠᠯᠲᠠ ᠨᠤᠲᠠᠯᠠᠯᠲᠠ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠡᠷᠬᠡ ᠶᠢ ᠨᠤᠲᠠᠯᠠᠨ ᠲᠣᠭᠲᠠᠭᠠᠬᠤ ᠬᠡᠪᠴᠢᠶ᠎ᠡ ᠠᠴᠠ ᠭᠠᠳᠠᠨᠠᠬᠢ ᠮᠥᠷᠲᠡᠭᠡᠨ ᠤᠰᠤ ᠠᠪᠬᠤ ᠵᠥᠪᠰᠢᠶᠡᠷᠡᠯ ᠣᠯᠤᠭᠰᠠᠨ | ᠥᠬᠡᠶ ᠲᠠᠷᠢᠶᠠᠨ ᠭᠠᠵᠠᠷ ᠵᠢᠴᠢ ᠭᠤᠷᠪᠠᠨ ᠵᠢᠯ ᠠᠴᠠ ᠳᠡᠭᠡᠭᠰᠢᠬᠢ ᠣᠶᠢᠲᠤ ᠭᠠᠵᠠᠷ ᠲᠤ ᠭᠠᠵᠠᠷ ᠳᠣᠤᠷᠠᠬᠢ ᠤᠰᠤ ᠶᠢ | ᠲᠠᠲᠠᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠠᠴᠠ ᠴᠠᠬᠢᠯᠭᠠᠨ | ᠬᠠᠩᠭᠠᠬᠤ ᠶᠢ ᠴᠠᠭᠠᠵᠠᠯᠠᠨ᠎ᠠ᠃ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ᠂ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠠᠵᠢᠯᠲᠠᠨ ᠳᠥᠷᠪᠡᠨ ᠱᠠᠲᠤᠨ ᠤ ᠭᠠᠵᠠᠷ | ᠳᠣᠣᠷᠠᠬᠢ ᠤᠰᠤ ᠶᠢ ᠬᠠᠮᠠᠭᠠᠯᠠᠬᠤ ᠬᠢᠭᠡᠳ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠤᠪᠢᠶᠠᠷᠢᠯᠠᠨ ᠲᠣᠭᠲᠠᠭᠠᠭᠰᠠᠨ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ | ᠤᠰᠤ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠣᠷᠣᠨ ᠤ ᠶᠣᠰᠣᠭᠠᠷ᠂ ᠬᠠᠷᠢᠶ᠎ᠠ ᠪᠦᠬᠦᠢ ᠲᠠᠷᠢᠶᠠᠯᠠᠩ ᠤᠨ | ᠮᠠᠰᠢᠨ ᠴᠠᠬᠢᠯᠭᠠᠨ ᠬᠤᠳᠳᠤᠭ ᠲᠤ ᠲᠣᠣᠷᠵᠢᠭᠤᠯᠤᠭᠰᠠᠨ ᠬᠠᠮᠢᠶᠠᠷᠤᠯᠲᠠ ᠪᠠ ︽ᠪᠡᠶ᠎ᠡ ᠶᠢᠨ ᠦᠨᠡᠮᠯᠡᠯ ᠤᠨ ᠬᠡᠯᠪᠡᠷᠢ︾ | ᠶᠢᠨ ᠳ᠋ᠤᠭᠠᠷᠯᠠᠯ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ ᠬᠠᠩᠭᠠᠬᠤ | ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 8. ᠤᠰᠤ ᠬᠡᠷᠡᠭᠯᠡᠬᠦ ᠬᠡᠮᠵᠢᠯᠲᠡ ᠬᠢᠭᠡᠳ ᠬᠡᠷᠡᠭᠯᠡᠯᠲᠡ ᠶᠢ | ᠲᠡᠭᠦᠯᠳᠡᠷᠵᠢᠭᠦᠯᠦᠨ᠎ᠡ᠃ ᠮᠠᠰᠢᠨ ᠴᠠᠬᠢᠯᠭᠠᠨ ᠬᠤᠳᠳᠤᠭ ᠠᠴᠠ ᠤᠰᠤ ᠠᠪᠴᠤ ᠬᠡᠷᠡᠭᠯᠡᠬᠦ ᠶᠢ ᠬᠡᠮᠵᠢᠬᠦ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 2025 ᠣᠨ ᠳᠤ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠤᠰᠤ ᠠᠪᠴᠤ ᠬᠡᠷᠡᠭᠯᠡᠬᠦ ᠶᠢ ᠬᠡᠮᠵᠢᠬᠦ | ᠲᠥᠬᠦᠭᠡᠷᠦᠮᠵᠢ ᠶᠢ ᠵᠡᠷᠭᠡᠪᠡᠷ ᠤᠭᠰᠠᠷᠠᠬᠤ ᠶᠢᠨ ᠬᠠᠮᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ | ᠴᠠᠬᠢᠯᠭᠠᠨ ᠢ ᠬᠢᠨᠠᠨ ᠬᠡᠮᠵᠢᠬᠦ ᠲᠠᠪᠴᠠᠩ ᠳᠤ ᠵᠠᠯᠭᠠᠨ ᠣᠷᠣᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠤᠰᠤ | ᠬᠡᠷᠡᠭᠯᠡᠬᠦ ᠴᠢᠮᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠬᠦ ᠬᠡᠷᠡᠭᠲᠡᠢ︔ ᠪᠦᠬᠦ ᠬᠤᠲᠠ ᠶᠢᠨ ᠣᠳᠣ ᠪᠠᠶᠢᠭ᠎ᠠ | 1434 ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠨᠡᠶᠢᠲᠡᠯᠢᠭ ᠬᠤᠳᠳᠤᠭ ᠤᠨ ᠰᠠᠭᠤᠷᠢᠨ ᠳᠡᠭᠡᠷ᠎ᠡ᠂ | ᠨᠡᠶᠢᠲᠡᠯᠢᠭ ᠬᠤᠳᠳᠤᠭ ᠤᠨ ᠲᠤᠭ᠎ᠠ ᠬᠡᠮᠵᠢᠶ᠎ᠡ ᠪᠠ ᠬᠡᠪᠴᠢᠶ᠎ᠡ ᠶᠢ ᠥᠷᠭᠡᠳᠬᠡᠵᠦ᠂ ︽ᠴᠠᠬᠢᠯᠭᠠᠨ ᠢᠶᠠᠷ ᠤᠰᠤ ᠶᠢ | ᠨᠤᠭᠤᠯᠤᠨ ᠪᠣᠳᠣᠬᠤ︾ ᠨᠡᠶᠢᠲᠡᠯᠢᠭ ᠬᠤᠳᠳᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ︽ | ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠢᠯᠡᠳᠬᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ | ᠂ ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ︶ 9. ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ ︽ | ᠲᠣᠰᠬᠤᠨ ᠤ ᠬᠠᠮᠲᠤ + ᠬᠤᠷᠰᠢᠶ᠎ᠠ + ᠠᠵᠤ ᠠᠬᠤᠶᠢᠯᠠᠯ + ᠲᠠᠷᠢᠶᠠᠴᠢᠨ ᠡᠷᠦᠬᠡ︾ ᠶᠢᠨ ᠵᠠᠭᠪᠤᠷ ᠢ | ᠬᠡᠷᠡᠭᠵᠢᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠣᠯᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠮᠠᠰᠢᠨ ᠴᠠᠬᠢᠯᠭᠠᠨ ᠬᠤᠳᠳᠤᠭ ᠤᠨ ᠬᠠᠮᠢᠶᠠᠷᠤᠯᠲᠠ ᠪᠠᠷ ᠭᠤᠤᠯᠳᠠᠯᠭ᠎ᠠ ᠪᠣᠯᠭᠠᠭᠰᠠᠨ ᠨᠡᠶᠢᠭᠡᠮᠴᠢᠯᠡᠭᠰᠡᠨ | ᠦᠢᠯᠡᠴᠢᠯᠡᠭᠡᠨ ᠤ ᠪᠠᠶᠢᠭᠤᠯᠤᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃ ︽ᠰᠤᠮᠤ ᠰᠢᠶᠠᠩ ᠪᠠᠯᠭᠠᠰᠤ | ᠨᠢᠭᠡᠳᠦᠯᠲᠡᠶ ᠲᠥᠯᠥᠪᠯᠡᠬᠦ + ᠭᠠᠴᠠᠭ᠎ᠠ ᠲᠣᠰᠬᠤᠨ ᠬᠠᠷᠢᠭᠤᠴᠠᠬᠤ︾ ᠵᠠᠭᠪᠤᠷ ᠢ ᠬᠡᠷᠡᠭᠵᠢᠭᠦᠯᠵᠦ᠂ ᠮᠠᠰᠢᠨ ᠴᠠᠬᠢᠯᠭᠠᠨ | ᠬᠤᠳᠳᠤᠭ ᠤᠨ ᠲᠥᠬᠦᠭᠡᠷᠦᠮᠵᠢ᠂ ᠬᠠᠮᠢᠶᠠᠷᠴᠤ ᠬᠠᠮᠠᠭᠠᠯᠠᠬᠤ ᠪᠠ ᠤᠰᠤᠨ ᠤ ᠰᠦᠢᠳᠬᠡᠯ ᠢ ᠬᠤᠷᠢᠶᠠᠬᠤ ᠶᠢ ᠭᠠᠴᠠᠭ᠎ᠠ | ᠲᠣᠰᠬᠤᠨ ᠤ ᠬᠠᠮᠲᠤ ᠠᠴᠠ ᠨᠢᠭᠡᠳᠦᠯᠲᠡᠶ ᠡᠵᠡᠩᠨᠡᠨ ᠬᠠᠮᠢᠶᠠᠷᠬᠤ ᠬᠡᠷᠡᠭᠲᠡᠶ᠃ ︽ᠲᠣᠰᠬᠤᠨ ᠤ ᠬᠠᠮᠲᠤ + ᠤᠰᠤ | ᠬᠡᠷᠡᠭᠯᠡᠬᠦ ᠬᠤᠷᠰᠢᠭᠰᠠᠨ ᠵᠣᠬᠢᠶᠠᠨ ᠪᠠᠶᠢᠭᠤᠯᠤᠯᠲᠠ︾ ᠶᠢᠨ ᠵᠠᠭᠪᠤᠷ ᠢ ᠬᠡᠷᠡᠭᠵᠢᠭᠦᠯᠵᠦ᠂ ᠬᠤᠷᠰᠢᠶᠠᠨ ᠤ ᠮᠠᠰᠢᠨ | ᠴᠠᠬᠢᠯᠭᠠᠨ ᠬᠤᠳᠳᠤᠭ ᠤᠨ ᠬᠠᠮᠢᠶᠠᠷᠤᠯᠲᠠ ᠶᠢᠨ ᠳᠦᠷᠢᠮ᠂ ᠤᠰᠤᠨ ᠤ ᠰᠦᠢᠳᠬᠡᠯ ᠢ ᠬᠤᠷᠢᠶᠠᠬᠤ ᠳᠦᠷᠢᠮ ᠪᠣᠯᠤᠨ | ᠤᠰᠤ ᠠᠷᠪᠢᠯᠠᠬᠤ ᠱᠠᠩᠨᠠᠵᠤ ᠲᠣᠷᠭᠠᠬᠤ ᠲᠣᠭᠲᠠᠴᠠ ᠶᠢ ᠵᠢᠷᠤᠮᠵᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ | ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ | ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ︶ 10. ᠲᠣᠭᠲᠠᠭᠰᠠᠨ ᠨᠤᠷᠮ᠎ᠠ ᠠᠴᠠ ᠳᠠᠪᠠᠭᠰᠠᠨ ᠤ ᠦᠨ᠎ᠡ ᠶᠢ ᠥᠰᠬᠡᠬᠦ ᠳᠦᠷᠢᠮ ᠢ ᠨᠠᠶᠢᠳᠠᠪᠤᠷᠢᠵᠢᠭᠤᠯᠬᠤ | ᠬᠡᠷᠡᠭᠲᠡᠶ᠃ ︽ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠡᠷᠡᠭᠵᠢᠭᠦᠯᠬᠦ | ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠣᠰᠣᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠭᠠᠶᠢᠯᠢ ︹2024︺ 28 | ᠳ᠋ᠤᠭᠠᠷ ᠲᠣᠭᠠᠲᠤ︶᠂ ︽ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ | ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2024︺ 36 ᠳ᠋ᠤᠭᠠᠷ | ᠲᠣᠭᠠᠲᠤ︶᠂ ︽ᠮᠠᠨ ᠤ ᠣᠷᠣᠨ ᠤ ᠤᠰᠤᠨ ᠤ ᠡᠬᠢ ᠪᠠᠶᠠᠯᠢᠭ ᠤᠨ ᠭᠠᠶᠢᠯᠢ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠬᠤᠯᠪᠣᠭᠳᠠᠯ ᠪᠦᠬᠦᠢ ᠲᠠᠲᠠᠪᠤᠷᠢᠯᠠᠨ ᠬᠠᠮᠢᠶᠠᠷᠬᠤ ᠵᠦᠢᠯᠡᠰ ᠢ ᠲᠣᠳᠣᠷᠬᠠᠶᠢᠯᠠᠬᠤ ᠲᠤᠬᠠᠶ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠭᠠᠶᠢᠯᠢ ᠶᠢᠨ ᠶᠠᠪᠤᠳᠠᠯ ᠤᠨ ᠲᠤᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠮᠡᠳᠡᠭᠳᠡᠯ︾ ︵ᠥᠪᠥᠷ ᠭᠠᠶᠢᠯᠢ ᠲᠠᠷᠬᠠᠭᠠᠭᠰᠠᠨ ︹2024︺ 64 ᠳ᠋ᠦ᠋ᠭᠡᠷ ᠲᠣᠭᠠᠲᠤ︶ ᠪᠠ ︽ᠲᠦᠩᠯᠢᠶᠣᠤ | ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠵᠢᠯᠣᠭᠤᠳᠬᠤ | ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ᠮᠡᠳᠡᠭᠳᠡᠯ︾ ︵ᠲᠦᠩᠯᠢᠶᠤᠤ ᠵᠠᠰᠠᠭ ᠠᠯᠪᠠᠨ ᠲᠠᠷᠬᠠᠭᠠᠭᠰᠠᠨ ︹2024︺ 20 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠢᠯ ᠤᠨ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠵᠤ᠂ ᠪᠠᠶᠢᠭᠤᠯᠤᠭᠰᠠᠨ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠪᠠ ᠤᠷᠢᠳᠠᠪᠠᠷ ᠬᠡᠷᠡᠭᠵᠢᠭᠦᠯᠬᠦ | ᠣᠷᠣᠨ ᠨᠢ ᠲᠣᠭᠲᠠᠭᠰᠠᠨ ᠨᠤᠷᠮ᠎ᠠ ᠠᠴᠠ ᠳᠠᠪᠠᠭᠰᠠᠨ ᠤ ᠦᠨ᠎ᠡ ᠶᠢ ᠥᠰᠬᠡᠬᠦ᠂ ᠬᠢᠵᠠᠭᠠᠷᠯᠠᠭᠰᠠᠨ ᠲᠤᠭ᠎ᠠ ᠠᠴᠠ | ᠬᠡᠲᠦᠷᠡᠭᠰᠡᠨ ᠠᠴᠠ ᠤᠰᠤᠨ ᠤ ᠡᠬᠢ ᠪᠠᠶᠠᠯᠢᠭ ᠤᠨ ᠭᠠᠶᠢᠯᠢ ᠲᠠᠲᠠᠪᠤᠷᠢᠯᠠᠬᠤ ᠲᠦᠷᠢᠮ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠨᠥᠬᠦᠴᠡᠯ ᠪᠦᠷᠢᠯᠳᠦᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠬᠦᠷᠢᠶ᠎ᠡ ᠬᠡᠪᠴᠢᠶ᠎ᠡ ᠪᠠᠨ ᠠᠯᠬᠤᠮ | ᠠᠯᠬᠤᠮ ᠢᠶᠠᠷ ᠥᠷᠭᠡᠳᠬᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ | ᠲᠦᠩᠯᠢᠶᠣᠤ ᠶᠢᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 11. ᠨᠠᠷᠢᠯᠢᠭ | ᠣᠨᠣᠴᠠᠲᠠᠶ ᠪᠠᠷ ᠨᠥᠬᠦᠪᠥᠷᠢ ᠥᠭᠬᠦ ᠪᠠ ᠤᠰᠤ ᠠᠷᠪᠢᠯᠠᠬᠤ ᠱᠠᠩᠨᠠᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠡᠯ᠎ᠡ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠡᠯᠡ ᠮᠥᠩᠭᠦ᠂ ᠳᠡᠭᠡᠳᠦ ᠱᠠᠲᠤᠨ ᠤ ᠤᠰᠤᠨ ᠠᠰᠢᠭᠯᠠᠯᠲᠠ ᠶᠢᠨ | ᠬᠥᠭᠵᠢᠯᠲᠡ ᠶᠢᠨ ᠪᠡᠯᠡ ᠮᠥᠩᠭᠦ᠂ ᠲᠠᠲᠠᠪᠤᠷᠢᠯᠠᠭᠰᠠᠨ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠬᠡᠰᠡᠭ ᠤᠰᠤᠨ ᠤ | ᠰᠦᠢᠳᠬᠡᠯ ᠵᠡᠷᠭᠡ ᠶᠢ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠵᠦ᠂ ᠤᠰᠤ ᠠᠷᠪᠢᠯᠠᠬᠤ ᠤᠰᠤᠯᠠᠯᠲᠠ ᠶᠢᠨ | ᠮᠡᠷᠭᠡᠵᠢᠯ ᠢ ᠢᠳᠡᠪᠬᠢᠲᠡᠶ ᠬᠡᠷᠡᠭᠯᠡᠬᠦ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ | ᠤᠰᠤᠯᠠᠯᠲᠠ ᠶᠢᠨ ᠳᠦᠷᠢᠮ ᠢ ᠰᠢᠯᠢᠳᠡᠭᠵᠢᠭᠦᠯᠬᠦ ᠶᠢᠨ ᠬᠠᠮᠲᠤ᠂ ᠤᠰᠤᠯᠠᠯᠲᠠ ᠶᠢᠨ ᠲᠣᠭᠲᠠᠭᠰᠠᠨ ᠨᠣᠷᠮ᠎ᠠ ᠶᠢᠨ | ᠳᠣᠲᠣᠷ᠎ᠠ ᠤᠰᠤ ᠠᠷᠪᠢᠯᠠᠵᠤ ᠬᠡᠷᠡᠭᠯᠡᠬᠦ ᠭᠤᠣᠯ ᠴᠣᠭᠴᠠ ᠳᠤ ᠨᠠᠷᠢᠯᠢᠭ ᠣᠨᠣᠴᠠᠲᠠᠶ ᠪᠠᠷ ᠨᠥᠬᠦᠪᠥᠷᠢ ᠥᠭᠬᠦ ᠪᠠ | ᠤᠰᠤ ᠠᠷᠪᠢᠯᠠᠭᠰᠠᠨ ᠱᠠᠩᠨᠠᠯ ᠣᠯᠭᠤᠵᠤ᠂ ᠤᠰᠤ ᠬᠡᠷᠡᠭᠯᠡᠬᠦ ᠭᠤᠣᠯ ᠴᠣᠭᠴᠠ ᠶᠢᠨ ᠤᠰᠤ ᠠᠷᠪᠢᠯᠠᠬᠤ ᠢᠳᠡᠪᠬᠢᠵᠢᠯ ᠢ | ᠭᠦᠢᠴᠡᠳ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 12. ᠨᠡᠶᠢᠲᠡᠯᠢᠭ ᠵᠢᠱᠢᠶ᠎ᠡ ᠦᠵᠡᠭᠦᠯᠵᠦ | ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠤᠭᠰᠠᠨ ᠰᠠᠭᠤᠷᠢᠨ ᠳᠡᠭᠡᠷ᠎ᠡ᠂ ᠮᠠᠯᠵᠢᠬᠤ ᠲᠠᠷᠢᠶᠠᠯᠠᠬᠤ ᠣᠷᠣᠨ | ᠨᠢᠭᠡᠪᠦᠷᠢ ᠳᠤ ᠠᠳᠠᠭ ᠲᠠᠭᠠᠨ 1 ᠰᠤᠮᠤ ᠰᠢᠶᠠᠩ ᠪᠠᠯᠭᠠᠰᠤ᠂ ᠰᠤᠮᠤ ᠰᠢᠶᠠᠩ ᠪᠠᠯᠭᠠᠰᠤ ᠨᠢᠭᠡᠪᠦᠷᠢ ᠳᠤ ᠠᠳᠠᠭ ᠲᠠᠭᠠᠨ | 1 ᠭᠠᠴᠠᠭ᠎ᠠ ᠲᠣᠰᠬᠤᠨ ᠢ ᠨᠡᠶᠢᠲᠡᠯᠢᠭ ᠵᠢᠱᠢᠶ᠎ᠡ ᠦᠵᠡᠭᠦᠯᠬᠦ ᠣᠷᠣᠨ ᠪᠤᠶᠤ ᠤᠷᠢᠳᠠᠪᠠᠷ ᠬᠡᠷᠡᠭᠵᠢᠭᠦᠯᠬᠦ ᠣᠷᠣᠨ | ᠪᠣᠯᠭᠠᠨ᠎ᠠ᠃ 2025 ᠣᠨ ᠳᠤ᠂ ᠵᠢᠱᠢᠶ᠎ᠡ ᠦᠵᠡᠭᠦᠯᠬᠦ ᠣᠷᠣᠨ ᠪᠠ ᠤᠷᠢᠳ ᠢᠶᠠᠷ ᠭᠦᠶᠦᠭᠡᠨ ᠪᠤᠯᠠᠵᠤ ᠳᠤᠰᠤᠯᠭᠠᠨ | ᠤᠰᠤᠯᠠᠬᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠪᠦᠬᠦᠨ ᠢ ᠬᠠᠮᠤᠷᠴᠤ᠂ ᠠᠳᠠᠯᠢ ᠪᠤᠰᠤ ᠲᠠᠷᠢᠮᠠᠯ ᠤᠨ | ᠤᠰᠤᠯᠠᠯᠲᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠯᠠᠩ ᠤᠨ ᠤᠰᠤᠯᠠᠯᠲᠠ ᠶᠢᠨ ᠮᠦ | ᠪᠦᠷᠢ ᠶᠢᠨ ᠳᠤᠮᠳᠠᠴᠢ ᠤᠰᠤ ᠬᠡᠷᠡᠭᠯᠡᠬᠦ ᠬᠡᠮᠵᠢᠶ᠎ᠡ ᠶᠢ ᠣᠨᠣᠪᠴᠢᠲᠠᠶ ᠡᠵᠡᠮᠰᠢᠬᠦ ᠵᠢᠴᠢ ᠲᠣᠭᠲᠠᠭᠰᠠᠨ ᠨᠤᠷᠮ᠎ᠠ ᠠᠴᠠ | ᠳᠠᠪᠠᠭᠰᠠᠨ ᠤ ᠦᠨ᠎ᠡ ᠶᠢ ᠥᠰᠬᠡᠬᠦ ᠲᠦᠷᠢᠮ ᠢ ᠬᠡᠷᠡᠭᠵᠢᠭᠦᠯᠬᠦ ᠲᠠᠯ᠎ᠠ ᠪᠠᠷ ᠰᠢᠨ᠎ᠡ ᠶᠢ ᠡᠭᠦᠳᠦᠨ ᠰᠢᠪᠲᠤᠯᠤᠯᠲᠠ | ᠭᠠᠷᠭᠠᠬᠤ ᠶᠢ ᠪᠡᠶᠡᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠤᠯᠤᠰ ᠤᠨ ᠴᠠᠬᠢᠯᠭᠠᠨ ᠲᠣᠤᠷ ᠤᠨ ᠲᠦᠩᠯᠢᠶᠣᠤ ᠶᠢᠨ ᠴᠠᠬᠢᠯᠭᠠᠨ | ᠬᠠᠩᠭᠠᠬᠤ ᠺᠣᠮᠫᠠᠨᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ︵ᠭᠤᠷᠪᠠ︶ ᠲᠠᠷᠢᠶᠠᠯᠠᠩ ᠤᠨ ᠮᠡᠷᠭᠡᠵᠢᠯ ᠢᠶᠠᠷ | ᠤᠰᠤ ᠠᠷᠪᠢᠯᠠᠬᠤ ᠪᠠ ᠭᠤᠤᠯ ᠮᠦᠷᠡᠨ ᠨᠠᠭᠤᠷ ᠴᠦᠬᠦᠷᠦᠮ ᠤᠨ ᠤᠷᠤᠨ ᠤ ᠲᠠᠷᠢᠶᠠᠯᠠᠬᠤ ᠶᠢ ᠵᠤᠭᠰᠤᠭᠠᠵᠤ | ᠤᠰᠤᠯᠠᠯᠲᠠ ᠶᠢ ᠵᠤᠭᠰᠤᠭᠠᠵᠤ ᠤᠰᠤ ᠠᠷᠪᠢᠯᠠᠬᠤ ᠶᠢ ᠴᠢᠩᠭᠠᠷᠠᠭᠤᠯᠤᠨ᠎ᠠ 13. ᠬᠡᠪᠴᠢᠶᠡᠲᠦ ᠥᠨᠳᠥᠷ ᠦᠷ᠎ᠡ | ᠪᠦᠲᠦᠮᠵᠢᠲᠡᠶ ᠤᠰᠤ ᠠᠷᠪᠢᠯᠠᠬᠤ ᠢᠨᠵᠧᠨᠧᠷᠢᠩ ᠢ ᠠᠬᠢᠭᠤᠯᠬᠤ ᠬᠡᠷᠡᠭᠲᠡᠶ᠃ ᠭᠦᠶᠦᠭᠡᠨ ᠪᠤᠯᠠᠵᠤ ᠳᠤᠰᠤᠯᠭᠠᠨ | ᠤᠰᠤᠯᠠᠬᠤ᠂ ᠤᠰᠤ ᠪᠣᠷᠳᠣᠭᠤᠷ ᠢ ᠨᠢᠭᠡ ᠴᠤᠭᠴᠠᠵᠢᠭᠤᠯᠬᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ | ᠤᠨᠠᠯᠲᠠ ᠶᠢ ᠳᠡᠭᠡᠭᠰᠢᠯᠡᠭᠦᠯᠬᠦ ᠵᠡᠷᠭᠡ ᠤᠰᠤ ᠠᠷᠪᠢᠯᠠᠵᠤ ᠣᠷᠣᠯᠭ᠎ᠠ ᠶᠢ ᠨᠡᠮᠡᠭᠳᠡᠭᠦᠯᠬᠦ ᠮᠡᠷᠭᠡᠵᠢᠯ ᠢ ᠪᠥᠬᠦ ᠬᠦᠷᠢᠶ᠎ᠡ | ᠴᠠᠷᠠᠭᠠᠨ ᠳᠤ ᠳᠡᠯᠭᠡᠷᠡᠭᠦᠯᠵᠦ᠂ 2025 ᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ᠂ ᠠᠮᠤ ᠪᠤᠳᠠᠭᠠᠨ ᠤ ᠨᠢᠭᠡᠴᠢ ᠤᠨᠠᠯᠲᠠ ᠶᠢ ᠳᠡᠭᠡᠭᠰᠢᠯᠡᠭᠦᠯᠬᠦ ᠬᠡᠪᠴᠢᠶ᠎ᠡ ᠶᠢ 1000 | ᠲᠦᠮᠡᠨ ᠮᠦ ᠠᠴᠠ ᠳᠠᠪᠠᠭᠤᠯᠵᠤ᠂ ᠵᠢᠯ ᠳᠤ ᠭᠠᠵᠠᠷ ᠳᠣᠣᠷᠠᠬᠢ ᠤᠰᠤ ᠶᠢ ᠠᠷᠪᠢᠯᠠᠬᠤ ᠴᠢᠳᠠᠪᠤᠷᠢ ᠶᠢ 1.3 | ᠳ᠋ᠦᠩᠰᠢᠭᠤᠷ ᠺᠦᠪ ᠮᠧᠳ᠋ᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ ᠶᠡᠷᠦᠩᠬᠡᠶ ᠤᠨᠠᠯᠲᠠ ᠶᠢ | 200 ᠳ᠋ᠦᠩᠰᠢᠭᠤᠷ ᠵᠢᠩ ᠠᠴᠠ ᠳᠠᠪᠠᠭᠤᠯᠬᠤ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ | ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 14. ᠲᠠᠷᠢᠶᠠᠯᠠᠩ ᠤᠨ ᠮᠡᠷᠭᠡᠵᠢᠯ ᠤᠨ ᠤᠰᠤ | ᠠᠷᠪᠢᠯᠠᠬᠤ ᠮᠡᠷᠭᠡᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠲᠠᠷᠢᠮᠠᠯ ᠤᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 5 ᠲᠦᠮᠡᠨ ᠮᠦ ᠪᠠᠭᠠᠰᠬᠠᠨ᠂ ᠭᠠᠩ | ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ᠂ ᠴᠢᠭᠢᠭ ᠬᠠᠮᠠᠭᠠᠯᠠᠬᠤ ᠶᠢ ᠬᠠᠮᠤᠷᠬᠤ᠂ ᠭᠠᠩ ᠬᠠᠭᠰᠠᠷᠠᠭᠠᠨ ᠲᠠᠢ | ᠲᠡᠮᠡᠴᠡᠵᠦ ᠤᠰᠤ ᠶᠢ ᠪᠠᠲᠤᠯᠠᠬᠤ ᠰᠢᠨ᠎ᠡ ᠮᠠᠲ᠋ᠧᠷᠢᠶᠠᠯ ᠵᠡᠷᠭᠡ ᠭᠠᠩ ᠬᠠᠭᠰᠠᠷᠠᠭᠠᠨ ᠲᠠᠢ ᠲᠡᠮᠡᠴᠡᠬᠦ ᠳᠦᠬᠦᠷ ᠮᠡᠷᠭᠡᠵᠢᠯ ᠢ | 5 ᠲᠦᠮᠡᠨ ᠮᠦ ᠳᠡᠯᠭᠡᠷᠡᠭᠦᠯᠦᠨ᠂ ᠤᠰᠤ ᠠᠷᠪᠢᠯᠠᠵᠤ ᠤᠨᠠᠯᠲᠠ ᠶᠢ ᠨᠡᠮᠡᠭᠳᠡᠭᠦᠯᠬᠦ ᠬᠤᠰᠢᠭᠤ ᠰᠢᠶᠠᠨ ᠢ 1 ᠡᠭᠦᠳᠦᠨ | ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ 15. ᠭᠤᠣᠯ ᠮᠥᠷᠡᠨ ᠨᠠᠭᠤᠷ ᠴᠥᠭᠦᠷᠥᠮ ᠤᠨ ᠣᠷᠣᠨ ᠳᠤ ᠵᠣᠬᠢᠬᠤ ᠬᠡᠮᠵᠢᠶ᠎ᠡ ᠪᠠᠷ | ᠲᠠᠷᠢᠶᠠᠯᠠᠬᠤ ᠶᠢ ᠵᠣᠭᠰᠣᠭᠠᠵᠤ ᠤᠰᠤᠯᠠᠯᠲᠠ ᠶᠢ ᠵᠣᠭᠰᠣᠭᠠᠨ᠎ᠠ᠃ ᠤᠰᠤᠨ ᠤ ᠶᠠᠪᠤᠳᠠᠯ ᠤᠨ ᠰᠠᠯᠠᠭ᠎ᠠ ᠮᠥᠴᠢᠷ | ᠲᠦᠷᠦᠭᠦᠯᠡᠨ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠠᠷᠢᠯᠭᠠᠭᠰᠠᠨ︾ ᠢ ᠲᠠᠬᠢᠨ | ᠪᠠᠶᠢᠴᠠᠭᠠᠬᠤ ᠵᠢᠴᠢ ︽ᠬᠤᠩᠭᠢᠯ ᠢ ᠴᠡᠪᠡᠷᠯᠡᠬᠦ ᠠᠵᠢᠯᠯᠠᠭ᠎ᠠ︾ ᠶᠢ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ᠂ | ᠮᠠᠯ ᠲᠠᠷᠢᠶᠠᠯᠠᠩ ᠤᠨ ᠰᠠᠯᠠᠭ᠎ᠠ ᠮᠥᠴᠢᠷ ᠬᠠᠮᠵᠢᠯᠴᠠᠨ 8 ᠭᠤᠤᠯ ᠮᠥᠷᠡᠨ ᠤ ᠭᠤᠤᠯ ᠬᠤᠩᠭᠢᠯ ᠳᠤ ᠲᠠᠷᠢᠶ᠎ᠠ ᠲᠠᠷᠢᠵᠤ | ᠪᠠᠶᠢᠭ᠎ᠠ ᠶᠢ ᠠᠯᠬᠤᠮ ᠠᠯᠬᠤᠮ ᠢᠶᠠᠷ ᠵᠣᠭᠰᠣᠭᠠᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠮᠢᠶᠠᠷᠤᠯᠲᠠ ᠪᠠ | ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠡᠷᠬᠡ ᠶᠢ ᠨᠤᠲᠠᠯᠠᠨ ᠲᠣᠭᠲᠠᠭᠠᠭᠠᠳᠤᠶ ᠵᠢᠴᠢ ᠡᠭᠦᠷᠢᠳᠡ ᠶᠢᠨ ᠦᠨᠳᠦᠰᠦᠨ | ᠲᠠᠷᠢᠶᠠᠨ ᠭᠠᠵᠠᠷ ᠠᠴᠠ ᠭᠠᠳᠠᠨᠠᠬᠢ ᠲᠠᠷᠢᠶᠠᠨ ᠭᠠᠵᠠᠷ ᠲᠤ ᠤᠰᠤᠯᠠᠯᠲᠠ ᠶᠢ ᠵᠣᠭᠰᠣᠭᠠᠬᠤ ᠵᠠᠰᠠᠯᠲᠠ ᠶᠢ ᠬᠡᠷᠡᠭᠵᠢᠭᠦᠯᠬᠦ | ᠬᠡᠷᠡᠭᠲᠡᠶ᠃ ᠡᠭᠦᠨ ᠤ ᠬᠠᠮᠲᠤ᠂ ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ ᠤ ᠲᠠᠷᠢᠶᠠᠯᠠᠩ ᠤᠨ ᠮᠠᠰᠢᠨ | ᠴᠠᠬᠢᠯᠭᠠᠨ ᠬᠤᠳᠳᠤᠭ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠠᠤᠯᠢ ᠪᠤᠰᠤ ᠪᠠᠷ ᠬᠤᠳᠳᠤᠭ ᠮᠠᠯᠲᠠᠵᠤ | ᠤᠰᠤᠯᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠣᠶᠢᠲᠤ ᠭᠠᠵᠠᠷ ᠲᠤ ᠰᠢᠨ᠎ᠡ ᠪᠠᠷ ᠮᠠᠰᠢᠨ | ᠴᠠᠬᠢᠯᠭᠠᠨ ᠬᠤᠳᠳᠤᠭ ᠮᠠᠯᠲᠠᠵᠤ ᠪᠣᠯᠬᠤ ᠦᠭᠡᠢ᠂ ᠤᠤᠯ ᠤᠨ ᠪᠠᠶᠢᠭᠰᠠᠨ ᠮᠠᠰᠢᠨ ᠴᠠᠬᠢᠯᠭᠠᠨ ᠬᠤᠳᠳᠤᠭ ᠢ | ᠳᠠᠷᠦ᠋ᠢᠬᠠᠨ ᠪᠥᠭᠯᠡᠬᠦ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ ︵ᠲᠦᠷᠪᠡ︶ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠠᠰᠢᠭᠯᠠᠮᠵᠢ᠂ ᠳᠠᠬᠢᠮᠠᠯ | ᠤᠰᠤ ᠶᠢ ᠠᠰᠢᠭᠯᠠᠬᠤ ᠬᠡᠪᠴᠢᠶ᠎ᠡ ᠪᠠ ᠤᠰᠤ ᠳᠠᠲᠠᠨ ᠲᠣᠬᠢᠷᠠᠭᠤᠯᠬᠤ ᠴᠠᠭ ᠤᠨ ᠬᠦᠴᠦᠨ ᠢ ᠳᠡᠭᠡᠭᠰᠢᠯᠡᠭᠦᠯᠦᠨ᠎ᠠ 16. | ᠡᠨᠧᠷᠭᠢ ᠶᠢᠨ ᠬᠦᠷᠢᠶ᠎ᠡ ᠴᠠᠷᠠᠭ᠎ᠠ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠠᠬᠢᠭᠤᠯᠤᠨ᠎ᠠ᠃ ᠢᠯᠴᠢ ᠶᠢᠨ | ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠬᠢ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠪᠠᠷ | ᠪᠠᠶᠢᠭᠤᠯᠤᠭᠰᠠᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠠᠷᠪᠢᠯᠠᠬᠤ ᠲᠥᠯᠥᠪᠵᠢᠭᠦᠯᠭᠡ ᠶᠢᠨ | ᠬᠢᠵᠠᠭᠠᠷᠯᠠᠯ ᠢ ᠴᠢᠩᠭᠠᠷᠠᠭᠤᠯᠤᠨ᠎ᠠ︔ ᠨᠢᠭᠡᠨᠲᠡ ᠪᠠᠶᠢᠭᠤᠯᠤᠭᠰᠠᠨ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠤᠨ | ᠤᠰᠤ ᠠᠷᠪᠢᠯᠠᠬᠤ ᠥᠭᠡᠷᠡᠴᠢᠯᠡᠯᠲᠡ ᠶᠢᠨ ᠳᠡᠰ ᠳᠡᠪᠰᠢᠬᠦ ᠶᠢ ᠠᠬᠢᠭᠤᠯᠵᠤ᠂ ᠴᠢᠯᠠᠭᠤᠨ ᠲᠣᠰᠣ ᠨᠡᠭᠡᠭᠡᠨ ᠮᠠᠯᠲᠠᠬᠤ ᠳᠤ | ᠳᠠᠬᠢᠯᠲᠠ ᠤᠰᠤ ᠪᠠᠷ ᠣᠷᠣᠯᠠᠭᠤᠯᠬᠤ ᠪᠠ ᠬᠠᠶᠠᠭᠳᠠᠮᠠᠯ ᠤᠰᠤ ᠶᠢ ᠣᠷᠴᠢᠯᠲᠤᠭᠤᠯᠤᠨ ᠠᠰᠢᠭᠯᠠᠬᠤ | ᠥᠭᠡᠷᠡᠴᠢᠯᠡᠯᠲᠡ ᠶᠢᠨ ᠠᠵᠢᠯ ᠢ ᠬᠡᠷᠡᠭᠵᠢᠭᠦᠯᠬᠦ ᠶᠢ ᠠᠬᠢᠭᠤᠯᠵᠤ᠂ ᠠᠵᠢᠯ ᠲᠥᠷᠥᠯ ᠤᠨ ᠤᠰᠤ ᠠᠷᠪᠢᠯᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠨᠧᠷᠭᠢ ᠶᠢᠨ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 17. ᠭᠤᠤᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠤᠨ᠎ᠠ | ᠃ ᠬᠢᠮᠢ ᠶᠢᠨ ᠠᠵᠤ ᠦᠢᠯᠡᠳᠪᠦᠷᠢ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ 2025 | ᠣᠨ ᠳᠤ ᠬᠤᠭᠤᠯᠠᠶ ᠶᠢᠨ ᠲᠣᠣᠷ ᠢ ᠥᠭᠡᠷᠡᠴᠢᠯᠡᠬᠦ᠂ ᠮᠡᠷᠭᠡᠵᠢᠯ ᠢ ᠳᠡᠰ ᠳᠡᠪᠰᠢᠭᠦᠯᠬᠦ᠂ ᠲᠥᠬᠦᠭᠡᠷᠦᠮᠵᠢ ᠶᠢ ᠰᠢᠨᠡᠳᠬᠡᠬᠦ | ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ 5 ᠲᠥᠷᠥᠯ ᠵᠦᠢᠯ ᠢ ᠪᠡᠶᠡᠯᠡᠭᠦᠯᠦᠨ᠎ᠡ᠃ ᠤᠰᠤ | ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠪ ᠳᠠᠭᠤᠷᠢᠶᠠᠯ ᠤᠨ ᠠᠵᠤ ᠠᠬᠤᠶᠢᠯᠠᠯ᠂ ᠤᠰᠤ | ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ ᠪᠤᠶᠢᠵᠢᠭᠤᠯᠤᠨ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠎ᠡ | ᠃ 2025 ᠣᠨ ᠳᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ 2 ᠪᠠᠶᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ | ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 18. ᠡᠩ ᠤᠨ ᠪᠤᠰᠤ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢ ᠴᠢᠩᠭᠠᠳᠬᠠᠨ᠎ᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠢᠯᠳᠡ ᠤᠰᠤᠨ ᠤ ᠴᠢᠨᠠᠷ ᠤᠨ ᠭᠦᠢᠴᠡᠳᠬᠡᠯ ᠲᠤᠭ᠎ᠠ ᠶᠢ | ᠳᠡᠭᠡᠭᠰᠢᠯᠡᠭᠦᠯᠦᠨ᠂ ᠲᠣᠬᠢᠷᠠᠭᠤᠯᠤᠨ ᠠᠰᠢᠭᠯᠠᠬᠤ ᠱᠠᠭᠠᠷᠳᠠᠯᠭ᠎ᠠ ᠶᠢ ᠬᠠᠩᠭᠠᠨ᠎ᠠ᠃ ᠳᠡᠭᠢᠯᠳᠡ ᠤᠰᠤ᠂ ᠨᠡᠭᠦᠷᠡᠰᠦᠨ | ᠳᠠᠪᠬᠤᠷᠭ᠎ᠠ ᠶᠢᠨ ᠤᠰᠤ ᠵᠡᠷᠭᠡ ᠡᠩ ᠤᠨ ᠪᠤᠰᠤ ᠤᠰᠤ ᠶᠢ ᠤᠰᠤᠨ ᠤ ᠡᠬᠢ ᠪᠠᠶᠠᠯᠢᠭ ᠤᠨ ᠨᠢᠭᠡᠳᠦᠯᠲᠡᠶ | ᠲᠣᠬᠢᠷᠠᠭᠤᠯᠤᠯᠲᠠ ᠳᠤ ᠣᠷᠣᠭᠤᠯᠵᠤ᠂ ᠳᠡᠭᠢᠯᠳᠡ ᠤᠰᠤ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ | ᠪᠠᠯᠭᠠᠰᠤ ᠶᠢᠨ ᠨᠣᠭᠤᠭᠠᠷᠠᠭᠤᠯᠤᠯᠲᠠ᠂ ᠠᠮᠢ ᠠᠬᠤᠶ ᠶᠢᠨ ᠤᠰᠤ ᠨᠥᠬᠦᠪᠥᠷᠢᠯᠡᠬᠦ ᠵᠡᠷᠭᠡ ᠬᠦᠷᠢᠶᠡᠨ ᠳᠤ ᠬᠡᠷᠡᠭᠯᠡᠬᠦ ᠶᠢ | ᠥᠷᠭᠡᠳᠬᠡᠨ᠂ ᠠᠰᠢᠭᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠤᠣᠯᠢᠩᠭᠤᠣᠯ ᠬᠤᠲᠠ᠂ | ᠵᠠᠷᠣᠳ ᠬᠤᠰᠢᠭᠤᠨ ᠤ ᠨᠡᠭᠦᠷᠡᠰᠦᠨ ᠳᠠᠪᠬᠤᠷᠭ᠎ᠠ ᠶᠢᠨ ᠣᠰᠣᠨ ᠤ ᠬᠡᠮᠵᠢᠶ᠎ᠡ ᠨᠡᠯᠢᠶᠡᠳ ᠶᠡᠭᠡ ᠭᠠᠵᠠᠷ ᠣᠷᠣᠨ ᠤ | ᠨᠡᠭᠦᠷᠡᠰᠦᠨ ᠳᠠᠪᠬᠤᠷᠭ᠎ᠠ ᠶᠢᠨ ᠤᠰᠤ ᠬᠠᠩᠭᠠᠬᠤ ᠲᠠᠯᠳᠠ ᠬᠦᠴᠦᠨ ᠢ ᠠᠭᠤᠳᠠᠯᠠᠵᠦ᠂ ᠨᠡᠭᠦᠷᠡᠰᠦᠨ ᠳᠠᠪᠬᠤᠷᠭ᠎ᠠ ᠶᠢᠨ | ᠣᠰᠣᠨ ᠤ ᠠᠰᠢᠭᠯᠠᠯᠳᠠ ᠶᠢᠨ ᠡᠷᠴᠢᠮ ᠢ ᠲᠡᠭᠡᠭᠰᠢᠯᠡᠬᠦᠯᠦᠨ᠎ᠡ᠃ ᠲᠦᠩᠯᠢᠶᠣᠤ ᠶᠢᠨ ᠮᠧᠶ ᠬᠤᠸᠠ ᠠᠮᠢᠳᠤ ᠪᠣᠳᠠᠰ ᠤᠨ | ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠥᠩ ᠬᠤᠸᠠ ᠰᠢᠤᠸᠠᠢ ︵ᠥᠪᠥᠷ ᠮᠣᠩᠭᠤᠯ︶ ᠰᠢᠨ᠎ᠡ | ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠬᠡᠮᠵᠢᠶ᠎ᠡ ᠶᠢ | ᠲᠣᠰ ᠲᠣᠰ 200 ᠲᠦᠮᠡᠨ ᠲᠣᠨ ᠪᠠ 230 ᠲᠦᠮᠡᠨ ᠲᠣᠨ ᠠᠴᠠ ᠳᠡᠭᠡᠭᠰᠢ ᠬᠦᠷᠦᠭᠦᠯᠵᠦ᠂ ᠭᠤᠤᠯ ᠬᠤᠲᠠ ᠶᠢᠨ | ᠲᠣᠭᠤᠷᠢᠭ ᠲᠤ ᠵᠢᠯ ᠪᠦᠷᠢ 500 ᠺᠦᠪ ᠮᠧᠳ᠋ᠷ ᠠᠴᠠ ᠳᠡᠭᠡᠭᠰᠢᠬᠢ ᠨᠣᠭᠤᠭᠠᠷᠠᠭᠤᠯᠤᠯᠲᠠ ᠳᠤ ᠬᠡᠷᠡᠭᠯᠡᠬᠦ ᠳᠠᠬᠢᠯᠲᠠ | ᠤᠰᠤᠨ ᠤ ᠠᠰᠢᠭᠯᠠᠯᠲᠠ ᠶᠢᠨ ᠬᠡᠮᠵᠢᠶ᠎ᠡ ᠲᠠᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ | ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 19. ᠭᠠᠳᠠᠨ᠎ᠠ ᠠᠴᠠ | ᠤᠰᠤ ᠲᠠᠲᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠴᠤᠤᠯ | ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠤᠷᠤᠭᠤᠯᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ᠂ ᠥᠪᠥᠷ ᠮᠣᠩᠭᠤᠯ ᠤᠨ ᠤᠰᠤ ᠬᠠᠩᠭᠠᠬᠤ ᠲᠦᠩᠯᠢᠶᠣᠤ ᠶᠢᠨ ᠰᠠᠯᠪᠤᠷᠢ ᠱᠤᠭᠤᠮ ᠤᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠬᠦᠷᠲᠡᠵᠦ ᠪᠠᠶᠢᠭ᠎ᠠ ᠬᠤᠰᠢᠭᠤ | ᠰᠢᠶᠠᠨ ᠲᠣᠭᠤᠷᠢᠭ ᠭᠠᠳᠠᠨ᠎ᠠ ᠠᠴᠠ ᠤᠰᠤ ᠲᠠᠲᠠᠬᠤ ᠢᠵᠢ ᠪᠦᠷᠢᠳᠦᠭᠦᠯᠬᠦ ᠢᠨᠵᠧᠨᠧᠷᠢᠩ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠵᠤ ᠦᠢᠯᠡᠳᠪᠦᠷᠢ ᠳᠤ ᠬᠡᠷᠡᠭᠯᠡᠬᠦ ᠤᠰᠤ ᠪᠣᠯᠤᠨ ᠬᠤᠲᠠ | ᠪᠠᠯᠭᠠᠰᠤᠨ ᠤ ᠤᠰᠤᠨ ᠰᠤᠷᠪᠤᠯᠵᠢ ᠶᠢ ᠰᠣᠯᠢᠬᠤ ᠶᠢ ᠲᠦᠷᠭᠡᠳᠬᠡᠨ ᠠᠬᠢᠭᠤᠯᠤᠨ᠎ᠠ᠃ 2025 ᠣᠨ ᠳᠤ ᠬᠤᠷᠴᠢᠨ | ᠵᠡᠭᠦᠨ ᠭᠠᠷᠤᠨ ᠳᠤᠮᠳᠠᠳᠤ ᠬᠤᠰᠢᠭᠤ᠂ ᠵᠠᠷᠤᠳ ᠬᠤᠰᠢᠭᠤ 1600 ᠲᠦᠮᠡᠨ ᠺᠦᠪ ᠮᠧᠳ᠋ᠷ ᠰᠣᠯᠢᠬᠤ ᠪᠠ 3100 | ᠲᠦᠮᠡᠨ ᠺᠦᠪ ᠮᠧᠳ᠋ᠷ ᠭᠠᠳᠠᠨ᠎ᠠ ᠠᠴᠠ ᠤᠰᠤ ᠲᠠᠲᠠᠬᠤ ᠴᠢᠳᠠᠪᠤᠷᠢ ᠲᠠᠢ ᠪᠣᠯᠣᠨ᠎ᠠ᠃ 2026 ᠣᠨ ᠳᠤ ᠬᠤᠷᠴᠢᠨ | ᠲᠣᠭᠤᠷᠢᠭ᠂ ᠺᠠᠶᠢᠯᠦ ᠰᠢᠶᠠᠨ᠂ ᠨᠠᠢᠮᠠᠨ ᠬᠤᠰᠢᠭᠤ᠂ ᠨᠡᠭᠡᠭᠡᠯᠲᠡ ᠶᠢᠨ ᠲᠣᠭᠤᠷᠢᠭ᠂ ᠬᠦᠷᠢᠶ᠎ᠡ ᠬᠤᠰᠢᠭᠤ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤ ᠵᠡᠷᠭᠡ ᠬᠤᠰᠢᠭᠤ ᠰᠢᠶᠠᠨ ᠲᠣᠭᠤᠷᠢᠭ ᠠᠵᠤ ᠦᠢᠯᠡᠳᠪᠦᠷᠢ ᠳᠤ ᠬᠡᠷᠡᠭᠯᠡᠬᠦ ᠤᠰᠤ | ᠪᠠ ᠬᠤᠲᠠ ᠪᠠᠯᠭᠠᠰᠤᠨ ᠤ ᠤᠰᠤᠨ ᠰᠤᠷᠪᠤᠯᠵᠢ ᠶᠢ ᠰᠣᠯᠢᠬᠤ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ︵ᠲᠠᠪᠤ︶ | ᠬᠤᠭᠤᠯᠠᠢ ᠲᠣᠣᠷ ᠤᠨ ᠭᠤᠭᠤᠵᠢᠬᠤ ᠶᠢ ᠡᠵᠡᠮᠳᠡᠬᠦ᠂ ᠤᠰᠤᠨ ᠤ ᠱᠠᠲᠤᠯᠢᠭ ᠦᠨ᠎ᠡ ᠶᠢ ᠠᠬᠢᠭᠤᠯᠬᠤ ᠵᠢᠴᠢ | ᠦᠪᠡᠷ ᠢᠶᠠᠨ ᠪᠡᠯᠡᠳᠭᠡᠭᠰᠡᠨ ᠬᠤᠳᠳᠤᠭ ᠢ ᠴᠡᠭᠴᠡᠯᠡᠨ ᠵᠠᠰᠠᠬᠤ ᠵᠡᠷᠭᠡ ᠠᠷᠭ᠎ᠠ ᠬᠡᠯᠪᠡᠷᠢ ᠶᠢ ᠠᠪᠴᠤ ᠬᠤᠲᠠ | ᠬᠦᠳᠡᠭᠡ ᠶᠢᠨ ᠠᠮᠢᠳᠤᠷᠠᠯ ᠠᠮᠢ ᠠᠬᠤᠢ ᠳᠤ ᠬᠡᠷᠡᠭᠯᠡᠬᠦ ᠤᠰᠤ ᠶᠢ ᠠᠷᠪᠢᠯᠠᠨ᠎ᠠ 20. ᠬᠤᠭᠤᠯᠠᠶ ᠶᠢᠨ ᠲᠣᠤᠷ ᠤᠨ | ᠭᠤᠭᠤᠵᠢᠬᠤ ᠶᠢ ᠡᠵᠡᠮᠳᠡᠨ᠎ᠠ᠃ ᠭᠤᠣᠯ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠣᠷ ᠤᠨ ᠭᠤᠭᠤᠵᠢᠬᠤ ᠶᠢ ᠵᠠᠰᠠᠬᠤ ᠶᠢ ᠭᠤᠣᠯᠳᠠᠯᠭ᠎ᠠ ᠲᠠᠢ ᠠᠬᠢᠭᠤᠯᠵᠤ᠂ ᠤᠰᠤ ᠬᠠᠩᠭᠠᠬᠤ | ᠬᠤᠭᠤᠯᠠᠶ ᠶᠢᠨ ᠲᠣᠣᠷ ᠤᠨ ᠥᠭᠡᠷᠡᠴᠢᠯᠡᠯᠲᠡ ᠶᠢ ᠲᠦᠷᠭᠡᠳᠬᠡᠨ᠂ ᠬᠠᠭᠤᠴᠢᠷᠠᠭᠰᠠᠨ ᠬᠤᠶᠠᠳᠠᠬᠢ ᠤᠳᠠᠭᠠᠨ ᠤ ᠤᠰᠤ | ᠬᠠᠩᠭᠠᠬᠤ ᠬᠥᠭᠡᠷᠭᠡ ᠶᠢᠨ ᠭᠡᠷ ᠢ ᠥᠭᠡᠷᠡᠴᠢᠯᠡᠵᠦ᠂ ᠣᠶᠤᠨᠴᠢ ᠤᠰᠤᠨ ᠤ ᠬᠡᠮᠵᠢᠭᠦᠷ ᠢᠶᠠᠷ ᠰᠣᠯᠢᠬᠤ ᠵᠡᠷᠭᠡ ᠶᠢ | ᠪᠦᠲᠦᠭᠡᠨ ᠪᠠᠶᠢᠭᠤᠯᠬᠤ ᠶᠢᠨ ᠬᠠᠮᠲᠤ ᠤᠰᠤ ᠬᠠᠩᠭᠠᠬᠤ ᠬᠤᠭᠤᠯᠠᠶ ᠶᠢᠨ ᠲᠣᠤᠷ ᠤᠨ ᠣᠶᠤᠨᠴᠢ ᠤᠰᠤᠨ ᠤ | ᠶᠠᠪᠤᠳᠠᠯ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠤᠷ ᠤᠨ ᠭᠤᠭᠤᠵᠢᠬᠤ ᠨᠣᠷᠮ᠎ᠠ ᠶᠢ ᠠᠯᠬᠤᠮ ᠠᠯᠬᠤᠮ ᠢᠶᠠᠷ ᠪᠠᠭᠤᠷᠠᠭᠤᠯᠤᠨ᠎ᠠ᠃ 2025 | ᠣᠨ ᠳᠤ᠂ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠣᠷ ᠤᠨ ᠭᠤᠭᠤᠵᠢᠭᠰᠠᠨ ᠨᠣᠷᠮ᠎ᠠ ᠶᠢ 2024 ᠣᠨ ᠤ 9.17% ᠠᠴᠠ 9% ᠪᠣᠯᠭᠠᠨ | ᠡᠵᠡᠮᠳᠡᠵᠦ᠂ ᠬᠤᠤᠯᠢᠩᠭᠤᠤᠯ ᠬᠤᠲᠠ ᠶᠢᠨ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ | ᠲᠣᠤᠷ ᠤᠨ ᠭᠤᠭᠤᠵᠢᠭᠰᠠᠨ ᠨᠣᠷᠮ᠎ᠠ ᠶᠢ 9% ᠶᠢᠨ ᠳᠣᠲᠣᠷ᠎ᠠ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠮᠢᠶ᠎ᠠ | ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 21. ᠤᠰᠤ ᠶᠡᠭᠡ ᠬᠤᠷᠣᠭᠳᠠᠭᠤᠯᠬᠤ ᠦᠢᠯᠡᠴᠢᠯᠡᠭᠡᠨ ᠤ ᠦᠢᠯᠡᠰ | ᠪᠣᠯᠤᠨ ᠣᠨᠴᠠ ᠲᠥᠷᠥᠯ ᠤᠨ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠪᠡᠶ᠎ᠡ ᠤᠬᠢᠶᠠᠬᠤ | ᠂ ᠲᠡᠷᠭᠡ ᠤᠬᠢᠶᠠᠬᠤ᠂ ᠬᠢᠮᠡᠯ ᠴᠠᠰᠤᠨ ᠳᠤ ᠭᠤᠯᠭᠤᠬᠤ ᠲᠠᠯᠠᠪᠠᠢ ᠵᠡᠷᠭᠡ ᠠᠵᠢᠯ ᠲᠦᠷᠦᠯ ᠤᠨ ᠲᠥᠯᠥᠪᠯᠡᠭᠡ ᠪᠠᠷ | ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭ᠎ᠠ ᠬᠢᠵᠠᠭᠠᠷᠯᠠᠵᠤ᠂ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ | ᠳᠠᠪᠠᠭᠰᠠᠨ ᠤ ᠦᠨ᠎ᠡ ᠶᠢ ᠥᠰᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ | ᠦᠢᠯᠡᠴᠢᠯᠡᠭᠡᠨ ᠤ ᠦᠢᠯᠡᠰ ᠤᠨ ᠳᠠᠬᠢᠯᠲᠠ ᠤᠰᠤ ᠶᠢ ᠠᠰᠢᠭᠯᠠᠬᠤ ᠬᠠᠷᠢᠴᠠᠯ ᠢ ᠨᠡᠮᠡᠭᠳᠡᠭᠦᠯᠦᠨ᠎ᠡ᠃ ᠬᠥᠭᠵᠢᠭᠦᠯᠦᠯᠲᠡ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠰᠠᠭᠤᠭᠠᠯᠢ ᠠᠷᠠᠳ ᠤᠨ ᠬᠡᠷᠡᠭᠯᠡᠬᠦ ᠤᠰᠤᠨ ᠤ ᠱᠠᠲᠤᠯᠢᠭ ᠤᠰᠤᠨ ᠤ | ᠦᠨ᠎ᠡ ᠪᠠ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ | ᠳᠠᠪᠠᠭᠰᠠᠨ ᠤ ᠦᠨ᠎ᠡ ᠶᠢ ᠥᠰᠬᠡᠬᠦ ᠪᠠᠷᠢᠮᠵᠢᠶ᠎ᠠ ᠶᠢ ᠲᠣᠭᠲᠠᠭᠠᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠤᠰᠤ ᠬᠡᠷᠡᠭᠯᠡᠬᠦ ᠦᠨ᠎ᠡ ᠬᠠᠩᠰᠢ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ | ᠬᠠᠷᠢᠭᠤᠴᠠᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠪᠠᠭᠠᠵᠢ ᠬᠡᠷᠡᠭᠰᠡᠯ ᠬᠡᠷᠡᠭᠯᠡᠬᠦ ᠶᠢ | ᠠᠬᠢᠭᠤᠯᠵᠤ᠂ ᠤᠰᠤ ᠠᠷᠪᠢᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 22. ᠮᠠᠯᠵᠢᠬᠤ | ᠲᠠᠷᠢᠶᠠᠯᠠᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠮᠠᠯᠵᠢᠬᠤ | ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠪᠴᠢᠶᠡᠵᠢᠭᠦᠯᠦᠭᠰᠡᠨ ᠤᠰᠤ ᠬᠠᠩᠭᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠤᠰᠤ ᠬᠠᠩᠭᠠᠬᠤ ᠠᠷᠭ᠎ᠠ | ᠮᠠᠶ᠋ᠢᠭ ᠢ ᠠᠯᠬᠤᠮ ᠠᠯᠬᠤᠮ ᠢᠶᠠᠷ ᠬᠤᠪᠢᠷᠠᠭᠤᠯᠵᠤ᠂ ᠲᠦᠭᠡᠭᠡᠯ ᠤᠰᠤᠨ ᠤ ᠴᠢᠨᠠᠷ ᠪᠣᠯᠤᠨ ᠮᠠᠯᠴᠢᠨ ᠲᠠᠷᠢᠶᠠᠴᠢᠨ ᠤ | ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ | ᠤᠰᠤ ᠬᠠᠩᠭᠠᠬᠤ ᠳᠤ ᠺᠦᠪ ᠮᠧᠳ᠋ᠷ ᠢᠶᠠᠷ ᠬᠡᠮᠵᠢᠨ ᠰᠦᠢᠳᠬᠡᠯ ᠬᠤᠷᠢᠶᠠᠬᠤ ᠶᠢ ᠠᠬᠢᠭᠤᠯᠵᠤ᠂ ᠬᠡᠮᠵᠢᠯᠲᠡ ᠶᠢᠨ | ᠲᠥᠬᠦᠭᠡᠷᠦᠮᠵᠢ ᠤᠭᠰᠠᠷᠠᠬᠤ ᠶᠢ ᠲᠦᠷᠭᠡᠳᠬᠡᠵᠦ᠂ ︽ᠮᠢᠩᠭᠠᠨ ᠬᠥᠮᠦᠨ ᠠᠴᠠ ᠳᠡᠭᠡᠭᠰᠢ︾ ᠵᠢᠴᠢ ᠤᠰᠤ | ᠬᠠᠩᠭᠠᠬᠤ ᠳᠤ ᠬᠦᠴᠢᠷᠲᠡᠢ ᠪᠠᠶᠢᠬᠤ ᠪᠠᠷᠢᠯᠭ᠎ᠠ ᠶᠢᠨ ᠲᠣᠰᠬᠤᠨ ᠤ ᠠᠭᠤᠯᠵᠠᠷ ᠲᠤ ᠬᠡᠮᠵᠢᠬᠦ ᠶᠢ ᠪᠡᠶᠡᠯᠡᠭᠦᠯᠵᠦ᠂ ᠪᠦᠬᠦ | ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠡᠷᠦᠬᠡ ᠳᠤ | ᠬᠦᠷᠴᠦ ᠬᠡᠮᠵᠢᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠬᠠᠰᠢᠶ᠎ᠠ ᠪᠠᠨ | ᠤᠰᠤᠯᠠᠬᠤ ᠪᠠ ᠲᠡᠵᠢᠭᠡᠪᠦᠷᠢ ᠳᠤ ᠬᠡᠷᠡᠭᠯᠡᠬᠦ ᠤᠰᠤ ᠨᠢ ᠮᠠᠯᠴᠢᠨ ᠲᠠᠷᠢᠶᠠᠴᠢᠨ ᠤ ᠤᠤᠭᠤᠬᠤ ᠤᠰᠤᠨ ᠤ | ᠬᠦᠴᠢᠷᠳᠡᠯ ᠳᠤ ᠤᠴᠠᠷᠠᠭᠤᠯᠤᠭᠰᠠᠨ ᠪᠠᠶᠢᠪᠠᠯ᠂ ᠬᠠᠮᠢᠶ᠎ᠠ ᠪᠦᠬᠦᠢ ᠭᠠᠵᠠᠷ ᠣᠷᠣᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠬᠠᠷᠢᠭᠤᠴᠠᠵᠤ᠂ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠦᠪᠰᠢᠨ ᠢ ᠤᠷᠢᠳᠠᠪᠠᠷ | ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ 23. ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠥᠷᠨᠢᠭᠦᠯᠵᠦ᠂ ᠤᠰᠤᠨ | ᠰᠤᠷᠪᠤᠯᠵᠢ ᠶᠢᠨ ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠬᠤᠲᠠ ᠬᠥᠳᠡᠭᠡ ᠶᠢᠨ ᠤᠰᠤ ᠬᠠᠩᠭᠠᠬᠤ ᠲᠥᠬᠦᠭᠡᠷᠦᠮᠵᠢ ᠶᠢ ᠲᠠᠰ ᠳᠡᠪᠰᠢᠭᠦᠯᠦᠨ | ᠥᠭᠡᠷᠡᠴᠢᠯᠡᠬᠦ ᠶᠢ ᠬᠡᠷᠡᠭᠵᠢᠭᠦᠯᠦᠨ᠂ ᠤᠷ᠎ᠠ ᠮᠡᠷᠭᠡᠰᠢᠯ ᠨᠢ ᠲᠡᠭᠦᠯᠳᠡᠷ ᠪᠤᠰᠤ᠂ ᠠᠷᠢᠭᠤᠳᠬᠠᠬᠤ ᠲᠥᠬᠦᠭᠡᠷᠦᠮᠵᠢ ᠨᠢ | ᠪᠦᠷᠢᠨ ᠪᠤᠰᠤ᠂ ᠦᠢᠯᠡᠳᠪᠦᠷᠢ ᠠᠴᠠ ᠭᠠᠷᠤᠭᠰᠠᠨ ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠶ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠶᠢ | ᠴᠢᠩᠭᠠᠳᠬᠠᠨ᠂ ᠦᠵᠦᠭᠦᠷ ᠤᠨ ᠬᠡᠷᠡᠭᠯᠡᠭᠴᠢ ᠶᠢᠨ ᠬᠤᠶᠠᠳᠠᠬᠢ ᠤᠳᠠᠭ᠎ᠠ ᠤᠰᠤ ᠴᠡᠪᠡᠷᠯᠡᠬᠦ ᠶᠢ ᠪᠠᠭᠠᠰᠬᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 24. ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠬᠤ | ᠬᠡᠷᠡᠭᠲᠡᠶ᠃ ᠭᠤᠣᠯ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠳᠠᠬᠢᠯᠲᠠ ᠤᠰᠤᠨ ᠤ ᠬᠡᠷᠡᠭᠯᠡᠯᠲᠡ ᠶᠢᠨ | ᠨᠣᠷᠮ᠎ᠠ ᠶᠢ ᠳᠡᠭᠡᠭᠰᠢᠯᠡᠭᠦᠯᠵᠦ᠂ ᠨᠣᠭᠤᠭᠠᠷᠠᠭᠤᠯᠤᠯᠲᠠ ᠶᠢᠨ ᠤᠰᠤᠨ ᠰᠤᠷᠪᠤᠯᠵᠢ ᠶᠢ ᠠᠯᠬᠤᠮ ᠠᠯᠬᠤᠮ ᠢᠶᠠᠷ | ᠳᠠᠬᠢᠯᠲᠠ ᠤᠰᠤ ᠪᠠᠷ ᠰᠣᠯᠢᠨ᠎ᠠ᠃ 2025 ᠣᠨ ᠤ ᠰᠡᠭᠦᠯᠴᠢ ᠪᠠᠷ ᠲᠠᠬᠢᠯᠲᠠ ᠤᠰᠤᠨ ᠤ ᠬᠤᠭᠤᠯᠠᠢ ᠶᠢᠨ | ᠲᠣᠣᠷ ᠤᠨ ᠬᠡᠪᠴᠢᠶᠡᠨ ᠳᠣᠲᠣᠷᠠᠬᠢ ᠨᠣᠭᠤᠭᠠᠷᠠᠭᠤᠯᠤᠯᠲᠠ ᠳᠤ ᠬᠡᠷᠡᠭᠯᠡᠬᠦ ᠥᠪᠡᠰᠦᠪᠡᠨ ᠪᠡᠯᠡᠳᠬᠡᠭᠰᠡᠨ ᠬᠤᠳᠳᠤᠭ ᠤᠨ | ᠬᠡᠷᠡᠭᠯᠡᠯᠲᠡ ᠶᠢ ᠵᠣᠭᠰᠣᠭᠠᠨ᠎ᠠ᠃ ᠬᠤᠰᠢᠭᠤ ᠰᠢᠶᠠᠨ ᠬᠤᠲᠠ ᠲᠣᠭᠤᠷᠢᠭ ᠤᠨ ᠨᠣᠭᠤᠭᠠᠷᠠᠭᠤᠯᠤᠯᠲᠠ ᠶᠢᠨ ᠤᠰᠤᠨ | ᠰᠤᠷᠪᠤᠯᠵᠢ ᠶᠢᠨ ᠬᠤᠳᠳᠤᠭ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠲᠣᠭᠲᠠᠭᠠᠯ ᠶᠣᠰᠣᠭᠠᠷ ᠤᠰᠤ ᠠᠪᠬᠤ | ᠵᠥᠪᠰᠢᠶᠡᠷᠡᠯ ᠤᠨ ᠦᠨᠡᠮᠯᠡᠯ ᠢ ᠭᠦᠢᠴᠡᠳᠬᠡᠵᠦ᠂ ᠬᠡᠮᠵᠢᠯᠲᠡ ᠶᠢᠨ ᠲᠥᠬᠦᠭᠡᠷᠦᠮᠵᠢ ᠤᠭᠰᠠᠷᠠᠬᠤ ᠬᠡᠷᠡᠭᠲᠡᠶ᠃ ᠥᠨᠳᠥᠷ | ᠦᠷ᠎ᠡ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠲᠤᠰ ᠭᠠᠵᠠᠷ | ᠣᠷᠣᠨ ᠳᠤ ᠲᠣᠬᠢᠷᠠᠬᠤ ᠭᠠᠩ ᠬᠠᠭᠰᠠᠷᠠᠭᠠᠨ ᠳᠤ ᠲᠡᠰᠪᠦᠷᠢᠲᠡᠶ ᠤᠷᠭᠤᠮᠠᠯ ᠤᠨ ᠬᠤᠴᠢᠯᠭ᠎ᠠ ᠶᠢ ᠰᠣᠩᠭᠤᠨ ᠬᠡᠷᠡᠭᠯᠡᠵᠦ | ᠂ ᠤᠰᠤᠯᠠᠯᠲᠠ ᠶᠢᠨ ᠤᠳᠠᠭ᠎ᠠ ᠶᠢ ᠵᠦᠶ ᠵᠣᠬᠢᠰᠲᠠᠶ ᠲᠣᠬᠢᠷᠠᠭᠤᠯᠤᠨ᠂ ᠤᠰᠤᠨ ᠭᠠᠳᠠᠷᠭᠤ ᠶᠢᠨ ᠦᠵᠡᠮᠵᠢ ᠶᠢᠨ | ᠬᠡᠷᠡᠭᠯᠡᠬᠦ ᠤᠰᠤ ᠶᠢ ᠴᠢᠩᠭ᠎ᠠ ᠡᠵᠡᠮᠳᠡᠨ᠎ᠡ︔ ᠭᠠᠵᠠᠷ ᠳᠣᠤᠷᠠᠬᠢ ᠤᠰᠤ ᠶᠢ ᠬᠤᠲᠠ ᠶᠢᠨ ᠤᠰᠤᠨ ᠤ ᠦᠵᠡᠮᠵᠢ᠂ | ᠤᠰᠤᠨ ᠳᠡᠭᠡᠷᠡᠬᠢ ᠵᠤᠭ᠎ᠠ ᠴᠡᠩᠭᠡᠯ ᠤᠨ ᠲᠥᠷᠥᠯ ᠵᠦᠢᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ︵ | ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 25. ᠥᠪᠡᠰᠦᠪᠡᠨ ᠪᠡᠯᠡᠳᠬᠡᠭᠰᠡᠨ ᠬᠤᠳᠳᠤᠭ ᠤᠨ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠣᠷ ᠤᠨ | ᠬᠠᠮᠤᠷᠬᠤ ᠬᠡᠪᠴᠢᠶᠡᠨ ᠳᠣᠲᠣᠷᠠᠬᠢ ᠥᠪᠡᠰᠦᠪᠡᠨ ᠪᠡᠯᠡᠳᠬᠡᠭᠰᠡᠨ ᠬᠤᠳᠳᠤᠭ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠴᠠ ᠶᠢ ᠴᠢᠩᠭᠠᠷᠠᠭᠤᠯᠵᠤ᠂ ᠥᠪᠡᠰᠦᠪᠡᠨ ᠪᠡᠯᠡᠳᠬᠡᠭᠰᠡᠨ ᠬᠤᠳᠳᠤᠭ ᠤᠨ ᠪᠥᠲᠥᠭᠡᠨ ᠪᠠᠶᠢᠭᠤᠯᠤᠯᠲᠠ ᠶᠢᠨ | ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠴᠢᠩᠳᠠᠯᠠᠵᠤ᠂ ᠵᠢᠯ ᠪᠦᠷᠢ ᠣᠯᠠᠨ ᠨᠡᠶᠢᠲᠡ ᠶᠢᠨ ᠤᠰᠤ ᠬᠠᠩᠭᠠᠬᠤ | ᠬᠤᠭᠤᠯᠠᠶ ᠶᠢᠨ ᠲᠣᠤᠷ ᠤᠨ ᠳᠣᠲᠣᠷᠠᠬᠢ ᠤᠬᠢᠶᠠᠯᠭ᠎ᠠ᠂ ᠲᠡᠷᠭᠡ ᠤᠬᠢᠶᠠᠬᠤ᠂ ᠢᠳᠡᠭᠡᠨ ᠤᠮᠳᠠᠭᠠᠨ᠂ ᠨᠡᠶᠢᠭᠡᠮ | ᠲᠣᠭᠤᠷᠢᠭ᠂ ᠨᠣᠭᠤᠭᠠᠷᠠᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ | ︽ᠪᠦᠬᠦ ᠲᠠᠯ᠎ᠠ︾ ᠤᠨ ᠪᠠᠶᠢᠴᠠᠭᠠᠯᠲᠠ ᠬᠢᠵᠦ᠂ ᠬᠠᠤᠯᠢ ᠪᠤᠰᠤ ᠪᠠᠷ ᠤᠰᠤ ᠠᠪᠤᠭᠰᠠᠨ ᠦᠢᠯᠡ ᠠᠵᠢᠯᠯᠠᠭ᠎ᠠ ᠶᠢ | ᠣᠯᠵᠤ ᠮᠡᠳᠡᠪᠡᠯ᠂ ᠴᠢᠩᠭ᠎ᠠ ᠴᠣᠬᠢᠯᠲᠠ ᠥᠭᠴᠦ᠂ ᠢᠯᠳᠠᠷ ᠬᠠᠶᠠᠵᠤ ᠪᠣᠯᠬᠤ ᠥᠬᠡᠶ᠃ ︵ᠬᠠᠷᠢᠭᠤᠴᠠᠯᠭᠠᠲᠤ | ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ︵ᠵᠢᠷᠭᠤᠭ᠎ᠠ︶ ᠤᠰᠤᠨ ᠤ | ᠬᠡᠮᠵᠢᠶ᠎ᠡ ᠶᠢ ᠳᠤᠬᠢᠷᠠᠭᠤᠯᠬᠤ᠂ ᠢᠨᠵᠧᠨᠧᠷᠢᠩ ᠤᠨ ᠤᠰᠤ ᠳᠤᠬᠢᠷᠠᠭᠤᠯᠬᠤ ᠪᠠ ᠤᠰᠤᠲᠤᠯ ᠢ ᠵᠠᠯᠠᠬᠤ ᠪᠠ ᠪᠣᠷᠣᠭᠠᠨ ᠤ | ᠤᠰᠤ ᠶᠢ ᠠᠰᠢᠭᠯᠠᠬᠤ ᠶᠢ ᠴᠢᠩᠭᠠᠳᠬᠠᠵᠤ᠂ ᠭᠠᠵᠠᠷ ᠳᠤᠤᠷᠠᠬᠢ ᠤᠰᠤ ᠶᠢ ᠪᠦᠳᠦᠮᠵᠢᠲᠡᠢ ᠨᠦᠬᠦᠪᠦᠷᠢᠯᠡᠬᠦ ᠪᠠ | ᠠᠷᠪᠢᠯᠠᠵᠤ᠂ ᠭᠠᠵᠠᠷ ᠳᠤᠤᠷᠠᠬᠢ ᠤᠰᠤᠨ ᠤ ᠲᠦᠪᠰᠢᠨ ᠢ ᠳᠡᠭᠡᠭᠰᠢᠯᠡᠭᠦᠯᠦᠨ᠂ ᠭᠤᠤᠯ ᠮᠦᠷᠡᠨ ᠤ ᠠᠮᠢ ᠠᠬᠤᠢ ᠶᠢᠨ | ᠰᠡᠷᠭᠦᠯᠲᠡ ᠶᠢ ᠠᠬᠢᠭᠤᠯᠤᠨ᠎ᠠ 26. ᠪᠠᠷᠠᠭᠤᠨ ᠯᠢᠶᠣᠤ ᠾᠧ ᠭᠤᠣᠯ ᠤᠨ ᠤᠰᠤᠨ ᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠦᠷᠭᠦᠯᠵᠢᠯᠡᠨ ᠥᠷᠨᠢᠭᠦᠯᠦᠨ᠎ᠡ᠃ ᠳᠡᠭᠡᠳᠦ ᠱᠠᠲᠤᠨ ᠠᠴᠠ ᠪᠠᠭᠤᠯᠭᠠᠭᠰᠠᠨ ᠲᠣᠬᠢᠷᠠᠭᠤᠯᠬᠤ | ᠵᠠᠷᠯᠢᠭ ᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠭᠤᠤᠯ ᠤᠷᠤᠰᠬᠠᠯ ᠢ | ᠳᠣᠣᠷᠠᠳᠤ ᠤᠷᠤᠰᠬᠠᠯ ᠳᠠᠰᠢ ᠤᠷᠲᠤᠳᠬᠠᠬᠤ ᠶᠢ ᠠᠬᠢᠭᠤᠯᠵᠤ᠂ ᠭᠤᠤᠯ ᠤᠷᠤᠰᠬᠠᠯ ᠢ 2024 ᠣᠨ ᠤ ᠣᠷᠣᠨ | ᠪᠠᠶᠢᠷᠢ ᠳᠤ ᠬᠦᠷᠭᠡᠬᠦ ᠪᠠᠷ ᠴᠢᠷᠮᠠᠶᠢᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ | ᠲᠣᠪᠴᠢᠶ᠎ᠠ︶ 27. ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠤᠷᠤᠭᠤᠯᠬᠤ | ᠢᠨᠵᠧᠨᠧᠷᠢᠩ ᠳᠤ ᠲᠦᠰᠢᠭᠯᠡᠨ ᠠᠮᠢ ᠠᠬᠤᠢ ᠶᠢᠨ ᠤᠰᠤ ᠨᠥᠬᠦᠪᠥᠷᠢᠯᠡᠬᠦ ᠶᠢ ᠬᠡᠷᠡᠭᠵᠢᠭᠦᠯᠦᠨ᠎ᠡ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤ ᠾᠧ ᠭᠤᠣᠯ ᠳᠤ ᠤᠰᠤ ᠨᠡᠪᠲᠡᠷᠡᠭᠦᠯᠦᠭᠰᠡᠨ ᠤ ᠳᠠᠷᠠᠭ᠎ᠠ᠂ ᠭᠤᠣᠯ ᠬᠤᠳᠠ ᠶᠢᠨ | ᠲᠣᠭᠤᠷᠢᠭ ᠤᠨ ᠠᠮᠢᠳᠤᠷᠠᠯ ᠳᠤ ᠬᠡᠷᠡᠭᠯᠡᠬᠦ ᠭᠠᠵᠠᠷ ᠳᠣᠣᠷᠠᠬᠢ ᠤᠰᠤ ᠪᠠ ᠠᠵᠤ ᠦᠢᠯᠡᠳᠪᠦᠷᠢ ᠳᠤ ᠬᠡᠷᠡᠭᠯᠡᠬᠦ ᠭᠠᠵᠠᠷ | ᠳᠣᠣᠷᠠᠬᠢ ᠤᠰᠤ ᠶᠢ ᠤᠷᠢᠳᠠᠪᠠᠷ ᠰᠣᠯᠢᠵᠤ᠂ ᠤᠰᠤ ᠲᠠᠲᠠᠬᠤ ᠬᠡᠮᠵᠢᠶ᠎ᠡ ᠨᠢ ᠰᠢᠨ᠎ᠡ ᠪᠠᠷ ᠨᠡᠮᠡᠭᠳᠡᠭᠰᠡᠨ ᠣᠰᠣᠨ ᠤ | ᠬᠡᠷᠡᠭᠯᠡᠯᠲᠡ ᠶᠢ ᠬᠠᠩᠭᠠᠭᠰᠠᠨ ᠤ ᠳᠠᠷᠠᠭ᠎ᠠ᠂ ᠦᠯᠡᠳᠡᠭᠰᠡᠨ ᠤᠰᠤᠨ ᠤ ᠬᠡᠮᠵᠢᠶ᠎ᠡ ᠶᠢ ᠭᠠᠵᠠᠷ ᠳᠣᠣᠷᠠᠬᠢ ᠤᠰᠤ ᠶᠢ | ᠡᠭᠡᠭᠦᠯᠦᠨ ᠨᠥᠬᠦᠪᠦᠷᠢᠯᠡᠬᠦ ᠳᠤ ᠬᠡᠷᠡᠭᠯᠡᠵᠦ᠂ 2025 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠮᠤᠷᠤᠢ ᠶᠢᠨ ᠰᠦᠮ᠎ᠡ ᠶᠢᠨ ᠴᠥᠭᠦᠷᠥᠮ ᠢ ᠤᠰᠤ ᠬᠠᠳᠠᠭᠠᠯᠠᠬᠤ ᠨᠥᠬᠦᠴᠡᠯ ᠳᠤ ᠬᠦᠷᠭᠡᠵᠦ᠂ 2025 ᠣᠨ ᠤ | ᠰᠡᠭᠦᠯᠴᠢ ᠠᠴᠠ ᠡᠮᠦᠨ᠎ᠡ ᠮᠤᠷᠤᠢ ᠶᠢᠨ ᠰᠦᠮ᠎ᠡ ᠶᠢᠨ ᠴᠥᠭᠦᠷᠥᠮ ᠳᠤ ᠨᠥᠬᠦᠪᠦᠷᠢᠯᠡᠭᠰᠡᠨ ᠣᠰᠣᠨ ᠤ ᠬᠡᠮᠵᠢᠶ᠎ᠡ ᠶᠢ | 6000 ᠲᠦᠮᠡᠨ ᠺᠦᠪ ᠮᠧᠳ᠋ᠷ ᠠᠴᠠ ᠳᠡᠭᠡᠭᠰᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ | ᠤᠰᠤᠨ ᠤ ᠶᠠᠪᠤᠳᠠᠯ ᠤᠨ ᠲᠣᠪᠴᠢᠶ᠎ᠠ᠂ ᠬᠤᠷᠴᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 28. ᠦᠶᠡᠷ ᠤᠨ ᠤᠰᠤ ᠪᠣᠯᠤᠨ ᠤᠰᠤᠳᠤᠯ | ᠣᠰᠣᠨ ᠤ ᠡᠬᠢ ᠪᠠᠶᠠᠯᠢᠭ ᠢ ᠭᠦᠢᠴᠡᠳ ᠠᠰᠢᠭᠯᠠᠬᠤ ᠬᠡᠷᠡᠭᠲᠡᠢ᠃ ᠪᠠᠷᠠᠭᠤᠨ ᠯᠢᠶᠣᠤ ᠾᠧ ᠭᠤᠤᠯ ᠤᠨ ᠰᠠᠪᠠ | ᠭᠠᠵᠠᠷ ᠲᠤ ᠦᠶᠡᠷ ᠭᠠᠷᠤᠭᠰᠠᠨ ᠦᠶ᠎ᠡ ᠳᠤ᠂ ᠣᠳᠣ ᠶᠢᠨ ᠪᠠᠶᠢᠭ᠎ᠠ ᠪᠠᠷᠢᠯᠭ᠎ᠠ ᠶᠢ ᠭᠦᠢᠴᠡᠳ ᠠᠰᠢᠭᠯᠠᠨ ᠦᠶᠡᠷ ᠢ | ᠬᠠᠵᠠᠭᠤ ᠶᠢᠨ ᠴᠥᠭᠦᠷᠥᠮ ᠳᠤ ᠣᠷᠣᠭᠤᠯᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ | ᠲᠣᠬᠢᠷᠠᠭᠤᠯᠵᠤ᠂ ᠲᠠᠲᠠᠷᠠᠭᠤᠯᠬᠤ ᠪᠠ ᠬᠠᠳᠠᠭᠠᠯᠠᠬᠤ ᠶᠢ ᠤᠶᠠᠯᠳᠤᠭᠤᠯᠵᠤ᠂ ᠤᠰᠤᠲᠤᠯ ᠢ ᠵᠠᠯᠠᠬᠤ ᠰᠤᠪᠠᠭ ᠢ | ᠨᠡᠪᠲᠡᠷᠡᠭᠦᠯᠵᠦ᠂ ᠤᠰᠤᠲᠤᠯ ᠢ ᠵᠠᠯᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠮᠰᠢᠭ ᠢ | ᠰᠡᠷᠬᠡᠶᠢᠯᠡᠵᠥ ᠭᠠᠮᠰᠢᠭ ᠢ ᠪᠠᠭᠠᠰᠬᠠᠬᠤ ᠴᠢᠳᠠᠪᠤᠷᠢ ᠶᠢ ᠲᠡᠭᠡᠭᠰᠢᠯᠡᠬᠦᠯᠬᠦ ᠶᠢᠨ ᠬᠠᠮᠳᠤ ᠤᠰᠤᠲᠤᠯ ᠤᠰᠤᠨ ᠤ ᠡᠬᠢ | ᠪᠠᠶᠠᠯᠢᠭ ᠢ ᠬᠦᠢᠴᠡᠳ ᠠᠰᠢᠬᠯᠠᠵᠥ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠤᠰᠤᠲᠤᠯ ᠤᠰᠤ ᠶᠢ | ᠲᠤᠭᠤᠯᠵᠢᠨ ᠠᠭᠤᠯᠠᠨ ᠤ ᠴᠥᠭᠦᠷᠥᠮ ᠳᠤ ᠣᠷᠣᠭᠤᠯᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ | ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠠᠮᠢᠶ᠎ᠠ | ᠪᠥᠬᠦᠶ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ︵ᠳᠤᠯᠤᠭ᠎ᠠ︶ ᠠᠮᠢ ᠠᠬᠤᠢ ᠶᠢᠨ ᠤᠰᠤ ᠠᠷᠪᠢᠯᠠᠬᠤ ᠠᠵᠢᠯ ᠢ | ᠢᠳᠡᠪᠬᠢᠲᠡᠢ ᠠᠬᠢᠭᠤᠯᠤᠨ᠎ᠠ 29. ᠣᠰᠣᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠬᠤ | ᠬᠡᠷᠡᠭᠲᠡᠢ᠃ ᠤᠰᠤᠨ ᠰᠤᠷᠪᠤᠯᠵᠢ ᠶᠢ ᠬᠠᠳᠠᠭᠠᠯᠠᠬᠤ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠨᠤᠭᠤ ᠭᠠᠵᠠᠷ ᠢ ᠰᠡᠷᠭᠦᠭᠡᠬᠦ ᠵᠡᠷᠭᠡ ᠨᠣᠭᠤᠭᠠᠷᠠᠭᠤᠯᠤᠯᠲᠠ ᠶᠢᠨ ᠠᠷᠭ᠎ᠠ | ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠶᠢᠵᠢᠭᠤᠯᠬᠤ ᠳᠤ ᠳᠣᠭᠢᠷᠠᠪᠠᠯ ᠣᠶᠢᠵᠢᠭᠤᠯᠵᠤ᠂ ᠡᠪᠡᠰᠦ | ᠲᠠᠷᠢᠬᠤ ᠳᠤ ᠳᠣᠭᠢᠷᠠᠪᠠᠯ ᠡᠪᠡᠰᠦ ᠪᠡᠯᠴᠢᠭᠡᠷ ᠢ ᠰᠡᠷᠭᠦᠭᠡᠵᠦ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ︔ ᠠᠶᠠᠨᠳᠠᠭᠠᠨ ᠰᠡᠷᠭᠦᠭᠡᠬᠦ ᠪᠠ ᠬᠥᠮᠦᠨ ᠤ ᠬᠦᠴᠦ ᠪᠠᠷ | ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠣᠷᠣᠭᠠᠨ ᠢᠶᠠᠷ ᠤᠮᠳᠠᠯᠠᠵᠤ᠂ ᠤᠰᠤ ᠠᠷᠪᠢᠯᠠᠬᠤ ᠪᠠᠷ | ᠤᠳᠤᠷᠢᠳᠤᠮᠵᠢ ᠪᠣᠯᠭᠠᠵᠤ᠂ ᠤᠰᠤ ᠠᠷᠪᠢᠯᠠᠬᠤ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ | ᠶᠡᠬᠡᠪᠡᠷ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ 30. ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ | ᠤᠰᠤ ᠠᠷᠪᠢᠯᠠᠬᠤ ᠶᠢ ᠠᠬᠢᠭᠤᠯᠬᠤ ᠬᠡᠷᠡᠭᠲᠡᠶ᠃ ᠲᠤᠷᠤᠭ ᠮᠣᠳᠣ ᠪᠤᠲᠠᠯᠢᠭ ᠮᠣᠳᠣ ᠡᠪᠡᠰᠦ ᠶᠢ ᠤᠶᠠᠯᠳᠤᠭᠤᠯᠬᠤ ᠶᠢ | ᠪᠠᠷᠢᠮᠲᠠᠯᠠᠵᠤ᠂ ᠭᠠᠩ ᠬᠠᠭᠰᠠᠷᠠᠭᠠᠨ ᠳᠤ ᠲᠡᠰᠪᠦᠷᠢᠲᠡᠢ ᠤᠰᠤ ᠠᠷᠪᠢᠯᠠᠬᠤ ᠬᠡᠯᠪᠡᠷᠢ ᠶᠢᠨ ᠡᠪᠡᠰᠦ ᠮᠣᠳᠣ ᠶᠢᠨ | ᠡᠭᠦᠯᠳᠡᠷ ᠢ ᠤᠷᠢᠳᠠᠪᠠᠷ ᠰᠣᠩᠭᠤᠨ ᠬᠡᠷᠡᠭᠯᠡᠵᠦ᠂ ᠣᠶ ᠰᠢᠭᠤᠶ ᠡᠪᠡᠰᠦ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢᠨ ᠲᠥᠷᠥᠯ ᠬᠡᠯᠪᠡᠷᠢ ᠪᠠ ᠨᠢᠭᠲᠠᠴᠠ ᠶᠢ ᠵᠦᠶ ᠵᠣᠬᠢᠰᠲᠠᠶ ᠳᠣᠭᠢᠷᠠᠭᠤᠯᠤᠨ᠎ᠠ︔ ᠣᠶ ᠰᠢᠭᠤᠶ ᠡᠪᠡᠰᠦ | ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠪᠠ | ᠤᠰᠤ ᠠᠷᠪᠢᠯᠠᠬᠤ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠭᠡ ᠮᠡᠷᠭᠡᠵᠢᠯ ᠤᠨ ᠪᠦᠲᠦᠭᠡᠭᠳᠡᠬᠦᠨ ᠢ ᠳᠡᠯᠭᠡᠷᠡᠭᠦᠯᠦᠨ | ᠬᠡᠷᠡᠭᠯᠡᠬᠦ ᠶᠢ ᠴᠢᠩᠭᠠᠳᠬᠠᠵᠤ᠂ ᠪᠠᠶᠢᠭᠠᠯᠢ ᠶᠢᠨ ᠬᠤᠷ᠎ᠠ ᠲᠣᠨᠣᠳᠠᠰᠤ ᠪᠠ ᠳᠠᠬᠢᠯᠲᠠ ᠤᠰᠤ ᠶᠢ ᠵᠦᠶ ᠵᠣᠬᠢᠰᠲᠠᠶ | ᠠᠰᠢᠭᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ 31. ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠲᠣᠭᠤᠷᠢᠭ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠂ ᠤᠰᠤᠨ ᠤ ᠶᠠᠪᠤᠳᠠᠯ᠂ ᠮᠠᠯ ᠲᠠᠷᠢᠶᠠᠯᠠᠩ᠂ ᠠᠵᠤ ᠦᠢᠯᠡᠳᠪᠦᠷᠢ ᠴᠢᠮᠡᠭᠡ ᠵᠠᠩᠭᠢᠵᠢᠯᠲᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ | ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠡᠨᠧᠷᠭᠢ᠂ ᠭᠠᠶᠢᠯᠢ ᠶᠢᠨ ᠶᠠᠪᠤᠳᠠᠯ᠂ ᠴᠠᠬᠢᠯᠭᠠᠨ ᠬᠦᠴᠦᠨ ᠵᠡᠷᠭᠡ | ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ | ᠰᠡᠳᠦᠪᠲᠦ ᠬᠤᠷᠠᠯ ᠬᠤᠷᠠᠯᠳᠤᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ | ᠦᠨᠡᠨᠬᠦ ᠪᠠᠲᠤᠯᠠᠬᠤ ᠬᠡᠷᠡᠭᠲᠡᠶ᠃ 32. ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠲᠥᠪ᠂ ᠥᠪᠡᠷᠲᠡᠭᠡᠨ | ᠵᠠᠰᠠᠬᠤ ᠣᠷᠣᠨ ᠤ ᠲᠤᠰᠬᠠᠶ ᠵᠦᠢᠯ ᠤᠨ ᠪᠡᠯᠡ ᠮᠥᠩᠭᠦ ᠪᠠᠷ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ | ᠳᠡᠮᠵᠢᠵᠦ᠂ ᠭᠤᠤᠯᠳᠠᠭᠤ ᠲᠠᠷᠢᠶᠠᠯᠠᠩ ᠤᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠬᠠᠭᠤᠴᠢᠨ ᠤᠰᠤ ᠬᠠᠩᠭᠠᠬᠤ | ᠬᠤᠭᠤᠯᠠᠶ ᠶᠢᠨ ᠲᠣᠤᠷ ᠢ ᠥᠭᠡᠷᠡᠴᠢᠯᠡᠬᠦ᠂ ᠳᠡᠭᠢᠯᠳᠡ ᠤᠰᠤ ᠶᠢ ᠠᠰᠢᠭᠯᠠᠵᠤ ᠲᠣᠬᠢᠷᠠᠭᠤᠯᠬᠤ ᠵᠡᠷᠭᠡ ᠲᠠᠯ᠎ᠠ ᠪᠠᠷ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠰᠤ ᠠᠷᠪᠢᠯᠠᠬᠤ ᠪᠡᠯᠡ ᠣᠷᠣᠭᠤᠯᠵᠤ ᠪᠡᠯᠡ | ᠲᠣᠬᠢᠷᠠᠭᠤᠯᠬᠤ ᠵᠠᠭᠪᠤᠷ ᠢ ᠥᠷᠭᠡᠳᠬᠡᠵᠦ᠂ ᠨᠡᠶᠢᠭᠡᠮ ᠤᠨ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ 33. | ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠶ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠴᠢᠳᠠᠪᠤᠷᠢ ᠪᠣᠯᠤᠨ ᠲᠤᠰᠬᠠᠶ ᠮᠡᠷᠭᠡᠵᠢᠯ ᠤᠨ ᠳᠠᠪᠠᠭᠤᠯᠢᠭ ᠶᠣᠰᠣᠭᠠᠷ᠂ ᠤᠰᠤ ᠠᠷᠪᠢᠯᠠᠬᠤ | ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠦᠨᠳᠦᠰᠦᠯᠡᠨ᠂ ᠠᠵᠢᠯ ᠲᠥᠷᠥᠯ ᠤᠨ ᠵᠢᠯᠣᠭᠤᠳᠤᠯᠭ᠎ᠠ ᠪᠣᠯᠤᠨ ᠵᠣᠬᠢᠶᠠᠨ | ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠡᠴᠦᠰ ᠲᠤᠨᠢ ᠲᠤᠯᠲᠠᠯ᠎ᠠ | ᠠᠳᠬᠤᠬᠤ ᠬᠡᠷᠡᠭᠲᠡᠶ᠃ ᠮᠥᠷᠳᠡᠨ ᠲᠣᠬᠢᠷᠠᠭᠤᠯᠬᠤ᠂ ᠵᠠᠷᠯᠠᠨ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ | ᠠᠵᠢᠯ ᠤᠨ ᠠᠬᠢᠴᠠ ᠨᠢ ᠤᠳᠠᠭᠠᠨ ᠢ ᠵᠠᠷᠯᠠᠨ ᠮᠡᠳᠡᠭᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠬᠦᠴᠦᠨ ᠥᠬᠡᠶ ᠶᠢ | ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠬᠡᠷᠡᠭᠲᠡᠶ᠃ 34. ᠤᠰᠤ ᠠᠷᠪᠢᠯᠠᠬᠤ ᠤᠬᠠᠭᠤᠯᠭ᠎ᠠ | ᠬᠥᠮᠦᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠯᠠᠨ | ᠶᠠᠩᠵᠤ ᠬᠡᠯᠪᠡᠷᠢ ᠶᠢᠨ᠂ ᠣᠷᠣᠨ ᠨᠤᠲᠤᠭ ᠪᠣᠯᠤᠨ ᠠᠵᠢᠯ ᠲᠥᠷᠥᠯ ᠤᠨ ᠣᠨᠴᠠᠯᠢᠭ ᠲᠠᠢ ᠤᠰᠤ ᠠᠷᠪᠢᠯᠠᠬᠤ ᠭᠤᠤᠯ | ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠤᠬᠠᠭᠠᠯᠠᠨ ᠥᠷᠨᠢᠭᠦᠯᠬᠦ ᠬᠡᠷᠡᠭᠲᠡᠶ᠃ ᠤᠰᠤ ᠠᠷᠪᠢᠯᠠᠬᠤ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ ᠢ ᠪᠠᠶᠢᠭᠤᠯᠵᠤ᠂ ᠤᠰᠤ ᠠᠷᠪᠢᠯᠠᠬᠤ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ | ᠠᠴᠢᠶᠠᠯᠠᠪᠤᠷᠢ ᠪᠠᠷ ᠳᠠᠮᠵᠢᠭᠤᠯᠤᠨ᠂ ᠤᠰᠤ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ | ᠤᠰᠤ ᠠᠷᠪᠢᠯᠠᠬᠤ ᠣᠶᠢᠯᠠᠭᠠᠭᠳᠠᠬᠤᠨ ᠤ ᠮᠡᠳᠡᠯᠭᠡ ᠶᠢ ᠤᠯᠠᠮᠵᠢᠯᠠᠵᠤ᠂ ︽ᠠᠷᠠᠳ ᠢᠷᠭᠡᠳ ᠤᠨ ᠤᠰᠤ ᠠᠷᠪᠢᠯᠠᠬᠤ | ᠦᠢᠯᠡ ᠠᠵᠢᠯᠯᠠᠭ᠎ᠠ ᠶᠢᠨ ᠵᠢᠷᠤᠮᠵᠢᠯ︾ ᠢ ᠦᠢᠯᠡᠳᠦᠯᠭᠡᠵᠢᠭᠦᠯᠭᠦ ᠬᠡᠷᠡᠭᠲᠡᠶ︔ ᠤᠰᠤ ᠠᠷᠪᠢᠯᠠᠬᠤ ᠶᠢ ᠰᠤᠷᠭᠠᠭᠤᠯᠢ ᠶᠢᠨ | ᠬᠦᠷᠢᠶ᠎ᠡ᠂ ᠠᠯᠪᠠᠨ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ | ᠣᠷᠣᠭᠤᠯᠬᠤ ︽ᠲᠠᠪᠤ ᠳᠤ ᠣᠷᠣᠭᠤᠯᠬᠤ︾ ᠠᠵᠢᠯᠯᠠᠭ᠎ᠠ ᠥᠷᠨᠢᠭᠦᠯᠵᠦ᠂ ᠨᠡᠶᠢᠭᠡᠮ ᠳᠠᠶᠠᠭᠠᠷ ᠲᠤ ᠤᠰᠤ ᠶᠢ | ᠠᠷᠪᠢᠯᠠᠵᠤ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | | |