ᠬᠤᠷᠴᠢᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/5
    3 ᠰᠠᠷ᠎ᠠ ᠶᠢᠨ 4 ᠤ ᠡᠳᠦᠷ᠂ ᠬᠤᠷᠴᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠲᠦᠩᠯᠢᠶᠣᠣ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠦᠩᠯᠢᠶᠣᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠴᠢᠨ ᠬᠤᠪᠢᠶᠠᠷᠢ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠮᠦ ᠳ᠋ᠧ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ ᠪᠠᠲᠤ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠸᠠᠩ ᠵᠢᠶᠠᠩ ᠬᠤᠷᠠᠯ ᠳᠤ ᠣᠷᠣᠯᠴᠠᠪᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号