ᠬᠤᠷᠴᠢᠨ ᠲᠣᠭᠤᠷᠢᠭ᠄ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ᠂ ᠪᠢᠴᠢᠯ ᠴᠡᠴᠡᠷᠯᠢᠭ ᠤᠨ ᠥᠭᠡᠷᠡᠴᠢᠯᠡᠯᠲᠡ ᠶᠢ ᠬᠦᠴᠦᠯᠡᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2025/3/26
    ᠣᠶᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠵᠤᠭᠠᠴᠠᠯ ᠤᠨ ᠬᠦᠷᠢᠶᠡᠯᠡᠩ᠂ ᠪᠢᠴᠢᠯ ᠴᠡᠴᠡᠷᠯᠢᠭ ᠢ ᠥᠭᠡᠷᠡᠴᠢᠯᠡᠨ ᠪᠠᠶᠢᠭᠤᠯᠬᠤ ᠠᠵᠢᠯ ᠢ ᠬᠠᠭᠤᠴᠢᠨ ᠬᠤᠳᠠ ᠶᠢᠨ ᠲᠣᠭᠤᠷᠢᠭ ᠤᠨ ᠴᠢᠳᠠᠪᠬᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ᠰᠠᠭᠤᠭᠠᠯᠢ ᠠᠷᠠᠳ ᠤᠨ ᠬᠦᠰᠡᠯ ᠰᠠᠨᠠᠭ᠎ᠠ ᠶᠢ ᠭᠦᠢᠴᠡᠳ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠡᠷᠡᠭᠵᠢᠭᠦᠯᠵᠦ ᠂ ᠵᠢᠵᠢᠭ᠂ ᠨᠠᠷᠢᠯᠢᠭ᠂ ᠰᠡᠯᠡᠭᠦᠴᠡᠯ ᠤᠨ ᠣᠨᠴᠠᠯᠢᠭ ᠢ ᠲᠤᠪᠤᠶᠢᠯᠭᠠᠵᠦ᠂ ᠤᠨᠢᠨ ᠳᠡᠭᠡᠷ᠎ᠡ ᠨᠢ ᠭᠠᠵᠠᠷ ᠰᠣᠩᠭᠤᠵᠤ᠂ ᠵᠦᠢ ᠵᠣᠬᠢᠰᠲᠠᠢ ᠪᠦᠳᠦᠭᠡᠨ ᠪᠠᠶᠢᠭᠤᠯᠪᠠ᠃ ᠡᠭᠦᠨ ᠤ ᠬᠠᠮᠲᠤ᠂ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠡᠵᠡᠮᠳᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠶᠠᠰᠤ ᠴᠢᠨᠠᠷ ᠤᠨ ᠠᠭᠤᠯᠤᠭᠳᠠᠬᠤᠨ ᠢ ᠦᠨᠡᠨ ᠬᠦ ᠳᠡᠭᠡᠭᠰᠢᠯᠡᠭᠦᠯᠦᠨ᠎ᠡ᠃  
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号