ᠬᠤᠷᠴᠢᠨ ᠲᠣᠭᠤᠷᠢᠭ᠄ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2025/3/20
    ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠦᠨᠢᠶᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠲᠡᠭᠦᠯᠳᠡᠷᠵᠢᠭᠦᠯᠵᠦ᠂ ᠠᠯᠠᠰᠢᠨ ᠦᠬᠡᠷ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠪᠡᠶ᠎ᠡ ᠪᠠᠨ ᠳᠠᠭᠠᠭᠠᠵᠤ ᠬᠦᠪᠦᠷᠡᠯ ᠦᠢᠯᠡᠳᠪᠦᠷᠢᠯᠡᠬᠦ ᠪᠠ ᠭᠠᠳᠠᠭᠠᠳᠤ ᠠᠴᠠ ᠣᠷᠣᠭᠤᠯᠤᠭᠰᠠᠨ ᠬᠦᠪᠦᠷᠡᠯ ᠢ ᠬᠠᠷᠢᠯᠴᠠᠨ ᠤᠶᠠᠯᠳᠤᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠡᠭᠦᠯᠳᠡᠷ ᠤᠨ ᠦᠬᠡᠷ ᠢ ᠲᠦᠷᠭᠡᠨ ᠪᠤᠶᠢᠵᠢᠭᠤᠯᠵᠤ᠂ ᠰᠢᠯᠢᠳᠡᠭ ᠡᠭᠦᠯᠳᠡᠷ ᠤᠨ ᠦᠨᠢᠶ᠎ᠡ ᠶᠢᠨ ᠰᠦᠷᠦᠭ ᠢ ᠪᠠᠶᠢᠭᠤᠯᠵᠤ᠂ ᠬᠤᠷᠴᠢᠨ ᠠᠯᠠᠰᠢᠨ ᠦᠬᠡᠷ ᠤᠨ ᠰᠢᠨ᠎ᠡ ᠡᠭᠦᠯᠳᠡᠷ ᠢ ᠲᠦᠷᠭᠡᠪᠴᠢᠯᠡᠨ ᠪᠤᠶᠢᠵᠢᠭᠤᠯᠪᠠ᠃ ᠡᠭᠦᠨ ᠤ ᠬᠠᠮᠲᠤ᠂ ︽ᠬᠥᠬᠡ ᠪᠣᠷᠳᠤᠭ᠎ᠠ ᠳᠠᠷᠢᠵᠤ ᠠᠯᠠᠰᠢᠨ ᠦᠬᠡᠷ ᠲᠡᠵᠢᠭᠡᠬᠦ + ᠲᠠᠷᠢᠶᠠᠴᠢᠨᠡᠷᠦᠬᠡ ᠶᠢᠨ ᠪᠣᠷᠳᠣᠭᠤᠷ ᠢ ᠠᠰᠢᠭᠯᠠᠬᠤ︾ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ ᠡᠷᠬᠢᠯᠳᠡᠳᠦ ᠵᠠᠭᠪᠤᠷ ᠢ ᠶᠡᠬᠡᠪᠡᠷ ᠳᠡᠯᠭᠡᠷᠡᠭᠦᠯᠵᠦ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠥᠬᠦ ᠲᠠᠯ᠎ᠠ ᠪᠠᠷ ᠰᠠᠭᠤᠷᠢ ᠶᠢ ᠪᠡᠬᠢᠵᠢᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号