ᠡᠨᠡ ᠵᠢᠯ᠂ ᠬᠤᠷᠴᠢᠨ ᠲᠣᠭᠤᠷᠢᠭ ᠤᠨ ᠬᠢᠨ ᠲᠠᠯᠠᠩ ᠪᠠᠯᠭᠠᠰᠤ᠂ ᠮᠣᠷᠣᠢ ᠶᠢᠨ | ᠰᠦᠮ᠎ᠡ ᠰᠤᠮᠤ᠂ ᠴᠢᠩ ᠾᠧ ᠪᠠᠯᠭᠠᠰᠤ ᠵᠡᠷᠭᠡ ᠣᠢ ᠵᠢᠮᠢᠰ ᠤᠨ ᠭᠤᠣᠯ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠬᠡᠮᠡᠷᠯᠢᠭ ᠬᠠᠶᠢᠲᠠᠩ᠂ | ᠬᠡᠭᠡᠷ᠎ᠡ ᠶᠢᠨ ᠲᠠᠤᠯᠠᠢ ᠶᠢᠨ ᠪᠦᠭᠡᠷ᠎ᠡ᠂ ᠡᠯᠡᠰᠦᠷᠬᠡᠭ ᠭᠠᠵᠠᠷ ᠤᠨ ᠦᠵᠦᠮ ᠵᠡᠷᠭᠡ ᠠᠵᠤ ᠠᠬᠤᠢ ᠶᠢᠨ ᠤᠢ ᠶᠢᠨ | ᠲᠠᠯᠠᠪᠠᠢ ᠶᠢ ᠤᠯᠠᠮ ᠨᠢᠭᠡ ᠠᠯᠬᠤᠮ ᠥᠷᠭᠡᠳᠬᠡᠵᠦ᠂ ᠤᠢ ᠰᠢᠭᠤᠢ ᠶᠢ ᠥᠷᠭᠡᠳᠬᠡᠨ ᠨᠣᠭᠤᠭᠠᠷᠠᠭᠤᠯᠤᠯᠲᠠ ᠶᠢ | ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠤ | ᠦᠢᠯᠡᠰᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠠᠮᠢ ᠠᠬᠤᠶᠢᠴᠢᠯᠠᠨᠠ᠃ ᠡᠭᠦᠨ ᠤ ᠬᠠᠮᠲᠤ᠂ | ᠣᠶ ᠰᠢᠭᠤᠶ ᠶᠢᠨ ᠬᠤᠭᠤᠷᠣᠨᠳᠣᠬᠢ ᠴᠢᠨᠠᠷ ᠰᠠᠶᠢᠲᠠᠶ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠲᠠᠷᠢᠮᠠᠯ ᠤᠨ | ᠦᠢᠯᠡᠰ ᠢ ᠯᠠᠪᠳᠠᠭᠤᠨ ᠢᠶᠠᠷ ᠬᠥᠭᠵᠢᠭᠦᠯᠵᠦ᠂ ᠣᠶ ᠶᠢᠨ ᠬᠤᠷᠮᠣᠶ ᠶᠢᠨ ︽ᠬᠤᠭᠤᠰᠣᠨ ᠲᠠᠩᠰᠠ ᠡᠪᠬᠡᠮᠡᠯ ᠤᠨ ᠣᠷᠣᠨ | ︾ ᠢ ᠠᠵᠤ ᠠᠬᠤᠶ ᠶᠢᠨ ︽ᠥᠷᠲᠡᠭ ᠤᠨ ᠨᠡᠮᠡᠭᠳᠡᠯ ᠤᠨ ᠣᠷᠣᠨ︾ ᠪᠣᠯᠭᠠᠨ᠎ᠠ᠃ | |