ᠯᠢ ᠴᠢᠶᠠᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ ᠵᠤᠷᠢᠯᠳᠠᠳᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/3/25
    ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 23 ᠤ ᠴᠠᠬᠢᠯᠭᠠᠨ ᠮᠡᠳᠡᠭᠡ ︵ᠰᠣᠷᠪᠤᠯᠵᠢᠯᠠᠭᠴᠢ ᠬᠠᠨ ᠵᠢᠢ ᠳ᠋ᠦᠩ ᠰᠢᠤᠸᠠᠢ︶ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 3 ᠰᠠᠷ᠎ᠠ ᠶᠢᠨ 23 ᠤ ᠦᠳᠡ ᠶᠢᠨ ᠡᠮᠦᠨ᠎ᠡ ᠪᠡᠭᠡᠵᠢᠩ ᠳᠤ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2025 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠬᠰᠡᠨ ᠪᠥᠭᠡᠳ ᠭᠤᠣᠯ ᠵᠣᠷᠢᠯᠲᠠᠲᠤ ᠶᠠᠷᠢᠶ᠎ᠠ ᠲᠠᠯᠪᠢᠪᠠ᠃    ᠯᠢ ᠴᠢᠶᠠᠩ᠂ ᠲᠡᠷᠢᠭᠦᠯᠡᠭᠴᠢ ᠰᠢ ᠶᠢᠨ ᠫᠢᠩ ᠤᠨ ᠵᠢᠭᠠᠵᠤ ᠭᠠᠷᠭᠠᠭᠰᠠᠨᠴᠢᠯᠠᠨ᠂ ᠬᠥᠭᠵᠢᠯᠲᠡ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠥᠨᠢᠳᠡ ᠶᠢᠨ ᠭᠤᠣᠯ ᠰᠡᠳᠦᠪ ᠮᠥᠨ᠃ ᠤᠯᠠᠨ ᠢᠶᠠᠷ ᠢᠶᠠᠨ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠠᠰᠢ ᠠᠩᠬᠠᠷᠴᠤ ᠪᠠᠶᠢᠨ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠨᠳᠤᠰᠢ ᠶᠢ ᠴᠤ ᠮᠠᠰᠢ ᠠᠩᠬᠠᠷᠴᠤ ᠪᠠᠶᠢᠨ᠎ᠠ᠃ ᠬᠡᠰᠡᠭ ᠬᠤᠭᠤᠴᠠᠭᠠᠨ ᠤ ᠲᠤᠷᠰᠢ᠂ ᠳᠤᠮᠳᠠᠳᠤ ᠤᠯᠤᠰ ᠤᠨ ᠠᠵᠤ ᠠᠬᠤᠢ ᠪᠣᠯᠣᠨ ᠳᠡᠯᠡᠬᠡᠢ ᠶᠢᠨ ᠪᠠᠶᠢᠳᠠᠯ ᠤᠨ ᠲᠤᠬᠠᠢ᠂ ᠠᠳᠠᠯᠢ ᠪᠤᠰᠤ ᠳᠠᠪᠬᠤᠷᠭ᠎ᠠ᠂ ᠠᠳᠠᠯᠢ ᠪᠤᠰᠤ ᠬᠠᠷᠠᠭᠠᠰᠤ ᠠᠴᠠ ᠠᠵᠢᠭᠯᠠᠬᠤ ᠪᠠ ᠵᠠᠳᠠᠯᠤᠭᠰᠠᠨ ᠨᠢ ᠮᠠᠰᠢ ᠣᠯᠠᠨ ᠭᠡᠵᠦ ᠬᠡᠯᠡᠵᠦ ᠪᠣᠯᠣᠨ᠎ᠠ᠂ ᠡᠭᠦᠨ ᠳᠤ ᠦᠨᠡᠨ ᠮᠡᠳᠡᠯᠭᠡ ᠨᠡᠪᠲᠡᠷᠬᠡᠢ ᠦᠵᠡᠯᠲᠡ ᠮᠤᠩ ᠦᠭᠡᠢ ᠤᠯᠠᠨ ᠪᠤᠢ᠃ ᠠᠳᠡ ᠪᠢ ᠪᠠᠰᠠ ᠭᠤᠷᠪᠠᠨ ᠬᠠᠷᠠᠭᠠᠰᠤ ᠠᠴᠠ ᠣᠯᠠᠨ ᠳᠤ ᠠᠵᠢᠭᠯᠠᠯᠲᠠ ᠪᠠ ᠪᠣᠳᠣᠯᠬᠢᠯᠠᠯ ᠢᠶᠠᠨ ᠬᠤᠪᠢᠶᠠᠯᠴᠠᠶ᠎ᠠ ᠭᠡᠵᠦ ᠪᠤᠳᠤᠵᠤ ᠪᠠᠶᠢᠨ᠎ᠠ᠃    ᠨᠢᠭᠡᠳᠦᠭᠡᠷ ᠬᠠᠷᠠᠭᠠᠰᠤ᠄ ︽ᠴᠠᠭᠠᠨ ᠰᠠᠷ᠎ᠠ ᠶᠢᠨ ᠠᠵᠤ ᠠᠬᠤᠢ︾ ᠠᠴᠠ ᠳᠤᠮᠳᠠᠳᠤ ᠤᠯᠤᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠠᠵᠢᠬᠤᠢ᠃ ᠡᠨᠡ ᠵᠢᠯ ᠤᠨ ᠴᠠᠭᠠᠨ ᠰᠠᠷ᠎ᠠ ᠶᠢᠨ ᠤᠷᠢᠳ ᠬᠤᠵᠢᠳ᠂ ᠳᠤᠮᠳᠠᠳᠤ ᠤᠯᠤᠰ ᠤᠨ ᠠᠵᠤ ᠠᠬᠤᠢ ᠳᠤ ᠨᠢᠭᠡ ᠪᠦᠯᠦᠭ ᠦᠵᠡᠭᠳᠡᠯ ᠤᠨ ᠲᠠᠰ ᠤᠨ ᠭᠢᠯᠠᠰ ᠴᠡᠭ ᠢᠯᠡᠷᠡᠪᠡ᠃ ᠺᠢᠨᠣ᠋᠂ ᠮᠥᠰᠥ ᠴᠠᠰᠤ᠂ ᠰᠣᠶᠣᠯ ᠵᠢᠭᠤᠯᠴᠢᠯᠠᠯ ᠵᠡᠷᠭᠡ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠠᠯᠠᠮᠰᠢᠯ ᠴᠡᠭ ᠵᠠᠯᠭᠠᠭ᠎ᠠ ᠪᠠᠷ ᠢᠯᠡᠷᠡᠵᠦ᠂ ᠤᠯᠤᠰ ᠤᠨ ᠳᠣᠲᠣᠭᠠᠳᠤ ᠶᠢᠨ ᠠᠵᠤ ᠠᠬᠤᠢ ᠶᠢᠨ ᠣᠷᠴᠢᠯ ᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠪᠡ᠃ ︽ᠬᠠᠩᠵᠧᠦ ᠶᠢᠨ ᠵᠢᠷᠭᠤᠭᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠠᠵᠤ ᠠᠬᠤᠶᠢᠯᠠᠯ︾ ᠵᠡᠷᠭᠡ ᠠᠩᠬ᠎ᠠ ᠪᠠᠶᠢᠭᠤᠯᠵᠤ ᠪᠠᠶᠢᠭ᠎ᠠ ᠠᠵᠤ ᠠᠬᠤᠶᠢᠯᠠᠯ ᠢᠶᠠᠷ ᠲᠥᠯᠥᠭᠡᠯᠡᠭᠦᠯᠦᠭᠰᠡᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠪᠲᠤᠯᠤᠯᠲᠠ ᠲᠠᠰᠤᠷᠠᠯᠲᠠ ᠦᠭᠡᠢ ᠢᠯᠡᠷᠡᠵᠦ᠂ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠯᠤᠲᠤ ᠶᠡᠭᠡ ᠡᠨᠧᠷᠭᠢ ᠶᠢ ᠢᠯᠡᠷᠡᠭᠦᠯᠪᠡ᠃ ᠪᠣᠬᠢᠷᠳᠤᠯ ᠦᠭᠡᠢ ᠭᠡᠷ ᠤᠨ ᠴᠠᠬᠢᠯᠭᠠᠨ ᠬᠡᠷᠡᠭᠰᠡᠯ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠪᠣᠬᠢᠷᠳᠤᠯ ᠦᠭᠡᠢ ᠠᠵᠤ ᠠᠬᠤᠢ ᠨᠢ ᠬᠡᠪ ᠵᠠᠩᠰᠢᠯ ᠪᠣᠯᠵᠤ᠂ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠯᠤᠲᠤ ᠶᠡᠭᠡ ᠣᠷᠣᠨ ᠵᠠᠢ ᠶᠢ ᠢᠯᠡᠷᠡᠭᠦᠯᠪᠡ᠃ ᠠᠳᠠᠯᠢ ᠪᠤᠰᠤ ᠬᠦᠷᠢᠶᠡᠨ ᠳᠠᠬᠢ ᠰᠢᠨ᠎ᠡ ᠬᠦᠳᠡᠯᠭᠡᠬᠦ ᠡᠨᠧᠷᠭᠢ ᠲᠠᠰᠤᠷᠠᠯᠲᠠ ᠦᠭᠡᠢ ᠬᠤᠷᠠᠮᠳᠤᠨ ᠪᠤᠵᠠᠭᠠᠶᠢᠷᠠᠵᠤ᠂ ᠳᠤᠮᠳᠠᠳᠤ ᠤᠯᠤᠰ ᠤᠨ ᠠᠵᠤ ᠠᠬᠤᠢ ᠳᠤ ᠥᠨᠢ ᠤᠳᠠᠭᠠᠨ ᠬᠥᠭᠵᠢᠨ ᠴᠡᠴᠡᠭᠯᠡᠬᠦ ᠬᠥᠭᠵᠢᠯᠲᠡ ᠶᠢᠨ ᠬᠥᠳᠡᠯᠭᠡᠬᠦ ᠬᠦᠴᠦᠨ ᠢ ᠠᠪᠴᠢᠷᠠᠬᠤ ᠨᠢ ᠯᠠᠪᠲᠠᠢ ᠶᠤᠮ᠃    ᠬᠤᠶᠠᠳᠤᠭᠠᠷ ᠬᠠᠷᠠᠭᠠᠰᠤ᠄ ᠪᠦᠭᠦ ᠤᠯᠤᠰ ᠤᠨ ᠬᠤᠶᠠᠷ ᠬᠤᠷᠠᠯ ᠠᠴᠠ ᠳᠤᠮᠳᠠᠳᠤ ᠤᠯᠤᠰ ᠤᠨ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠤᠩᠰᠢᠬᠤᠢ᠃ ᠡᠨᠡ ᠵᠢᠯ ᠳᠤᠮᠳᠠᠳᠤ ᠤᠯᠤᠰ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ 5% ᠣᠷᠴᠢᠮ ᠢᠶᠠᠷ ᠲᠣᠭᠲᠠᠭᠠᠭᠰᠠᠨ ᠨᠢ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠨᠥᠬᠦᠴᠡᠯ ᠢ ᠭᠦᠨᠵᠡᠭᠡᠢ ᠡᠵᠡᠮᠳᠡᠭᠰᠡᠨ ᠠᠴᠠ ᠪᠣᠯᠤᠭᠰᠠᠨ ᠪᠥᠭᠡᠳ ᠪᠠᠰᠠ ᠲᠤᠰ ᠪᠡᠶ᠎ᠡ ᠶᠢᠨ ᠵᠠᠰᠠᠯᠲᠠ ᠶᠢᠨ ᠴᠢᠳᠠᠪᠤᠷᠢ ᠪᠠ ᠢᠷᠡᠭᠡᠳᠦᠢ ᠶᠢᠨ ᠬᠥᠭᠵᠢᠯᠲᠡ ᠶᠢᠨ ᠲᠠᠯᠳᠠ ᠬᠦᠴᠦᠨ ᠤ ᠲᠤᠬᠠᠢ ᠪᠠᠲᠤ ᠴᠢᠩᠭ᠎ᠠ ᠢᠲᠡᠭᠡᠯ ᠠᠴᠠ ᠪᠣᠯᠤᠭᠰᠠᠨ ᠶᠤᠮ᠃ ᠪᠢᠳᠡ ᠲᠥᠷᠥ ᠶᠢᠨ ᠪᠣᠳᠣᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠵᠠᠬ᠎ᠠ ᠳᠡᠯᠭᠡᠭᠦᠷ ᠤᠨ ᠬᠦᠴᠦᠨ ᠢ ᠬᠥᠭᠵᠢᠭᠡᠬᠦ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠡᠨᠡ ᠬᠦ ᠵᠢᠱᠢᠭᠰᠡᠨ ᠬᠠᠷᠠᠯᠲᠠ ᠪᠠᠨ ᠴᠢᠷᠮᠠᠶᠢᠨ ᠪᠡᠶᠡᠯᠡᠭᠦᠯᠦᠨ᠎ᠡ᠃ ᠨᠢᠭᠡ ᠲᠠᠯ᠎ᠠ ᠪᠠᠷ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠦᠷᠭᠡᠦ ᠦᠶᠡᠯᠡᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠬᠤᠯᠠᠲᠠᠢ ᠦᠶ᠎ᠡ ᠳᠤ ᠰᠢᠨ᠎ᠡ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ᠂ ᠲᠣᠭᠲᠠᠭᠤᠨ ᠡᠷᠭᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠥᠭᠦᠭᠡ ᠲᠠᠯ᠎ᠠ ᠪᠠᠷ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠭᠦ ᠤᠯᠤᠰ ᠤᠨ ᠨᠢᠭᠡᠲᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠵᠤ ᠠᠬᠤᠢ ᠶᠢᠨ ᠡᠷᠭᠢᠯᠲᠡ ᠶᠢᠨ ᠲᠦᠭᠵᠢᠷᠡᠯ ᠬᠤᠷᠢᠭ᠎ᠠ ᠴᠡᠭ ᠢ ᠬᠦᠴᠦᠯᠡᠨ ᠨᠠᠪᠲᠠᠷᠡᠭᠦᠯᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠤᠶ ᠪᠤᠯᠭᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠳᠤ ᠦᠵᠡᠭᠦᠯᠭᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃    ᠭᠤᠷᠪᠠᠳᠤᠭᠠᠷ ᠬᠠᠷᠠᠭᠠᠰᠤ᠄ ᠳᠡᠯᠡᠬᠡᠢ ᠶᠢᠨ ᠬᠤᠪᠢᠷᠠᠯᠲᠠ ᠠᠴᠠ ᠳᠡᠯᠡᠬᠡᠢ ᠶᠢᠨ ᠬᠥᠭᠵᠢᠯᠲᠡ ᠳᠠᠪᠰᠢᠯᠲᠠ ᠶᠢᠨ ᠬᠥᠮᠥᠨ ᠤ ᠶᠢᠷᠲᠢᠨᠴᠦ ᠶᠢᠨ ᠵᠥᠪ ᠵᠠᠮ ᠢ ᠪᠣᠳᠣᠯᠬᠢᠯᠠᠬᠤᠢ᠃ ᠣᠳᠣᠬᠠᠨ ᠤ ᠳᠡᠯᠡᠬᠡᠢ ᠶᠢᠨ ᠠᠵᠤ ᠠᠬᠤᠢ ᠶᠢᠨ ᠬᠡᠰᠡᠭᠵᠢᠯᠲᠡ ᠰᠢᠷᠦᠭᠦᠰᠴᠦ᠂ ᠲᠣᠭᠲᠠᠪᠤᠷᠢᠲᠤ ᠪᠤᠰᠤ ᠲᠣᠬᠲᠠᠭᠠᠯᠲᠤ ᠪᠤᠰᠤ ᠴᠢᠨᠠᠷ ᠳᠡᠭᠡᠭᠰᠢᠯᠡᠵᠦ ᠪᠠᠶᠢᠬᠤ ᠨᠢ ᠨᠡᠩ ᠴᠤ ᠤᠯᠤᠰ ᠠᠴᠠ ᠵᠠᠬ᠎ᠠ ᠳᠡᠯᠭᠡᠭᠦᠷ ᠢ ᠨᠡᠭᠡᠭᠡᠵᠦ᠂ ᠠᠵᠤ ᠠᠬᠤᠶᠢᠯᠠᠯ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠠᠶᠤᠯ ᠲᠦᠭᠰᠢᠭᠦᠷᠢ ᠥᠷᠢᠰᠦᠯᠳᠦᠭᠡᠨ ᠢ ᠭᠠᠷ ᠬᠤᠯᠪᠣᠨ ᠡᠰᠡᠷᠭᠦᠴᠡᠵᠦ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠢᠮᠠᠭᠲᠠ ᠲᠤᠰ ᠪᠡᠶ᠎ᠡ ᠶᠢᠨ ᠬᠥᠭᠵᠢᠯᠲᠡ ᠪᠠᠨ ᠪᠦᠭᠦ ᠪᠥᠮᠪᠥᠷᠴᠡᠭ ᠤᠨ ᠬᠥᠭᠵᠢᠯᠲᠡ ᠲᠠᠢ ᠨᠢᠭᠲᠠ ᠤᠶᠠᠯᠳᠤᠭᠤᠯᠵᠤ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠭᠦ ᠪᠥᠮᠪᠥᠷᠴᠡᠭ ᠤᠨ ᠡᠩᠬᠡ ᠲᠠᠶᠢᠪᠤᠩ ᠬᠥᠭᠵᠢᠯᠲᠡ ᠶᠢᠨ ᠦᠢᠯᠡᠰ ᠤᠨ ᠲᠣᠭᠲᠠᠪᠤᠷᠢᠲᠤ ᠴᠢᠨᠠᠷ᠂ ᠲᠣᠬᠲᠠᠭᠠᠯᠲᠤ ᠴᠢᠨᠠᠷ ᠤᠨ ᠬᠦᠴᠦᠨ ᠪᠤᠯᠬᠤ ᠪᠠᠷ ᠴᠢᠷᠮᠠᠶᠢᠨ᠎ᠠ᠃ ᠪᠢᠳᠡ ᠨᠡᠭᠡᠭᠡᠯᠲᠡ ᠬᠢᠵᠦ ᠬᠠᠮᠲᠤᠷᠠᠯᠴᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠣᠯᠠᠨ ᠤᠯᠤᠰ ᠤᠨ ᠨᠡᠶᠢᠳᠡᠮ ᠬᠡᠷᠡᠭᠯᠡᠬᠦ ᠳᠦᠷᠢᠮ ᠳᠣᠣᠷᠠᠬᠢ ᠡᠷᠬᠡ ᠲᠡᠭᠰᠢ ᠥᠷᠢᠰᠦᠯᠳᠦᠭᠡᠨ ᠢ ᠰᠠᠨᠠᠭᠠᠴᠢᠯᠠᠵᠤ᠂ ᠴᠢᠯᠦᠭᠡᠲᠦ ᠠᠷᠠᠯᠵᠢᠶ᠎ᠠ ᠪᠣᠯᠣᠨ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠠᠭᠠᠳ ᠦᠭᠡᠢ ᠪᠥᠭᠡᠳ ᠲᠣᠭᠲᠠᠭᠤᠨ ᠪᠠᠶᠢᠬᠤ ᠶᠢ ᠬᠠᠮᠠᠭᠠᠯᠠᠵᠤ᠂ ᠡᠯ᠎ᠡ ᠤᠯᠤᠰ ᠤᠨ ᠠᠵᠤ ᠠᠬᠤᠶᠢᠯᠠᠯ ᠢ ᠦᠷᠭᠦᠯᠵᠢᠯᠡᠨ ᠪᠠᠶᠠᠷᠯᠠᠨ ᠤᠭᠲᠤᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠬᠠᠪᠰᠤᠷᠤᠨ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠭᠤᠯᠤᠨ᠎ᠠ᠃ ᠠᠵᠤ ᠠᠬᠤᠶᠢᠯᠠᠯᠲᠠᠳ ᠳᠡᠯᠡᠬᠡᠶᠢᠵᠢᠯᠲᠡ ᠶᠢᠨ ᠡᠷᠡᠰ ᠪᠠᠲᠤ ᠬᠠᠮᠠᠭᠠᠯᠠᠭᠴᠢ᠂ ᠠᠬᠢᠭᠤᠯᠤᠭᠴᠢ ᠪᠣᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠨᠡᠨ ᠰᠡᠳᠬᠢᠯ ᠠᠴᠠ ᠪᠠᠨ ᠬᠠᠮᠲᠤᠷᠠᠯᠴᠠᠵᠤ᠂ ᠭᠠᠭᠴᠠ ᠲᠠᠯᠠᠲᠤ ᠦᠵᠡᠯ ᠪᠣᠯᠣᠨ ᠬᠠᠮᠠᠭᠠᠯᠠᠬᠤ ᠦᠵᠡᠯ ᠢ ᠡᠰᠡᠷᠭᠦᠴᠡᠵᠦ᠂ ᠬᠠᠷᠢᠯᠴᠠᠨ ᠠᠰᠢᠭᠲᠠᠢ ᠬᠠᠷᠢᠯᠴᠠᠨ ᠬᠠᠷᠠᠭᠠᠯᠵᠠᠬᠤ ᠳᠤᠮᠳᠠ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠡᠦ ᠵᠧᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠣᠰ ᠤᠳᠠᠭ᠎ᠠ ᠶᠢᠨ ᠣᠨ ᠤ ᠬᠤᠷᠠᠯ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠪᠡ᠃ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹᠦ᠋᠂ ᠠᠽᠢᠶ᠎ᠠ ᠲᠢᠪ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠱᠧᠨᠵᠢ ᠺᠠᠨᠳᠠ ᠵᠢᠴᠢ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠨ᠂ ᠵᠠᠰᠠᠭ ᠤᠨ ᠣᠷᠳᠣᠨ ᠤ ᠠᠯᠪᠠᠨ ᠲᠤᠰᠢᠶᠠᠯᠲᠠᠨ᠂ ᠲᠤᠰᠬᠠᠢ ᠮᠡᠷᠭᠡᠵᠢᠯᠲᠡᠨ ᠡᠷᠳᠡᠮᠳᠡᠨ ᠪᠣᠯᠣᠨ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠵᠡᠷᠭᠡ 720 ᠰᠢᠬᠠᠮ ᠬᠦᠮᠦᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ 
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号