ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ | ᠬᠦᠷᠢᠶᠡᠯᠡᠩ ᠤᠨ ᠨᠠᠶᠢᠷᠠᠭᠤᠯᠤᠭᠰᠠᠨ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ | ᠨᠢᠭᠡᠳᠦᠭᠡᠷ ᠪᠣᠳᠢ ᠶᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ | ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ | ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ᠂ ᠪᠦᠭᠦ ᠲᠠᠯ᠎ᠠ ᠶᠢ ᠲᠥᠯᠥᠪᠵᠢᠭᠦᠯᠬᠦ᠂ | ᠪᠣᠳᠠᠲᠠᠢ ᠠᠵᠢᠯ ᠬᠢᠬᠦ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ | ᠲᠥᠯᠦᠪᠵᠢᠭᠦᠯᠭᠡ ᠪᠣᠯᠣᠨ ᠨᠢᠭᠡᠳᠦᠯᠲᠡᠢ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ | ᠠᠵᠢᠯ ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠯᠢ | ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠨ ᠤ | ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ | ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠭᠠᠵᠤ᠂ ᠰᠢ ᠶᠢᠨ ᠫᠢᠩ ᠤᠨ ᠠᠵᠤ ᠠᠬᠤᠢ ᠶᠢᠨ | ᠦᠵᠡᠯ ᠰᠠᠨᠠᠭ᠎ᠠ ᠶᠢ ᠪᠦᠷᠢᠯᠳᠦᠭᠦᠯᠪᠡ᠃ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ᠂ ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ | ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ ᠣᠨᠣᠯ ᠤᠨ ᠬᠤᠷᠢᠶᠠᠩᠭᠤᠶᠢᠯᠠᠯ ᠮᠥᠨ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠬᠠᠶᠢᠨ | ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ ᠦᠵᠡᠯ ᠰᠠᠨᠠᠭᠠᠨ ᠤ ᠣᠭᠢ ᠪᠦᠲᠦᠭᠡᠯ ᠮᠥᠨ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠤ ᠰᠢᠨ᠎ᠡ | ᠠᠬᠤᠢ ᠪᠠᠶᠢᠳᠠᠯ ᠢ ᠨᠡᠭᠡᠭᠡᠵᠦ᠂ ᠮᠠᠷᠺᠰ ᠤᠨ ᠦᠵᠡᠯ ᠤᠨ ᠤᠯᠤᠰ ᠲᠥᠷᠥ ᠠᠵᠤ ᠠᠬᠤᠢ ᠶᠢᠨ ᠤᠬᠠᠭᠠᠨ ᠢ | ᠪᠠᠶᠠᠯᠢᠭᠵᠢᠭᠤᠯᠤᠨ ᠬᠥᠭᠵᠢᠭᠦᠯᠬᠦ ᠳᠤ ᠴᠢᠬᠤᠯᠠ ᠪᠦᠲᠦᠭᠡᠯᠴᠢ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ | ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠨᠳᠦ ᠶᠡᠭᠡ ᠠᠶᠤᠯ ᠲᠦᠭᠰᠢᠭᠦᠷᠢ | ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ ᠬᠠᠩᠭᠠᠪᠠ᠃ | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠳᠤ᠂ ᠰᠢ ᠶᠢᠨ | ᠫᠢᠩ ᠨᠥᠬᠦᠷ ᠤᠨ 2012 ᠣᠨ ᠤ 11 ᠰᠠᠷ᠎ᠠ ᠠᠴᠠ 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ ᠵᠣᠬᠢᠶᠠᠯ ᠢ ᠣᠷᠣᠭᠤᠯᠵᠤ | ᠂ ᠴᠠᠭ ᠤᠨ ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠬᠡᠯ᠂ ᠵᠢᠭᠠᠪᠤᠷᠢ᠂ | ᠴᠣᠬᠤᠯᠠᠪᠤᠷᠢ ᠵᠡᠷᠭᠡ 74 ᠵᠣᠬᠢᠶᠠᠯ ᠪᠤᠢ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠬᠡᠪᠯᠡᠨ | ᠲᠠᠷᠬᠠᠭᠠᠭᠰᠠᠨ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠬᠤ ᠳᠤ ᠡᠷᠬᠡ ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ | ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ | ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠦᠯᠡᠨ ᠴᠢᠷᠮᠠᠶᠢᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | |