3 ᠰᠠᠷ᠎ᠠ ᠶᠢᠨ 17 ᠤ ᠡᠳᠦᠷ᠂ ᠲᠦᠩᠯᠢᠶᠣᠤ ᠬᠤᠲᠠ ᠶᠢᠨ ᠪᠥᠬᠦ ᠤᠯᠤᠰ ᠤᠨ ︽ᠬᠤᠶᠠᠷ ᠬᠤᠷᠠᠯ︾ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠬᠤᠲᠠ ᠶᠢᠨ ᠲᠠᠰ ᠤᠨ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠮᠡᠳᠡᠭᠦᠯᠦᠯᠲᠡ ᠶᠢᠨ ᠬᠤᠷᠠᠯ ᠵᠢᠴᠢ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ | ᠰᠤᠷᠤᠯᠴᠠᠬᠤ ᠭᠤᠤᠯ ᠳᠤᠭᠤᠶᠢᠯᠠᠩ ᠤᠨ 2025 ᠣᠨ ᠤ ᠭᠤᠷᠪᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠵᠤ ᠠᠬᠤᠢ ᠶᠢᠨ | ᠳᠡᠭᠡᠳᠦ ᠰᠤᠷᠭᠠᠭᠤᠯᠢ ᠶᠢᠨ ᠵᠠᠬᠢᠷᠤᠯ ᠴᠧᠨ ᠠᠢ ᠰᠢᠤᠸᠠᠢ ᠶᠢ ᠤᠷᠢᠵᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠭᠤᠯᠪᠠ᠃ ᠲᠣᠭᠤᠷᠢᠭ ᠤᠨ ᠤᠳᠤᠷᠢᠳᠤᠯᠭ᠎ᠠ ᠴᠢ ᡁᠢ ᠵᠢᠶᠦ᠋ᠨ᠂ ᠯᠢ ᠶᠦᠩ ᠭᠠᠩ᠂ ᠮᠠ | ᠶᠠᠨ ᠪᠢᠨ᠂ ᠵᠤᠤ ᠰᠢᠶᠤᠤ ᠶᠢᠩ᠂ ᠸᠠᠩ ᠱᠤᠤ ᠸᠧᠢ᠂ ᠲᠦ᠋ ᠨᠠᠢ ᠯᠢᠶᠠᠩ᠂ ᠶᠠᠩ ᠰᠢᠤ ᠶᠤᠸᠠᠨ᠂ ᠮᠦ ᠳ᠋ᠧ ᠵᠢᠶᠦ᠋ᠨ᠂ | ᠶᠢᠦ ᠵᠢᠶᠦ᠋ᠨ᠂ ᠵᠠᠩ ᠶᠣᠣ ᠳ᠋ᠦᠩ᠂ ᠵᠠᠩ ᠴᠧᠩ᠂ ᠢᠦᠢ ᠶᠠᠨ ᠴᠦᠨ᠂ ᠵᠧᠦ ᠯᠢ᠂ ᠸᠠᠩ | ᠵᠢᠶᠠᠩ᠂ ᠱᠤᠤ ᠫᠧᠢ ᠾᠧ ᠬᠤᠷᠴᠢᠨ ᠬᠤᠪᠢᠶᠠᠷᠢ ᠬᠤᠷᠠᠯ ᠤᠨ ᠲᠠᠯᠠᠪᠠᠢ ᠳᠤ ᠤᠬᠠᠭᠤᠯᠤᠨ | ᠲᠠᠶᠢᠯᠪᠤᠷᠢᠯᠠᠬᠤ ᠶᠢ ᠰᠣᠨᠣᠰᠪᠠ᠃ | |