ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28 ᠤ ᠴᠠᠭᠢᠯᠭᠠᠨ ᠮᠡᠳᠡᠭᠡ 3 ᠰᠠᠷ᠎ᠠ ᠶᠢᠨ 1 ᠤ | ᠡᠳᠦᠷ ᠬᠡᠪᠯᠡᠭᠳᠡᠭᠰᠡᠨ 5 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ | ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ | ᠨᠡᠶᠢᠲᠡᠯᠡᠪᠡ᠃ | ᠵᠣᠬᠢᠶᠠᠯ ᠳᠤ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠭᠠᠳᠠᠭᠠᠳᠤ ᠳᠠᠷᠤᠯᠲᠠ ᠨᠡᠮᠡᠭᠳᠡᠵᠦ᠂ | ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ | ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠵᠤ᠂ | ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ | ᠬᠦᠴᠦᠨ᠂ ᠶᠡᠷᠦᠩᠬᠡᠶᠢᠯᠡᠭᠰᠡᠨ ᠤᠯᠤᠰ ᠤᠨ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠨᠢᠭᠡ ᠵᠢᠯ ᠤᠨ ᠲᠤᠷᠰᠢᠬᠢ | ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ ᠬᠥᠮᠥᠰ ᠢ | ᠵᠣᠷᠢᠭᠵᠢᠭᠤᠯᠤᠮ᠎ᠠ ᠪᠠᠶᠢᠨ᠎ᠠ᠃ 9 ᠰᠠᠷ᠎ᠠ ᠶᠢᠨ 26 ᠤ ᠡᠳᠦᠷ ᠨᠠᠮ ᠤᠨ ᠲᠥᠪ ᠤᠨ ᠬᠤᠷᠢᠶ᠎ᠠ ᠶᠢᠨ ᠤᠯᠤᠰ | ᠲᠥᠷᠥ ᠶᠢᠨ ᠲᠣᠪᠴᠢᠶᠠᠨ ᠤ ᠬᠤᠷᠠᠯ ᠠᠴᠠ ᠠᠯᠢ ᠤᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠡᠷᠡᠰ | ᠰᠢᠭᠤᠷᠬᠠᠢ ᠪᠠᠷ ᠪᠠᠶᠢᠷᠢᠯᠠᠭᠤᠯᠵᠤ᠂ ᠭᠡᠷ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠪᠠ ᠵᠠᠬ᠎ᠠ | ᠳᠡᠯᠭᠡᠭᠦᠷ ᠤᠨ ᠵᠢᠱᠢᠯᠲᠡ᠂ ᠨᠡᠶᠢᠭᠡᠮ ᠤᠨ ᠢᠲᠡᠭᠡᠯ ᠢ ᠪᠦᠲᠦᠮᠵᠢᠲᠡᠶ ᠬᠥᠭᠵᠢᠭᠡᠵᠦ᠂ ᠠᠵᠤ ᠠᠬᠤᠢ ᠢᠯᠡᠳᠲᠡ | ᠰᠠᠶᠢᠵᠢᠷᠠᠵᠤ᠂ ᠪᠦᠭᠦ ᠵᠢᠯ ᠤᠨ ᠬᠠᠷᠠᠯᠲᠠ ᠶᠢᠨ ᠪᠡᠶᠡᠯᠡᠭᠳᠡᠬᠦ ᠶᠢ ᠠᠬᠢᠭᠤᠯᠤᠭᠰᠠᠨ ᠢᠶᠠᠷ ᠪᠠᠷᠠᠬᠤ ᠦᠭᠡᠢ ᠪᠠᠰᠠ 2025 | ᠣᠨ ᠤ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠴᠡᠢ ᠭᠡᠵᠦ ᠴᠢᠬᠤᠯᠠᠴᠢᠯᠠᠪᠠ | ᠃ | ᠵᠣᠬᠢᠶᠠᠯ ᠳᠤ᠂ ᠪᠠᠶᠢᠳᠠᠯ ᠢ ᠵᠠᠳᠠᠯᠬᠤ ᠳᠤ ︽ᠬᠤᠶᠠᠷ ᠲᠠᠯᠠᠲᠤ ᠤᠨᠤᠯ︾ ᠢ ᠪᠠᠷᠢᠮᠲᠠᠯᠠᠵᠤ᠂ ᠠᠮᠵᠢᠯᠲᠠ ᠪᠠᠨ | ᠭᠦᠢᠴᠡᠳ ᠶᠠᠷᠢᠬᠤ ᠪᠠᠷ ᠪᠠᠷᠠᠬᠤ ᠦᠭᠡᠢ ᠪᠠᠰᠠ ᠠᠰᠠᠭᠤᠳᠠᠯ ᠢ ᠨᠡᠪᠲᠡᠷᠡᠲᠡᠯ᠎ᠡ ᠲᠣᠭᠠᠴᠢᠬᠤ ᠬᠡᠷᠡᠭᠲᠡᠢ᠃ | ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ | ᠭᠦᠨᠵᠡᠭᠡᠶᠢᠷᠡᠵᠦ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠳᠤ ᠮᠥᠨ ᠬᠦ ᠴᠥᠭᠡᠨ ᠪᠤᠰᠤ ᠬᠦᠴᠢᠷᠳᠡᠯ ᠪᠠ | ᠰᠢᠯᠭᠠᠯᠲᠠ ᠲᠤᠯᠭᠠᠷᠠᠵᠤ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠢᠨ ᠰᠠᠭᠤᠷᠢ | ᠲᠣᠭᠲᠠᠭᠤᠨ᠂ ᠳᠠᠪᠠᠭᠤᠯᠢᠭ ᠣᠯᠠᠨ᠂ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠣᠷᠳᠣ | ᠬᠤᠭᠤᠴᠠᠭ᠎ᠠ ᠪᠠᠷ ᠰᠠᠶᠢᠵᠢᠷᠠᠬᠤ ᠳᠤ ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ | ᠪᠠᠶᠢᠬᠤ ᠶᠢ ᠡᠷᠬᠡᠪᠰᠢ ᠣᠯᠵᠤ ᠬᠠᠷᠠᠬᠤ ᠬᠡᠷᠡᠭᠲᠡᠢ᠃ ᠢᠲᠡᠭᠡᠯ ᠵᠣᠷᠢᠭ ᠪᠠᠭᠤᠷᠠᠬᠤ ᠦᠭᠡᠢ ᠯᠡ ᠶᠤᠮ ᠪᠣᠯ ᠠᠷᠭ᠎ᠠ | ᠤᠬᠠᠭᠠᠨ ᠶᠠᠭᠠᠬᠢᠯ᠎ᠠ ᠴᠤ ᠭᠡᠰᠡᠨ ᠬᠦᠴᠢᠷ ᠪᠡᠷᠬᠡᠰᠢᠶᠡᠯ ᠠᠴᠠ ᠤᠯᠠᠨ ᠶᠤᠮ᠃ ᠪᠢᠳᠡ ᠬᠦᠴᠢᠷ ᠪᠡᠷᠬᠡᠰᠢᠶᠡᠯ ᠳᠤ | ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ | ᠬᠥᠭᠵᠢᠯᠲᠡ ᠶᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠦᠢᠯᠡᠳᠦᠯᠭᠡ ᠶᠢᠨ ᠳᠤᠮᠳᠠ᠂ ᠪᠢᠳᠡ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ | ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠪᠦᠭᠦ ᠨᠠᠮ ᠢᠶᠠᠷ ᠢᠶᠠᠨ ᠪᠦᠷᠢᠯᠳᠦᠭᠦᠯᠦᠭᠰᠡᠨ | ᠬᠠᠮᠤᠭ ᠤᠨ ᠶᠡᠭᠡ ᠬᠠᠮᠲᠤ ᠶᠢᠨ ᠲᠠᠨᠢᠯᠲᠠ ᠪᠣᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠦᠨᠳᠦᠰᠦᠨ ᠪᠠᠲᠤᠯᠠᠭ᠎ᠠ ᠪᠣᠯᠣᠨ᠎ᠠ᠂ | ᠵᠠᠩᠭᠢᠯᠠᠭ᠎ᠠ ᠶᠢᠨ ᠴᠠᠭ ᠮᠥᠴᠡ᠂ ᠴᠢᠬᠤᠯᠠ ᠭᠤᠭᠴᠤᠭ᠎ᠠ ᠳᠤ᠂ ᠨᠠᠮ ᠤᠨ ᠲᠥᠪ ᠬᠤᠷᠢᠶ᠎ᠠ ᠴᠠᠭ ᠲᠤᠬᠠᠢ ᠳᠤᠨᠢ | ᠪᠠᠶᠢᠳᠠᠯ ᠢ ᠰᠤᠳᠤᠯᠤᠨ ᠮᠠᠭᠠᠳᠯᠠᠵᠤ᠂ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠮᠠᠨ ᠤ ᠤᠯᠤᠰ ᠤᠨ | ᠠᠵᠤ ᠠᠬᠤᠢ ᠶᠢᠨ ᠬᠥᠯᠭᠡ ᠣᠩᠭᠤᠴᠠ ᠶᠢᠨ ᠰᠠᠯᠬᠢ ᠬᠥᠯᠭᠡᠯᠡᠨ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ | ᠠᠶᠠᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠠᠵᠤ ᠠᠬᠤᠢ ᠶᠢᠨ ᠠᠵᠢᠯ ᠮᠠᠰᠢ ᠤᠯᠠᠨ ᠪᠤᠢ᠂ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ | ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠨᠢᠭᠡ ᠳᠤ᠂ ᠡᠷᠬᠡᠪᠰᠢ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠣᠯᠣᠨ | ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ | ᠠᠮᠢᠳᠤᠯᠢᠭ ᠪᠤᠯᠭᠠᠵᠤ ᠴᠢᠳᠠᠬᠤ︾ ᠮᠥᠷᠲᠡᠭᠡᠨ ᠪᠠᠰᠠ ︽ᠬᠠᠮᠢᠶᠠᠷᠴᠤ ᠳᠡᠶᠢᠯᠭᠦ︾ ᠠᠵᠤ ᠠᠬᠤᠢ ᠶᠢᠨ ᠡᠮᠬᠢ | ᠵᠢᠷᠤᠮ ᠢ ᠪᠤᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠬᠢᠬᠦ ᠶᠢ ᠨᠢ ᠬᠢᠵᠦ ᠬᠢᠬᠦ ᠦᠭᠡᠢ ᠶᠢ ᠨᠢ ᠦᠯᠦ ᠬᠢᠵᠦ᠂ | ᠠᠵᠢᠯ ᠤᠨ ᠪᠠᠶᠢᠷᠢ ᠳᠤᠲᠠᠭᠳᠠᠬᠤ᠂ ᠡᠷᠬᠡ ᠠᠴᠠ ᠪᠠᠨ ᠳᠠᠪᠠᠭ᠋ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠵᠠᠰᠠᠭ ᠤᠨ ᠣᠷᠳᠣᠨ ᠤ ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ ᠤᠨ ᠦᠢᠯᠡᠳᠦᠯ ᠲᠡᠳᠦᠢ | ᠪᠦᠲᠦᠮᠵᠢᠲᠡᠢ ᠪᠤᠯᠳᠠᠭ᠃ ᠬᠤᠶᠠᠷ ᠲᠤ᠂ ᠡᠷᠬᠡᠪᠰᠢ ᠶᠡᠷᠦᠩᠬᠡᠢ ᠬᠠᠩᠭᠠᠯᠭ᠎ᠠ ᠪᠣᠯᠣᠨ ᠶᠡᠷᠦᠩᠬᠡᠢ ᠬᠡᠷᠡᠭᠴᠡᠭᠡ ᠶᠢᠨ | ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠡᠷᠭᠢᠯᠲᠡ ᠶᠢ | ᠰᠢᠯᠤᠭᠤᠳᠬᠠᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠬᠦ᠂ | ᠬᠥᠳᠡᠯᠦᠩᠭᠦᠢ ᠲᠡᠩᠴᠡᠭᠦᠷᠢᠲᠡᠢ ᠪᠠᠶᠢᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠳᠣᠲᠣᠭᠠᠳᠤ ᠬᠡᠷᠡᠭᠴᠡᠭᠡ ᠢᠯᠠᠩᠭᠤᠶ᠎ᠠ | ᠬᠡᠷᠡᠭᠯᠡᠭᠡᠨ ᠤ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ | ᠨᠡᠮᠡᠭᠳᠡᠯ ᠢ ᠳᠠᠶᠢᠴᠢᠯᠠᠬᠤ ᠰᠠᠨᠠᠭᠠᠴᠢᠯᠠᠭᠠᠲᠤ ᠬᠦᠴᠦᠨ ᠪᠠ ᠲᠣᠭᠲᠠᠪᠤᠷᠢᠵᠢᠭᠤᠯᠤᠭᠴᠢ ᠪᠤᠯᠭᠠᠬᠤ ᠬᠡᠷᠡᠭᠲᠡᠢ᠃ | ᠭᠤᠷᠪᠠ ᠳᠤ᠂ ᠡᠷᠬᠡᠪᠰᠢ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠬᠦ ᠡᠨᠧᠷᠭᠢ ᠶᠢ | ᠰᠢᠨᠡᠳᠬᠡᠬᠦ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠤᠯᠭᠠᠵᠤ᠂ ᠰᠢᠨ᠎ᠡ ᠪᠠᠷ ᠮᠠᠨᠳᠤᠭᠰᠠᠨ | ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠶᠡᠭᠡ ᠪᠠᠷ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ | ᠠᠬᠤᠢ ᠶᠢᠨ ᠨᠡᠮᠡᠭᠳᠡᠯ ᠪᠣᠯᠣᠨ ᠠᠵᠢᠯ ᠣᠯᠭᠤᠯᠲᠠ ᠶᠢᠨ ᠣᠷᠣᠯᠭ᠎ᠠ ᠶᠢᠨ ᠦᠨᠳᠦᠰᠦᠨ ᠲᠦᠰᠢᠭ ᠪᠤᠯᠬᠤ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠢᠨ᠎ᠡ | ᠬᠠᠭᠤᠴᠢᠨ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠲᠣᠭᠲᠠᠭᠤᠨ ᠢᠶᠠᠷ ᠵᠠᠯᠭᠠᠯᠳᠤᠨ ᠰᠣᠯᠢᠭᠳᠠᠬᠤ ᠶᠢ | ᠠᠬᠢᠭᠤᠯᠬᠤ ᠬᠡᠷᠡᠭᠲᠡᠢ᠃ ᠳᠥᠷᠪᠡ ᠳᠤ᠂ ᠡᠷᠬᠡᠪᠰᠢ ᠨᠡᠮᠡᠭᠳᠡᠯ ᠢ ᠰᠢᠯᠢᠳᠡᠭᠵᠢᠭᠦᠯᠬᠦ ᠪᠠ ᠨᠥᠭᠡᠴᠡ ᠶᠢ | ᠠᠮᠢᠳᠤᠯᠢᠭᠵᠢᠭᠤᠯᠬᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ | ᠦᠷ᠎ᠡ ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠥᠭᠡᠴᠡ ᠶᠢ ᠠᠮᠢᠳᠤᠯᠢᠭᠵᠢᠭᠤᠯᠬᠤ ᠪᠠᠷ | ᠳᠠᠮᠵᠢᠭᠤᠯᠤᠨ ᠨᠡᠮᠡᠭᠳᠡᠯ ᠢ ᠳᠠᠶᠢᠴᠢᠯᠠᠬᠤ ᠳᠠᠭᠠᠨ ᠴᠢᠳᠠᠮᠠᠭᠠᠢ ᠪᠠᠶᠢᠵᠤ᠂ ᠨᠡᠮᠡᠭᠳᠡᠯ ᠢ ᠰᠢᠯᠢᠳᠡᠭᠵᠢᠭᠦᠯᠬᠦ ᠪᠠ | ᠨᠥᠭᠡᠴᠡ ᠶᠢ ᠠᠮᠢᠳᠤᠯᠢᠭᠵᠢᠭᠤᠯᠬᠤ᠂ ᠡᠳ᠋ ᠬᠥᠷᠥᠩᠭᠡ ᠶᠢ ᠰᠠᠶᠢᠲᠤᠷ ᠬᠠᠮᠢᠶᠠᠷᠬᠤ ᠪᠠ ᠥᠷᠢ ᠥᠭᠴᠡᠭᠡ ᠶᠢ | ᠲᠣᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠥᠷᠭᠡᠳᠬᠡᠬᠦ | ᠬᠡᠷᠡᠭᠲᠡᠢ᠃ ᠲᠠᠪᠤ ᠳᠤ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ | ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠣᠳᠠᠰ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠶᠠᠰᠤ ᠴᠢᠨᠠᠷ ᠢᠶᠠᠷ ᠣᠷᠦ᠋ᠢᠯᠠᠬᠤ ᠪᠠ ᠬᠡᠪᠴᠢᠶᠡᠲᠦ ᠦᠢᠯᠡᠳᠦᠯ ᠢ | ᠪᠠᠳᠠᠷᠠᠭᠤᠯᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ | ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠴᠢᠨᠠᠷ ᠰᠠᠶᠢᠲᠠᠢ ᠬᠥᠭᠵᠢᠯᠲᠡ ᠶᠢᠨ ᠪᠦᠭᠦ ᠶᠠᠪᠤᠴᠠ ᠳᠤ ᠨᠢᠭᠡᠳᠬᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | |