ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠡᠮᠴᠢᠯᠡᠭᠡᠨ ᠤ ᠬᠦᠷᠢᠶᠡᠨ ᠳᠠᠬᠢ ᠣᠷᠣᠨ ᠪᠦᠰᠡ | ᠠᠯᠤᠰᠯᠠᠭᠰᠠᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ᠂ | ᠭᠢᠷᠢᠨ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠬᠡᠯᠲᠡᠰ ᠵᠡᠷᠭᠡ ᠤᠯᠤᠰ ᠤᠨ ᠳᠣᠲᠣᠭᠠᠳᠤ ᠶᠢᠨ ᠨᠠᠷᠠᠲᠤ | ᠬᠦᠷᠢᠶᠡᠯᠡᠩ ᠭᠠᠵᠠᠷ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠣᠷᠣᠨ ᠲᠤᠭ᠎ᠠ ᠶᠢ ᠳᠠᠩᠰᠠᠯᠠᠬᠤ ᠲᠦᠷᠢᠮ ᠤᠨ ᠬᠠᠮᠢᠶᠠᠷᠤᠯᠲᠠ ᠶᠢ ᠪᠥᠬᠦ | ᠬᠦᠴᠦᠨ ᠢᠶᠠᠷ ᠠᠬᠢᠭᠤᠯᠵᠤ᠂ ᠳᠤᠲᠠᠭᠳᠠᠵᠤ ᠪᠠᠶᠢᠭ᠎ᠠ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠢ ᠣᠯᠠᠨ ᠠᠷᠭ᠎ᠠ | ᠵᠠᠮ ᠢᠶᠠᠷ ᠨᠥᠬᠦᠪᠥᠷᠢᠯᠡᠪᠡ᠃ ᠡᠭᠦᠨ ᠤ ᠬᠠᠮᠲᠤ᠂ ᠰᠤᠮᠤ ᠪᠠᠯᠭᠠᠰᠤ ᠵᠡᠭᠡᠯᠢ ᠶᠢᠨ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃ | |