ᠬᠤᠷᠴᠢᠨ ᠲᠣᠭᠤᠷᠢᠭ᠄ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠠᠬᠢᠭᠤᠯᠤᠨ᠎ᠠ
ᠨᠡᠶᠢᠲᠡᠯᠡᠭᠰᠡᠨ ᠴᠠᠭ᠄
2025/3/27
    ᠣᠶᠢᠷ᠎ᠠ ᠳᠤ᠂ ᠬᠤᠷᠴᠢᠨ ᠲᠣᠭᠤᠷᠢᠭ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ ᠡᠭᠦᠳᠦᠨ ᠪᠠᠶᠢᠭᠤᠯᠬᠤ ᠠᠩᠬᠠᠨ ᠤ ᠬᠢᠨᠠᠯᠲᠠ ᠶᠢᠨ ᠠᠵᠢᠯ ᠢ ᠥᠷᠨᠢᠭᠦᠯᠪᠡ᠃ ᠬᠢᠨᠠᠨ ᠲᠣᠭᠲᠠᠭᠠᠯᠲᠠ ᠳᠤ ᠬᠠᠷᠢᠭᠤ ᠮᠡᠳᠡᠭᠦᠯᠦᠯᠲᠡ ᠰᠣᠨᠣᠰᠬᠤ᠂ ᠵᠥᠭᠡᠯᠡᠨ ᠲᠣᠨᠤᠭ ᠤᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠲᠠᠯᠠᠪᠤᠷ ᠭᠠᠵᠠᠷ ᠤᠨ ᠲᠥᠬᠦᠭᠡᠷᠦᠮᠵᠢ ᠶᠢ ᠪᠠᠶᠢᠴᠠᠭᠠᠨ ᠦᠵᠡᠬᠦ ᠵᠡᠷᠭᠡ ᠬᠡᠯᠪᠡᠷᠢ ᠶᠢ ᠠᠪᠴᠤ᠂ ᠡᠭᠦᠳᠦᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠲᠤᠬᠠᠶ ᠶᠢᠨ ᠲᠠᠯᠠᠪᠤᠷ ᠲᠤ ᠬᠤᠪᠢ ᠥᠭᠴᠦ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠲᠡᠷᠡ ᠳᠠᠷᠤᠶ ᠳᠤᠨᠢ ᠲᠣᠭᠲᠠᠭᠠᠨ᠎ᠠ᠃ 2025 ᠣᠨ ᠳᠤ᠂ ᠬᠤᠷᠴᠢᠨ ᠲᠣᠭᠤᠷᠢᠭ ᠤᠨ ᠬᠢᠨ ᠲᠠᠷᠢᠶᠠᠯᠠᠬᠤ ᠣᠷᠣᠨ ᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ 6᠂ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ 4᠂ ︽ᠠᠨᠠᠷ ᠤᠨ ᠦᠷ᠎ᠡ︾ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠴᠡᠭ 5 ᠭᠤᠶᠤᠴᠢᠯᠠᠨ ᠮᠡᠳᠡᠭᠦᠯᠪᠡ ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号