︽ᠬᠤᠲᠠ ᠬᠥᠳᠡᠭᠡ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠰᠣᠶᠣᠯ ᠤᠨ | ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠰᠣᠶᠣᠯ ᠢᠶᠠᠷ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ ᠡᠷᠴᠢᠮᠯᠡᠨ᠎ᠡ︾᠃ ᠡᠨᠡ ᠵᠢᠯ ᠤᠨ ᠪᠥᠬᠦ ᠤᠯᠤᠰ ᠤᠨ ᠬᠤᠶᠠᠷ | ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠲᠡᠭᠦᠨ ᠤ ᠪᠠᠶᠢᠭ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ ᠴᠢᠬᠤᠯᠠ | ᠶᠠᠷᠢᠶ᠎ᠠ ᠲᠠᠯᠪᠢᠬᠤ ᠳᠤ ᠪᠠᠨ ︽ᠰᠣᠶᠣᠯ ᠢᠶᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠴᠦᠨ ᠴᠢᠳᠠᠮᠵᠢ ᠶᠢ | ᠡᠷᠴᠢᠮᠯᠡᠨ᠎ᠡ︾ ᠭᠡᠵᠦ ᠴᠢᠬᠤᠯᠠᠴᠢᠯᠠᠵᠠᠢ᠃ | 2023 ᠣᠨ ᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ | ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ ᠪᠠᠨ ︽ᠬᠥᠮᠥᠨ | ᠰᠣᠶᠣᠯ ᠤᠨ ᠠᠵᠤ ᠠᠬᠤᠢ ᠶᠢᠨ ᠤᠬᠠᠭᠠᠨ︾ ᠤ ᠴᠢᠬᠤᠯᠠ ᠰᠡᠳᠦᠪ — ︽ᠰᠣᠶᠣᠯ ᠮᠠᠰᠢ ᠬᠥᠭᠵᠢᠭᠰᠡᠨ ᠭᠠᠵᠠᠷ | ᠣᠷᠣᠨ ᠤ ᠠᠵᠤ ᠠᠬᠤᠢ ᠴᠤ ᠲᠡᠷᠢᠭᠦᠯᠡᠵᠦ ᠪᠠᠶᠢᠨ᠎ᠠ᠃ ᠡᠭᠦᠨ ᠳᠠᠬᠢ ᠬᠥᠮᠥᠨ ᠰᠣᠶᠣᠯ ᠤᠨ ᠠᠵᠤ ᠠᠬᠤᠢ ᠶᠢᠨ | ᠤᠬᠠᠭᠠᠨ ᠢ ᠰᠤᠳᠤᠯᠵᠤ ᠪᠣᠯᠣᠨ᠎ᠠ︾ ᠭᠡᠳᠡᠭ ᠢ ᠳᠤᠷᠠᠳᠴᠠᠢ᠃ ᠡᠨᠡ ᠬᠦ ᠨᠤᠲᠠᠯᠠᠯᠲᠠ ᠨᠢ ᠠᠵᠤ ᠠᠬᠤᠢ ᠬᠢᠭᠡᠳ | ᠰᠣᠶᠣᠯ ᠢ ᠠᠭᠤᠰᠤᠯᠴᠠᠭᠤᠯᠤᠨ ᠠᠬᠢᠭᠤᠯᠬᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠢ ᠵᠡᠷᠭᠡ ᠪᠠᠷ | ᠤᠷᠤᠭᠰᠢᠯᠠᠭᠤᠯᠬᠤ ᠬᠥᠭᠵᠢᠯᠲᠡ ᠶᠢᠨ ᠵᠢᠮ᠎ᠡ ᠶᠣᠰᠣ ᠶᠢ ᠢᠯᠡᠷᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠤᠳ ᠠᠴᠠ ᠨᠠᠭᠠᠰᠢ᠂ ᠡᠯ᠎ᠡ ᠭᠠᠵᠠᠷ ᠤᠨ ᠬᠢᠨ ᠰᠣᠶᠣᠯ ᠤᠨ ᠵᠣᠬᠢᠶᠠᠮᠵᠢ ᠶᠢᠨ ᠴᠤᠭᠯᠠᠭ᠎ᠠ | ᠵᠠᠬ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠦᠢᠯᠡᠳᠦᠯᠴᠡᠨ ᠪᠡᠶᠡᠴᠢᠯᠡᠨ ᠣᠶᠢᠯᠠᠭᠠᠬᠤᠢ᠂ | ᠬᠥᠳᠡᠭᠡ ᠲᠣᠰᠬᠤᠨ ᠤ ᠰᠢ ᠵᠦᠴᠦᠭᠡ ᠶᠢᠨ ᠲᠠᠪᠴᠠᠩ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠵᠠᠯᠭᠠᠭ᠎ᠠ ᠵᠠᠯᠭᠠᠭ᠎ᠠ ᠪᠠᠷ ᠥᠷᠨᠢᠭᠦᠯᠵᠦ᠂ ᠨᠢᠭᠡ ᠯᠡ ᠲᠧᠯᠸᠢᠰ ᠵᠦᠴᠦᠭᠡ ᠪᠠᠷ ᠠᠯᠲᠠᠢ ᠶᠢᠨ ᠰᠣᠶᠣᠯ ᠵᠢᠭᠤᠯᠴᠢᠯᠠᠯ ᠤᠨ | ᠠᠵᠤ ᠦᠢᠯᠡᠰ ᠢ ᠬᠥᠭᠵᠢᠭᠡᠵᠦ᠂ ︽ᠨᠧ ᠵᠠ︾ ᠨᠢ ᠤᠯᠠᠨ ᠠᠵᠤ ᠦᠢᠯᠡᠰ ᠤᠨ ᠬᠡᠯᠬᠢᠶᠡᠨ ᠤ ᠰᠢᠨ᠎ᠡ ᠶᠢ ᠡᠭᠦᠳᠦᠨ | ᠬᠥᠭᠵᠢᠬᠦ ᠳᠤ ᠣᠷᠣᠨ ᠨᠤᠲᠤᠭ ᠢ ᠠᠯᠤᠰᠯᠠᠵᠤ ᠬᠦᠴᠦᠨ ᠴᠢᠳᠠᠮᠵᠢ ᠶᠢ ᠨᠢ ᠡᠷᠴᠢᠮᠯᠡᠪᠡ ᠁ ᠮᠠᠰᠢ ᠤᠯᠠᠨ ᠴᠢᠨᠠᠷ | ᠰᠠᠶᠢᠲᠠᠢ ᠰᠣᠶᠣᠯ ᠤᠨ ᠪᠦᠲᠦᠭᠡᠭᠳᠡᠬᠦᠨ᠂ ᠰᠣᠶᠣᠯ ᠤᠨ ᠦᠢᠯᠡᠴᠢᠯᠡᠭᠡ ᠲᠠᠰᠤᠷᠠᠯᠲᠠ ᠦᠭᠡᠢ ᠵᠣᠬᠢᠶᠠᠭᠳᠠᠨ ᠰᠢᠨᠡᠳᠴᠦ | ᠂ ᠬᠥᠮᠥᠰ ᠤᠨ ᠤᠶᠤᠨ ᠤ ᠰᠠᠨᠠᠭᠠᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠵᠡᠷᠭᠡ ᠪᠠᠷ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠲᠠᠶᠢᠴᠢᠯᠠᠵᠠᠢ᠃ | ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠣᠶᠣᠯ ᠪᠣᠯ ᠴᠢᠬᠤᠯᠠ ᠲᠤᠯᠬᠤ ᠴᠡᠭ ᠪᠣᠯᠣᠨ᠎ᠠ᠃︾ | ᠮᠠᠨ ᠤ ᠰᠣᠶᠣᠯ ᠤᠨ ᠠᠵᠢᠯᠲᠠᠳ ᠰᠣᠶᠣᠯ ᠤᠨ ᠪᠠᠶᠢᠭᠤᠯᠤᠯᠲᠠ ᠶᠢ ᠬᠥᠮᠥᠨ ᠳᠤ ᠬᠠᠨᠳᠤᠭᠤᠯᠤᠨ᠂ ᠬᠥᠮᠥᠨ ᠳᠤ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠪᠠᠷᠢᠮᠲᠠᠯᠠᠵᠤ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ | ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠡᠯ᠎ᠡ ᠭᠠᠵᠠᠷ ᠤᠨ ᠭᠦᠨ ᠵᠤᠵᠠᠭᠠᠨ ᠬᠥᠮᠥᠨ | ᠰᠣᠶᠣᠯ ᠤᠨ ᠠᠭᠤᠯᠬᠤᠨ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠦᠷ ᠳᠠᠯᠠᠶᠢᠴᠠᠲᠠᠢ | ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ᠃ | |