ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠣᠳᠣᠬᠠᠨ ᠤ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠭᠦᠨᠵᠡᠭᠡᠢ ᠠᠬᠢᠭᠤᠯᠬᠤ᠂ | ᠬᠥᠨᠳᠡᠯᠡᠨ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠬᠦ᠂ ᠤᠯᠠᠨ ᠲᠠᠯ᠎ᠠ ᠪᠠᠷ ᠬᠠᠮᠵᠢᠯᠴᠠᠬᠤ ᠠᠵᠢᠯ ᠤᠨ ᠪᠠᠶᠢᠷᠢᠰᠢᠯ ᠢ | ᠲᠦᠷᠭᠡᠨ ᠪᠠᠶᠢᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡ ᠶᠢ ᠪᠦᠬᠦ | ᠬᠦᠴᠦᠨ ᠢᠶᠠᠷ ᠢᠶᠠᠨ ᠬᠥᠭᠵᠢᠭᠡᠵᠦ᠂ ᠭᠤᠣᠯ ᠴᠣᠭᠴᠠ ᠶᠢ ᠪᠤᠶᠢᠵᠢᠭᠤᠯᠬᠤ ᠶᠢ ᠴᠢᠩᠭᠠᠳᠬᠠᠵᠤ᠂ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠪᠠ᠃ ᠡᠭᠦᠨ ᠤ ᠬᠠᠮᠲᠤ᠂ ᠨᠡᠮᠡᠭᠳᠡᠯ ᠢ | ᠬᠦᠴᠦᠯᠡᠨ ᠬᠥᠭᠵᠢᠭᠡᠵᠦ᠂ ︽ᠲᠦᠷᠦᠯ ᠵᠦᠢᠯ ᠢᠶᠠᠷ ᠭᠤᠣᠯ ᠪᠣᠯᠭᠠᠬᠤ︾ ᠶᠢ ᠭᠤᠶᠢᠪᠢᠰᠢ ᠦᠭᠡᠢ ᠪᠠᠷᠢᠮᠲᠠᠯᠠᠵᠤ᠂ | ᠠᠵᠤ ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠬᠦ | ᠦᠶᠡᠯᠡᠯ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠪᠠᠳᠠᠷᠠᠭᠤᠯᠵᠤ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ | ᠠᠬᠢᠭᠤᠯᠤᠨ᠎ᠠ᠃ | |