| — ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ | ᠠᠬᠢᠭᠤᠯᠤᠭᠰᠠᠨ ᠲᠤᠬᠠᠢ ᠪᠣᠳᠠᠲᠤ ᠲᠡᠮᠳᠡᠭᠯᠡᠯ | ᠵᠣᠬᠢᠶᠠᠭᠴᠢ᠄ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ᠃ | ᠤᠷᠳᠤ ᠬᠤᠭᠤᠴᠠᠭ᠎ᠠ ᠣᠷᠣᠨ ᠨᠤᠲᠤᠭ ᠲᠤ ᠠᠵᠢᠯᠯᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ | ᠠᠬᠤᠢ ᠨᠡᠯᠢᠶᠡᠳ ᠬᠥᠭᠵᠢᠭᠰᠡᠨ ᠮᠤᠵᠢ ᠳᠤ ᠠᠵᠢᠯᠯᠠᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠢᠯ ᠢᠶᠠᠷ ᠴᠢᠬᠤᠯᠠᠴᠢᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠭᠰᠠᠭᠠᠷ ᠢᠷᠡᠵᠠᠢ᠃ | ᠡᠨᠡ ᠵᠢᠯ ᠤᠨ 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠵᠤ ᠠᠬᠤᠢ ᠶᠢᠨ ᠲᠣᠮᠣ ᠬᠥᠯᠭᠡ | ᠣᠩᠭᠤᠴᠠ ᠬᠦᠴᠢᠷ ᠢ ᠰᠥᠷᠦᠨ ᠤᠷᠤᠭᠰᠢᠯᠠᠵᠤ᠂ ᠰᠠᠯᠬᠢ ᠬᠥᠯᠭᠡᠯᠡᠨ ᠳᠠᠪᠠᠯᠭᠠᠨ ᠢ ᠵᠦᠰᠦᠬᠦ ᠵᠠᠩᠭᠢᠯᠠᠭ᠎ᠠ ᠶᠢᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ︽ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠠᠯᠤᠰ ᠢᠷᠡᠭᠡᠳᠦᠢ ᠥᠷᠭᠡᠨ ᠠᠭᠤᠳᠠᠮ᠂ ᠶᠡᠭᠡ ᠦᠢᠯᠡᠰ ᠢ ᠪᠦᠲᠦᠭᠡᠵᠦ ᠪᠣᠯᠣᠨ᠎ᠠ᠂ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ | ᠴᠢᠳᠠᠯ ᠢᠶᠠᠨ ᠦᠵᠡᠭᠦᠯᠵᠦ ᠪᠠᠶᠢᠨ᠎ᠠ︾᠂ ︽ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠤᠯᠤᠰ ᠤᠨ ᠢᠶᠠᠨ | ᠲᠥᠯᠥᠭᠡ ᠵᠢᠳᠬᠦᠬᠦ ᠵᠣᠷᠢᠭ ᠡᠪᠦᠷᠯᠡᠵᠦ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠰᠠᠬᠢᠨ | ᠡᠵᠡᠩᠨᠡᠯᠲᠡ ᠬᠢᠵᠦ᠂ ᠤᠷᠢᠳ ᠢᠶᠠᠷ ᠪᠠᠶᠠᠵᠢᠵᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ | ᠪᠠᠶᠢᠨ᠎ᠠ︾ ᠁ | ᠴᠢᠩ ᠰᠡᠳᠬᠢᠯ ᠤᠨ ᠬᠠᠯᠠᠮᠵᠢᠯᠠᠯ ᠨᠢ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠵᠤ᠂ ᠭᠦᠨ ᠵᠤᠵᠠᠭᠠᠨ | ᠬᠦᠰᠡᠯ ᠡᠷᠡᠮᠡᠯᠵᠡᠯ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ | ︵ᠨᠢᠭᠡ︶ ︽ᠨᠠᠮ ᠤᠨ ᠲᠥᠪ ᠬᠤᠷᠢᠶ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠪᠡ᠂ ᠡᠨᠡ ᠨᠢ ᠬᠤᠪᠢᠷᠠᠭ᠎ᠠ ᠦᠭᠡᠢ ᠪᠥᠭᠡᠳ | ᠬᠤᠪᠢᠷᠠᠬᠤ ᠴᠤ ᠦᠭᠡᠢ ᠶᠤᠮ︾ | ︽ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠤᠬᠳᠤ ᠲᠠᠲᠠᠭᠠᠯᠵᠠᠯ ᠦᠭᠡᠢ ᠪᠠᠷ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︿ | ᠬᠤᠶᠠᠷ ᠤᠬᠲᠤ ᠭᠤᠶᠢᠪᠢᠰᠢ ᠦᠭᠡᠢ﹀ ᠶᠢ ᠪᠠᠷᠢᠮᠲᠠᠯᠠᠬᠤ ᠬᠡᠷᠡᠭᠲᠡᠢ︾᠃ | 2022 ᠣᠨ ᠤ 12 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭᠠᠬᠢ | ᠠᠩᠬᠠᠳᠤᠭᠠᠷ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠶᠡᠷᠦᠩᠬᠡᠢ ᠱᠦᠵᠢ | ᠰᠢ ᠶᠢᠨ ᠫᠢᠩ ᠶᠠᠷᠢᠶᠠᠨ ᠳᠠᠭᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠶᠠᠷᠢᠬᠤ ᠳᠠᠭᠠᠨ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︿ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ﹀ ᠭᠡᠵᠦ ᠲᠣᠳᠣᠷᠬᠠᠢ ᠳᠤᠷᠠᠳᠴᠠᠢ᠂ ᠡᠨᠡ ᠪᠣᠯ | ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠲᠦᠷ ᠵᠠᠭᠤᠷ᠎ᠠ ᠶᠢᠨ ᠠᠷᠭ᠎ᠠ ᠪᠢᠰᠢ︾ ᠭᠡᠵᠦ ᠡᠷᠡᠰ ᠪᠠᠲᠤ | ᠬᠡᠯᠡᠪᠡ᠃ | ︽ᠪᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠮᠠᠭᠲᠠ ᠳᠡᠮᠵᠢᠭᠰᠡᠭᠡᠷ ᠢᠷᠡᠭᠰᠡᠨ ᠪᠥᠭᠡᠳ | ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠲᠤ ᠠᠵᠢᠯᠯᠠᠵᠤ ᠪᠠᠶᠢᠵᠠᠢ︾᠃ | ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠵᠠᠢ᠃ | ᠾᠧᠪᠧᠢ ᠶᠢᠨ ᠵᠧᠩ ᠳ᠋ᠢᠩ ᠳᠤ ᠲᠦᠮᠡᠲᠦ ᠶᠢᠨ ᠡᠷᠦᠭᠡ ᠳᠤ ︽ᠤᠷᠢᠳ ᠢᠶᠠᠷ ᠪᠠᠶᠠᠵᠢᠭᠰᠠᠨ ᠱᠠᠩᠨᠠᠯ︾ | ᠣᠯᠭᠤᠪᠠ︔ ᠹᠦᠵᠢᠶᠠᠨ ᠳᠤ᠂ ᠲᠤᠯᠤᠭ᠎ᠠ ᠤᠳᠠᠭ᠎ᠠ ᠵᠢᠨᠵᠢᠶᠠᠩ ᠳᠤ ᠬᠦᠷᠴᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ︔ ᠵᠧᠵᠢᠶᠠᠩ ᠳᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠢ ᠵᠡᠷᠭᠡ ᠪᠠᠷ | ᠳᠠᠪᠰᠢᠵᠤ᠂ ᠬᠠᠮᠲᠤ ᠪᠠᠷ ᠬᠥᠭᠵᠢᠬᠦ ᠶᠢ ᠠᠭᠢᠭᠤᠯᠪᠠ︔ ᠱᠠᠩᠬᠠᠢ ᠳᠤ᠂ ᠰᠢᠯᠢᠳᠡᠭ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠮᠥᠰ ᠤᠨ ᠲᠥᠯᠥᠭᠡᠯᠡᠭᠴᠢ ᠲᠠᠢ ᠠᠭᠤᠯᠵᠠᠪᠠ ᠁ | 2007 ᠣᠨ ᠤ 4 ᠰᠠᠷ᠎ᠠ ᠶᠢᠨ 24 ᠤ ᠡᠳᠦᠷ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠭᠠᠳ ᠪᠦᠬᠦᠯᠢ ᠨᠢᠭᠡ ᠰᠠᠷ᠎ᠠ ᠪᠣᠯᠣᠮᠠᠭᠴᠠ᠂ ᠰᠢ ᠶᠢᠨ ᠫᠢᠩ ᠨᠥᠬᠦᠷ ᠪᠦᠦ ᠱᠠᠨ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠡᠨᠡ ᠡᠳᠦᠷ᠂ ᠲᠡᠷᠡ ᠬᠤᠶᠠᠷ ᠠᠵᠤ ᠠᠬᠤᠶᠢᠯᠠᠯ ᠳᠤ | ᠬᠦᠷᠴᠡᠢ᠂ ᠨᠢᠭᠡ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠤᠯᠤᠭᠴᠢ ᠪᠦᠦ ᠱᠠᠨ ᠤ ᠪᠣᠯᠣᠳ | ᠲᠡᠮᠦᠷ ᠤᠨ ᠪᠦᠯᠦᠭᠯᠡᠯ᠂ ᠨᠦᠭᠦᠭᠡ ᠨᠢ ᠠᠷᠠᠳ ᠤᠨ ᠡᠵᠡᠩᠨᠡᠯᠲᠡ ᠶᠢᠨ ᠪᠣᠯᠣᠳ ᠲᠡᠮᠦᠷ ᠤᠨ ᠠᠵᠤ ᠠᠬᠤᠶᠢᠯᠠᠯ | ᠪᠣᠯᠣᠨ᠎ᠠ᠃ | ᠲᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠰᠢ ᠶᠢᠨ ᠫᠢᠩ ᠨᠥᠬᠦᠷ᠂ ︽ᠬᠤᠶᠠᠷ ᠤᠬᠳᠤ ᠭᠤᠶᠢᠪᠢᠰᠢ | ᠦᠭᠡᠢ︾ ᠶᠢ ᠪᠠᠷᠢᠮᠲᠠᠯᠠᠵᠤ᠂ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ | ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠡᠳᠦᠨ ᠰᠠᠷ᠎ᠠ ᠶᠢᠨ ᠳᠠᠷᠠᠭ᠎ᠠ᠂ ᠰᠢ ᠶᠢᠨ ᠫᠢᠩ ᠨᠥᠬᠦᠷ ᠴᠢᠩᠫᠦ᠋ ᠲᠣᠭᠤᠷᠢᠭ ᠲᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠡᠶᠡᠯᠡᠭᠦᠯᠦᠭᠰᠡᠨ ᠭᠠᠶᠢᠯᠢ ᠲᠠᠲᠠᠪᠤᠷᠢ ᠨᠢ ᠨᠢᠭᠡᠨᠲᠡ | ᠴᠢᠩᠫᠦ᠋ ᠲᠣᠭᠤᠷᠢᠭ ᠤᠨ ᠭᠠᠶᠢᠯᠢ ᠲᠠᠲᠠᠪᠤᠷᠢ ᠶᠢᠨ 50% ᠠᠴᠠ ᠳᠡᠭᠡᠭᠰᠢᠬᠢ ᠶᠢ ᠡᠵᠡᠯᠡᠭᠰᠡᠨ ᠢ ᠣᠶᠢᠯᠠᠭᠠᠪᠠ᠃ | ᠲᠡᠷᠡ ᠴᠢᠩᠫᠦ᠋ ᠶᠢᠨ ᠺᠠᠳ᠋ᠷ ᠲᠤ᠄ ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠩᠫᠦ᠋ ᠶᠢᠨ ᠠᠵᠤ | ᠠᠬᠤᠢ ᠶᠢᠨ ᠬᠥᠭᠵᠢᠯᠲᠡ ᠶᠢᠨ ᠨᠢᠭᠡᠨ ᠣᠨᠴᠠᠯᠢᠭ ᠪᠣᠯᠣᠨ᠎ᠠ᠂ ᠪᠢ ᠪᠦᠦ ᠱᠠᠨ ᠳᠤ ᠪᠠᠶᠢᠴᠠᠭᠠᠨ ᠰᠤᠳᠤᠯᠤᠯᠲᠠ | ᠬᠢᠬᠦ ᠳᠡᠭᠡᠨ ︿ᠬᠤᠶᠠᠷ ᠤᠬᠳᠤ ᠭᠤᠶᠢᠪᠢᠰᠢ ᠦᠭᠡᠢ﹀ ᠶᠢ ᠴᠢᠬᠤᠯᠠᠴᠢᠯᠠᠪᠠ᠂ ᠲᠥᠪ ᠠᠴᠠ ᠲᠣᠳᠣᠷᠬᠠᠢ | ᠱᠠᠭᠠᠷᠳᠠᠯᠭ᠎ᠠ ᠲᠠᠢ᠂ ᠡᠨᠡ ᠨᠢ ᠮᠥᠨ ᠴᠦ ᠱᠠᠩᠬᠠᠢ ᠶᠢᠨ ᠬᠥᠭᠵᠢᠯᠲᠡ ᠳᠤ ᠡᠷᠬᠡᠪᠰᠢ ᠤᠷᠳᠤ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ ᠵᠢᠯᠤᠭᠤᠳᠬᠤ ᠴᠢᠭᠯᠡᠯᠲᠡ ᠪᠣᠯᠣᠨ᠎ᠠ︾ ᠭᠡᠵᠦ ᠬᠡᠯᠡᠪᠡ᠃ | ᠴᠠᠭ ᠮᠥᠴᠡ ᠥᠩᠭᠡᠷᠡᠭᠰᠡᠨ ᠴᠦ ᠬᠠᠶᠢᠷ᠎ᠠ ᠰᠡᠳᠬᠢᠯᠭᠡ ᠬᠡᠪ ᠢᠶᠠᠷ ᠢᠶᠠᠨ ᠪᠠᠶᠢᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠤᠳᠠᠭ᠎ᠠ ᠳᠠᠷᠠᠭᠠᠯᠠᠨ ᠬᠦᠷᠴᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠲᠠᠢ ᠤᠳᠠᠭ᠎ᠠ ᠳᠠᠷᠠᠭᠠᠯᠠᠨ ᠨᠢᠭᠤᠷᠳᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠶᠡᠭᠡ ᠪᠣᠳᠣᠯᠭ᠎ᠠ ᠶᠢ ᠤᠳᠠᠭ᠎ᠠ ᠳᠠᠷᠠᠭᠠᠯᠠᠨ ᠰᠦᠪᠡᠭᠴᠢᠯᠡᠪᠡ᠃ ᠶᠡᠷᠦᠩᠬᠡᠢ ᠱᠦᠵᠢ ᠰᠢ ᠶᠢᠨ ᠫᠢᠩ᠄ | ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠤᠯᠤᠰ ᠤᠨ ᠠᠵᠤ ᠠᠬᠤᠢ ᠶᠢᠨ ᠳᠦᠷᠢᠮ ᠤᠨ | ᠳᠣᠲᠣᠭᠠᠳᠤ ᠡᠯᠧᠮᠧᠨ᠋ᠲ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠪᠣᠯ ᠮᠠᠨ ᠤ ᠥᠪᠡᠷ ᠤᠨ ᠬᠥᠮᠥᠨ ᠮᠥᠨ︾ ᠭᠡᠵᠦ ᠴᠢᠬᠤᠯᠠᠴᠢᠯᠠᠪᠠ᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠬᠰᠠᠨ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ | ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠵᠤ᠄ ︽ᠪᠢ ᠠᠳᠡ ᠳᠠᠬᠢᠨᠲᠠ ᠬᠡᠯᠡᠶ᠎ᠡ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠪᠠ ᠦᠢᠯᠡᠳᠦᠯ | ᠬᠤᠪᠢᠷᠠᠭ᠎ᠠ ᠦᠭᠡᠢ᠂ ᠪᠢᠳᠡ ᠤᠬᠳᠤ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠬᠤ ᠴᠢᠭᠯᠡᠯᠲᠡ ᠲᠦᠷᠦ ᠶᠢᠨ | ᠪᠣᠳᠣᠯᠭ᠎ᠠ ᠬᠤᠪᠢᠷᠠᠭ᠎ᠠ ᠦᠭᠡᠢ᠂ ᠪᠢᠳᠡᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠪᠠ ᠨᠡᠩ ᠤᠯᠠᠨ ᠠᠵᠠ ᠲᠣᠭᠢᠶᠠᠯ ᠬᠠᠩᠭᠠᠬᠤ ᠴᠢᠭᠯᠡᠯᠲᠡ | ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ︾ ᠭᠡᠪᠡ᠃ | ︽ᠬᠤᠶᠠᠷ ᠤᠬᠳᠤ ᠭᠤᠶᠢᠪᠢᠰᠢ ᠦᠭᠡᠢ︾ ᠠᠴᠠ ︽ᠭᠤᠷᠪᠠᠨ ᠬᠤᠪᠢᠷᠠᠭ᠎ᠠ ᠦᠭᠡᠢ︾ ᠪᠤᠯᠲᠠᠯ᠎ᠠ᠂ ᠮᠠᠨ ᠤ | ᠨᠠᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠭᠤᠶᠢᠪᠢᠰᠢ | ᠦᠭᠡᠢ᠂ ᠲᠠᠰᠤᠷᠠᠯᠲᠠ ᠦᠭᠡᠢ ᠭᠦᠨᠵᠡᠭᠡᠶᠢᠷᠡᠪᠡ᠃ | 2018 ᠣᠨ ᠳᠤ᠂ ᠳᠡᠯᠡᠬᠡᠢ ᠶᠢᠨ ᠪᠠᠶᠢᠳᠠᠯ ᠭᠡᠨᠡᠳᠲᠡ ᠬᠤᠪᠢᠷᠠᠵᠤ᠂ ᠮᠠᠨ ᠤ ᠤᠯᠤᠰ ᠤᠨ ᠬᠥᠭᠵᠢᠯᠲᠡ | ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠪᠠ᠃ ᠲᠤᠬᠠᠢ ᠶᠢᠨ ᠦᠶ᠎ᠡ ᠳᠤ᠂ ᠨᠡᠶᠢᠭᠡᠮ ᠳᠡᠭᠡᠷᠡᠬᠢ ᠬᠥᠮᠥᠰ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ ᠰᠡᠵᠢᠭᠯᠡᠬᠦ ᠦᠭᠡ ᠶᠠᠷᠢᠶ᠎ᠠ ᠨᠡᠶᠢᠲᠡᠯᠡᠵᠦ ᠥᠩᠭᠡᠷᠡᠵᠡᠢ | ᠃ | ᠶᠡᠷᠦᠩᠬᠡᠢ ᠱᠦᠵᠢ ᠰᠢ ᠶᠢᠨ ᠫᠢᠩ ᠡᠭᠦᠨ ᠤ ᠲᠤᠬᠠᠢ ᠵᠠᠯᠭᠠᠭ᠎ᠠ ᠪᠠᠷ ᠬᠠᠷᠢᠭᠤᠯᠲᠠ ᠥᠭᠴᠡᠢ᠄ ︽ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠬᠠᠷᠢᠭᠤ ᠵᠠᠬᠢᠳᠠᠯ ᠢᠯᠡᠭᠡᠬᠦ ᠳᠡᠭᠡᠨ᠂ ︽ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠲᠡᠦᠬᠡᠨ ᠬᠤᠪᠢ ᠨᠡᠮᠡᠷᠢ ᠶᠢ ᠦᠭᠡᠶᠢᠰᠬᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠪᠠᠶᠢᠷᠢ ᠰᠠᠭᠤᠷᠢ ᠦᠢᠯᠡᠳᠦᠯ ᠢ ᠰᠡᠵᠢᠭᠯᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠦᠭᠡᠶᠢᠰᠭᠡᠭᠦ᠂ ᠪᠠᠭᠤᠷᠠᠶᠢᠰᠢᠭᠤᠯᠬᠤ ᠶᠠᠮᠠᠷᠪᠠ ᠦᠭᠡ ᠶᠠᠷᠢᠶ᠎ᠠ ᠪᠣᠯᠣᠨ ᠬᠢᠳᠡᠯ ᠴᠥᠮ ᠪᠤᠷᠤᠭᠤ ᠶᠤᠮ︾ | ᠭᠡᠵᠦ ᠲᠣᠳᠣᠷᠬᠠᠶᠢᠯᠠᠪᠠ︔ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ︽ᠨᠠᠮ ᠤᠨ ᠲᠥᠪ ᠬᠤᠷᠢᠶ᠎ᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ | ᠢᠷᠡᠵᠠᠢ᠂ ᠡᠨᠡ ᠨᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ︾ ᠭᠡᠵᠦ ᠴᠢᠬᠤᠯᠠᠴᠢᠯᠠᠪᠠ᠃ | 2018 ᠣᠨ ᠤ 11 ᠰᠠᠷ᠎ᠠ ᠶᠢᠨ 1 ᠤ ᠦᠳᠡ ᠶᠢᠨ ᠡᠮᠦᠨ᠎ᠡ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ᠂ 50 ᠭᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠤᠷᠢᠯᠭ᠎ᠠ ᠪᠠᠷ ᠣᠷᠣᠯᠴᠠᠪᠠ᠃ | ᠵᠥᠭᠡᠯᠡᠨ ᠲᠣᠨᠤᠭ ᠰᠤᠳᠤᠯᠤᠨ ᠨᠡᠭᠡᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠮ ᠡᠮᠨᠡᠯᠭᠡ᠂ | ᠰᠦᠯᠵᠢᠶᠡᠨ ᠤ ᠠᠮᠤᠷ ᠲᠦᠪᠰᠢᠨ ᠵᠡᠷᠭᠡ ᠠᠳᠠᠯᠢ ᠪᠤᠰᠤ ᠬᠦᠷᠢᠶᠡᠨ ᠤ 10 ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠤ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ | ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠳᠠᠭᠢᠨ ᠪᠠᠶᠢᠳᠠᠯ ᠢ ᠯᠠᠪᠯᠠᠨ ᠠᠰᠠᠭᠤᠵᠤ᠂ ᠤᠯᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ | ᠦᠨᠳᠦᠰᠦᠨ ᠬᠠᠤᠯᠢ᠂ ᠨᠠᠮ ᠤᠨ ᠳᠦᠷᠢᠮ ᠳᠤ ᠪᠢᠴᠢᠵᠦ ᠣᠷᠣᠭᠤᠯᠪᠠ᠂ ᠡᠭᠦᠨ ᠢ ᠬᠤᠪᠢᠷᠠᠭᠤᠯᠬᠤ ᠦᠭᠡᠢ ᠪᠥᠭᠡᠳ | ᠬᠤᠪᠢᠷᠠᠭᠤᠯᠵᠤ ᠴᠤ ᠪᠤᠯᠬᠤ ᠦᠭᠡᠢ ᠶᠤᠮ︾ ᠭᠡᠵᠦ ᠲᠣᠳᠣᠷᠬᠠᠢ ᠵᠢᠭᠠᠵᠤ ᠭᠠᠷᠭᠠᠪᠠ᠃ ᠬᠤᠷᠠᠯ ᠤᠨ ᠲᠠᠯᠠᠪᠠᠢ ᠳᠤ | ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠯ᠎ᠠ᠃ | ᠰᠢᠨ᠎ᠡ ᠠᠶᠠᠨ᠂ ᠰᠢᠨ᠎ᠡ ᠬᠥᠭᠵᠢᠯᠲᠡ᠂ ᠰᠢᠨ᠎ᠡ ᠠᠵᠠ ᠲᠣᠭᠢᠶᠠᠯ᠂ ᠰᠢᠨ᠎ᠡ ᠥᠷᠢᠰᠦᠯᠳᠦᠭᠡᠨ᠃ | ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠤ ᠳᠠᠬᠢᠨᠲᠠ ᠣᠷᠣᠯᠴᠠᠪᠠ᠃ ᠠᠳᠠᠯᠢ ᠪᠤᠰᠤ ᠬᠦᠷᠢᠶᠡᠨ ᠤ ᠠᠵᠢᠯ ᠲᠦᠷᠦᠯ ᠠᠴᠠ ᠢᠷᠡᠭᠰᠡᠨ 6 | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ | ᠶᠠᠷᠢᠶ᠎ᠠ ᠲᠠᠯᠪᠢᠵᠤ᠂ ᠠᠮᠵᠢᠯᠲᠠ ᠪᠠᠨ ᠬᠠᠷᠢᠭᠤ ᠮᠡᠳᠡᠭᠦᠯᠵᠦ᠂ ᠪᠠᠶᠢᠳᠠᠯ ᠢ ᠵᠠᠳᠠᠯᠵᠤ᠂ ᠢᠷᠡᠭᠡᠳᠦᠢ ᠪᠠᠨ ᠪᠠᠷᠠᠯᠠᠵᠤ᠂ | ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠶ᠎ᠠ ᠶᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ᠂ ᠨᠠᠮ ᠪᠣᠯᠣᠨ ᠤᠯᠤᠰ ᠠᠴᠠ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ | ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ | ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ | ᠬᠤᠪᠢᠷᠠᠭᠤᠯᠬᠤ ᠴᠤ ᠦᠭᠡᠢ ᠶᠤᠮ ᠭᠡᠵᠦ ᠴᠢᠬᠤᠯᠠᠴᠢᠯᠠᠪᠠ᠃ | ︵ᠬᠤᠶᠠᠷ︶ ︽ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ ᠥᠭᠭᠦᠨ᠎ᠡ︾ | ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠨᠢ ᠶᠠᠮᠠᠷ ᠪᠠᠶᠢᠪᠠᠯ ᠵᠣᠬᠢᠬᠤ ᠪᠤᠢ︖ | ᠪᠠᠭᠴᠠᠯᠠᠪᠠᠯ᠂ ᠮᠢᠨᠤ ᠦᠵᠡᠬᠦ ᠪᠠᠷ ︿ᠳᠣᠲᠣᠨᠣ﹀᠂ ︿ᠴᠢᠬᠡᠴᠢ﹀ ᠭᠡᠰᠡᠨ ᠦᠭᠡ ᠪᠣᠯᠣᠨ᠎ᠠ︾᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠵᠤ | ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠤ | ᠂ ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ︾ ᠶᠢᠨ ᠲᠤᠬᠠᠢ ᠴᠢᠬᠤᠯᠠ ᠲᠠᠶᠢᠯᠪᠤᠷᠢᠯᠠᠯᠲᠠ ᠬᠢᠪᠡ | ᠄ | ︽ᠤᠳᠤᠷᠢᠳᠬᠤ ᠺᠠᠳ᠋ᠷ ᠲᠤ ᠠᠪᠴᠤ ᠬᠡᠯᠡᠪᠡᠯ᠂ ︿ᠳᠣᠲᠣᠨᠣ﹀ ᠭᠡᠳᠡᠭ ᠨᠢ ᠳᠠᠷᠤᠢ ᠦᠨᠡᠨᠴᠢ ᠰᠢᠳᠤᠷᠭᠤ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠶᠠᠪᠤᠯᠴᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠠᠶᠢᠳᠠᠯ ᠳᠣᠣᠷ᠎ᠠ ᠨᠡᠩ ᠢᠳᠡᠪᠬᠢᠲᠡᠢ ᠠᠵᠢᠯᠯᠠᠵᠤ | ᠂ ᠡᠮᠦᠨ᠎ᠡ ᠹᠷᠤᠨᠲ ᠲᠤ ᠦᠢᠯᠡᠴᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ | ᠢᠯᠡᠭᠦᠬᠡᠨ ᠬᠠᠯᠠᠮᠵᠢᠯᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠬᠥᠲᠥᠯᠥᠨ ᠵᠢᠯᠤᠭᠤᠳᠴᠤ᠂ ᠪᠣᠳᠠᠲᠠᠢ | ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠶᠠᠪᠤᠳᠠᠯ ᠪᠣᠯᠣᠨ᠎ᠠ᠃ ︿ᠴᠢᠬᠡᠴᠢ﹀ ᠭᠡᠳᠡᠭ ᠨᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠯᠤᠭ᠎ᠠ ᠶᠢᠨ ᠬᠠᠷᠢᠴᠠᠭ᠎ᠠ ᠪᠠᠨ ᠠᠷᠢᠭᠤᠨ ᠴᠢᠬᠡᠴᠢ ᠪᠠᠶᠢᠯᠭᠠᠵᠤ᠂ ᠬᠤᠪᠳᠤᠭ | ᠰᠠᠨᠠᠭ᠎ᠠ ᠬᠤᠪᠢᠨᠴᠢᠷ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡ ᠪᠠᠨ ᠠᠰᠢᠭᠯᠠᠨ ᠠᠮᠢ ᠪᠠᠨ ᠪᠣᠷᠳᠣᠵᠤ ᠪᠤᠯᠬᠤ | ᠦᠭᠡᠢ᠂ ᠡᠷᠬᠡ ᠮᠥᠩᠭᠦᠨ ᠤ ᠠᠷᠠᠯᠵᠢᠶ᠎ᠠ ᠬᠢᠵᠦ ᠪᠤᠯᠬᠤ ᠦᠭᠡᠢ ᠶᠢ ᠬᠡᠯᠡᠵᠦ ᠪᠠᠶᠢᠨ᠎ᠠ︾ ᠭᠡᠪᠡ᠃ | ᠾᠧᠪᠧᠢ ᠶᠢᠨ ᠵᠧᠩ ᠳ᠋ᠢᠩ ᠠᠴᠠ ᠹᠦᠵᠢᠶᠠᠨ ᠭᠦᠷᠲᠡᠯ᠎ᠡ᠂ ᠵᠧᠵᠢᠶᠠᠩ ᠠᠴᠠ ᠱᠠᠩᠬᠠᠢ ᠭᠦᠷᠲᠡᠯ᠎ᠡ᠂ ᠰᠢ ᠶᠢᠨ | ᠫᠢᠩ ᠨᠥᠬᠦᠷ ᠡᠯᠪᠡᠭ ᠪᠠᠶᠠᠯᠢᠭ ᠦᠢᠯᠡᠳᠦᠯᠭᠡ ᠶᠢᠨ ᠳᠤᠮᠳᠠ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠭᠦᠨᠵᠡᠭᠡᠢ ᠣᠶᠢᠯᠠᠭᠠᠪᠠ᠃ | ︽ᠶᠠᠪᠤᠶ᠎ᠠ᠂ ᠪᠢᠳᠡ ᠰᠢᠨ ᠯᠢ ᠲᠠᠢ ᠰᠢᠨ᠎ᠡ ᠶᠢᠨ ᠵᠣᠯᠭᠠᠯᠲᠠ ᠬᠢᠬᠦ ᠪᠠᠷ ᠶᠠᠪᠤᠶ᠎ᠠ︕︾ | 1985 ᠣᠨ ᠤ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ᠂ ᠰᠢᠨ᠎ᠡ ᠵᠢᠯ ᠤᠨ | ᠭᠦᠷ ᠬᠥᠭᠵᠢᠶᠡᠨ ᠦᠷᠭᠦᠯᠵᠢᠯᠡᠵᠦ ᠪᠠᠶᠢᠪᠠ᠃ ᠦᠳᠡ ᠶᠢᠨ ᠡᠮᠦᠨᠡᠬᠢ 9 ᠴᠠᠭ ᠭᠠᠷᠤᠢ ᠳᠤ᠂ ᠲᠤᠬᠠᠢ ᠶᠢᠨ | ᠦᠶ᠎ᠡ ᠳᠤ ᠵᠧᠩ ᠳ᠋ᠢᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ | ᠰᠢ ᠶᠢᠨ ᠫᠢᠩ ᠨᠥᠬᠦᠷ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠠᠵᠢᠯᠯᠠᠭᠴᠢ ᠯᠢ ᠶᠠ ᠫᠢᠩ ᠢ | ᠳᠠᠭᠤᠳᠠᠵᠤ᠂ ᠮᠠᠰᠢᠨ ᠲᠡᠷᠭᠡ ᠪᠠᠷ ᠳ᠋ᠦᠩ ᠴᠢᠤᠸᠠᠨ ᠴᠧᠩ ᠲᠣᠰᠬᠤᠨ ᠤ ᠵᠠᠩ ᠰᠢᠨ ᠯᠢ ᠶᠢᠨ ᠭᠡᠷ ᠲᠤ ᠭᠦᠷᠪᠠ᠃ | 26 ᠨᠠᠰᠤᠲᠠᠢ ᠵᠠᠩ ᠰᠢᠨ ᠯᠢ ᠤᠤᠯ ᠨᠢ ᠰᠢᠶᠠᠨ ᠤ ᠷᠠᠳᠢᠣ᠋ ᠦᠷᠲᠡᠭᠡ ᠳᠤ ᠠᠵᠢᠯᠯᠠᠵᠤ ᠪᠠᠶᠢᠵᠠᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠢ᠂ ᠡᠩ ᠤᠨ ᠦᠶ᠎ᠡ ᠳᠡᠭᠡᠨ ᠷᠠᠳᠢᠣ᠋ ᠶᠢᠨ ᠮᠡᠷᠭᠡᠵᠢᠯ ᠢ ᠰᠤᠳᠤᠯᠵᠤ᠂ | ᠮᠡᠷᠭᠡᠵᠢᠯ ᠤᠨ ᠰᠢᠨᠡᠴᠢᠯᠡᠯᠲᠡ ᠪᠠ ᠥᠭᠡᠷᠡᠴᠢᠯᠡᠯᠲᠡ ᠬᠢᠬᠦ ᠳᠤᠷᠠᠲᠠᠢ ᠪᠠᠶᠢᠳᠠᠭ᠃ ᠴᠠᠭ ᠲᠣᠭᠢᠶᠠᠯ ᠢ ᠦᠵᠡᠵᠦ | ᠪᠠᠶᠢᠭᠠᠳ᠂ ᠲᠡᠷᠡ ᠠᠵᠢᠯ ᠢᠶᠠᠨ ᠬᠠᠶᠠᠵᠤ ᠴᠦᠨ ᠭᠤᠸᠠᠩ ᠴᠠᠭᠢᠯᠭᠠᠨ ᠬᠡᠷᠡᠭᠰᠡᠯ ᠤᠨ ᠦᠢᠯᠡᠳᠪᠦᠷᠢ ᠪᠠᠶᠢᠭᠤᠯᠪᠠ᠃ | ︽ᠰᠢ ᠱᠦᠵᠢ᠂ ᠵᠠᠩ ᠰᠢᠨ ᠯᠢ ᠲᠠᠨ ᠠᠴᠠ ᠨᠠᠰᠤ ᠪᠠᠭ᠎ᠠ᠂ ᠲᠠ ᠰᠢᠶᠠᠨ ᠤ ᠨᠠᠮ ᠤᠨ ᠬᠤᠷᠢᠶ᠎ᠠ ᠶᠢᠨ ᠱᠦᠵᠢ | ᠪᠠᠶᠢᠭᠠᠳ ᠶᠠᠭᠠᠬᠢᠭᠠᠳ ᠲᠡᠳᠡᠨ ᠤ ᠬᠢᠨ ᠳᠤ ᠬᠦᠷᠴᠦ ᠰᠢᠨ᠎ᠡ ᠵᠢᠯ ᠤᠨ ᠵᠣᠯᠭᠠᠯᠲᠠ ᠬᠢᠴᠢᠬᠡᠪᠡ︖︾ ᠭᠡᠵᠦ ᠯᠢ ᠶᠠ | ᠫᠢᠩ ᠣᠶᠢᠯᠠᠭᠠᠯ ᠦᠭᠡᠢ ᠠᠰᠠᠭᠤᠪᠠ᠃ | ︽ᠤᠴᠢᠷ ᠨᠢ ᠲᠡᠭᠦᠨ ᠤ ᠡᠨᠡ ᠬᠦ ᠪᠠᠶᠠᠵᠢᠯ ᠤᠨ ᠨᠡᠶᠢᠲᠡᠯᠢᠭ ᠵᠢᠱᠢᠶ᠎ᠡ ᠨᠢ ᠮᠠᠰᠢ ᠤᠳᠬ᠎ᠠ ᠠᠭᠤᠯᠭ᠎ᠠ ᠲᠠᠢ | ᠪᠠᠶᠢᠵᠤ᠂ ᠵᠠᠮ ᠳᠠᠭᠠᠭᠤᠯᠬᠤ᠂ ᠵᠢᠱᠢᠶ᠎ᠡ ᠦᠵᠡᠭᠦᠯᠭᠦ ᠦᠢᠯᠡᠳᠦᠯ ᠦᠵᠡᠭᠦᠯᠵᠦ ᠪᠣᠯᠣᠨ᠎ᠠ︾ ᠭᠡᠵᠦ ᠰᠢ ᠶᠢᠨ ᠫᠢᠩ | ᠨᠥᠬᠦᠷ ᠬᠡᠯᠡᠪᠡ᠃ | ᠳᠡᠭᠡᠷ᠎ᠡ ᠵᠠᠭᠤᠨ ᠤ ᠶᠡᠷᠡᠭᠡᠳ ᠣᠨ ᠳᠤ᠂ ᠹᠦᠵᠢᠶᠠᠨ ᠤ ᠹᠦᠴᠢᠩ ᠬᠤᠳᠠ ᠳᠤ ᠪᠠᠶᠢᠷᠢᠯᠠᠭ᠎ᠠ ᠹᠦ᠋ ᠶᠣᠣ ᠺᠤᠮᠫᠠᠨᠢ | ᠨᠢᠭᠡ ᠪᠦᠯᠦᠭ ᠪᠠᠩᠬᠢ ᠶᠢᠨ ᠵᠢᠭᠡᠯᠡᠯᠭᠡ ᠶᠢ ᠪᠠᠴᠢᠮ ᠬᠡᠷᠡᠭᠰᠡᠬᠦ ᠶᠢᠨ ᠬᠠᠮᠲᠤ ᠬᠤᠪᠢ ᠣᠷᠣᠭᠤᠯᠤᠯᠲᠠ ᠪᠠᠨ ᠭᠠᠷᠭᠠᠵᠤ | ᠨᠢᠭᠡᠨ ᠭᠠᠳᠠᠭᠠᠳᠤ ᠶᠢᠨ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠭᠡᠰᠡᠨ ᠳᠤ ᠶᠡᠷᠦ ᠠᠴᠠ ᠵᠥᠪᠰᠢᠶᠡᠷᠡᠯ | ᠣᠯᠣᠭᠰᠠᠨ ᠦᠭᠡᠢ᠃ ᠲᠤᠬᠠᠢ ᠶᠢᠨ ᠦᠶ᠎ᠡ ᠶᠢᠨ ᠹᠦᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ | ᠯᠢᠶᠠᠨ ᡁᠢ ᠰᠢᠤᠸᠠᠨ ᠪᠠᠶᠢᠳᠠᠯ ᠢ ᠮᠡᠳᠡᠭᠰᠡᠨ ᠤ ᠳᠠᠷᠠᠭ᠎ᠠ᠂ ᠲᠤᠬᠠᠢ ᠶᠢᠨ ᠦᠶ᠎ᠡ ᠶᠢᠨ ᠹᠦᠵᠧᠦ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠠᠴᠠ ᠵᠢᠭᠠᠪᠤᠷᠢ ᠠᠪᠤᠪᠠ᠃ | ᠰᠢ ᠶᠢᠨ ᠫᠢᠩ ᠨᠥᠬᠦᠷ᠄ ︽ᠲᠠ ᠨᠠᠷ ᠦᠵᠡᠯ ᠰᠠᠨᠠᠭ᠎ᠠ ᠪᠠᠨ ᠴᠢᠯᠦᠭᠡᠯᠡᠬᠦ ᠬᠡᠷᠡᠭᠲᠡᠢ᠂ ᠣᠳᠣᠬᠠᠨ ᠤ ᠪᠠᠶᠢᠭ᠎ᠠ | ᠠᠵᠤ ᠠᠬᠤᠶᠢᠯᠠᠯ ᠢᠶᠠᠨ ᠰᠠᠶᠢᠲᠤᠷ ᠡᠷᠭᠢᠯᠡᠭᠦ ᠪᠣᠯ ᠬᠠᠮᠤᠭ ᠤᠨ ᠰᠠᠶᠢᠨ ᠠᠷᠠᠯᠵᠢᠶᠠᠴᠢᠨ ᠤᠷᠢᠬᠤ ᠶᠠᠪᠤᠳᠠᠯ ᠮᠥᠨ᠂ | ᠲᠡᠭᠦᠨ ᠢ ᠪᠦᠭᠦ ᠬᠦᠴᠦ ᠪᠠᠷ ᠢᠶᠠᠨ ᠳᠡᠮᠵᠢᠬᠦ ᠬᠡᠷᠡᠭᠲᠡᠢ︾ ᠭᠡᠵᠦ ᠲᠡᠷᠡ ᠳᠠᠷᠤᠢ ᠳᠤᠨᠢ ᠢᠯᠡᠳᠬᠡᠪᠡ᠃ | ᠰᠢ ᠶᠢᠨ ᠫᠢᠩ ᠨᠥᠬᠦᠷ ᠤᠨ ᠵᠢᠭᠠᠪᠤᠷᠢ ᠪᠠᠷ ᠹᠦᠴᠢᠩ ᠬᠤᠲᠠ ᠶᠢᠨ ᠬᠢᠨ ᠹᠦ᠋ ᠶᠣᠣ ᠺᠤᠮᠫᠠᠨᠢ ᠶᠢ ᠬᠦᠴᠦᠲᠡᠢ | ᠳᠡᠮᠵᠢᠪᠡ᠃ 1996 ᠣᠨ ᠤ 3 ᠰᠠᠷ᠎ᠠ ᠳᠤ᠂ ᠹᠦ᠋ ᠶᠣᠣ ᠰᠠᠨᠠᠭᠰᠠᠨ ᠶᠣᠰᠣᠭᠠᠷ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠵᠤ᠂ ᠨᠢᠭᠡ ᠳ᠋ᠦᠩᠰᠢᠭᠤᠷ ᠭᠠᠷᠤᠢ ᠲᠥᠭᠦᠷᠢᠭ ᠤᠨ ᠵᠢᠭᠡᠯᠡᠯᠭᠡ | ᠳᠠᠭᠠᠯᠳᠤᠨ ᠢᠷᠡᠵᠦ᠂ ᠪᠡᠯᠡ ᠮᠥᠩᠭᠦᠨ ᠤ ᠬᠢᠮᠤᠷᠠᠯ ᠢ ᠰᠢᠢᠳᠪᠦᠷᠢᠯᠡᠪᠡ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠯᠢᠶᠠᠨ ᡁᠢ ᠰᠢᠤᠸᠠᠨ᠄ ︽ᠰᠢ ᠶᠢᠨ ᠫᠢᠩ ᠨᠥᠬᠦᠷ ᠶᠠᠮᠠᠷ ᠴᠤ | ᠬᠤᠪᠢ ᠶᠢᠨ ᠰᠢᠨᠤᠯ ᠠᠰᠢᠭ ᠭᠡᠵᠦ ᠦᠭᠡᠢ᠂ ᠵᠣᠷᠢᠭᠲᠠᠢ ᠪᠠᠷ ᠴᠢᠷᠮᠠᠶᠢᠨ ᠠᠵᠢᠯᠯᠠᠳᠠᠭ᠃ ᠲᠡᠷᠡ ᠬᠤᠳᠠᠯᠳᠤᠭᠠᠴᠢᠨ ᠢ | ᠲᠦᠢᠯ ᠢᠶᠠᠷ ᠳᠣᠲᠣᠨᠣᠴᠢᠯᠠᠵᠤ᠂ ᠪᠢᠳᠡᠨ ᠢ ᠬᠤᠳᠠᠯᠳᠤᠭᠠᠴᠢᠨ ᠢ ᠳᠣᠲᠣᠨᠣᠴᠢᠯᠠᠬᠤ ᠮᠥᠷᠲᠡᠭᠡᠨ ᠪᠠᠰᠠ | ᠬᠤᠳᠠᠯᠳᠤᠭᠠᠴᠢᠨ ᠢ ᠪᠠᠶᠠᠵᠢᠭᠤᠯᠵᠤ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ | ᠵᠣᠭᠤᠰ ᠣᠯᠭᠤᠬᠤ ᠬᠡᠷᠡᠭᠲᠡᠢ ᠭᠡᠵᠦ ᠱᠠᠭᠠᠷᠳᠠᠵᠤ᠂ ᠢᠩᠭᠢᠪᠡᠯ ᠰᠠᠶ᠋ᠢ ᠨᠡᠩ ᠤᠯᠠᠨ ᠠᠵᠤ ᠠᠬᠤᠶᠢᠯᠠᠯ ᠢ ᠲᠠᠳᠠᠨ | ᠠᠪᠴᠢᠷᠠᠵᠤ ᠴᠢᠳᠠᠨ᠎ᠠ︾ ᠭᠡᠵᠦ ᠰᠡᠳᠬᠢᠯ ᠬᠥᠳᠡᠯᠦᠨ ᠬᠡᠯᠡᠪᠡ᠃ | ︽ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ | ᠪᠠᠶᠢᠭᠤᠯᠬᠤ ᠬᠡᠷᠡᠭᠲᠡᠢ︾᠃ ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠳᠠᠬᠢᠨᠲᠠ | ᠴᠢᠬᠤᠯᠠᠴᠢᠯᠠᠪᠠ᠃ | ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠬᠤ ᠶᠢᠨ | ᠵᠠᠩᠭᠢᠯᠠᠭ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠦᠨᠡᠨ ᠬᠦ | ᠰᠢᠢᠳᠪᠦᠷᠢᠯᠡᠵᠦ ᠥᠭᠬᠦ ᠳᠤ ᠪᠠᠶᠢᠨ᠎ᠠ᠃ | 2007 ᠣᠨ ᠤ 9 ᠰᠠᠷ᠎ᠠ ᠶᠢᠨ 4 ᠤ ᠡᠳᠦᠷ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠪᠠᠶᠢᠭᠰᠠᠨ ᠰᠢ ᠶᠢᠨ ᠫᠢᠩ ᠨᠥᠬᠦᠷ ᠫᠦᠲ᠋ᠦ᠋ᠸᠧ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠫᠦᠲ᠋ᠦ᠋ᠸᠧ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠶᠡᠭᠡ ᠣᠨᠴᠠᠯᠢᠭ ᠪᠣᠯ | ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢ ᠨᠢᠭᠡᠨᠲᠡ ᠣᠷᠣᠨ | ᠪᠦᠰᠡ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠭᠤᠣᠯ ᠬᠦᠴᠦᠨ ᠪᠣᠯᠪᠠ᠃ | ᠰᠢ ᠶᠢᠨ ᠫᠢᠩ ᠨᠥᠬᠦᠷ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠦᠲ᠋ᠦ᠋ᠸᠧ ᠲᠣᠭᠤᠷᠢᠭ | ᠵᠠᠬ᠎ᠠ ᠳᠡᠯᠭᠡᠭᠦᠷ ᠤᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠬᠤ ᠬᠡᠷᠡᠭᠲᠡᠢ᠃ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠤᠭ᠎ᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ | ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠣᠭᠤᠮᠢ ᠶᠢ ᠰᠤᠯᠠᠷᠠᠭᠤᠯᠵᠤ | ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ᠂ | ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠨᠳᠥᠷ ᠪᠦᠲᠦᠮᠵᠢᠲᠡᠢ ᠴᠢᠨᠠᠷ ᠰᠠᠶᠢᠲᠠᠢ | ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠂ ᠪᠠᠰᠠ ︽ᠠᠷᠠᠳ ᠠᠴᠠ ᠡᠷᠭᠢᠯᠡᠭᠰᠡᠨ᠂ ᠠᠯᠪᠠᠨ ᠠᠴᠠ | ᠲᠤᠰᠠᠯᠠᠭᠰᠠᠨ᠂ ᠨᠠᠮ ᠠᠴᠠ ᠤᠳᠤᠷᠢᠳᠤᠭᠰᠠᠨ︾ ᠨᠢᠭᠡ ᠪᠦᠯᠦᠭ ᠬᠤᠳᠠᠯᠳᠤᠭᠠᠴᠢᠳ ᠤᠨ ᠡᠪᠯᠡᠯ᠂ ᠠᠵᠢᠯ | ᠲᠦᠷᠦᠯ ᠤᠨ ᠨᠡᠶᠢᠭᠡᠮᠯᠢᠭ ᠢ ᠬᠥᠭᠵᠢᠭᠦᠯᠬᠦ ᠬᠡᠷᠡᠭᠲᠡᠢ ᠭᠡᠵᠦ ᠬᠡᠯᠡᠪᠡ᠃ | ᠲᠡᠷᠡ ᠶᠠᠪᠤᠬᠤ ᠠᠴᠠ ᠪᠠᠨ ᠡᠮᠦᠨ᠎ᠡ ᠲᠤᠰ ᠲᠣᠭᠤᠷᠢᠭ ᠤᠨ ᠺᠠᠳ᠋ᠷᠴᠤᠳ ᠲᠤ᠄ ︽ᠱᠠᠩᠬᠠᠢ ᠶᠢᠨ ︿ᠰᠢ ᠳ᠋ᠠ ᠲᠠᠩ | ﹀ ᠤᠨ ᠳᠠᠪᠠᠭᠤᠯᠢᠭ ᠪᠠ ᠣᠨᠴᠠᠯᠢᠭ ᠢ ᠠᠰᠢᠭᠯᠠᠵᠤ᠂ ᠲᠥᠪᠯᠡᠷᠡᠭᠰᠡᠨ ᠮᠠᠶ᠋ᠢᠭ ᠤᠨ᠂ ᠦᠢᠯᠡᠴᠢᠯᠡᠭᠡᠨ ᠤ ᠴᠢᠨᠠᠷᠲᠠᠢ᠂ | ᠳᠡᠭᠡᠳᠦ ᠲᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠶᠢ ᠭᠤᠣᠯᠳᠠᠯᠭ᠎ᠠ ᠲᠠᠢ ᠬᠥᠲᠥᠯᠥᠨ | ᠵᠢᠯᠤᠭᠤᠳᠴᠤ᠂ ᠱᠠᠩᠬᠠᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯᠯᠠᠭᠴᠢ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠳᠤ ᠬᠤᠪᠢ ᠨᠡᠮᠡᠷᠢ ᠦᠵᠡᠭᠦᠯᠭᠦ ᠬᠡᠷᠡᠭᠲᠡᠢ︾ ᠭᠡᠵᠦ ᠵᠠᠬᠢᠪᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠮᠵᠢᠯᠴᠠᠨ ᠬᠦᠴᠦᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ᠶᠡᠷᠦᠩᠬᠡᠢ ᠱᠦᠵᠢ ᠰᠢ ᠶᠢᠨ ᠫᠢᠩ᠂ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ | ᠦᠭᠡᠢ ᠨᠠᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠵᠦ᠂ ᠳᠠᠷᠤᠯᠲᠠ ᠶᠢ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠡᠬᠢ | ᠪᠤᠯᠠᠭ ᠢ ᠭᠦᠢᠴᠡᠳ ᠤᠨᠳᠤᠷᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | 2021 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠳᠤ ᠰᠢᠨᠵᠢᠯᠡᠨ | ᠪᠠᠶᠢᠴᠠᠭᠠᠬᠤ ᠳᠠᠭᠠᠨ᠂ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠤᠨ ᠦᠢᠯᠡᠳᠪᠦᠷᠢᠯᠡᠯ ᠤᠨ | ᠲᠥᠪᠯᠡᠷᠡᠭᠰᠡᠨ ᠣᠷᠣᠨ ᠳᠤ ᠢᠷᠡᠪᠡ᠃ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ | ᠣᠶᠢᠷ᠎ᠠ ᠶᠢᠨ ᠵᠢᠯ ᠠᠴᠠ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ᠂ | ᠬᠡᠪᠴᠢᠶᠡᠵᠢᠭᠦᠯᠬᠦ᠂ ᠲᠦᠷᠦᠯ ᠲᠡᠮᠳᠡᠭᠵᠢᠭᠦᠯᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ ᠭᠡᠪᠡ᠃ | ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠱᠠᠨ ᠶᠤᠸᠠᠨ ᠢᠳᠡᠭᠡᠨ ᠤ ᠬᠢᠵᠠᠭᠠᠷᠲᠤ ᠺᠤᠮᠫᠠᠨᠢ ᠳᠤ | ᠬᠦᠷᠴᠦ᠂ ᠲᠥᠪ ᠦᠢᠯᠡᠳᠭᠡᠪᠦᠷᠢ ᠠᠴᠠ ᠪᠣᠭᠤᠳᠠᠯᠯᠠᠬᠤ ᠲᠠᠰᠤᠭ ᠭᠦᠷᠲᠡᠯ᠎ᠡ᠂ ᠭᠤᠣᠯ ᠤᠨ ᠲᠤᠩ ᠤᠨ | ᠹᠧᠨᠲ᠋ᠢᠶᠣᠤᠷ ᠤᠨ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠶᠡᠷᠦᠩᠬᠡᠢ ᠱᠦᠵᠢ᠂ ᠭᠤᠣᠯ ᠤᠨ | ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ ᠶᠠᠪᠤᠴᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠮᠢᠳᠤᠯᠢᠭ᠂ | ᠵᠣᠷᠢᠭᠲᠠᠢ ᠪᠠᠷ ᠤᠷᠤᠭᠰᠢᠯᠠᠪᠠ᠃ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ | ᠵᠣᠷᠢᠭᠵᠢᠭᠤᠯᠵᠤ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ | ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠲᠥᠭᠡᠷᠢᠭᠳᠡᠯ ᠳᠤ ᠤᠴᠠᠷᠠᠭᠰᠠᠨ ᠦᠶ᠎ᠡ ᠳᠤ ᠵᠢᠯᠣᠭᠤᠳᠤᠯᠭ᠎ᠠ | ᠥᠭᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠠᠨᠠᠭ᠎ᠠ ᠠᠮᠤᠷ ᠵᠣᠷᠢᠭᠲᠠᠢ ᠬᠥᠭᠵᠢᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠡᠮᠵᠢᠨ᠂ ᠮᠠᠨ ᠤ ᠤᠯᠤᠰ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ᠂ ᠲᠥᠪ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠠᠭᠤᠷᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠬᠦ | ᠬᠦᠴᠦᠨ ᠢ ᠭᠦᠢᠴᠡᠳ ᠬᠥᠭᠵᠢᠭᠡᠪᠡ᠃ | ᠨᠡᠩ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠄ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠠᠬᠢᠭᠤᠯᠬᠤ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠪᠠᠶᠢᠭᠤᠯᠤᠯ ᠪᠣᠯᠣᠨ ᠬᠠᠤᠯᠢ | ᠴᠠᠭᠠᠵᠠ ᠶᠢᠨ ᠲᠠᠯ᠎ᠠ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠥᠮᠴᠢᠯᠡᠯ ᠤᠨ ᠠᠵᠤ ᠠᠬᠤᠢ ᠶᠢᠨ ᠥᠮᠴᠢᠯᠡᠯ ᠤᠨ ᠡᠷᠬᠡ ᠪᠣᠯᠣᠨ ᠬᠠᠤᠯᠢ ᠶᠣᠰᠣᠨ ᠤ ᠠᠰᠢᠭ ᠲᠤᠰᠠ ᠳᠤ | ᠬᠠᠯᠳᠠᠭᠰᠠᠨ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠡᠭᠦᠷᠭᠡᠯᠡᠬᠦ ᠠᠳᠠᠯᠢ ᠶᠠᠯ᠎ᠠ ᠲᠣᠭᠲᠠᠭᠠᠬᠤ ᠠᠳᠠᠯᠢᠬᠠᠨ | ᠰᠢᠢᠳᠬᠡᠬᠦ ᠶᠢ ᠭᠡᠷᠡᠭᠵᠢᠭᠦᠯᠪᠡ︔ | ᠨᠠᠩ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠪᠠ᠄ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠪᠠᠬᠢᠯᠡᠯᠲᠡ ᠶᠢ ᠭᠦᠨᠵᠡᠭᠡᠢ ᠡᠪᠳᠡᠵᠦ᠂ ᠨᠡᠭᠡᠭᠡᠯᠲᠡ ᠲᠠᠢ ᠪᠥᠭᠡᠳ ᠢᠯᠡ ᠲᠣᠳᠣ᠂ ᠵᠢᠷᠤᠮᠵᠢᠭᠤᠨ | ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ | ᠬᠠᠮᠢᠶᠠᠷᠤᠯᠲᠠ ᠬᠦᠴᠦᠲᠡᠢ ᠵᠠᠬ᠎ᠠ ᠳᠡᠯᠭᠡᠭᠦᠷ ᠲᠤ ᠵᠥᠪᠰᠢᠶᠡᠷᠡᠨ ᠤᠷᠤᠭᠤᠯᠬᠤ ᠪᠠᠶᠢᠭᠤᠯᠤᠯ ᠤᠨ ᠰᠢᠰᠲ᠋ᠧᠮ ᠢ | ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠪᠠ︔ | ᠨᠠᠩ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠪᠠ᠄ ᠠᠷᠠᠳ ᠤᠨ ᠡᠵᠡᠩᠨᠡᠯᠲᠡ ᠶᠢᠨ | ᠠᠵᠤ ᠠᠬᠤᠢ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠠ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠦᠷ᠎ᠡ ᠪᠦᠳᠦᠮᠵᠢᠳᠡᠢ ᠵᠠᠰᠠᠭ | ᠣᠷᠳᠣᠨ ᠪᠣᠯᠣᠨ ᠦᠷ᠎ᠡ ᠪᠦᠲᠦᠮᠵᠢᠲᠡᠶ ᠵᠠᠬ᠎ᠠ ᠳᠡᠯᠭᠡᠭᠦᠷ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ | ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠪᠠ︔ | ᠁ | ᠡᠨᠡ ᠤᠳᠠᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ | ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠯ ᠨᠡᠯᠢᠶᠡᠳ ᠲᠥᠪᠯᠡᠷᠡᠵᠦ ᠪᠠᠶᠢᠭ᠎ᠠ ᠵᠠᠷᠢᠮ | ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ᠂ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ | ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ | ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ | ᠴᠢᠨᠠᠷᠲᠠᠢ ᠬᠦᠷᠢᠶ᠎ᠡ ᠶᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠲᠡᠶᠢᠰᠢ ᠡᠷᠬᠡ ᠲᠡᠭᠰᠢ ᠪᠠᠷ | ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ | ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠵᠦᠢᠯ ᠢ ᠡᠷᠡᠰ ᠬᠡᠷᠡᠭᠵᠢᠭᠦᠯᠵᠦ᠂ ᠤᠤᠯ ᠬᠡᠪ ᠢᠶᠠᠷ ᠨᠢ ᠬᠡᠷᠡᠭᠵᠢᠭᠦᠯᠬᠦ ᠬᠡᠷᠡᠭᠲᠡᠢ︾ | ᠭᠡᠵᠦ ᠶᠡᠷᠦᠩᠬᠡᠢ ᠱᠦᠵᠢ ᠰᠢ ᠶᠢᠨ ᠫᠢᠩ ᠭᠤᠣᠯᠳᠠᠯᠭ᠎ᠠ ᠲᠠᠢ ᠴᠢᠬᠤᠯᠠᠴᠢᠯᠠᠪᠠ᠃ | ︵ᠭᠤᠷᠪᠠ︶ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯ | ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠦᠨ᠎ᠡ︾ | 2019 ᠣᠨ ᠤ 3 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠹᠦᠵᠢᠶᠠᠨ ᠤ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃ | ︽︿ᠵᠢᠨᠵᠢᠶᠠᠩ ᠤᠨ ᠲᠤᠷᠰᠢᠯᠭ᠎ᠠ﹀ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠴᠢᠬᠤᠯᠠ ᠡᠷᠳᠡᠨᠢ ᠮᠥᠨ᠂ ᠪᠢᠳᠡ ᠪᠣᠯ ︿ᠵᠢᠨᠵᠢᠶᠠᠩ ᠤᠨ ᠲᠤᠷᠰᠢᠯᠭ᠎ᠠ﹀ ᠶᠢᠨ ᠦᠢᠯᠡᠳᠦᠯᠭᠡᠵᠢᠭᠦᠯᠦᠭᠴᠢ᠂ ᠠᠰᠢᠭ | ᠭᠦᠷᠳᠡᠭᠴᠢ ᠮᠥᠨ ᠁︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠡᠭᠡᠳᠦ ᠲᠡᠰ ᠤᠨ | ᠡᠭᠦᠳᠦᠯᠲᠡ ᠲᠡᠶᠢᠰᠢ ᠤᠷᠤᠭᠰᠢᠯᠠᠬᠤ ᠳᠤ ᠦᠨᠳᠦᠰᠦᠨ ᠭᠠᠷᠬᠤ ᠵᠠᠮ ᠨᠢ ᠰᠢᠨ᠎ᠡ ᠶᠢ ᠡᠭᠦᠳᠬᠦ ᠳᠤ ᠪᠠᠶᠢᠨ᠎ᠠ︾ ᠭᠡᠵᠦ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠨ ᠲᠠ | ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠳ᠋ᠢᠩ ᠱᠢ ᠵᠦᠩ ᠭᠦᠨ ᠲᠥᠷᠥᠭᠳᠡᠯ ᠲᠠᠢ | ᠬᠡᠯᠡᠪᠡ᠃ | ︽ᠲᠤᠬᠠᠢ ᠶᠢᠨ ᠦᠶ᠎ᠡ ᠳᠤ᠂ ᠡᠨᠡ ᠨᠡᠷ᠎ᠡ ᠶᠢ ᠶᠠᠭᠠᠬᠢᠵᠤ ᠥᠭᠭᠦᠭᠰᠡᠨ ᠪᠤᠢ︖︾ ᠭᠡᠵᠦ ᠶᠡᠷᠦᠩᠬᠡᠢ ᠱᠦᠵᠢ | ᠠᠰᠠᠭᠤᠪᠠ᠃ | ︽︿ᠠᠨ ᠲᠠ﹀ ᠶᠢᠨ ᠤᠳᠬ᠎ᠠ ᠨᠢ ᠰᠡᠳᠬᠢᠯ ᠰᠢᠭᠤᠳᠤᠨ ᠦᠢᠯᠡᠰ ᠪᠣᠰᠬᠠᠵᠤ᠂ ᠯᠠᠪᠳᠠᠭᠤᠨ ᠪᠠᠲᠤᠲᠠᠢ ᠬᠥᠮᠥᠨ | ᠪᠤᠯᠬᠤ ᠶᠢ ᠬᠡᠯᠡᠵᠦ ᠪᠤᠢ︾ ᠭᠡᠵᠦ ᠳ᠋ᠢᠩ ᠱᠢ ᠵᠦᠩ ᠬᠠᠷᠢᠭᠤᠯᠪᠠ᠃ | ︽ᠠᠵᠤ ᠠᠬᠤᠶᠢᠯᠠᠯ ᠡᠷᠭᠢᠯᠡᠭᠦ᠂ ᠠᠵᠢᠯ ᠦᠢᠯᠡᠰ ᠪᠣᠰᠬᠠᠬᠤ ᠨᠢ ᠵᠥᠪᠭᠡᠨ ᠬᠡᠳᠦᠨ ᠵᠣᠭᠤᠰ ᠯᠡ ᠣᠯᠬᠤ | ᠠᠰᠠᠭᠤᠳᠠᠯ ᠪᠢᠰᠢ᠃ ᠵᠥᠪᠭᠡᠨ ᠵᠣᠭᠤᠰ ᠣᠯᠬᠤ ᠶᠢᠨ ᠲᠥᠯᠥᠭᠡ ᠬᠢᠪᠡᠯ ᠨᠢᠭᠡ ᠶᠢ ᠦᠵᠡᠪᠡᠯ ᠨᠦᠭᠦᠭᠡ ᠪᠠᠨ ᠬᠠᠶᠠᠬᠤ | ᠶᠠᠪᠤᠳᠠᠯ ᠭᠠᠷᠤᠨ᠎ᠠ᠃ ᠪᠣᠳᠠᠲᠤ ᠴᠣᠭᠴᠠ ᠶᠢᠨ ᠠᠵᠤ ᠠᠬᠤᠢ ᠡᠷᠭᠢᠯᠡᠭᠦ ᠳᠤ ᠦᠨᠡᠨ ᠪᠣᠳᠠᠲᠠᠢ ᠪᠠᠶᠢᠵᠤ᠂ ᠨᠢᠭᠡ | ᠰᠡᠳᠬᠢᠯ ᠨᠢᠭᠡ ᠵᠣᠷᠢᠭ ᠢᠶᠠᠷ ᠭᠤᠣᠯ ᠠᠵᠢᠯ ᠢᠶᠠᠨ ᠬᠢᠬᠦ ᠬᠡᠷᠡᠭᠲᠡᠢ᠂ ᠡᠨᠡ ᠪᠣᠯ ᠡᠭᠦᠷᠭᠡ ᠬᠠᠷᠢᠭᠤᠴᠠᠯᠭ᠎ᠠ ᠮᠥᠨ︾ | ᠭᠡᠬᠦ ᠶᠡᠷᠦᠩᠬᠡᠢ ᠱᠦᠵᠢ ᠰᠢ ᠶᠢᠨ ᠫᠢᠩ ᠤᠨ ᠦᠭᠡ ᠦᠨᠡᠨᠴᠢ ᠰᠡᠳᠬᠢᠯᠭᠡ ᠭᠦᠨ ᠪᠠᠶᠢᠪᠠ᠃ | ᠵᠢᠨᠵᠢᠶᠠᠩ ᠢ ᠶᠡᠷᠦᠩᠬᠡᠢ ᠱᠦᠵᠢ ᠰᠢ ᠶᠢᠨ ᠫᠢᠩ ᠰᠠᠶᠢᠨ ᠮᠡᠳᠡᠨ᠎ᠡ᠃ ᠹᠦᠵᠢᠶᠠᠨ ᠮᠤᠵᠢ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ ᠪᠠ ᠹᠦᠵᠢᠶᠠᠨ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ | ᠵᠢᠷᠭᠤᠭᠠᠨ ᠵᠢᠯ ᠤᠨ ᠳᠣᠲᠣᠷ᠎ᠠ᠂ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠶᠡᠨᠲᠡᠢ ᠪᠠᠶᠢᠭ᠎ᠠ | ᠵᠢᠨᠵᠢᠶᠠᠩ ᠳᠤ ᠲᠤᠯᠤᠭ᠎ᠠ ᠤᠳᠠᠭ᠎ᠠ ᠬᠦᠷᠴᠦ ᠪᠠᠶᠢᠴᠠᠭᠠᠨ ᠰᠤᠳᠤᠯᠤᠯᠲᠠ ᠬᠢᠵᠦ᠂ ︽ᠵᠢᠨᠵᠢᠶᠠᠩ ᠤᠨ ᠲᠤᠷᠰᠢᠯᠭ᠎ᠠ︾ | ᠶᠢ ᠳ᠋ᠦᠩᠨᠡᠨ ᠳᠡᠯᠭᠡᠷᠡᠭᠦᠯᠪᠡ᠃ | ︽ᠠᠵᠤ ᠠᠬᠤᠶᠢᠯᠠᠯ ᠳᠤ ᠣᠴᠢᠬᠤ ᠪᠣᠯᠭᠠᠨ᠂ ᠲᠡᠷᠡ ᠪᠦᠷ ᠰᠢᠨ᠎ᠡ ᠮᠡᠷᠭᠡᠵᠢᠯ ᠢ ᠣᠷᠣᠭᠤᠯᠤᠭᠰᠠᠨ ᠡᠰᠡᠬᠦ᠂ | ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠦᠭᠰᠡᠨ ᠡᠰᠡᠬᠦ᠂ ᠵᠠᠬ᠎ᠠ ᠳᠡᠯᠭᠡᠭᠦᠷ ᠢ ᠬᠡᠷᠬᠢᠨ ᠨᠡᠭᠡᠭᠡᠭᠰᠡᠨ᠂ ᠠᠵᠤ | ᠠᠬᠤᠶᠢᠯᠠᠯ ᠢᠶᠠᠨ ᠬᠡᠷᠬᠢᠨ ᠪᠤᠵᠠᠭᠠᠶᠢᠷᠠᠭᠤᠯᠵᠤ ᠳᠡᠶᠢᠯᠭᠦ᠂ ᠶᠠᠮᠠᠷ ᠶᠠᠮᠠᠷ ᠬᠦᠴᠢᠷᠳᠡᠯ ᠣᠷᠣᠰᠢᠵᠤ ᠪᠠᠶᠢᠬᠤ ᠶᠢ ᠨᠠᠷᠢᠨ | ᠯᠠᠪᠯᠠᠨ ᠠᠰᠠᠭᠤᠳᠠᠭ᠃ ᠲᠡᠷᠡ ᠠᠵᠤ ᠠᠬᠤᠶᠢᠯᠠᠯ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ | ᠪᠠᠶᠢᠭᠤᠯᠤᠮᠵᠢ ᠶᠢᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠪᠦᠲᠦᠴᠡ ᠶᠢᠨ ᠰᠢᠨ᠎ᠡ ᠶᠢ | ᠡᠭᠦᠳᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠢᠯᠠᠩᠭᠤᠶ᠎ᠠ ᠵᠠᠬ᠎ᠠ ᠳᠡᠯᠭᠡᠭᠦᠷ ᠤᠨ | ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠬᠦ ᠶᠢ ᠣᠯᠠᠨᠲᠠ ᠵᠣᠷᠢᠭᠵᠢᠭᠤᠯᠪᠠ︾᠃ ᠣᠯᠠᠨ ᠤᠳᠠᠭ᠎ᠠ ᠰᠢ ᠶᠢᠨ ᠫᠢᠩ | ᠨᠥᠬᠦᠷ ᠲᠤ ᠪᠠᠷ᠎ᠠ ᠪᠣᠯᠵᠤ ᠵᠢᠨᠵᠢᠶᠠᠩ ᠳᠤ ᠪᠠᠶᠢᠴᠠᠭᠠᠨ ᠰᠤᠳᠤᠯᠤᠯᠲᠠ ᠬᠢᠭᠰᠡᠨ ᠵᠢᠨᠵᠢᠶᠠᠩ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ ᠪᠠᠶᠢᠭᠰᠠᠨ ᠴᠧᠨ ᠵᠠᠩ ᠶᠢᠨ ᠡᠶᠢᠨ ᠬᠦ ᠡᠷᠭᠢᠴᠡᠭᠦᠯᠪᠡ᠃ | ᠵᠠᠬ᠎ᠠ ᠳᠡᠯᠭᠡᠭᠦᠷ ᠤᠨ ᠰᠠᠯᠬᠢᠨ ᠪᠣᠷᠣᠭᠠᠨ ᠳᠤ ᠡᠷᠡᠯᠬᠡᠭᠯᠡᠨ ᠲᠡᠮᠡᠴᠡᠵᠦ᠂ ᠴᠢᠨᠠᠷ ᠰᠠᠶᠢᠲᠠᠢ ᠬᠥᠭᠵᠢᠯᠲᠡ ᠲᠡᠶᠢᠰᠢ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠬᠡᠷᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠷᠲᠠᠭᠠᠲᠤ ᠭᠠᠵᠠᠷ ᠢ ᠲᠤᠭᠤᠯᠬᠤ᠂ ᠳᠠᠪᠠᠭ᠎ᠠ ᠶᠢ | ᠳᠠᠪᠠᠭ᠋ᠤ᠂ ᠬᠦᠴᠢᠷ ᠢ ᠲᠤᠭᠤᠯᠬᠤ᠂ ᠬᠠᠷᠰᠢ ᠰᠠᠭᠠᠳ ᠦᠭᠡᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠤᠢ︖ | ᠡᠪᠳᠡᠬᠦ ᠪᠠ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠠᠭ ᠦᠶ᠎ᠡ ᠪᠠ ᠪᠠᠶᠢᠳᠠᠯ ᠢ ᠨᠡᠪᠲᠡ ᠠᠵᠢᠭᠯᠠᠵᠤ᠂ | ᠳᠦᠷᠢᠮ ᠪᠠ ᠵᠠᠰᠠᠬᠤ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠠᠩᠬᠠᠷᠤᠯ ᠢᠶᠠᠨ ᠡᠨᠡ ᠬᠦ | ᠬᠦᠷᠢᠶᠡᠨ ᠳᠤ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠵᠢᠭᠠᠵᠤ ᠥᠭᠪᠡ᠃ | ︽ᠦᠨᠳᠦᠰᠦ ᠭᠦᠨ ᠪᠣᠯᠪᠠᠰᠤ ᠨᠠᠪᠴᠢ ᠰᠠᠬᠤᠯᠢᠭ᠂ ᠭᠤᠣᠯ ᠦᠨᠳᠦᠰᠦ ᠶᠢ ᠪᠠᠲᠤ ᠪᠠᠬᠢ ᠪᠠᠶᠢᠯᠭᠠᠬᠤ | ᠴᠢᠬᠤᠯᠠᠲᠠᠢ᠂ ᠡᠨᠡ ᠪᠣᠯ ᠠᠵᠤ ᠠᠬᠤᠶᠢᠯᠠᠯᠲᠠᠨ ᠤ ᠵᠣᠷᠢᠭ ᠰᠠᠨᠠᠭᠠᠨ ᠤ ᠨᠢᠭᠡ ᠵᠦᠢᠯ ᠤᠨ ᠢᠯᠡᠷᠡᠯ ᠪᠣᠯᠣᠨ᠎ᠠ︾᠃ ︽ | ᠪᠢ ᠹᠦᠵᠢᠶᠠᠨ᠂ ᠵᠧᠵᠢᠶᠠᠩ ᠳᠤ ᠠᠵᠢᠯᠯᠠᠵᠤ ᠪᠠᠶᠢᠬᠤ ᠳᠤ ᠱᠠᠬᠠᠢ ᠮᠠᠯᠠᠭᠠᠢ ᠬᠤᠪᠴᠠᠰᠤ ᠬᠤᠨᠠᠷ ᠤᠨ ᠲᠠᠯ᠎ᠠ ᠪᠠᠷ ᠬᠢ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠣᠯᠠᠨ ᠪᠠᠶᠢᠪᠠ᠃ ᠬᠠᠮᠤᠭ ᠠᠩᠬᠠᠨ ᠤ ᠮᠠᠲ᠋ᠧᠷᠢᠶᠠᠯ | ᠣᠷᠣᠭᠤᠯᠵᠤ ᠪᠤᠯᠪᠠᠰᠤᠷᠠᠭᠤᠯᠬᠤ ᠪᠠᠷ ᠭᠤᠣᠯ ᠪᠤᠯᠭᠠᠵᠤ ᠪᠠᠶᠢᠭᠰᠠᠨ ᠠᠴᠠ ᠪᠠᠨ ᠣᠲᠣ ᠥᠪᠡᠷ ᠤᠨ ᠲᠦᠷᠦᠯ | ᠲᠡᠮᠳᠡᠭ ᠢᠶᠠᠨ ᠡᠭᠦᠳᠦᠨ ᠪᠠᠶᠢᠭᠤᠯᠵᠤ᠂ ᠳᠡᠯᠡᠬᠡᠢ ᠶᠢᠨ ᠲᠦᠷᠦᠯ ᠲᠡᠮᠳᠡᠭ ᠠᠴᠠ ᠳᠠᠪᠠᠭᠰᠠᠨ ᠪᠠᠶᠢᠨ᠎ᠠ᠂ ᠪᠢ ᠡᠲᠡᠭᠡᠷ | ᠰᠢᠨ᠎ᠡ ᠬᠦᠴᠦᠨ ᠠᠵᠤ ᠠᠬᠤᠶᠢᠯᠠᠯ ᠢ ᠠᠵᠢᠭᠯᠠᠪᠠᠯ᠂ ᠨᠢᠭᠡ ᠰᠡᠳᠬᠢᠯ ᠨᠢᠭᠡ ᠵᠣᠷᠢᠭ ᠢᠶᠠᠷ ᠢᠮᠠᠭᠲᠠ | ᠲᠤᠭᠤᠰᠢᠯᠠᠭᠤᠯᠵᠤ᠂ ᠭᠤᠣᠯ ᠦᠢᠯᠡᠰ ᠢᠶᠠᠨ ᠬᠦᠴᠦᠷᠬᠡᠭᠵᠢᠭᠦᠯᠵᠦ ᠪᠠᠶᠢᠬᠤ ᠳᠤ ᠪᠠᠶᠢᠨ᠎ᠠ︾᠃ 2024 ᠣᠨ ᠤ 5 | ᠰᠠᠷ᠎ᠠ ᠳᠤ᠂ ᠱᠠᠨᠳᠦ᠋ᠩ ᠤᠨ ᠵᠢᠨᠠᠨ ᠳᠤ ᠡᠷᠭᠢᠯᠡᠨ ᠬᠤᠷᠠᠯᠳᠤᠭᠤᠯᠤᠭᠰᠠᠨ ᠠᠵᠤ ᠠᠬᠤᠶᠢᠯᠠᠯ ᠪᠣᠯᠣᠨ ᠲᠤᠰᠬᠠᠢ | ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠩᠭᠡᠷᠡᠭᠰᠡᠨ ᠤ ᠶᠠᠪᠤᠳᠠᠯ ᠢᠶᠠᠨ | ᠢᠩᠭᠢᠵᠦ ᠶᠠᠷᠢᠪᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠪᠢ ᠹᠦᠵᠢᠶᠠᠨ ᠪᠣᠯᠣᠨ | ᠵᠧᠵᠢᠶᠠᠩ ᠳᠤ ᠠᠵᠢᠯᠯᠠᠵᠤ ᠪᠠᠶᠢᠬᠤ ᠳᠠᠭᠠᠨ᠂ ᠲᠤᠬᠠᠢ ᠶᠢᠨ ᠭᠠᠵᠠᠷ ᠤᠨ ᠵᠠᠷᠢᠮ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠤ ᠦᠢᠯᠡᠰ ᠲᠤ ᠰᠠᠭᠤᠷᠢᠯᠠᠵᠤ᠂ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠲᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠷᠭ᠎ᠠ ᠬᠢᠳᠡᠯ ᠢ ᠮᠠᠰᠢ ᠵᠥᠪᠰᠢᠶᠡᠷᠡᠵᠦ ᠪᠠᠶᠢᠪᠠ᠃ | ᠡᠨᠡ ᠬᠤᠶᠠᠷ ᠭᠠᠵᠠᠷ ᠤᠨ ᠬᠤᠪᠴᠠᠰᠤ ᠬᠤᠨᠠᠷ ᠱᠠᠬᠠᠢ ᠮᠠᠯᠠᠭᠠᠢ ᠶᠢᠨ ᠠᠵᠤ ᠠᠬᠤᠶᠢᠯᠠᠯ ᠨᠡᠯᠢᠶᠡᠳ ᠤᠯᠠᠨ ᠪᠠᠶᠢᠵᠤ᠂ | ᠤᠳᠤ ᠵᠠᠷᠢᠮ ᠨᠢ ᠨᠢᠭᠡᠨᠲᠡ ᠳᠡᠯᠡᠬᠡᠢ ᠶᠢᠨ ᠤᠷᠤᠰᠬᠠᠯ ᠢ ᠳᠠᠭᠠᠭᠤᠯᠵᠤ ᠪᠠᠶᠢᠨ᠎ᠠ᠂ ᠡᠭᠦᠨ ᠤ ᠮᠠᠰᠢ ᠴᠢᠬᠤᠯᠠ | ᠰᠢᠯᠲᠠᠭᠠᠨ ᠪᠣᠯ ᠳᠠᠷᠤᠢ ᠬᠡᠳᠦᠨ ᠠᠷᠪᠠᠨ ᠵᠢᠯ ᠤᠨ ᠲᠤᠷᠰᠢ ᠨᠢᠭᠡ ᠰᠡᠳᠬᠢᠯ ᠨᠢᠭᠡ ᠵᠣᠷᠢᠭ ᠢᠶᠠᠷ ᠡᠨᠡ ᠠᠵᠢᠯ ᠢᠶᠠᠨ | ᠴᠥᠬᠦᠷᠡᠰᠢ ᠦᠭᠡᠢ ᠬᠢᠵᠦ᠂ ᠥᠪᠡᠷ ᠤᠨ ᠲᠦᠷᠦᠯ ᠲᠡᠮᠳᠡᠭ ᠢᠶᠠᠨ ᠴᠥᠬᠦᠷᠡᠰᠢ ᠦᠭᠡᠢ ᠡᠭᠦᠳᠦᠨ ᠪᠠᠶᠢᠭᠤᠯᠵᠤ᠂ | ᠤᠳᠤ ᠳᠡᠯᠡᠬᠡᠢ ᠶᠢᠨ ᠨᠡᠷᠡᠳᠤ ᠠᠵᠤ ᠠᠬᠤᠶᠢᠯᠠᠯ ᠪᠣᠯᠤᠭᠰᠠᠨ ᠪᠠᠶᠢᠨ᠎ᠠ︾ ᠭᠡᠵᠦ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠭᠤᠣᠯ ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | 2024 ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠤᠨ | ᠨᠡᠷᠡᠰ ᠤᠨ ᠵᠢᠭᠰᠠᠭᠠᠯᠲᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠠᠵᠤ ᠦᠢᠯᠡᠰ ᠲᠡᠭᠡᠨ ᠨᠠᠩ | ᠠᠩᠬᠠᠷᠤᠯ ᠢᠶᠠᠨ ᠲᠥᠪᠯᠡᠷᠡᠭᠦᠯᠵᠦ᠂ ᠨᠡᠷᠡᠰ ᠤᠨ ᠵᠢᠭᠰᠠᠭᠠᠯᠲᠠ ᠳᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ | ᠲᠤᠭ᠎ᠠ ᠬᠡᠮᠵᠢᠶᠡᠨ ᠤ ᠡᠵᠡᠯᠡᠬᠦ ᠬᠠᠷᠢᠴᠠᠯ ᠨᠢ 66.4% ᠳᠤ ᠬᠦᠷᠴᠦ᠂ 3 ᠵᠢᠯ ᠳᠠᠷᠠᠭᠠᠯᠠᠨ ᠳᠡᠭᠡᠭᠰᠢᠯᠡᠭᠰᠡᠨ ᠢ | ᠢᠯᠡᠷᠡᠭᠦᠯᠦᠭᠰᠡᠨ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ | ᠮᠥᠨ᠃ | 2006 ᠣᠨ ᠤ 1 ᠰᠠᠷ᠎ᠠ ᠶᠢᠨ 9 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠬᠤᠷᠠᠯ ᠡᠬᠢᠯᠡᠪᠡ᠃ ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠪᠠᠶᠢᠭᠰᠠᠨ ᠰᠢ ᠶᠢᠨ ᠫᠢᠩ ᠨᠥᠬᠦᠷ ᠪᠦᠯᠭᠦᠮ ᠳᠠᠭᠠᠭᠤᠯᠤᠨ ᠶᠡᠭᠡ ᠬᠤᠷᠠᠯ ᠳᠤ ᠣᠷᠣᠯᠴᠠᠵᠤ᠂ ᠲᠡᠭᠦᠨ ᠤ | ᠪᠡᠶ᠎ᠡ ᠠᠴᠠ ᠴᠠᠭ ᠮᠥᠴᠡ ᠪᠢᠳᠡᠨ ᠢ ᠬᠦᠯᠢᠶᠡᠬᠦ ᠦᠭᠡᠢ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠬᠦ | ᠣᠷᠭᠢᠯᠤᠮ᠎ᠠ ᠰᠡᠳᠬᠢᠯᠭᠡ ᠶᠢ ᠭᠦᠨ ᠣᠶᠢᠯᠠᠭᠠᠪᠠ᠃ ᠲᠡᠷᠡ ᠵᠧᠵᠢᠶᠠᠩ ᠤᠨ ᠬᠤᠷᠠᠯ ᠳᠤ ᠣᠷᠣᠯᠴᠠᠬᠰᠠᠨ | ᠲᠥᠯᠥᠭᠡᠯᠡᠭᠴᠢᠳ ᠲᠤ᠂ ᠪᠢᠳᠡ ᠡᠷᠬᠡᠪᠰᠢ ᠵᠧᠵᠢᠶᠠᠩ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠣᠯᠠᠨᠲᠠ ᠬᠡᠯᠡᠪᠡ᠃ | ᠬᠤᠷᠠᠯ ᠳᠤ ᠣᠷᠣᠯᠴᠠᠬᠰᠠᠨ ᠨᠢᠩᠪᠦ᠋ᠸᠧ ᠶᠢᠨ ᠬᠠᠢ ᠲᠢᠶᠠᠨ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠵᠢᠶᠠᠨ ᠮᠢᠩ ᠰᠡᠳᠬᠢᠯ ᠳᠣᠭᠳᠣᠯᠵᠤ ᠪᠠᠶᠢᠯ᠎ᠠ᠃ ᠬᠤᠷᠠᠯ ᠤᠨ ᠵᠠᠪᠰᠠᠷ ᠢᠶᠠᠷ | ᠂ ᠲᠡᠷᠡ ᠰᠢ ᠶᠢᠨ ᠫᠢᠩ ᠨᠥᠬᠦᠷ ᠢ ᠶᠠᠭᠠᠷᠠᠨ ᠡᠷᠢᠵᠦ᠂ ᠬᠠᠢ ᠲᠢᠶᠠᠨ ᠪᠦᠯᠦᠭᠯᠡᠯ ᠤᠨ ᠤᠯᠠᠨ ᠵᠢᠯ ᠤᠨ ᠲᠤᠷᠰᠢᠬᠢ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠣᠯᠣᠭᠰᠠᠨ ᠠᠬᠢᠴᠠ ᠶᠢ | ᠮᠡᠳᠡᠭᠦᠯᠵᠦ᠂ ᠰᠢ ᠶᠢᠨ ᠫᠢᠩ ᠱᠦᠵᠢ ᠶᠢ ᠬᠠᠢ ᠲᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ | ᠵᠢᠯᠣᠭᠤᠳᠤᠭᠤᠯᠬᠤ ᠪᠠᠷ ᠤᠷᠢᠵᠠᠢ᠃ | ᠰᠠᠷ᠎ᠠ ᠭᠠᠷᠤᠢ ᠶᠢᠨ ᠲᠠᠷᠠᠭ᠎ᠠ᠂ ᠰᠢ ᠶᠢᠨ ᠫᠢᠩ ᠨᠥᠬᠦᠷ ᠪᠣᠯᠵᠤᠭ᠎ᠠ ᠶᠣᠰᠣᠭᠠᠷ ᠬᠦᠷᠴᠦ ᠢᠷᠡᠪᠡ᠃ | ᠨᠢᠩᠪᠦ᠋ᠸᠧ ᠳᠤ᠂ ᠲᠡᠷᠡ ᠪᠦᠬᠦᠯᠢ 3 ᠡᠳᠦᠷ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠠᠯ᠎ᠠ ᠪᠠᠷ ᠨᠡᠯᠢᠶᠡᠳ ᠰᠠᠶᠢᠨ ᠬᠢᠭᠰᠡᠨ | 8 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠦᠢᠯᠡᠳᠬᠦᠨ ᠢ ᠳᠠᠭᠢᠨ ᠳᠠᠪᠲᠠᠨ ᠦᠵᠡᠵᠦ᠂ ᠠᠵᠤ ᠠᠬᠤᠶᠢᠯᠠᠯᠲᠠᠨ ᠪᠣᠯᠣᠨ ᠮᠡᠷᠭᠡᠵᠢᠯ ᠤᠨ ᠠᠵᠢᠯᠲᠠᠨ ᠲᠠᠢ ᠠᠬᠢᠨ | ᠳᠠᠭᠢᠨ ᠶᠠᠷᠢᠯᠴᠠᠪᠠ᠃ | ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ | ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠬᠦᠴᠦᠨ ᠮᠥᠨ᠃ | 2022 ᠣᠨ ᠤ ᠵᠤᠨ ᠤ ᠳᠤᠮᠳᠠ ᠰᠠᠷ᠎ᠠ ᠳᠤ᠂ ᠰᠧᠴᠤᠸᠠᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ | ᠶᠡᠷᠦᠩᠬᠡᠢ ᠱᠦᠵᠢ ᠰᠢ ᠶᠢᠨ ᠫᠢᠩ ᠵᠢᠢ ᠮᠢ ᠭᠡᠷᠡᠯ ᠴᠠᠭᠢᠯᠭᠠᠨ ᠤ ᠬᠢᠵᠠᠭᠠᠷᠲᠤ ᠺᠤᠮᠫᠠᠨᠢ ᠳᠤ ᠢᠷᠡᠪᠡ᠂ ᠡᠨᠡ ᠪᠣᠯ | ᠲᠤᠰᠬᠠᠯᠲᠠ ᠮᠠᠰᠢᠨ ᠤ ᠵᠢᠷᠤᠭ ᠲᠥᠯᠥᠪᠯᠡᠭᠡ ᠬᠢᠵᠦ ᠰᠤᠳᠤᠯᠤᠨ ᠦᠢᠯᠡᠳᠬᠦ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ︽3 ᠠᠴᠠ 5 ᠵᠢᠯ ᠳᠤ ᠪᠦᠭᠦ | ᠪᠥᠮᠪᠥᠷᠴᠡᠭ ᠲᠤ ᠲᠦᠷᠦᠭᠦᠯᠡᠬᠦ︾ ᠡᠷᠴᠢ ᠵᠣᠷᠢᠭ ᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠠᠵᠤ | ᠠᠬᠤᠶᠢᠯᠠᠯ ᠳᠤ᠄ ︽ᠮᠠᠰᠢ ᠰᠠᠶᠢᠨ ᠪᠠᠶᠢᠨ᠎ᠠ᠂ ᠡᠶᠢᠮᠦ ᠰᠥᠰᠥ ᠵᠣᠷᠢᠭ ᠲᠠᠢ ᠪᠠᠶᠢᠬᠤ ᠬᠡᠷᠡᠭᠲᠡᠢ︕︾ ᠭᠡᠵᠦ | ᠵᠣᠷᠢᠭᠵᠢᠭᠤᠯᠪᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠰᠢᠨ᠎ᠡ ᠬᠦᠴᠦᠨ ᠴᠣᠯᠭᠤᠷᠠᠨ ᠭᠠᠷᠴᠤ᠂ ᠬᠥᠮᠥᠨ | ᠳᠦᠷᠰᠦᠲᠦ ᠮᠠᠰᠢᠨ ᠬᠥᠮᠥᠨ᠂ ᠬᠠᠭᠠᠰ ᠳᠠᠮᠵᠢᠭᠤᠯᠤᠭᠴᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢᠯᠡᠷᠡᠨ ᠭᠠᠷᠴᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠳᠠᠬᠢ ᠲᠦᠷᠭᠡᠨ | ᠬᠥᠭᠵᠢᠯᠲᠡ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ | ᠲᠠᠯᠠᠪᠤᠷ ᠲᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤᠭ ᠪᠠᠳᠠᠷᠠᠩᠭᠤᠢ ᠠᠮᠢᠵᠢᠷᠠᠯ ᠤᠨ | ᠬᠦᠴᠦᠨ ᠢᠶᠠᠨ ᠢᠯᠡᠷᠡᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠᠨ ᠳᠤ ᠬᠦᠴᠦᠷᠬᠡᠭ | ᠶᠡᠭᠡ ᠬᠥᠳᠡᠯᠭᠡᠬᠦ ᠡᠨᠧᠷᠭᠢ ᠨᠡᠮᠡᠷᠢᠯᠡᠪᠡ᠃ | ᠨᠢᠳᠤᠨᠤᠨ ᠤ ᠲᠦᠷᠦᠭᠦᠦ ᠭᠤᠷᠪᠠᠨ ᠤᠯᠠᠷᠢᠯ ᠳᠤ᠂ ᠪᠦᠭᠦ ᠤᠯᠤᠰ ᠲᠤ 619.1 ᠲᠦᠮᠡᠨ ᠡᠷᠦᠭᠡ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠪᠠ᠃ ᠡᠭᠦᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠵᠤ ᠦᠢᠯᠡᠰ ᠲᠤ 32.7 ᠲᠦᠮᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠢᠨ᠎ᠡ ᠪᠠᠷ ᠪᠠᠶᠢᠭᠤᠯᠤᠭᠳᠠᠵᠤ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠦᠢᠯᠡᠰ ᠲᠤ 14.8 ᠲᠦᠮᠡᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠤ᠂ ᠵᠣᠬᠢᠶᠠᠮᠠᠯ ᠤᠶᠤᠨ ᠴᠢᠳᠠᠪᠤᠷᠢ ᠶᠢᠨ | ᠵᠥᠭᠡᠯᠡᠨ ᠲᠣᠨᠤᠭ ᠰᠤᠳᠤᠯᠤᠨ ᠨᠡᠭᠡᠭᠡᠬᠦ ᠲᠥᠷᠥᠯ ᠳᠤ 80 ᠭᠠᠷᠤᠢ ᠲᠦᠮᠡᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠰᠢᠨ᠎ᠡ ᠪᠠᠷ ᠪᠠᠶᠢᠭᠤᠯᠤᠭᠳᠠᠵᠠᠢ᠃ ᠡᠭᠦᠨ ᠠᠴᠠ ᠭᠠᠳᠠᠨ᠎ᠠ᠂ ᠠᠷᠠᠳ ᠤᠨ ᠬᠡᠷᠡᠭᠯᠡᠭᠡᠨ ᠤ ᠠᠭᠠᠷ ᠤᠨ | ᠠᠶᠠᠯᠠᠯ᠂ ᠺᠸᠠᠨ᠋ᠲ ᠮᠡᠳᠡᠭᠡ ᠵᠠᠩᠭᠢ ᠵᠡᠷᠭᠡ ᠬᠦᠷᠢᠶᠡᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠥᠮ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠡᠭᠡ | ᠬᠠᠨᠳᠤᠰᠢ ᠶᠢ ᠠᠵᠢᠭᠯᠠᠬᠤ᠂ ᠠᠯᠤᠰ ᠭᠡᠲᠦ ᠶᠢ ᠲᠥᠯᠥᠪᠵᠢᠭᠦᠯᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ | 2001 ᠣᠨ ᠪᠣᠯ ᠶᠠᠭ ᠰᠠᠶᠢᠬᠠᠨ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠬᠤ ᠦᠶ᠎ᠡ ᠪᠣᠯᠣᠨ᠎ᠠ᠃ ᠲᠠᠯᠠᠢ ᠳᠠᠭᠠᠤ ᠶᠢᠨ ᠨᠡᠭᠡᠭᠡᠯᠲᠡᠲᠤ ᠮᠤᠵᠢ ᠪᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠵᠧᠵᠢᠶᠠᠩ ᠯᠤᠲᠤ ᠶᠡᠭᠡ ᠠᠵᠠ | ᠲᠣᠭᠢᠶᠠᠯ ᠢ ᠤᠭᠲᠤᠨ ᠠᠪᠴᠢᠷᠠᠪᠠ᠃ | ᠲᠠᠷᠠᠭ᠎ᠠ ᠵᠢᠯ ᠤᠨ ᠬᠢᠨᠢ ᠰᠡᠭᠦᠯᠴᠢ ᠪᠠᠷ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠭᠠᠳ ᠨᠢᠭᠡ ᠯᠠ ᠰᠠᠷ᠎ᠠ ᠪᠣᠯᠵᠤ ᠪᠠᠶᠢᠭᠰᠠᠨ ᠰᠢ ᠶᠢᠨ ᠫᠢᠩ ᠨᠥᠬᠦᠷ ᠠᠷᠠᠳ ᠤᠨ | ᠡᠵᠡᠩᠨᠡᠯᠲᠡ ᠶᠢᠨ ᠠᠵᠤ ᠠᠬᠤᠢ ᠤᠷᠢᠳ ᠢᠶᠠᠷ ᠬᠥᠭᠵᠢᠭᠰᠡᠨ ᠭᠠᠵᠠᠷ ᠣᠷᠣᠨ ᠪᠤᠯᠬᠤ ᠳᠠᠶᠢᠵᠸᠦ᠂ ᠸᠧᠨᠵᠸᠤ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ | ᠲᠤᠬᠠᠢ ᠶᠢᠨ ᠦᠶ᠎ᠡ ᠳᠤ᠂ ᠵᠧᠵᠢᠶᠠᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠠᠭ | ᠬᠥᠭᠵᠢᠯᠲᠡ ᠶᠢᠨ ᠪᠣᠭᠤᠮᠢ ᠳᠤ ᠲᠤᠯᠭᠠᠷᠠᠵᠤ᠂ ᠪᠠᠭ᠎ᠠ ᠶᠢ ᠨᠢ ᠶᠡᠭᠡ ᠪᠤᠯᠭᠠᠬᠤ ᠳᠤ ᠬᠦᠴᠢᠷ᠂ ᠶᠡᠭᠡ ᠶᠢ ᠨᠢ | ᠬᠦᠴᠦᠷᠬᠡᠭᠵᠢᠭᠦᠯᠬᠦ ᠳᠤ ᠬᠦᠴᠢᠷ᠂ ᠬᠦᠴᠦᠷᠬᠡᠭ ᠢ ᠨᠢ ᠠᠮᠢᠳᠤᠯᠢᠭ ᠪᠤᠯᠭᠠᠬᠤ ᠳᠤ ᠬᠦᠴᠢᠷ ᠪᠠᠶᠢᠪᠠ᠃ ᠸᠧᠨᠵᠸᠤ ᠶᠢᠨ | ᠯᠧᠴᠢᠩ ᠳᠤ ᠪᠠᠶᠢᠭ᠎ᠠ ᠳ᠋ᠧᠯᠢᠰᠢ ᠪᠦᠯᠦᠭᠯᠡᠯ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠪᠠ | ᠬᠥᠷᠥᠩᠭᠡ ᠶᠢᠨ ᠠᠵᠢᠯᠯᠠᠭᠠᠨ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠭᠦ ᠤᠯᠤᠰ ᠲᠤ | ᠬᠠᠨᠳᠤᠭᠤᠯᠤᠨ ᠪᠠᠶᠢᠷᠢᠰᠢᠭᠤᠯᠤᠨ ᠬᠥᠭᠵᠢᠭᠦᠯᠬᠦ ᠪᠠᠷ ᠤᠷᠤᠯᠳᠤᠵᠤ ᠪᠠᠶᠢᠪᠠ᠂ ᠭᠡᠪᠡᠴᠦ ᠵᠠᠷᠢᠮ ᠬᠥᠮᠥᠰ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠮᠤᠵᠢ ᠶᠢᠨ ᠭᠠᠳᠠᠨ᠎ᠠ ᠣᠴᠢᠵᠤ ᠪᠡᠯᠡ ᠣᠷᠣᠭᠤᠯᠬᠤ ᠶᠢ ᠲᠣᠭᠤᠬᠤ ᠦᠭᠡᠢ | ᠪᠥᠭᠡᠳ ᠳᠡᠮᠵᠢᠬᠦ ᠴᠦ ᠦᠭᠡᠢ ᠪᠠᠶᠢᠵᠠᠢ᠃ | ᠰᠢᠨ᠎ᠡ ᠦᠢᠯᠡᠳᠪᠦᠷᠢ ᠶᠢᠨ ᠡᠯᠡᠰᠦᠨ ᠴᠠᠷ᠎ᠠ ᠶᠢᠨ ᠡᠮᠦᠨ᠎ᠡ᠂ ᠪᠦᠯᠦᠭᠯᠡᠯ ᠤᠨ ᠬᠡᠷᠡᠭ ᠮᠡᠳᠡᠭᠴᠢᠳ ᠤᠨ | ᠲᠣᠪᠴᠢᠶᠠᠨ ᠤ ᠲᠡᠷᠢᠭᠦᠯᠡᠭᠴᠢ ᠬᠤ᠋ ᠴᠧᠩ ᠵᠦᠩ ᠠᠴᠠ ᠰᠢ ᠶᠢᠨ ᠫᠢᠩ ᠨᠥᠬᠦᠷ ᠲᠤ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠷᠢᠭᠤ ᠮᠡᠳᠡᠭᠦᠯᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠠᠳ ᠰᠢ ᠶᠢᠨ ᠫᠢᠩ ᠨᠥᠬᠦᠷ ᠡᠷᠴᠢ ᠵᠣᠷᠢᠭ ᠢᠶᠠᠨ ᠬᠥᠪᠴᠢᠯᠡᠨ᠄ ︽ | ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠠᠴᠠ ᠲᠠ ᠨᠠᠷ ᠤᠨ ︿ᠭᠠᠳᠠᠭᠰᠢ ᠭᠠᠷᠬᠤ﹀ ᠶᠢ | ᠳᠡᠮᠵᠢᠨ᠎ᠡ᠂ ᠪᠦᠭᠦ ᠤᠯᠤᠰ ᠤᠨ ᠵᠠᠬ᠎ᠠ ᠳᠡᠯᠭᠡᠭᠦᠷ ᠢ ᠡᠵᠡᠯᠡᠬᠦ ᠪᠠᠷ ᠪᠠᠷᠠᠬᠤ ᠦᠭᠡᠢ ᠪᠠᠰᠠ ᠳᠡᠯᠡᠬᠡᠢ ᠶᠢᠨ ᠵᠠᠬ᠎ᠠ | ᠳᠡᠯᠭᠡᠭᠦᠷ ᠢ ᠡᠵᠡᠯᠡᠬᠦ ᠬᠡᠷᠡᠭᠲᠡᠢ︾᠃ ᠲᠡᠷᠡ᠂ ᠳ᠋ᠧᠯᠢᠰᠢ ᠰᠢᠭ ᠪᠣᠯ ᠳᠠᠷᠤᠢ ᠰᠤᠳᠤᠯᠤᠨ ᠨᠡᠭᠡᠭᠡᠬᠦ ᠶᠡᠷᠦᠩᠬᠡᠢ ᠬᠡᠯᠲᠡᠰ᠂ | ᠡᠵᠡᠩᠨᠡᠨ ᠪᠣᠷᠣᠯᠠᠭᠤᠯᠬᠤ ᠶᠡᠷᠦᠩᠬᠡᠢ ᠬᠡᠯᠲᠡᠰ ᠢ ᠱᠠᠩᠬᠠᠢ ᠳᠤ ᠪᠠᠶᠢᠭᠤᠯᠬᠤ ᠶᠢ ᠪᠣᠳᠣᠯᠬᠢᠯᠠᠵᠤ ᠪᠣᠯᠣᠨ᠎ᠠ᠂ ᠡᠨᠡ ᠨᠢ | ᠠᠵᠤ ᠠᠬᠤᠶᠢᠯᠠᠯ ᠤᠨ ᠠᠯᠤᠰ ᠭᠡᠲᠦ ᠶᠢᠨ ᠬᠥᠭᠵᠢᠯᠲᠡ ᠳᠤ ᠨᠠᠩ ᠠᠰᠢᠭᠲᠠᠢ ᠶᠤᠮ ᠭᠡᠵᠡᠢ᠃ | 2012 ᠣᠨ ᠳᠤ᠂ ᠳ᠋ᠧᠯᠢᠰᠢ ᠪᠦᠯᠦᠭᠯᠡᠯ ᠤᠨ ᠱᠠᠩᠬᠠᠢ ᠶᠢᠨ ᠶᠡᠷᠦᠩᠬᠡᠢ ᠵᠠᠬᠢᠷᠭ᠎ᠠ ᠨᠤᠲᠤᠭᠰᠢᠭᠰᠠᠨ ᠤ ᠳᠠᠷᠠᠭ᠎ᠠ᠂ | ᠺᠤᠮᠫᠠᠨᠢ ᠨᠢ ᠰᠤᠳᠤᠯᠤᠨ ᠨᠡᠭᠡᠭᠡᠬᠦ ᠪᠦᠯᠭᠦᠮ ᠢᠶᠠᠨ ᠴᠦ ᠱᠠᠩᠬᠠᠢ ᠳᠤ ᠨᠡᠭᠦᠯᠭᠡᠪᠡ᠃ ᠡᠳᠦᠭᠡ᠂ ᠳ᠋ᠧᠯᠢᠰᠢ ᠶᠢᠨ | ᠦᠢᠯᠡᠳᠬᠦᠨ ᠪᠠ ᠦᠢᠯᠡᠴᠢᠯᠡᠭᠡᠨ ᠤ ᠲᠣᠣᠷ ᠨᠢᠭᠡᠨᠲᠡ 60 ᠭᠠᠷᠤᠢ ᠤᠯᠤᠰ ᠪᠠ ᠭᠠᠵᠠᠷ ᠣᠷᠣᠨ ᠢ ᠪᠦᠷᠬᠦᠵᠦ᠂ | ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠡᠭᠡ ᠪᠠᠷ ᠨᠡᠮᠡᠭᠳᠡᠪᠡ᠃ | ᠰᠠᠯᠬᠢ ᠳᠠᠪᠠᠯᠭᠠᠨ ᠠᠴᠠ ᠠᠶᠤᠬᠤ ᠦᠭᠡᠢ ᠪᠣᠯ ᠰᠠᠶ᠋ᠢ ᠳᠠᠷᠪᠠᠭᠤᠯ ᠬᠡᠶᠢᠰᠬᠡᠨ ᠬᠤᠯᠠ ᠠᠶᠠᠯᠠᠵᠤ ᠴᠢᠳᠠᠨ᠎ᠠ᠃ | 2024 ᠣᠨ ᠳᠤ᠂ ᠮᠠᠨ ᠤ ᠤᠯᠤᠰ ᠤᠨ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠥᠷᠲᠡᠭ 43.85 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ | ᠵᠢᠯ ᠤᠨ ᠬᠢ ᠠᠴᠠ ᠪᠠᠨ 5% ᠪᠠᠷ ᠨᠡᠮᠡᠭᠳᠡᠵᠦ᠂ ᠬᠡᠪᠴᠢᠶ᠎ᠡ ᠨᠢ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 24. | 33 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 8.8% ᠪᠠᠷ ᠨᠡᠮᠡᠭᠳᠡᠵᠦ᠂ | ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ | ᠦᠷᠭᠦᠯᠵᠢᠯᠡᠨ ᠳᠡᠭᠡᠭᠰᠢᠯᠡᠨ 55.5% ᠪᠣᠯᠵᠤ᠂ ᠭᠠᠳᠠᠭᠠᠳᠤ ᠠᠷᠠᠯᠵᠢᠶᠠᠨ ᠤ ︽ᠭᠤᠣᠯ ᠬᠦᠴᠦᠨ︾ ᠤ ᠴᠢᠬᠤᠯᠠ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ | ︵ᠳᠥᠷᠪᠡ︶ ︽ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠨ᠎ᠠ︾ | ᠣᠳᠣᠬᠠᠨ ᠳᠤ᠂ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ᠂ ᠤᠯᠤᠰ ᠤᠨ ᠳᠣᠲᠣᠭᠠᠳᠤ ᠶᠢᠨ ᠠᠵᠤ | ᠠᠬᠤᠢ ᠶᠢᠨ ᠠᠵᠢᠯᠯᠠᠭᠠᠨ ᠳᠠᠷᠤᠯᠲᠠ ᠲᠠᠢ ᠲᠦᠪᠡᠭ ᠪᠤᠳᠤᠯᠢᠶᠠᠨᠲᠠᠢ ᠣᠷᠴᠢᠨ ᠨᠥᠬᠦᠴᠡᠯ ᠤᠨ ᠡᠮᠦᠨ᠎ᠡ᠂ ᠮᠠᠨ ᠤ | ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠴᠦ ᠵᠠᠷᠢᠮ ᠬᠦᠴᠢᠷᠳᠡᠯ ᠪᠠ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ︽ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ | ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ ᠳᠡᠶᠢᠯᠭᠦ ᠠᠴᠠ | ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ︾᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠶᠠᠭᠠᠬᠢᠵᠤ ᠦᠵᠡᠬᠦ︾᠂ ︽ | ᠶᠠᠭᠠᠬᠢᠵᠤ ᠬᠢᠬᠦ︾ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ︽ | ᠬᠦᠴᠢᠷᠳᠡᠯ ᠪᠣᠯᠣᠨ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ | ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ | ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ︾ | ᠭᠡᠵᠦ ᠴᠢᠩ ᠰᠡᠳᠬᠢᠯ ᠠᠴᠠ ᠪᠠᠨ ᠵᠣᠷᠢᠭᠵᠢᠭᠤᠯᠪᠠ᠃ | ᠴᠠᠭ ᠪᠠ ᠪᠠᠶᠢᠳᠠᠯ ᠢ ᠰᠡᠷᠭᠡᠭ ᠢᠶᠠᠷ ᠡᠵᠡᠮᠳᠡᠵᠦ᠂ ᠠᠶᠤᠯ ᠲᠦᠭᠰᠢᠭᠦᠷᠢ ᠪᠠ ᠠᠵᠠ ᠲᠣᠭᠢᠶᠠᠯ ᠢ ᠭᠦᠨᠵᠡᠭᠡᠢ | ᠠᠵᠢᠭᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠢᠮᠠᠭᠲᠠ ᠬᠥᠭᠵᠢᠯᠲᠡ ᠶᠢᠨ ᠬᠠᠷᠠᠴᠠ᠂ ᠬᠤᠪᠢᠰᠤᠩᠭᠤᠢ | ᠰᠡᠳᠬᠢᠬᠦᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠥᠷᠢᠰᠦᠯᠳᠦᠭᠡᠨ ᠪᠠ ᠠᠵᠠ | ᠲᠣᠭᠢᠶᠠᠯ ᠢ ᠵᠥᠪ ᠲᠠᠨᠢᠭᠤᠯᠪᠠ᠃ | ᠵᠧᠵᠢᠶᠠᠩ ᠤᠨ ᠨᠢᠩᠪᠦ᠋ᠸᠧ ᠶᠢᠨ ᠬᠡᠪ ᠬᠡᠷᠡᠭᠰᠡᠯ ᠤᠨ ᠰᠢᠨ᠎ᠡ ᠦᠢᠯᠡᠳᠪᠦᠷᠢ ᠶᠢᠨ ᠲᠣᠭᠤᠷᠢᠭ ᠲᠤ ᠮᠠᠰᠢᠨ | ᠮᠧᠬᠠᠨᠢᠭ ᠬᠦᠷᠴᠢᠭᠢᠨᠡᠵᠦ᠂ 3 ᠮᠧᠳ᠋ᠷ ᠰᠢᠬᠠᠮ ᠥᠨᠳᠥᠷ ᠲᠣᠮᠣ ᠭᠡᠯᠪᠡᠷᠢ ᠶᠢᠨ ᠬᠤᠯᠪᠤᠭᠠᠯᠠᠨ ᠠᠵᠢᠯᠯᠠᠬᠤ | ᠲᠥᠬᠦᠭᠡᠷᠦᠮᠵᠢ ᠡᠮᠬᠢ ᠵᠢᠷᠤᠮ ᠲᠠᠢ ᠠᠵᠢᠯᠯᠠᠵᠤ᠂ ᠢᠵᠢ ᠪᠦᠷᠢᠨ ᠭᠡᠳᠦ ᠲᠣᠮᠣ ᠭᠡᠯᠪᠡᠷᠢ ᠶᠢᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠪᠡᠶ᠎ᠡ ᠶᠢᠨ ᠪᠦᠲᠦᠴᠡ ᠲᠠᠢ ᠬᠡᠪ ᠢ ᠶᠠᠭ ᠱᠠᠯᠠᠪᠳᠠᠨ ᠦᠢᠯᠡᠳᠪᠦᠷᠢᠯᠡᠵᠦ ᠪᠠᠶᠢᠯ᠎ᠠ᠃ | 2020 ᠣᠨ ᠤ 3 ᠰᠠᠷ᠎ᠠ ᠶᠢᠨ 29 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠢᠩᠪᠦ᠋ᠸᠧ ᠶᠢᠨ ᠪᠧᠢ | ᠯᠦᠨ ᠳ᠋ᠠ ᠴᠢ ᠳᠡᠭᠡᠳᠦ ᠲᠠᠰ ᠤᠨ ᠮᠠᠰᠢᠨ ᠲᠡᠷᠭᠡᠨ ᠤ ᠰᠡᠯᠪᠢᠭ ᠲᠣᠨᠤᠭ ᠤᠨ ᠬᠡᠪ ᠬᠡᠷᠡᠭᠰᠡᠯ ᠤᠨ ᠬᠦᠷᠢᠶᠡᠯᠡᠩ | ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠬᠡᠪ ᠬᠡᠷᠡᠭᠰᠡᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠵᠠᠬᠢᠶᠠᠯᠠᠭ᠎ᠠ ᠡᠳᠦᠢ ᠲᠡᠳᠦᠢ | ᠪᠠᠭᠤᠷᠠᠪᠠ᠃ ᠵᠠᠰᠠᠭ ᠤᠨ ᠣᠷᠳᠣᠨ ᠪᠢᠳᠡᠨ ᠢ ᠬᠠᠪᠰᠤᠷᠤᠨ ᠲᠡᠳᠬᠦᠵᠦ᠂ ᠤᠰᠤ ᠴᠠᠭᠢᠯᠭᠠᠨ ᠤ ᠰᠦᠢᠳᠬᠡᠯ᠂ | ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠵᠡᠷᠭᠡ ᠶᠢ ᠬᠠᠰᠤᠵᠤ ᠬᠡᠯᠲᠦᠷᠢᠭᠦᠯᠵᠦ᠂ ᠪᠢᠳᠡᠨ ᠤ ᠳᠠᠷᠤᠭᠠᠰᠤ ᠶᠢ | ᠬᠥᠩᠭᠡᠷᠡᠭᠦᠯᠪᠡ᠃ ᠪᠢᠳᠡ ᠨᠢᠳᠦᠨ ᠡᠮᠦᠨᠡᠬᠢ ᠬᠦᠴᠢᠷ ᠢ ᠲᠤᠭᠤᠯᠬᠤ ᠢᠲᠡᠭᠡᠯ ᠲᠠᠢ︾᠃ ᠺᠤᠮᠫᠠᠨᠢ ᠶᠢᠨ | ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ ︽ᠵᠠᠯᠭᠠᠭᠠᠳ ᠮᠠᠨ ᠤ ᠠᠵᠤ ᠠᠬᠤᠶᠢᠯᠠᠯ ᠤᠨ ᠬᠠᠷᠠᠯᠲᠠ ᠪᠣᠯ | ᠳᠡᠯᠡᠬᠡᠢ ᠶᠢᠨ ᠲᠡᠷᠢᠭᠦᠨ ᠵᠡᠷᠭᠡ ᠶᠢᠨ ᠬᠡᠪ ᠬᠡᠷᠡᠭᠰᠡᠯ ᠤᠨ ᠦᠢᠯᠡᠳᠪᠦᠷᠢ ᠶᠢ ᠪᠠᠶᠢᠭᠤᠯᠵᠤ᠂ ᠬᠥᠮᠥᠨ ᠳᠤᠮᠳᠠᠴᠢ ᠶᠢᠨ | ᠦᠢᠯᠡᠳᠬᠦᠨ ᠤ ᠦᠷᠳᠡᠭ ᠢ 150 ᠲᠦᠮᠡᠨ ᠲᠥᠭᠦᠷᠢᠭ ᠲᠤ ᠬᠦᠷᠭᠡᠨ᠎ᠡ︾ ᠭᠡᠵᠦ ᠬᠡᠯᠡᠵᠦ ᠥᠭᠪᠡ᠃ | ᠭᠦᠷ ᠬᠥᠭᠵᠢᠶᠡᠨ ᠲᠠᠢ ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠷᠡᠰ | ᠪᠠᠲᠤ ᠢᠲᠡᠭᠡᠯ ᠵᠣᠷᠢᠭ ᠨᠢ ᠶᠡᠷᠦᠩᠬᠡᠢ ᠱᠦᠵᠢ ᠶᠢ ᠮᠠᠰᠢ ᠪᠠᠶᠠᠷᠯᠠᠭᠤᠯᠪᠠ᠃ | ᠲᠡᠷᠭᠡᠨ ᠳᠤ ᠭᠠᠷᠬᠤ ᠠᠴᠠ ᠪᠠᠨ ᠡᠮᠦᠨ᠎ᠡ᠂ ᠶᠡᠷᠦᠩᠬᠡᠢ ᠱᠦᠵᠢ ᠲᠤᠰᠬᠠᠶᠢᠯᠠᠨ ᠠᠵᠢᠯᠴᠢᠳ ᠲᠤ᠄ ︽ᠲᠠᠨ ᠤ | ᠠᠵᠤ ᠠᠬᠤᠶᠢᠯᠠᠯ ᠤᠨ ᠪᠠᠶᠢᠳᠠᠯ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠠᠮᠢᠵᠢᠷᠠᠯ ᠤᠨ ᠬᠦᠴᠦᠨ ᠲᠠᠢ᠂ | ᠠᠮᠢᠳᠤᠯᠢᠭ ᠴᠢᠨᠠᠷ ᠲᠠᠢ᠂ ᠡᠷᠴᠢ ᠵᠣᠷᠢᠭ ᠲᠠᠢ ᠭᠡᠳᠡᠭ ᠨᠢ ᠲᠠᠨ ᠤ ᠠᠵᠤ ᠠᠬᠤᠶᠢᠯᠠᠯ ᠤᠨ ᠪᠡᠶ᠎ᠡ ᠳᠡᠭᠡᠷ᠎ᠡ ᠴᠦ | ᠢᠯᠡᠷᠡᠵᠦ ᠪᠠᠶᠢᠨ᠎ᠠ︾ ᠭᠡᠵᠦ ᠬᠡᠯᠡᠪᠡ᠃ | ᠲᠠᠷᠠᠭ᠎ᠠ ᠨᠢ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠲᠤᠰ ᠤᠳᠠᠭ᠎ᠠ ᠶᠢᠨ | ᠠᠶᠠᠯᠠᠯ ᠤᠨ ᠲᠥᠷᠥᠭᠳᠡᠯ ᠤᠨ ᠲᠤᠬᠠᠢ ᠶᠠᠷᠢᠬᠤ ᠳᠠᠭᠠᠨ᠄ ︽ᠠᠶᠤᠯ ᠲᠦᠭᠰᠢᠭᠦᠷᠢ ᠪᠣᠯᠣᠨ ᠠᠵᠠ ᠲᠣᠭᠢᠶᠠᠯ ᠶᠡᠷᠦ ᠨᠢ | ᠬᠠᠮᠲᠤ ᠣᠷᠣᠰᠢᠵᠤ᠂ ᠠᠶᠤᠯ ᠲᠦᠭᠰᠢᠭᠦᠷᠢ ᠶᠢ ᠢᠯᠠᠨ ᠳᠠᠪᠠᠪᠠᠯ ᠳᠠᠷᠤᠢ ᠠᠵᠠ ᠲᠣᠭᠢᠶᠠᠯ ᠪᠣᠯᠣᠨ᠎ᠠ︾ ᠭᠡᠪᠡ᠃ | ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠤᠶᠤᠨ ᠤᠬᠠᠭᠠᠨ ᠢᠶᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠪᠣᠯ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ ᠶᠢᠨ ᠵᠠᠩᠭᠢᠯᠠᠭ᠎ᠠ ᠪᠣᠯᠣᠨ᠎ᠠ᠃ | ᠹᠦᠵᠢᠶᠠᠨ ᠮᠤᠵᠢ ᠶᠢᠨ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ | ᠪᠠᠶᠢᠭ᠎ᠠ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠣᠲᠣ ᠶᠠᠭ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠡᠷᠡᠰ ᠵᠠᠮᠨᠠᠵᠤ᠂ ᠲᠣᠭᠠᠴᠢᠯᠠᠭᠰᠠᠨ ᠲᠣᠭᠠᠴᠠᠭ᠎ᠠ ᠬᠢᠬᠦ | ᠮᠡᠷᠭᠡᠵᠢᠯ᠂ ᠬᠤᠶᠠᠷ ᠬᠡᠮᠵᠢᠯᠲᠦ ᠺᠣᠳ᠋ ᠤᠨ ᠤᠩᠰᠢᠨ ᠲᠠᠨᠢᠬᠤ ᠮᠡᠷᠭᠡᠵᠢᠯ᠂ ᠵᠣᠬᠢᠶᠠᠮᠠᠯ ᠣᠶᠤᠨᠴᠢ ᠪᠤᠳᠤᠬᠤ | ᠠᠷᠭ᠎ᠠ ᠶᠢᠨ ᠮᠡᠷᠭᠡᠵᠢᠯ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ ᠪᠠᠶᠢᠨ᠎ᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠦᠭᠡᠢ ᠪᠣᠯ ᠥᠨᠥᠳᠥᠷ ᠤᠨ ᠰᠢᠨ ᠳ᠋ᠠ ᠯᠤ᠋ ᠪᠠᠶᠢᠵᠤ | ᠴᠢᠳᠠᠬᠤ ᠦᠭᠡᠢ︾᠃ ᠦᠢᠯᠡᠰ ᠪᠣᠰᠬᠠᠬᠤ ᠠᠩᠬᠠᠨ ᠤ ᠦᠶ᠎ᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤ᠋ ᠭᠠᠩ ᠮᠠᠰᠢ ᠰᠡᠳᠬᠢᠯ ᠳᠣᠭᠳᠣᠯᠵᠤ ᠪᠠᠶᠢᠯ᠎ᠠ᠃ | 1993 ᠣᠨ ᠤ ᠰᠡᠭᠦᠯᠴᠢ ᠪᠠᠷ᠂ ᠦᠢᠯᠡᠰ ᠪᠣᠰᠬᠠᠬᠤ ᠳᠤ ᠨᠢᠭᠡ ᠦᠶ᠎ᠡ ᠬᠦᠴᠢᠷᠳᠡᠯ ᠳᠤ ᠲᠤᠯᠭᠠᠷᠠᠭᠰᠠᠨ ᠬᠤ᠋ | ᠭᠠᠩ ᠪᠣᠯᠣᠨ ᠣᠨᠳᠣᠣ ᠨᠢᠭᠡ ᠡᠭᠦᠰᠬᠡᠨ ᠪᠠᠶᠢᠭᠤᠯᠤᠭᠴᠢ ᠸᠠᠩ ᠵᠢᠩ ᠮᠧᠩ ᠲᠤᠬᠠᠢ ᠶᠢᠨ ᠦᠶ᠎ᠡ ᠶᠢᠨ ᠹᠦᠵᠧᠦ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠲᠤ ᠮᠡᠳᠡᠭᠦᠯᠬᠦ ᠪᠤᠳᠤᠯ ᠣᠷᠣᠪᠠ᠃ | ᠬᠠᠷᠢᠯᠴᠠᠭᠰᠠᠨ ᠤ ᠳᠠᠷᠠᠭ᠎ᠠ ᠲᠣᠰ ᠡᠳᠦᠷ ᠤᠨ ᠦᠳᠡ ᠶᠢᠨ ᠬᠤᠶᠢᠨ᠎ᠠ ᠨᠢ ᠳᠠᠷᠤᠢ ᠬᠠᠷᠢᠭᠤ ᠥᠭᠭᠦᠨ᠎ᠡ ᠭᠡᠳᠡᠭ ᠢ | ᠪᠤᠳᠤᠵᠤ ᠣᠯᠣᠭᠰᠠᠨ ᠦᠭᠡᠢ᠂ ᠰᠢ ᠶᠢᠨ ᠫᠢᠩ ᠨᠥᠬᠦᠷ ᠲᠡᠳᠡᠨ ᠢ ᠠᠯᠪᠠᠨ ᠭᠡᠷ ᠲᠡᠭᠡᠨ ᠤᠷᠢᠵᠤ ᠨᠠᠷᠢᠨ ᠶᠠᠷᠢᠯᠴᠠᠪᠠ᠃ | | ᠠᠵᠤ ᠠᠬᠤᠶᠢᠯᠠᠯ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠬᠤ | ᠠᠩᠬ᠎ᠠ ᠠᠯᠬᠤᠮ ᠤᠨ ᠲᠥᠯᠥᠪᠯᠡᠭᠡ ᠶᠢ ᠮᠡᠳᠡᠭᠰᠡᠨ ᠤ ᠳᠠᠷᠠᠭ᠎ᠠ᠂ ᠰᠢ ᠶᠢᠨ ᠫᠢᠩ ᠨᠥᠬᠦᠷ ᠮᠠᠰᠢ ᠳᠡᠮᠵᠢᠵᠦ᠂ | ᠨᠡᠭᠡᠭᠡᠯᠲᠡ ᠶᠢᠨ ᠲᠣᠭᠤᠷᠢᠭ ᠢ ᠱᠠᠯᠠᠪᠳᠠᠨ ᠵᠣᠯᠭᠠᠭᠤᠯᠬᠤ ᠬᠡᠷᠡᠭᠲᠡᠢ ᠭᠡᠵᠦ ᠵᠢᠭᠠᠪᠤᠷᠢᠯᠠᠭᠰᠠᠨ ᠪᠥᠭᠡᠳ ᠵᠠᠪᠠᠯ ᠰᠢᠨ᠎ᠡ ᠶᠢ | ᠡᠭᠦᠳᠬᠦ ᠶᠢ ᠪᠠᠲᠤ ᠰᠠᠬᠢᠵᠤ᠂ ᠠᠵᠤ ᠦᠢᠯᠡᠰ ᠢᠶᠠᠨ ᠪᠠᠲᠤ ᠰᠠᠬᠢᠵᠤ᠂ ᠬᠡᠳᠦᠢ ᠶᠡᠭᠡ ᠬᠦᠴᠢᠷ ᠪᠡᠷᠬᠡᠰᠢᠶᠡᠯ ᠢ ᠴᠦ | ᠳᠠᠭᠠᠭᠠᠵᠤ ᠭᠠᠷᠬᠤ ᠬᠡᠷᠡᠭᠲᠡᠢ ᠭᠡᠵᠦ ᠠᠵᠤ ᠠᠬᠤᠶᠢᠯᠠᠯ ᠳᠤ ᠵᠠᠬᠢᠪᠠ᠃ | 2014 ᠣᠨ ᠤ 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠬᠤ | ᠬᠤᠭᠤᠴᠠᠭᠠᠨ ᠳᠠᠭᠠᠨ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠳᠤ ᠬᠦᠷᠴᠦ᠂ ᠠᠵᠤ | ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ ᠬᠠᠷᠠᠭᠠᠳ ᠮᠠᠰᠢ ᠪᠠᠶᠠᠷᠯᠠᠵᠤ᠄ ︽ | ᠡᠨᠡ ᠨᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠪᠣᠯ ᠮᠠᠨ ᠤ ᠤᠯᠤᠰ᠂ ᠪᠠᠰᠠ ᠴᠤ ᠮᠠᠨ ᠤ ᠠᠵᠤ ᠠᠬᠤᠶᠢᠯᠠᠯ | ᠨᠢᠭᠡᠪᠦᠷᠢ ᠶᠢᠨ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ | ︾ ᠭᠡᠪᠡ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠬᠤ ᠪᠣᠯᠣᠨ᠎ᠠ᠂ ᠭᠡᠪᠡᠴᠦ | ᠠᠵᠠ ᠲᠣᠭᠢᠶᠠᠯ ᠪᠠ ᠥᠷᠢᠰᠦᠯᠳᠦᠭᠡᠨ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠪᠡᠯ ᠯᠠᠪᠲᠠᠢ ᠲᠡᠦᠬᠡ ᠶᠢᠨ | ᠠᠵᠠ ᠲᠣᠭᠢᠶᠠᠯ ᠢ ᠠᠮᠵᠢᠵᠤ᠂ ᠬᠥᠭᠵᠢᠯᠲᠡ ᠶᠢᠨ ᠲᠡᠷᠢᠭᠦᠨ ᠠᠵᠠ ᠲᠣᠭᠢᠶᠠᠯ ᠢ ᠣᠯᠵᠤ ᠴᠢᠳᠠᠨ᠎ᠠ ᠭᠡᠵᠦ ᠵᠢᠭᠠᠵᠤ | ᠭᠠᠷᠭᠠᠪᠠ᠃ | 2023 ᠣᠨ ᠤ 3 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ | ᠪᠠᠶᠢᠭᠰᠠᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ | ᠃ | ᠨᠢᠩᠳᠧ ᠶᠢᠨ ᠴᠠᠭ ᠦᠶ᠎ᠡ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠽᠧᠩ ᠢᠦᠢ ᠴᠢᠶᠦ᠋ᠨ ᠭᠡᠰᠢᠭᠦᠨ ᠡᠩ ᠲᠡᠷᠢᠭᠦᠨ ᠳᠤ ᠦᠭᠡ ᠬᠡᠯᠡᠵᠦ᠂ | ᠶᠡᠷᠦᠩᠬᠡᠢ ᠱᠦᠵᠢ ᠳᠤ ᠠᠵᠤ ᠠᠬᠤᠶᠢᠯᠠᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠳ᠋ᠢᠶᠠᠨ | ᡂᠢ ᠶᠢ ᠰᠤᠳᠤᠯᠤᠨ ᠨᠡᠭᠡᠭᠡᠵᠦ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ | ᠪᠠᠶᠢᠷᠢ ᠶᠢ ᠴᠢᠷᠮᠠᠶᠢᠨ ᠡᠵᠡᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ︽ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠨ ᠬᠥᠭᠵᠢᠵᠦ ᠪᠠᠶᠢᠨ᠎ᠠ᠃ ᠡᠨᠡ ᠶᠠᠪᠤᠳᠠᠯ ᠳᠤ ᠪᠠᠶᠠᠷᠯᠠᠬᠤ | ᠮᠥᠷᠲᠡᠭᠡᠨ ᠵᠣᠪᠠᠨᠢᠨ᠎ᠠ︾᠃ ᠶᠡᠷᠦᠩᠬᠡᠢ ᠱᠦᠵᠢ ᠰᠢ ᠶᠢᠨ ᠫᠢᠩ ᠭᠦᠨᠵᠡᠭᠡᠢ ᠰᠡᠳᠬᠢᠨ ᠪᠣᠳᠣᠯᠬᠢᠯᠠᠵᠤ᠂ ︽ | ᠪᠠᠶᠠᠷᠯᠠᠭᠤᠰᠢᠲᠠᠢ ᠨᠢ᠂ ᠮᠠᠨ ᠤ ᠡᠨᠡ ᠬᠦ ᠠᠵᠢᠯ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ ᠪᠤᠢ︔ | ᠵᠣᠪᠠᠨᠢᠬᠤ ᠨᠢ᠂ ᠶᠡᠭᠡ ᠪᠠᠷ ᠳᠡᠪᠵᠢᠶᠡᠷᠡᠨ᠂ ᠤᠷᠢᠳ ᠢᠶᠠᠷ ᠳᠦᠷᠬᠢᠷᠡᠲᠡᠯ᠎ᠡ ᠬᠥᠳᠡᠯᠦᠯᠴᠡᠵᠦ᠂ ᠬᠠᠮᠤᠭ ᠤᠨ ᠰᠡᠭᠦᠯ ᠳᠤ | ᠳᠦᠷᠬᠢᠷᠡᠲᠡᠯ᠎ᠡ ᠲᠠᠷᠬᠠᠬᠤ ᠶᠠᠪᠤᠳᠠᠯ ᠪᠤᠯᠬᠤ ᠠᠴᠠ ᠠᠶᠤᠵᠤ ᠪᠤᠢ︾ ᠭᠡᠵᠡᠢ᠃ | ᠪᠦᠭᠦ ᠲᠠᠯ᠎ᠠ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ᠠᠯᠤᠰ ᠭᠡᠳᠦ ᠶᠢ ᠪᠣᠳᠣᠯᠬᠢᠯᠠᠪᠠᠯ ᠰᠠᠶ᠋ᠢ | ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠵᠠᠭᠤᠨ ᠵᠢᠯ ᠤᠨ ᠬᠠᠭᠤᠴᠢᠨ ᠳᠡᠯᠭᠡᠭᠦᠷ ᠢ ᠪᠦᠲᠦᠭᠡᠵᠦ ᠴᠢᠳᠠᠨ᠎ᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ | ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠳᠠᠰᠤᠷᠠᠯᠳᠠ ᠦᠭᠡᠢ ᠳᠡᠭᠡᠭᠰᠢᠯᠡᠵᠦ᠂ | ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ | ᠪᠠᠶᠠᠯᠢᠭ ᠤᠨ ᠲᠤᠭ᠎ᠠ ᠯᠤᠲᠤ ᠶᠡᠭᠡ᠂ ᠬᠡᠪ ᠪᠣᠯᠪᠠᠰᠤᠷᠠᠯ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ | ᠠᠮᠠ ᠶᠢᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠤᠯᠠᠨ ᠰᠢᠨ᠎ᠡ ᠠᠵᠠ ᠲᠣᠭᠢᠶᠠᠯ ᠣᠯᠭᠤᠵᠤ᠂ ᠨᠡᠩ | ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠡᠷᠴᠢ ᠬᠦᠴᠦᠨ ᠢᠶᠠᠨ | ᠴᠢᠩᠭᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠨ᠎ᠠ᠃ | ᠬᠡᠬᠦᠳᠡᠭ ᠳᠦᠭᠦᠷᠡᠩ ᠦᠢᠯᠡᠰ ᠪᠣᠰᠬᠠᠬᠤ ᠵᠣᠷᠢᠭ ᠰᠠᠨᠠᠭ᠎ᠠ ᠪᠠ ᠡᠬᠡ ᠤᠯᠤᠰ ᠤᠨ ᠢᠶᠠᠨ ᠲᠥᠯᠥᠭᠡ ᠵᠢᠳᠬᠦᠬᠦ | ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠢᠳᠠᠮᠠᠭᠠᠢ ᠪᠠᠷ | ᠠᠵᠢᠯᠯᠠᠨ ᠴᠢᠳᠠᠮᠠᠭᠠᠢ ᠪᠠᠷ ᠪᠦᠲᠦᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠯᠠᠪᠲᠠᠢ ᠬᠠᠪᠤᠷ ᠤᠨ ᠰᠠᠯᠬᠢᠨ ᠤ ᠡᠷᠴᠢᠨ ᠳᠤ ᠮᠢᠩᠭᠠᠨ ᠳᠠᠷᠪᠠᠭᠤᠯ ᠮᠥᠴᠡᠭᠡᠷᠬᠡᠨ | ᠤᠷᠤᠭᠰᠢᠯᠠᠨᠠᠮ᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠮᠠᠭᠲᠠ ᠳᠡᠮᠵᠢᠭᠰᠡᠭᠡᠷ ᠢᠷᠡᠭᠰᠡᠨ ᠶᠤᠮ | ᠨᠡᠶᠢᠲᠡᠯᠡᠭᠰᠡᠨ ᠴᠠᠭ᠄ 2025/3/4 | — ᠰᠢ ᠶᠢᠨ ᠫᠢᠩ ᠨᠥᠬᠦᠷ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠬᠠᠯᠠᠮᠵᠢᠯᠠᠨ | ᠠᠬᠢᠭᠤᠯᠤᠭᠰᠠᠨ ᠲᠤᠬᠠᠢ ᠪᠣᠳᠠᠲᠤ ᠲᠡᠮᠳᠡᠭᠯᠡᠯ | ᠵᠣᠬᠢᠶᠠᠭᠴᠢ᠄ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠰᠢᠨ᠎ᠡ ᠬᠦᠴᠦᠨ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠰᠠᠭᠤᠷᠢ᠃ | ᠤᠷᠳᠤ ᠬᠤᠭᠤᠴᠠᠭ᠎ᠠ ᠣᠷᠣᠨ ᠨᠤᠲᠤᠭ ᠲᠤ ᠠᠵᠢᠯᠯᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ | ᠠᠬᠤᠢ ᠨᠡᠯᠢᠶᠡᠳ ᠬᠥᠭᠵᠢᠭᠰᠡᠨ ᠮᠤᠵᠢ ᠳᠤ ᠠᠵᠢᠯᠯᠠᠭᠰᠠᠨ ᠠᠴᠠ ᠨᠠᠭᠠᠰᠢ᠂ ᠰᠢ ᠶᠢᠨ ᠫᠢᠩ ᠨᠥᠬᠦᠷ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠦᠢᠯ ᠢᠶᠠᠷ ᠴᠢᠬᠤᠯᠠᠴᠢᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠡᠷᠡᠭᠦᠯ ᠢᠶᠠᠷ ᠦᠰᠦᠨ ᠪᠤᠶᠢᠵᠢᠬᠤ ᠶᠢ ᠬᠠᠯᠠᠮᠵᠢᠯᠠᠭᠰᠠᠭᠠᠷ ᠢᠷᠡᠵᠠᠢ᠃ | ᠡᠨᠡ ᠵᠢᠯ ᠤᠨ 2 ᠰᠠᠷ᠎ᠠ ᠶᠢᠨ 17 ᠤ ᠡᠳᠦᠷ᠂ ᠳᠤᠮᠳᠠᠳᠤ ᠤᠯᠤᠰ ᠤᠨ ᠠᠵᠤ ᠠᠬᠤᠢ ᠶᠢᠨ ᠲᠣᠮᠣ ᠬᠥᠯᠭᠡ | ᠣᠩᠭᠤᠴᠠ ᠬᠦᠴᠢᠷ ᠢ ᠰᠥᠷᠦᠨ ᠤᠷᠤᠭᠰᠢᠯᠠᠵᠤ᠂ ᠰᠠᠯᠬᠢ ᠬᠥᠯᠭᠡᠯᠡᠨ ᠳᠠᠪᠠᠯᠭᠠᠨ ᠢ ᠵᠦᠰᠦᠬᠦ ᠵᠠᠩᠭᠢᠯᠠᠭ᠎ᠠ ᠶᠢᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ︽ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠠᠯᠤᠰ ᠢᠷᠡᠭᠡᠳᠦᠢ ᠥᠷᠭᠡᠨ ᠠᠭᠤᠳᠠᠮ᠂ ᠶᠡᠭᠡ ᠦᠢᠯᠡᠰ ᠢ ᠪᠦᠲᠦᠭᠡᠵᠦ ᠪᠣᠯᠣᠨ᠎ᠠ᠂ ᠥᠷᠭᠡᠨ ᠤᠯᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠶᠠᠭ ᠡᠷᠳᠡᠮ | ᠴᠢᠳᠠᠯ ᠢᠶᠠᠨ ᠦᠵᠡᠭᠦᠯᠵᠦ ᠪᠠᠶᠢᠨ᠎ᠠ︾᠂ ︽ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠬᠡᠬᠦᠳᠡᠭ ᠴᠡᠭᠡᠵᠢᠨ ᠳᠡᠭᠡᠨ ᠤᠯᠤᠰ ᠤᠨ ᠢᠶᠠᠨ | ᠲᠥᠯᠥᠭᠡ ᠵᠢᠳᠬᠦᠬᠦ ᠵᠣᠷᠢᠭ ᠡᠪᠦᠷᠯᠡᠵᠦ᠂ ᠨᠢᠭᠡ ᠰᠡᠳᠬᠢᠯ ᠢᠶᠠᠷ ᠬᠥᠭᠵᠢᠯᠲᠡ ᠶᠢ ᠡᠷᠢᠯᠬᠢᠯᠡᠵᠦ᠂ ᠬᠠᠤᠯᠢ ᠶᠢ ᠰᠠᠬᠢᠨ | ᠡᠵᠡᠩᠨᠡᠯᠲᠡ ᠬᠢᠵᠦ᠂ ᠤᠷᠢᠳ ᠢᠶᠠᠷ ᠪᠠᠶᠠᠵᠢᠵᠤ ᠬᠠᠮᠲᠤ ᠪᠠᠷ ᠪᠠᠶᠠᠵᠢᠬᠤ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ | ᠪᠠᠶᠢᠨ᠎ᠠ︾ ᠁ | ᠴᠢᠩ ᠰᠡᠳᠬᠢᠯ ᠤᠨ ᠬᠠᠯᠠᠮᠵᠢᠯᠠᠯ ᠨᠢ ᠰᠡᠳᠬᠢᠯ ᠢ ᠨᠢᠭᠡᠳᠬᠡᠨ ᠬᠦᠴᠦ ᠶᠢ ᠬᠠᠮᠲᠤᠳᠬᠠᠵᠤ᠂ ᠭᠦᠨ ᠵᠤᠵᠠᠭᠠᠨ | ᠬᠦᠰᠡᠯ ᠡᠷᠡᠮᠡᠯᠵᠡᠯ ᠨᠢ ᠬᠥᠮᠥᠰ ᠢ ᠵᠣᠷᠢᠭᠵᠢᠭᠤᠯᠤᠨ ᠤᠷᠤᠭᠰᠢᠯᠠᠭᠤᠯᠤᠨ᠎ᠠ᠃ | ︵ᠨᠢᠭᠡ︶ ︽ᠨᠠᠮ ᠤᠨ ᠲᠥᠪ ᠬᠤᠷᠢᠶ᠎ᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ ᠢᠷᠡᠪᠡ᠂ ᠡᠨᠡ ᠨᠢ ᠬᠤᠪᠢᠷᠠᠭ᠎ᠠ ᠦᠭᠡᠢ ᠪᠥᠭᠡᠳ | ᠬᠤᠪᠢᠷᠠᠬᠤ ᠴᠤ ᠦᠭᠡᠢ ᠶᠤᠮ︾ | ︽ᠪᠢᠳᠡ ᠡᠷᠬᠡᠪᠰᠢ ᠣᠪᠣᠷ ᠢᠶᠠᠨ ᠲᠣᠳᠣᠷᠬᠠᠢ ᠢᠯᠡᠳᠬᠡᠵᠦ᠂ ᠤᠬᠳᠤ ᠲᠠᠲᠠᠭᠠᠯᠵᠠᠯ ᠦᠭᠡᠢ ᠪᠠᠷ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︿ | ᠬᠤᠶᠠᠷ ᠤᠬᠲᠤ ᠭᠤᠶᠢᠪᠢᠰᠢ ᠦᠭᠡᠢ﹀ ᠶᠢ ᠪᠠᠷᠢᠮᠲᠠᠯᠠᠬᠤ ᠬᠡᠷᠡᠭᠲᠡᠢ︾᠃ | 2022 ᠣᠨ ᠤ 12 ᠰᠠᠷ᠎ᠠ ᠶᠢᠨ 15 ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭᠠᠬᠢ | ᠠᠩᠬᠠᠳᠤᠭᠠᠷ ᠤᠳᠠᠭ᠎ᠠ ᠶᠢᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠬᠤᠷᠠᠯᠳᠤᠪᠠ᠃ ᠶᠡᠷᠦᠩᠬᠡᠢ ᠱᠦᠵᠢ | ᠰᠢ ᠶᠢᠨ ᠫᠢᠩ ᠶᠠᠷᠢᠶᠠᠨ ᠳᠠᠭᠠᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ | ᠶᠠᠷᠢᠬᠤ ᠳᠠᠭᠠᠨ᠄ ︽ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︿ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ﹀ ᠭᠡᠵᠦ ᠲᠣᠳᠣᠷᠬᠠᠢ ᠳᠤᠷᠠᠳᠴᠠᠢ᠂ ᠡᠨᠡ ᠪᠣᠯ | ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠲᠦᠷ ᠵᠠᠭᠤᠷ᠎ᠠ ᠶᠢᠨ ᠠᠷᠭ᠎ᠠ ᠪᠢᠰᠢ︾ ᠭᠡᠵᠦ ᠡᠷᠡᠰ ᠪᠠᠲᠤ | ᠬᠡᠯᠡᠪᠡ᠃ | ︽ᠪᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠮᠠᠭᠲᠠ ᠳᠡᠮᠵᠢᠭᠰᠡᠭᠡᠷ ᠢᠷᠡᠭᠰᠡᠨ ᠪᠥᠭᠡᠳ | ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠲᠤ ᠠᠵᠢᠯᠯᠠᠵᠤ ᠪᠠᠶᠢᠵᠠᠢ︾᠃ | ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠵᠠᠢ᠃ | ᠾᠧᠪᠧᠢ ᠶᠢᠨ ᠵᠧᠩ ᠳ᠋ᠢᠩ ᠳᠤ ᠲᠦᠮᠡᠲᠦ ᠶᠢᠨ ᠡᠷᠦᠭᠡ ᠳᠤ ︽ᠤᠷᠢᠳ ᠢᠶᠠᠷ ᠪᠠᠶᠠᠵᠢᠭᠰᠠᠨ ᠱᠠᠩᠨᠠᠯ︾ | ᠣᠯᠭᠤᠪᠠ︔ ᠹᠦᠵᠢᠶᠠᠨ ᠳᠤ᠂ ᠲᠤᠯᠤᠭ᠎ᠠ ᠤᠳᠠᠭ᠎ᠠ ᠵᠢᠨᠵᠢᠶᠠᠩ ᠳᠤ ᠬᠦᠷᠴᠦ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ︽ᠵᠢᠨᠵᠢᠶᠠᠩ ᠤᠨ ᠲᠤᠷᠰᠢᠯᠭ᠎ᠠ︾ ᠶᠢ ᠳ᠋ᠦᠩᠨᠡᠨ ᠳᠡᠯᠭᠡᠷᠡᠭᠦᠯᠪᠡ︔ ᠵᠧᠵᠢᠶᠠᠩ ᠳᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠢ ᠵᠡᠷᠭᠡ ᠪᠠᠷ | ᠳᠠᠪᠰᠢᠵᠤ᠂ ᠬᠠᠮᠲᠤ ᠪᠠᠷ ᠬᠥᠭᠵᠢᠬᠦ ᠶᠢ ᠠᠭᠢᠭᠤᠯᠪᠠ︔ ᠱᠠᠩᠬᠠᠢ ᠳᠤ᠂ ᠰᠢᠯᠢᠳᠡᠭ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠬᠥᠮᠥᠰ ᠤᠨ ᠲᠥᠯᠥᠭᠡᠯᠡᠭᠴᠢ ᠲᠠᠢ ᠠᠭᠤᠯᠵᠠᠪᠠ ᠁ | 2007 ᠣᠨ ᠤ 4 ᠰᠠᠷ᠎ᠠ ᠶᠢᠨ 24 ᠤ ᠡᠳᠦᠷ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠭᠠᠳ ᠪᠦᠬᠦᠯᠢ ᠨᠢᠭᠡ ᠰᠠᠷ᠎ᠠ ᠪᠣᠯᠣᠮᠠᠭᠴᠠ᠂ ᠰᠢ ᠶᠢᠨ ᠫᠢᠩ ᠨᠥᠬᠦᠷ ᠪᠦᠦ ᠱᠠᠨ | ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠡᠨᠡ ᠡᠳᠦᠷ᠂ ᠲᠡᠷᠡ ᠬᠤᠶᠠᠷ ᠠᠵᠤ ᠠᠬᠤᠶᠢᠯᠠᠯ ᠳᠤ | ᠬᠦᠷᠴᠡᠢ᠂ ᠨᠢᠭᠡ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠠᠭᠠᠭᠤᠯᠤᠭᠴᠢ ᠪᠦᠦ ᠱᠠᠨ ᠤ ᠪᠣᠯᠣᠳ | ᠲᠡᠮᠦᠷ ᠤᠨ ᠪᠦᠯᠦᠭᠯᠡᠯ᠂ ᠨᠦᠭᠦᠭᠡ ᠨᠢ ᠠᠷᠠᠳ ᠤᠨ ᠡᠵᠡᠩᠨᠡᠯᠲᠡ ᠶᠢᠨ ᠪᠣᠯᠣᠳ ᠲᠡᠮᠦᠷ ᠤᠨ ᠠᠵᠤ ᠠᠬᠤᠶᠢᠯᠠᠯ | ᠪᠣᠯᠣᠨ᠎ᠠ᠃ | ᠲᠠᠷᠠᠭᠠᠴᠢ ᠶᠢᠨ ᠶᠠᠷᠢᠯᠴᠠᠬᠤ ᠬᠤᠷᠠᠯ ᠳᠡᠭᠡᠷ᠎ᠡ᠂ ᠰᠢ ᠶᠢᠨ ᠫᠢᠩ ᠨᠥᠬᠦᠷ᠂ ︽ᠬᠤᠶᠠᠷ ᠤᠬᠳᠤ ᠭᠤᠶᠢᠪᠢᠰᠢ | ᠦᠭᠡᠢ︾ ᠶᠢ ᠪᠠᠷᠢᠮᠲᠠᠯᠠᠵᠤ᠂ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠢᠳᠡᠪᠬᠢᠲᠡᠢ ᠪᠤᠢ | ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠡᠳᠦᠨ ᠰᠠᠷ᠎ᠠ ᠶᠢᠨ ᠳᠠᠷᠠᠭ᠎ᠠ᠂ ᠰᠢ ᠶᠢᠨ ᠫᠢᠩ ᠨᠥᠬᠦᠷ ᠴᠢᠩᠫᠦ᠋ ᠲᠣᠭᠤᠷᠢᠭ ᠲᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠡᠶᠡᠯᠡᠭᠦᠯᠦᠭᠰᠡᠨ ᠭᠠᠶᠢᠯᠢ ᠲᠠᠲᠠᠪᠤᠷᠢ ᠨᠢ ᠨᠢᠭᠡᠨᠲᠡ | ᠴᠢᠩᠫᠦ᠋ ᠲᠣᠭᠤᠷᠢᠭ ᠤᠨ ᠭᠠᠶᠢᠯᠢ ᠲᠠᠲᠠᠪᠤᠷᠢ ᠶᠢᠨ 50% ᠠᠴᠠ ᠳᠡᠭᠡᠭᠰᠢᠬᠢ ᠶᠢ ᠡᠵᠡᠯᠡᠭᠰᠡᠨ ᠢ ᠣᠶᠢᠯᠠᠭᠠᠪᠠ᠃ | ᠲᠡᠷᠡ ᠴᠢᠩᠫᠦ᠋ ᠶᠢᠨ ᠺᠠᠳ᠋ᠷ ᠲᠤ᠄ ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠴᠢᠩᠫᠦ᠋ ᠶᠢᠨ ᠠᠵᠤ | ᠠᠬᠤᠢ ᠶᠢᠨ ᠬᠥᠭᠵᠢᠯᠲᠡ ᠶᠢᠨ ᠨᠢᠭᠡᠨ ᠣᠨᠴᠠᠯᠢᠭ ᠪᠣᠯᠣᠨ᠎ᠠ᠂ ᠪᠢ ᠪᠦᠦ ᠱᠠᠨ ᠳᠤ ᠪᠠᠶᠢᠴᠠᠭᠠᠨ ᠰᠤᠳᠤᠯᠤᠯᠲᠠ | ᠬᠢᠬᠦ ᠳᠡᠭᠡᠨ ︿ᠬᠤᠶᠠᠷ ᠤᠬᠳᠤ ᠭᠤᠶᠢᠪᠢᠰᠢ ᠦᠭᠡᠢ﹀ ᠶᠢ ᠴᠢᠬᠤᠯᠠᠴᠢᠯᠠᠪᠠ᠂ ᠲᠥᠪ ᠠᠴᠠ ᠲᠣᠳᠣᠷᠬᠠᠢ | ᠱᠠᠭᠠᠷᠳᠠᠯᠭ᠎ᠠ ᠲᠠᠢ᠂ ᠡᠨᠡ ᠨᠢ ᠮᠥᠨ ᠴᠦ ᠱᠠᠩᠬᠠᠢ ᠶᠢᠨ ᠬᠥᠭᠵᠢᠯᠲᠡ ᠳᠤ ᠡᠷᠬᠡᠪᠰᠢ ᠤᠷᠳᠤ ᠬᠤᠭᠤᠴᠠᠭ᠎ᠠ ᠪᠠᠷ | ᠪᠠᠷᠢᠮᠲᠠᠯᠠᠬᠤ ᠬᠡᠷᠡᠭᠲᠡᠢ ᠵᠢᠯᠤᠭᠤᠳᠬᠤ ᠴᠢᠭᠯᠡᠯᠲᠡ ᠪᠣᠯᠣᠨ᠎ᠠ︾ ᠭᠡᠵᠦ ᠬᠡᠯᠡᠪᠡ᠃ | ᠴᠠᠭ ᠮᠥᠴᠡ ᠥᠩᠭᠡᠷᠡᠭᠰᠡᠨ ᠴᠦ ᠬᠠᠶᠢᠷ᠎ᠠ ᠰᠡᠳᠬᠢᠯᠭᠡ ᠬᠡᠪ ᠢᠶᠠᠷ ᠢᠶᠠᠨ ᠪᠠᠶᠢᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠳᠠᠷᠠᠭ᠎ᠠ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠳᠤ ᠤᠳᠠᠭ᠎ᠠ ᠳᠠᠷᠠᠭᠠᠯᠠᠨ ᠬᠦᠷᠴᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠲᠠᠢ ᠤᠳᠠᠭ᠎ᠠ ᠳᠠᠷᠠᠭᠠᠯᠠᠨ ᠨᠢᠭᠤᠷᠳᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠶᠡᠭᠡ ᠪᠣᠳᠣᠯᠭ᠎ᠠ ᠶᠢ ᠤᠳᠠᠭ᠎ᠠ ᠳᠠᠷᠠᠭᠠᠯᠠᠨ ᠰᠦᠪᠡᠭᠴᠢᠯᠡᠪᠡ᠃ ᠶᠡᠷᠦᠩᠬᠡᠢ ᠱᠦᠵᠢ ᠰᠢ ᠶᠢᠨ ᠫᠢᠩ᠄ | ︽ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠮᠠᠨ ᠤ ᠤᠯᠤᠰ ᠤᠨ ᠠᠵᠤ ᠠᠬᠤᠢ ᠶᠢᠨ ᠳᠦᠷᠢᠮ ᠤᠨ | ᠳᠣᠲᠣᠭᠠᠳᠤ ᠡᠯᠧᠮᠧᠨ᠋ᠲ ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠪᠣᠯ ᠮᠠᠨ ᠤ ᠥᠪᠡᠷ ᠤᠨ ᠬᠥᠮᠥᠨ ᠮᠥᠨ︾ ᠭᠡᠵᠦ ᠴᠢᠬᠤᠯᠠᠴᠢᠯᠠᠪᠠ᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠬᠰᠠᠨ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠪᠠ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ | ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠶᠡᠷᠦᠩᠬᠡᠢ ᠱᠦᠵᠢ ᠰᠢ ᠶᠢᠨ ᠫᠢᠩ | ᠴᠢᠬᠤᠯᠠ ᠶᠠᠷᠢᠶ᠎ᠠ ᠲᠠᠯᠪᠢᠵᠤ᠄ ︽ᠪᠢ ᠠᠳᠡ ᠳᠠᠬᠢᠨᠲᠠ ᠬᠡᠯᠡᠶ᠎ᠡ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠪᠠᠶᠢᠷᠢ ᠰᠠᠭᠤᠷᠢ ᠪᠠ ᠦᠢᠯᠡᠳᠦᠯ | ᠬᠤᠪᠢᠷᠠᠭ᠎ᠠ ᠦᠭᠡᠢ᠂ ᠪᠢᠳᠡ ᠤᠬᠳᠤ ᠭᠤᠶᠢᠪᠢᠰᠢ ᠦᠭᠡᠢ ᠪᠠᠷ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠪᠠ ᠬᠥᠲᠥᠯᠥᠨ ᠵᠢᠯᠤᠭᠤᠳᠬᠤ ᠴᠢᠭᠯᠡᠯᠲᠡ ᠲᠦᠷᠦ ᠶᠢᠨ | ᠪᠣᠳᠣᠯᠭ᠎ᠠ ᠬᠤᠪᠢᠷᠠᠭ᠎ᠠ ᠦᠭᠡᠢ᠂ ᠪᠢᠳᠡᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠳᠤ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠪᠠ ᠨᠡᠩ ᠤᠯᠠᠨ ᠠᠵᠠ ᠲᠣᠭᠢᠶᠠᠯ ᠬᠠᠩᠭᠠᠬᠤ ᠴᠢᠭᠯᠡᠯᠲᠡ | ᠲᠦᠷᠦ ᠶᠢᠨ ᠪᠣᠳᠣᠯᠭ᠎ᠠ ᠬᠤᠪᠢᠷᠠᠭ᠎ᠠ ᠦᠭᠡᠢ︾ ᠭᠡᠪᠡ᠃ | ︽ᠬᠤᠶᠠᠷ ᠤᠬᠳᠤ ᠭᠤᠶᠢᠪᠢᠰᠢ ᠦᠭᠡᠢ︾ ᠠᠴᠠ ︽ᠭᠤᠷᠪᠠᠨ ᠬᠤᠪᠢᠷᠠᠭ᠎ᠠ ᠦᠭᠡᠢ︾ ᠪᠤᠯᠲᠠᠯ᠎ᠠ᠂ ᠮᠠᠨ ᠤ | ᠨᠠᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠭᠤᠶᠢᠪᠢᠰᠢ | ᠦᠭᠡᠢ᠂ ᠲᠠᠰᠤᠷᠠᠯᠲᠠ ᠦᠭᠡᠢ ᠭᠦᠨᠵᠡᠭᠡᠶᠢᠷᠡᠪᠡ᠃ | 2018 ᠣᠨ ᠳᠤ᠂ ᠳᠡᠯᠡᠬᠡᠢ ᠶᠢᠨ ᠪᠠᠶᠢᠳᠠᠯ ᠭᠡᠨᠡᠳᠲᠡ ᠬᠤᠪᠢᠷᠠᠵᠤ᠂ ᠮᠠᠨ ᠤ ᠤᠯᠤᠰ ᠤᠨ ᠬᠥᠭᠵᠢᠯᠲᠡ | ᠬᠦᠨᠳᠦ ᠨᠣᠴᠢᠲᠠᠢ ᠥᠷᠢᠰᠦᠯᠳᠦᠭᠡᠨ ᠳᠤ ᠲᠤᠯᠭᠠᠷᠠᠪᠠ᠃ ᠲᠤᠬᠠᠢ ᠶᠢᠨ ᠦᠶ᠎ᠡ ᠳᠤ᠂ ᠨᠡᠶᠢᠭᠡᠮ ᠳᠡᠭᠡᠷᠡᠬᠢ ᠬᠥᠮᠥᠰ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠦᠭᠡᠶᠢᠰᠭᠡᠭᠦ᠂ ᠰᠡᠵᠢᠭᠯᠡᠬᠦ ᠦᠭᠡ ᠶᠠᠷᠢᠶ᠎ᠠ ᠨᠡᠶᠢᠲᠡᠯᠡᠵᠦ ᠥᠩᠭᠡᠷᠡᠵᠡᠢ | ᠃ | ᠶᠡᠷᠦᠩᠬᠡᠢ ᠱᠦᠵᠢ ᠰᠢ ᠶᠢᠨ ᠫᠢᠩ ᠡᠭᠦᠨ ᠤ ᠲᠤᠬᠠᠢ ᠵᠠᠯᠭᠠᠭ᠎ᠠ ᠪᠠᠷ ᠬᠠᠷᠢᠭᠤᠯᠲᠠ ᠥᠭᠴᠡᠢ᠄ ︽ᠲᠦᠮᠡᠨ ᠠᠵᠤ | ᠠᠬᠤᠶᠢᠯᠠᠯ ᠲᠦᠮᠡᠨ ᠲᠣᠰᠬᠤᠨ ᠢ ᠬᠠᠪᠰᠤᠷᠬᠤ︾ ᠠᠵᠢᠯᠯᠠᠭ᠎ᠠ ᠳᠤ ᠬᠥᠬᠢᠭᠦᠯᠦᠭᠳᠡᠨ ᠰᠠᠶᠢᠰᠢᠶᠠᠭᠳᠠᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠳᠤ ᠬᠠᠷᠢᠭᠤ ᠵᠠᠬᠢᠳᠠᠯ ᠢᠯᠡᠭᠡᠬᠦ ᠳᠡᠭᠡᠨ᠂ ︽ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠲᠡᠦᠬᠡᠨ ᠬᠤᠪᠢ ᠨᠡᠮᠡᠷᠢ ᠶᠢ ᠦᠭᠡᠶᠢᠰᠬᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠪᠠᠶᠢᠷᠢ ᠰᠠᠭᠤᠷᠢ ᠦᠢᠯᠡᠳᠦᠯ ᠢ ᠰᠡᠵᠢᠭᠯᠡᠵᠦ ᠪᠤᠯᠬᠤ ᠦᠭᠡᠢ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠦᠭᠡᠶᠢᠰᠭᠡᠭᠦ᠂ ᠪᠠᠭᠤᠷᠠᠶᠢᠰᠢᠭᠤᠯᠬᠤ ᠶᠠᠮᠠᠷᠪᠠ ᠦᠭᠡ ᠶᠠᠷᠢᠶ᠎ᠠ ᠪᠣᠯᠣᠨ ᠬᠢᠳᠡᠯ ᠴᠥᠮ ᠪᠤᠷᠤᠭᠤ ᠶᠤᠮ︾ | ᠭᠡᠵᠦ ᠲᠣᠳᠣᠷᠬᠠᠶᠢᠯᠠᠪᠠ︔ ᠭᠤᠸᠠᠩᠳᠦ᠋ᠩ ᠳᠤ ᠠᠵᠢᠯ ᠪᠠᠶᠢᠴᠠᠭᠠᠬᠤ ᠳᠠᠭᠠᠨ ︽ᠨᠠᠮ ᠤᠨ ᠲᠥᠪ ᠬᠤᠷᠢᠶ᠎ᠠ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠢᠮᠠᠭᠲᠠ ᠴᠢᠬᠤᠯᠠᠴᠢᠯᠠᠨ ᠳᠡᠮᠵᠢᠭᠰᠡᠭᠡᠷ | ᠢᠷᠡᠵᠠᠢ᠂ ᠡᠨᠡ ᠨᠢ ᠬᠤᠪᠢᠷᠠᠭ᠎ᠠ ᠦᠭᠡᠢ ᠪᠥᠭᠡᠳ ᠬᠤᠪᠢᠷᠠᠬᠤ ᠴᠤ ᠦᠭᠡᠢ ᠶᠤᠮ︾ ᠭᠡᠵᠦ ᠴᠢᠬᠤᠯᠠᠴᠢᠯᠠᠪᠠ᠃ | 2018 ᠣᠨ ᠤ 11 ᠰᠠᠷ᠎ᠠ ᠶᠢᠨ 1 ᠤ ᠦᠳᠡ ᠶᠢᠨ ᠡᠮᠦᠨ᠎ᠡ᠂ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠢ ᠡᠷᠭᠢᠯᠡᠨ ᠬᠤᠷᠠᠯᠳᠤᠭᠤᠯᠵᠤ᠂ 50 ᠭᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠤᠷᠢᠯᠭ᠎ᠠ ᠪᠠᠷ ᠣᠷᠣᠯᠴᠠᠪᠠ᠃ | ᠵᠥᠭᠡᠯᠡᠨ ᠲᠣᠨᠤᠭ ᠰᠤᠳᠤᠯᠤᠨ ᠨᠡᠭᠡᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠡᠮ ᠡᠮᠨᠡᠯᠭᠡ᠂ | ᠰᠦᠯᠵᠢᠶᠡᠨ ᠤ ᠠᠮᠤᠷ ᠲᠦᠪᠰᠢᠨ ᠵᠡᠷᠭᠡ ᠠᠳᠠᠯᠢ ᠪᠤᠰᠤ ᠬᠦᠷᠢᠶᠡᠨ ᠤ 10 ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠤ ᠲᠥᠯᠥᠭᠡᠯᠡᠭᠴᠢ ᠤᠷᠢᠳ ᠬᠤᠵᠢᠳ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ | ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠴᠤ᠂ ᠪᠠᠶᠢᠨ ᠳᠠᠭᠢᠨ ᠪᠠᠶᠢᠳᠠᠯ ᠢ ᠯᠠᠪᠯᠠᠨ ᠠᠰᠠᠭᠤᠵᠤ᠂ ᠤᠯᠠᠨ ᠲᠠᠢ | ᠰᠠᠨᠠᠯ ᠢᠶᠠᠨ ᠭᠦᠨᠵᠡᠭᠡᠢ ᠰᠣᠯᠢᠯᠴᠠᠪᠠ᠃ | ᠶᠡᠷᠦᠩᠬᠡᠢ ᠱᠦᠵᠢ ᠰᠢ ᠶᠢᠨ ᠫᠢᠩ᠄ ︽ᠮᠠᠨ ᠤ ᠤᠯᠤᠰ ᠤᠨ ᠦᠨᠳᠦᠰᠦᠨ ᠠᠵᠤ ᠠᠬᠤᠢ ᠶᠢᠨ ᠳᠦᠷᠢᠮ ᠢ | ᠦᠨᠳᠦᠰᠦᠨ ᠬᠠᠤᠯᠢ᠂ ᠨᠠᠮ ᠤᠨ ᠳᠦᠷᠢᠮ ᠳᠤ ᠪᠢᠴᠢᠵᠦ ᠣᠷᠣᠭᠤᠯᠪᠠ᠂ ᠡᠭᠦᠨ ᠢ ᠬᠤᠪᠢᠷᠠᠭᠤᠯᠬᠤ ᠦᠭᠡᠢ ᠪᠥᠭᠡᠳ | ᠬᠤᠪᠢᠷᠠᠭᠤᠯᠵᠤ ᠴᠤ ᠪᠤᠯᠬᠤ ᠦᠭᠡᠢ ᠶᠤᠮ︾ ᠭᠡᠵᠦ ᠲᠣᠳᠣᠷᠬᠠᠢ ᠵᠢᠭᠠᠵᠤ ᠭᠠᠷᠭᠠᠪᠠ᠃ ᠬᠤᠷᠠᠯ ᠤᠨ ᠲᠠᠯᠠᠪᠠᠢ ᠳᠤ | ᠨᠢᠵᠢᠭᠢᠨᠡᠲᠡᠯ᠎ᠡ ᠠᠯᠠᠭ᠎ᠠ ᠲᠠᠰᠢᠵᠤ ᠪᠠᠶᠢᠯ᠎ᠠ᠃ | ᠰᠢᠨ᠎ᠡ ᠠᠶᠠᠨ᠂ ᠰᠢᠨ᠎ᠡ ᠬᠥᠭᠵᠢᠯᠲᠡ᠂ ᠰᠢᠨ᠎ᠡ ᠠᠵᠠ ᠲᠣᠭᠢᠶᠠᠯ᠂ ᠰᠢᠨ᠎ᠡ ᠥᠷᠢᠰᠦᠯᠳᠦᠭᠡᠨ᠃ | ᠡᠨᠡ ᠵᠢᠯ᠂ ᠶᠡᠷᠦᠩᠬᠡᠢ ᠱᠦᠵᠢ ᠰᠢ ᠶᠢᠨ ᠫᠢᠩ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠳᠤ ᠳᠠᠬᠢᠨᠲᠠ ᠣᠷᠣᠯᠴᠠᠪᠠ᠃ ᠠᠳᠠᠯᠢ ᠪᠤᠰᠤ ᠬᠦᠷᠢᠶᠡᠨ ᠤ ᠠᠵᠢᠯ ᠲᠦᠷᠦᠯ ᠠᠴᠠ ᠢᠷᠡᠭᠰᠡᠨ 6 | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠤᠷᠢᠳ ᠬᠤᠵᠢᠳ | ᠶᠠᠷᠢᠶ᠎ᠠ ᠲᠠᠯᠪᠢᠵᠤ᠂ ᠠᠮᠵᠢᠯᠲᠠ ᠪᠠᠨ ᠬᠠᠷᠢᠭᠤ ᠮᠡᠳᠡᠭᠦᠯᠵᠦ᠂ ᠪᠠᠶᠢᠳᠠᠯ ᠢ ᠵᠠᠳᠠᠯᠵᠤ᠂ ᠢᠷᠡᠭᠡᠳᠦᠢ ᠪᠠᠨ ᠪᠠᠷᠠᠯᠠᠵᠤ᠂ | ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠶ᠎ᠠ ᠶᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ᠂ ᠨᠠᠮ ᠪᠣᠯᠣᠨ ᠤᠯᠤᠰ ᠠᠴᠠ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ | ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ | ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠵᠤ᠂ ᠬᠤᠪᠢᠷᠠᠭᠤᠯᠵᠤ ᠪᠤᠯᠬᠤ ᠦᠭᠡᠢ᠂ | ᠬᠤᠪᠢᠷᠠᠭᠤᠯᠬᠤ ᠴᠤ ᠦᠭᠡᠢ ᠶᠤᠮ ᠭᠡᠵᠦ ᠴᠢᠬᠤᠯᠠᠴᠢᠯᠠᠪᠠ᠃ | ︵ᠬᠤᠶᠠᠷ︶ ︽ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ ᠦᠭᠡᠢ ᠨᠠᠩ ᠰᠠᠶᠢᠨ | ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ ᠥᠭᠭᠦᠨ᠎ᠡ︾ | ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠨᠢ ᠶᠠᠮᠠᠷ ᠪᠠᠶᠢᠪᠠᠯ ᠵᠣᠬᠢᠬᠤ ᠪᠤᠢ︖ | ᠪᠠᠭᠴᠠᠯᠠᠪᠠᠯ᠂ ᠮᠢᠨᠤ ᠦᠵᠡᠬᠦ ᠪᠠᠷ ︿ᠳᠣᠲᠣᠨᠣ﹀᠂ ︿ᠴᠢᠬᠡᠴᠢ﹀ ᠭᠡᠰᠡᠨ ᠦᠭᠡ ᠪᠣᠯᠣᠨ᠎ᠠ︾᠃ | 2016 ᠣᠨ ᠤ 3 ᠰᠠᠷ᠎ᠠ ᠶᠢᠨ 4 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠵᠤ | ᠪᠠᠶᠢᠭ᠎ᠠ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠤ | ᠂ ︽ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ ᠬᠠᠷᠢᠴᠠᠭ᠎ᠠ︾ ᠶᠢᠨ ᠲᠤᠬᠠᠢ ᠴᠢᠬᠤᠯᠠ ᠲᠠᠶᠢᠯᠪᠤᠷᠢᠯᠠᠯᠲᠠ ᠬᠢᠪᠡ | ᠄ | ︽ᠤᠳᠤᠷᠢᠳᠬᠤ ᠺᠠᠳ᠋ᠷ ᠲᠤ ᠠᠪᠴᠤ ᠬᠡᠯᠡᠪᠡᠯ᠂ ︿ᠳᠣᠲᠣᠨᠣ﹀ ᠭᠡᠳᠡᠭ ᠨᠢ ᠳᠠᠷᠤᠢ ᠦᠨᠡᠨᠴᠢ ᠰᠢᠳᠤᠷᠭᠤ ᠪᠠᠷ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠶᠠᠪᠤᠯᠴᠠᠵᠤ᠂ ᠢᠯᠠᠩᠭᠤᠶ᠎ᠠ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠬᠦᠴᠢᠷᠳᠡᠯ ᠪᠠ ᠠᠰᠠᠭᠤᠳᠠᠯ ᠳᠤ ᠲᠤᠯᠭᠠᠷᠠᠭᠰᠠᠨ ᠪᠠᠶᠢᠳᠠᠯ ᠳᠣᠣᠷ᠎ᠠ ᠨᠡᠩ ᠢᠳᠡᠪᠬᠢᠲᠡᠢ ᠠᠵᠢᠯᠯᠠᠵᠤ | ᠂ ᠡᠮᠦᠨ᠎ᠡ ᠹᠷᠤᠨᠲ ᠲᠤ ᠦᠢᠯᠡᠴᠢᠯᠡᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠢ | ᠢᠯᠡᠭᠦᠬᠡᠨ ᠬᠠᠯᠠᠮᠵᠢᠯᠠᠵᠤ᠂ ᠢᠯᠡᠭᠦᠬᠡᠨ ᠶᠠᠷᠢᠯᠴᠠᠵᠤ᠂ ᠢᠯᠡᠭᠦᠬᠡᠨ ᠬᠥᠲᠥᠯᠥᠨ ᠵᠢᠯᠤᠭᠤᠳᠴᠤ᠂ ᠪᠣᠳᠠᠲᠠᠢ | ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠬᠦ ᠶᠠᠪᠤᠳᠠᠯ ᠪᠣᠯᠣᠨ᠎ᠠ᠃ ︿ᠴᠢᠬᠡᠴᠢ﹀ ᠭᠡᠳᠡᠭ ᠨᠢ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠯᠤᠭ᠎ᠠ ᠶᠢᠨ ᠬᠠᠷᠢᠴᠠᠭ᠎ᠠ ᠪᠠᠨ ᠠᠷᠢᠭᠤᠨ ᠴᠢᠬᠡᠴᠢ ᠪᠠᠶᠢᠯᠭᠠᠵᠤ᠂ ᠬᠤᠪᠳᠤᠭ | ᠰᠠᠨᠠᠭ᠎ᠠ ᠬᠤᠪᠢᠨᠴᠢᠷ ᠪᠤᠳᠤᠯ ᠲᠠᠢ ᠪᠠᠶᠢᠵᠤ ᠪᠤᠯᠬᠤ ᠦᠭᠡᠢ᠂ ᠡᠷᠬᠡ ᠪᠠᠨ ᠠᠰᠢᠭᠯᠠᠨ ᠠᠮᠢ ᠪᠠᠨ ᠪᠣᠷᠳᠣᠵᠤ ᠪᠤᠯᠬᠤ | ᠦᠭᠡᠢ᠂ ᠡᠷᠬᠡ ᠮᠥᠩᠭᠦᠨ ᠤ ᠠᠷᠠᠯᠵᠢᠶ᠎ᠠ ᠬᠢᠵᠦ ᠪᠤᠯᠬᠤ ᠦᠭᠡᠢ ᠶᠢ ᠬᠡᠯᠡᠵᠦ ᠪᠠᠶᠢᠨ᠎ᠠ︾ ᠭᠡᠪᠡ᠃ | ᠾᠧᠪᠧᠢ ᠶᠢᠨ ᠵᠧᠩ ᠳ᠋ᠢᠩ ᠠᠴᠠ ᠹᠦᠵᠢᠶᠠᠨ ᠭᠦᠷᠲᠡᠯ᠎ᠡ᠂ ᠵᠧᠵᠢᠶᠠᠩ ᠠᠴᠠ ᠱᠠᠩᠬᠠᠢ ᠭᠦᠷᠲᠡᠯ᠎ᠡ᠂ ᠰᠢ ᠶᠢᠨ | ᠫᠢᠩ ᠨᠥᠬᠦᠷ ᠡᠯᠪᠡᠭ ᠪᠠᠶᠠᠯᠢᠭ ᠦᠢᠯᠡᠳᠦᠯᠭᠡ ᠶᠢᠨ ᠳᠤᠮᠳᠠ ᠰᠢᠨ᠎ᠡ ᠮᠠᠶ᠋ᠢᠭ ᠤᠨ ᠵᠠᠰᠠᠭ ᠬᠤᠳᠠᠯᠳᠤᠭᠠᠴᠢᠨ ᠤ | ᠬᠠᠷᠢᠴᠠᠭ᠎ᠠ ᠶᠢ ᠭᠦᠨᠵᠡᠭᠡᠢ ᠣᠶᠢᠯᠠᠭᠠᠪᠠ᠃ | ︽ᠶᠠᠪᠤᠶ᠎ᠠ᠂ ᠪᠢᠳᠡ ᠰᠢᠨ ᠯᠢ ᠲᠠᠢ ᠰᠢᠨ᠎ᠡ ᠶᠢᠨ ᠵᠣᠯᠭᠠᠯᠲᠠ ᠬᠢᠬᠦ ᠪᠠᠷ ᠶᠠᠪᠤᠶ᠎ᠠ︕︾ | 1985 ᠣᠨ ᠤ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ᠂ ᠰᠢᠨ᠎ᠡ ᠵᠢᠯ ᠤᠨ | ᠭᠦᠷ ᠬᠥᠭᠵᠢᠶᠡᠨ ᠦᠷᠭᠦᠯᠵᠢᠯᠡᠵᠦ ᠪᠠᠶᠢᠪᠠ᠃ ᠦᠳᠡ ᠶᠢᠨ ᠡᠮᠦᠨᠡᠬᠢ 9 ᠴᠠᠭ ᠭᠠᠷᠤᠢ ᠳᠤ᠂ ᠲᠤᠬᠠᠢ ᠶᠢᠨ | ᠦᠶ᠎ᠡ ᠳᠤ ᠵᠧᠩ ᠳ᠋ᠢᠩ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ | ᠰᠢ ᠶᠢᠨ ᠫᠢᠩ ᠨᠥᠬᠦᠷ ᠰᠢᠶᠠᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠠᠵᠢᠯᠯᠠᠭᠴᠢ ᠯᠢ ᠶᠠ ᠫᠢᠩ ᠢ | ᠳᠠᠭᠤᠳᠠᠵᠤ᠂ ᠮᠠᠰᠢᠨ ᠲᠡᠷᠭᠡ ᠪᠠᠷ ᠳ᠋ᠦᠩ ᠴᠢᠤᠸᠠᠨ ᠴᠧᠩ ᠲᠣᠰᠬᠤᠨ ᠤ ᠵᠠᠩ ᠰᠢᠨ ᠯᠢ ᠶᠢᠨ ᠭᠡᠷ ᠲᠤ ᠭᠦᠷᠪᠠ᠃ | 26 ᠨᠠᠰᠤᠲᠠᠢ ᠵᠠᠩ ᠰᠢᠨ ᠯᠢ ᠤᠤᠯ ᠨᠢ ᠰᠢᠶᠠᠨ ᠤ ᠷᠠᠳᠢᠣ᠋ ᠦᠷᠲᠡᠭᠡ ᠳᠤ ᠠᠵᠢᠯᠯᠠᠵᠤ ᠪᠠᠶᠢᠵᠠᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠳᠤ ᠪᠠᠭ᠋ᠠᠲᠠᠢ᠂ ᠡᠩ ᠤᠨ ᠦᠶ᠎ᠡ ᠳᠡᠭᠡᠨ ᠷᠠᠳᠢᠣ᠋ ᠶᠢᠨ ᠮᠡᠷᠭᠡᠵᠢᠯ ᠢ ᠰᠤᠳᠤᠯᠵᠤ᠂ | ᠮᠡᠷᠭᠡᠵᠢᠯ ᠤᠨ ᠰᠢᠨᠡᠴᠢᠯᠡᠯᠲᠡ ᠪᠠ ᠥᠭᠡᠷᠡᠴᠢᠯᠡᠯᠲᠡ ᠬᠢᠬᠦ ᠳᠤᠷᠠᠲᠠᠢ ᠪᠠᠶᠢᠳᠠᠭ᠃ ᠴᠠᠭ ᠲᠣᠭᠢᠶᠠᠯ ᠢ ᠦᠵᠡᠵᠦ | ᠪᠠᠶᠢᠭᠠᠳ᠂ ᠲᠡᠷᠡ ᠠᠵᠢᠯ ᠢᠶᠠᠨ ᠬᠠᠶᠠᠵᠤ ᠴᠦᠨ ᠭᠤᠸᠠᠩ ᠴᠠᠭᠢᠯᠭᠠᠨ ᠬᠡᠷᠡᠭᠰᠡᠯ ᠤᠨ ᠦᠢᠯᠡᠳᠪᠦᠷᠢ ᠪᠠᠶᠢᠭᠤᠯᠪᠠ᠃ | ︽ᠰᠢ ᠱᠦᠵᠢ᠂ ᠵᠠᠩ ᠰᠢᠨ ᠯᠢ ᠲᠠᠨ ᠠᠴᠠ ᠨᠠᠰᠤ ᠪᠠᠭ᠎ᠠ᠂ ᠲᠠ ᠰᠢᠶᠠᠨ ᠤ ᠨᠠᠮ ᠤᠨ ᠬᠤᠷᠢᠶ᠎ᠠ ᠶᠢᠨ ᠱᠦᠵᠢ | ᠪᠠᠶᠢᠭᠠᠳ ᠶᠠᠭᠠᠬᠢᠭᠠᠳ ᠲᠡᠳᠡᠨ ᠤ ᠬᠢᠨ ᠳᠤ ᠬᠦᠷᠴᠦ ᠰᠢᠨ᠎ᠡ ᠵᠢᠯ ᠤᠨ ᠵᠣᠯᠭᠠᠯᠲᠠ ᠬᠢᠴᠢᠬᠡᠪᠡ︖︾ ᠭᠡᠵᠦ ᠯᠢ ᠶᠠ | ᠫᠢᠩ ᠣᠶᠢᠯᠠᠭᠠᠯ ᠦᠭᠡᠢ ᠠᠰᠠᠭᠤᠪᠠ᠃ | ︽ᠤᠴᠢᠷ ᠨᠢ ᠲᠡᠭᠦᠨ ᠤ ᠡᠨᠡ ᠬᠦ ᠪᠠᠶᠠᠵᠢᠯ ᠤᠨ ᠨᠡᠶᠢᠲᠡᠯᠢᠭ ᠵᠢᠱᠢᠶ᠎ᠡ ᠨᠢ ᠮᠠᠰᠢ ᠤᠳᠬ᠎ᠠ ᠠᠭᠤᠯᠭ᠎ᠠ ᠲᠠᠢ | ᠪᠠᠶᠢᠵᠤ᠂ ᠵᠠᠮ ᠳᠠᠭᠠᠭᠤᠯᠬᠤ᠂ ᠵᠢᠱᠢᠶ᠎ᠡ ᠦᠵᠡᠭᠦᠯᠭᠦ ᠦᠢᠯᠡᠳᠦᠯ ᠦᠵᠡᠭᠦᠯᠵᠦ ᠪᠣᠯᠣᠨ᠎ᠠ︾ ᠭᠡᠵᠦ ᠰᠢ ᠶᠢᠨ ᠫᠢᠩ | ᠨᠥᠬᠦᠷ ᠬᠡᠯᠡᠪᠡ᠃ | ᠳᠡᠭᠡᠷ᠎ᠡ ᠵᠠᠭᠤᠨ ᠤ ᠶᠡᠷᠡᠭᠡᠳ ᠣᠨ ᠳᠤ᠂ ᠹᠦᠵᠢᠶᠠᠨ ᠤ ᠹᠦᠴᠢᠩ ᠬᠤᠳᠠ ᠳᠤ ᠪᠠᠶᠢᠷᠢᠯᠠᠭ᠎ᠠ ᠹᠦ᠋ ᠶᠣᠣ ᠺᠤᠮᠫᠠᠨᠢ | ᠨᠢᠭᠡ ᠪᠦᠯᠦᠭ ᠪᠠᠩᠬᠢ ᠶᠢᠨ ᠵᠢᠭᠡᠯᠡᠯᠭᠡ ᠶᠢ ᠪᠠᠴᠢᠮ ᠬᠡᠷᠡᠭᠰᠡᠬᠦ ᠶᠢᠨ ᠬᠠᠮᠲᠤ ᠬᠤᠪᠢ ᠣᠷᠣᠭᠤᠯᠤᠯᠲᠠ ᠪᠠᠨ ᠭᠠᠷᠭᠠᠵᠤ | ᠨᠢᠭᠡᠨ ᠭᠠᠳᠠᠭᠠᠳᠤ ᠶᠢᠨ ᠠᠵᠤ ᠠᠬᠤᠶᠢᠯᠠᠯ ᠲᠠᠢ ᠬᠠᠮᠲᠤᠷᠠᠨ ᠠᠵᠢᠯᠯᠠᠬᠤ ᠭᠡᠰᠡᠨ ᠳᠤ ᠶᠡᠷᠦ ᠠᠴᠠ ᠵᠥᠪᠰᠢᠶᠡᠷᠡᠯ | ᠣᠯᠣᠭᠰᠠᠨ ᠦᠭᠡᠢ᠃ ᠲᠤᠬᠠᠢ ᠶᠢᠨ ᠦᠶ᠎ᠡ ᠶᠢᠨ ᠹᠦᠴᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠭᠰᠠᠨ | ᠯᠢᠶᠠᠨ ᡁᠢ ᠰᠢᠤᠸᠠᠨ ᠪᠠᠶᠢᠳᠠᠯ ᠢ ᠮᠡᠳᠡᠭᠰᠡᠨ ᠤ ᠳᠠᠷᠠᠭ᠎ᠠ᠂ ᠲᠤᠬᠠᠢ ᠶᠢᠨ ᠦᠶ᠎ᠡ ᠶᠢᠨ ᠹᠦᠵᠧᠦ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠠᠴᠠ ᠵᠢᠭᠠᠪᠤᠷᠢ ᠠᠪᠤᠪᠠ᠃ | ᠰᠢ ᠶᠢᠨ ᠫᠢᠩ ᠨᠥᠬᠦᠷ᠄ ︽ᠲᠠ ᠨᠠᠷ ᠦᠵᠡᠯ ᠰᠠᠨᠠᠭ᠎ᠠ ᠪᠠᠨ ᠴᠢᠯᠦᠭᠡᠯᠡᠬᠦ ᠬᠡᠷᠡᠭᠲᠡᠢ᠂ ᠣᠳᠣᠬᠠᠨ ᠤ ᠪᠠᠶᠢᠭ᠎ᠠ | ᠠᠵᠤ ᠠᠬᠤᠶᠢᠯᠠᠯ ᠢᠶᠠᠨ ᠰᠠᠶᠢᠲᠤᠷ ᠡᠷᠭᠢᠯᠡᠭᠦ ᠪᠣᠯ ᠬᠠᠮᠤᠭ ᠤᠨ ᠰᠠᠶᠢᠨ ᠠᠷᠠᠯᠵᠢᠶᠠᠴᠢᠨ ᠤᠷᠢᠬᠤ ᠶᠠᠪᠤᠳᠠᠯ ᠮᠥᠨ᠂ | ᠲᠡᠭᠦᠨ ᠢ ᠪᠦᠭᠦ ᠬᠦᠴᠦ ᠪᠠᠷ ᠢᠶᠠᠨ ᠳᠡᠮᠵᠢᠬᠦ ᠬᠡᠷᠡᠭᠲᠡᠢ︾ ᠭᠡᠵᠦ ᠲᠡᠷᠡ ᠳᠠᠷᠤᠢ ᠳᠤᠨᠢ ᠢᠯᠡᠳᠬᠡᠪᠡ᠃ | ᠰᠢ ᠶᠢᠨ ᠫᠢᠩ ᠨᠥᠬᠦᠷ ᠤᠨ ᠵᠢᠭᠠᠪᠤᠷᠢ ᠪᠠᠷ ᠹᠦᠴᠢᠩ ᠬᠤᠲᠠ ᠶᠢᠨ ᠬᠢᠨ ᠹᠦ᠋ ᠶᠣᠣ ᠺᠤᠮᠫᠠᠨᠢ ᠶᠢ ᠬᠦᠴᠦᠲᠡᠢ | ᠳᠡᠮᠵᠢᠪᠡ᠃ 1996 ᠣᠨ ᠤ 3 ᠰᠠᠷ᠎ᠠ ᠳᠤ᠂ ᠹᠦ᠋ ᠶᠣᠣ ᠰᠠᠨᠠᠭᠰᠠᠨ ᠶᠣᠰᠣᠭᠠᠷ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠲᠠᠲᠠᠵᠤ᠂ ᠨᠢᠭᠡ ᠳ᠋ᠦᠩᠰᠢᠭᠤᠷ ᠭᠠᠷᠤᠢ ᠲᠥᠭᠦᠷᠢᠭ ᠤᠨ ᠵᠢᠭᠡᠯᠡᠯᠭᠡ | ᠳᠠᠭᠠᠯᠳᠤᠨ ᠢᠷᠡᠵᠦ᠂ ᠪᠡᠯᠡ ᠮᠥᠩᠭᠦᠨ ᠤ ᠬᠢᠮᠤᠷᠠᠯ ᠢ ᠰᠢᠢᠳᠪᠦᠷᠢᠯᠡᠪᠡ᠃ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠯᠢᠶᠠᠨ ᡁᠢ ᠰᠢᠤᠸᠠᠨ᠄ ︽ᠰᠢ ᠶᠢᠨ ᠫᠢᠩ ᠨᠥᠬᠦᠷ ᠶᠠᠮᠠᠷ ᠴᠤ | ᠬᠤᠪᠢ ᠶᠢᠨ ᠰᠢᠨᠤᠯ ᠠᠰᠢᠭ ᠭᠡᠵᠦ ᠦᠭᠡᠢ᠂ ᠵᠣᠷᠢᠭᠲᠠᠢ ᠪᠠᠷ ᠴᠢᠷᠮᠠᠶᠢᠨ ᠠᠵᠢᠯᠯᠠᠳᠠᠭ᠃ ᠲᠡᠷᠡ ᠬᠤᠳᠠᠯᠳᠤᠭᠠᠴᠢᠨ ᠢ | ᠲᠦᠢᠯ ᠢᠶᠠᠷ ᠳᠣᠲᠣᠨᠣᠴᠢᠯᠠᠵᠤ᠂ ᠪᠢᠳᠡᠨ ᠢ ᠬᠤᠳᠠᠯᠳᠤᠭᠠᠴᠢᠨ ᠢ ᠳᠣᠲᠣᠨᠣᠴᠢᠯᠠᠬᠤ ᠮᠥᠷᠲᠡᠭᠡᠨ ᠪᠠᠰᠠ | ᠬᠤᠳᠠᠯᠳᠤᠭᠠᠴᠢᠨ ᠢ ᠪᠠᠶᠠᠵᠢᠭᠤᠯᠵᠤ᠂ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂ ᠠᠵᠤ ᠠᠬᠤᠶᠢᠯᠠᠯ ᠳᠤ | ᠵᠣᠭᠤᠰ ᠣᠯᠭᠤᠬᠤ ᠬᠡᠷᠡᠭᠲᠡᠢ ᠭᠡᠵᠦ ᠱᠠᠭᠠᠷᠳᠠᠵᠤ᠂ ᠢᠩᠭᠢᠪᠡᠯ ᠰᠠᠶ᠋ᠢ ᠨᠡᠩ ᠤᠯᠠᠨ ᠠᠵᠤ ᠠᠬᠤᠶᠢᠯᠠᠯ ᠢ ᠲᠠᠳᠠᠨ | ᠠᠪᠴᠢᠷᠠᠵᠤ ᠴᠢᠳᠠᠨ᠎ᠠ︾ ᠭᠡᠵᠦ ᠰᠡᠳᠬᠢᠯ ᠬᠥᠳᠡᠯᠦᠨ ᠬᠡᠯᠡᠪᠡ᠃ | ︽ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠤᠯᠠᠮ ᠨᠢᠭᠡ ᠠᠯᠬᠤᠮ | ᠪᠠᠶᠢᠭᠤᠯᠬᠤ ᠬᠡᠷᠡᠭᠲᠡᠢ︾᠃ ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠡᠯ᠎ᠡ | ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠳᠠᠬᠢᠨᠲᠠ | ᠴᠢᠬᠤᠯᠠᠴᠢᠯᠠᠪᠠ᠃ | ᠳᠣᠲᠣᠨᠣ ᠪᠥᠭᠡᠳ ᠴᠢᠬᠡᠴᠢ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠬᠤ ᠶᠢᠨ | ᠵᠠᠩᠭᠢᠯᠠᠭ᠎ᠠ ᠨᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ | ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠦᠨᠡᠨ ᠬᠦ | ᠰᠢᠢᠳᠪᠦᠷᠢᠯᠡᠵᠦ ᠥᠭᠬᠦ ᠳᠤ ᠪᠠᠶᠢᠨ᠎ᠠ᠃ | 2007 ᠣᠨ ᠤ 9 ᠰᠠᠷ᠎ᠠ ᠶᠢᠨ 4 ᠤ ᠡᠳᠦᠷ᠂ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ | ᠪᠠᠶᠢᠭᠰᠠᠨ ᠰᠢ ᠶᠢᠨ ᠫᠢᠩ ᠨᠥᠬᠦᠷ ᠫᠦᠲ᠋ᠦ᠋ᠸᠧ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠫᠦᠲ᠋ᠦ᠋ᠸᠧ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠢᠭᠡ ᠶᠡᠭᠡ ᠣᠨᠴᠠᠯᠢᠭ ᠪᠣᠯ | ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠨᠢ ᠨᠢᠭᠡᠨᠲᠡ ᠣᠷᠣᠨ | ᠪᠦᠰᠡ ᠶᠢᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠭᠤᠣᠯ ᠬᠦᠴᠦᠨ ᠪᠣᠯᠪᠠ᠃ | ᠰᠢ ᠶᠢᠨ ᠫᠢᠩ ᠨᠥᠬᠦᠷ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠫᠦᠲ᠋ᠦ᠋ᠸᠧ ᠲᠣᠭᠤᠷᠢᠭ | ᠵᠠᠬ᠎ᠠ ᠳᠡᠯᠭᠡᠭᠦᠷ ᠤᠨ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠦᠴᠦᠯᠡᠨ ᠪᠤᠢ ᠪᠤᠯᠭᠠᠬᠤ ᠬᠡᠷᠡᠭᠲᠡᠢ᠃ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠬᠤᠯᠪᠤᠭ᠎ᠠ ᠶᠢ ᠴᠢᠩᠭᠠᠳᠬᠠᠵᠤ᠂ ᠠᠷᠭ᠎ᠠ ᠬᠡᠮᠵᠢᠶ᠎ᠡ ᠠᠪᠴᠤ | ᠪᠠᠶᠢᠭᠠᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠪᠣᠭᠤᠮᠢ ᠶᠢ ᠰᠤᠯᠠᠷᠠᠭᠤᠯᠵᠤ | ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠯ᠎ᠡ ᠲᠦᠷᠦᠯ ᠤᠨ ᠳᠡᠭᠡᠳᠦ ᠲᠡᠰ ᠳᠠᠪᠬᠤᠷᠭ᠎ᠠ ᠶᠢᠨ᠂ | ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠥᠨᠳᠥᠷ ᠪᠦᠲᠦᠮᠵᠢᠲᠡᠢ ᠴᠢᠨᠠᠷ ᠰᠠᠶᠢᠲᠠᠢ | ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠡᠷᠡᠭᠲᠡᠢ᠂ ᠪᠠᠰᠠ ︽ᠠᠷᠠᠳ ᠠᠴᠠ ᠡᠷᠭᠢᠯᠡᠭᠰᠡᠨ᠂ ᠠᠯᠪᠠᠨ ᠠᠴᠠ | ᠲᠤᠰᠠᠯᠠᠭᠰᠠᠨ᠂ ᠨᠠᠮ ᠠᠴᠠ ᠤᠳᠤᠷᠢᠳᠤᠭᠰᠠᠨ︾ ᠨᠢᠭᠡ ᠪᠦᠯᠦᠭ ᠬᠤᠳᠠᠯᠳᠤᠭᠠᠴᠢᠳ ᠤᠨ ᠡᠪᠯᠡᠯ᠂ ᠠᠵᠢᠯ | ᠲᠦᠷᠦᠯ ᠤᠨ ᠨᠡᠶᠢᠭᠡᠮᠯᠢᠭ ᠢ ᠬᠥᠭᠵᠢᠭᠦᠯᠬᠦ ᠬᠡᠷᠡᠭᠲᠡᠢ ᠭᠡᠵᠦ ᠬᠡᠯᠡᠪᠡ᠃ | ᠲᠡᠷᠡ ᠶᠠᠪᠤᠬᠤ ᠠᠴᠠ ᠪᠠᠨ ᠡᠮᠦᠨ᠎ᠡ ᠲᠤᠰ ᠲᠣᠭᠤᠷᠢᠭ ᠤᠨ ᠺᠠᠳ᠋ᠷᠴᠤᠳ ᠲᠤ᠄ ︽ᠱᠠᠩᠬᠠᠢ ᠶᠢᠨ ︿ᠰᠢ ᠳ᠋ᠠ ᠲᠠᠩ | ﹀ ᠤᠨ ᠳᠠᠪᠠᠭᠤᠯᠢᠭ ᠪᠠ ᠣᠨᠴᠠᠯᠢᠭ ᠢ ᠠᠰᠢᠭᠯᠠᠵᠤ᠂ ᠲᠥᠪᠯᠡᠷᠡᠭᠰᠡᠨ ᠮᠠᠶ᠋ᠢᠭ ᠤᠨ᠂ ᠦᠢᠯᠡᠴᠢᠯᠡᠭᠡᠨ ᠤ ᠴᠢᠨᠠᠷᠲᠠᠢ᠂ | ᠳᠡᠭᠡᠳᠦ ᠲᠡᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠶᠢ ᠭᠤᠣᠯᠳᠠᠯᠭ᠎ᠠ ᠲᠠᠢ ᠬᠥᠲᠥᠯᠥᠨ | ᠵᠢᠯᠤᠭᠤᠳᠴᠤ᠂ ᠱᠠᠩᠬᠠᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠭᠤᠣᠯᠯᠠᠭᠴᠢ ᠥᠷᠢᠰᠦᠯᠳᠦᠬᠦ | ᠬᠦᠴᠦᠨ ᠢ ᠳᠡᠭᠡᠭᠰᠢᠯᠡᠭᠦᠯᠭᠦ ᠳᠤ ᠬᠤᠪᠢ ᠨᠡᠮᠡᠷᠢ ᠦᠵᠡᠭᠦᠯᠭᠦ ᠬᠡᠷᠡᠭᠲᠡᠢ︾ ᠭᠡᠵᠦ ᠵᠠᠬᠢᠪᠠ᠃ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠠᠮᠵᠢᠯᠴᠠᠨ ᠬᠦᠴᠦᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ | ᠶᠡᠷᠦᠩᠬᠡᠢ ᠱᠦᠵᠢ ᠰᠢ ᠶᠢᠨ ᠫᠢᠩ᠂ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠲᠠᠰᠤᠷᠠᠯᠲᠠ | ᠦᠭᠡᠢ ᠨᠠᠩ ᠰᠠᠶᠢᠨ ᠬᠥᠭᠵᠢᠯᠲᠡ ᠶᠢᠨ ᠣᠷᠴᠢᠨ ᠨᠥᠬᠦᠴᠡᠯ ᠢ ᠪᠤᠶ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠶᠢ ᠳᠡᠮᠵᠢᠵᠦ᠂ ᠳᠠᠷᠤᠯᠲᠠ ᠶᠢ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠡᠬᠢ | ᠪᠤᠯᠠᠭ ᠢ ᠭᠦᠢᠴᠡᠳ ᠤᠨᠳᠤᠷᠤᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | 2021 ᠣᠨ ᠤ 4 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠳᠤ ᠰᠢᠨᠵᠢᠯᠡᠨ | ᠪᠠᠶᠢᠴᠠᠭᠠᠬᠤ ᠳᠠᠭᠠᠨ᠂ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠤᠨ ᠦᠢᠯᠡᠳᠪᠦᠷᠢᠯᠡᠯ ᠤᠨ | ᠲᠥᠪᠯᠡᠷᠡᠭᠰᠡᠨ ᠣᠷᠣᠨ ᠳᠤ ᠢᠷᠡᠪᠡ᠃ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ | ᠣᠶᠢᠷ᠎ᠠ ᠶᠢᠨ ᠵᠢᠯ ᠠᠴᠠ ᠯᠢᠦ ᠵᠧᠦ ᠶᠢᠨ ᠭᠤᠣᠯ ᠤᠨ ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ᠂ | ᠬᠡᠪᠴᠢᠶᠡᠵᠢᠭᠦᠯᠬᠦ᠂ ᠲᠦᠷᠦᠯ ᠲᠡᠮᠳᠡᠭᠵᠢᠭᠦᠯᠬᠦ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ ᠭᠡᠪᠡ᠃ | ᠶᠡᠷᠦᠩᠬᠡᠢ ᠱᠦᠵᠢ ᠰᠢ ᠶᠢᠨ ᠫᠢᠩ ᠭᠤᠸᠠᠩᠰᠢ ᠶᠢᠨ ᠱᠠᠨ ᠶᠤᠸᠠᠨ ᠢᠳᠡᠭᠡᠨ ᠤ ᠬᠢᠵᠠᠭᠠᠷᠲᠤ ᠺᠤᠮᠫᠠᠨᠢ ᠳᠤ | ᠬᠦᠷᠴᠦ᠂ ᠲᠥᠪ ᠦᠢᠯᠡᠳᠭᠡᠪᠦᠷᠢ ᠠᠴᠠ ᠪᠣᠭᠤᠳᠠᠯᠯᠠᠬᠤ ᠲᠠᠰᠤᠭ ᠭᠦᠷᠲᠡᠯ᠎ᠡ᠂ ᠭᠤᠣᠯ ᠤᠨ ᠲᠤᠩ ᠤᠨ | ᠹᠧᠨᠲ᠋ᠢᠶᠣᠤᠷ ᠤᠨ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠶᠡᠷᠦᠩᠬᠡᠢ ᠱᠦᠵᠢ᠂ ᠭᠤᠣᠯ ᠤᠨ | ᠲᠤᠩ ᠤᠨ ᠹᠧᠨᠲ᠋ᠢᠶᠣᠤᠷ ᠢ ᠠᠵᠤ ᠦᠢᠯᠡᠰᠵᠢᠭᠦᠯᠬᠦ ᠶᠠᠪᠤᠴᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠮᠢᠳᠤᠯᠢᠭ᠂ | ᠵᠣᠷᠢᠭᠲᠠᠢ ᠪᠠᠷ ᠤᠷᠤᠭᠰᠢᠯᠠᠪᠠ᠃ ᠪᠢᠳᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ | ᠵᠣᠷᠢᠭᠵᠢᠭᠤᠯᠵᠤ᠂ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ | ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠲᠥᠭᠡᠷᠢᠭᠳᠡᠯ ᠳᠤ ᠤᠴᠠᠷᠠᠭᠰᠠᠨ ᠦᠶ᠎ᠡ ᠳᠤ ᠵᠢᠯᠣᠭᠤᠳᠤᠯᠭ᠎ᠠ | ᠥᠭᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠠᠨᠠᠭ᠎ᠠ ᠠᠮᠤᠷ ᠵᠣᠷᠢᠭᠲᠠᠢ ᠬᠥᠭᠵᠢᠬᠦ ᠶᠢ ᠬᠦᠰᠡᠵᠦ | ᠪᠠᠶᠢᠨ᠎ᠠ ᠭᠡᠵᠦ ᠵᠢᠭᠠᠵᠤ ᠭᠠᠷᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠭᠡᠷᠡᠴᠢᠯᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠳᠡᠮᠵᠢᠨ᠂ ᠮᠠᠨ ᠤ ᠤᠯᠤᠰ ᠥᠮᠴᠢᠯᠡᠯ ᠤᠨ ᠡᠷᠬᠡ ᠶᠢᠨ ᠬᠠᠮᠠᠭᠠᠯᠠᠯᠲᠠ᠂ ᠵᠠᠬ᠎ᠠ ᠳᠡᠯᠭᠡᠭᠦᠷ ᠲᠤ | ᠣᠷᠣᠬᠤ ᠵᠥᠪᠰᠢᠶᠡᠷᠡᠯ᠂ ᠲᠥᠪ ᠭᠤᠤᠯᠴᠢ ᠥᠷᠢᠰᠦᠯᠳᠦᠭᠡᠨ᠂ ᠨᠡᠶᠢᠭᠡᠮ ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ ᠤᠨ | ᠠᠵᠤ ᠠᠬᠤᠢ ᠶᠢᠨ ᠰᠠᠭᠤᠷᠢ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠪᠣᠯᠣᠨ ᠳᠣᠲᠣᠭᠠᠳᠤ ᠬᠥᠳᠡᠯᠭᠡᠬᠦ | ᠬᠦᠴᠦᠨ ᠢ ᠭᠦᠢᠴᠡᠳ ᠬᠥᠭᠵᠢᠭᠡᠪᠡ᠃ | ᠨᠡᠩ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠄ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢ ᠠᠬᠢᠭᠤᠯᠬᠤ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠪᠠᠶᠢᠭᠤᠯᠤᠯ ᠪᠣᠯᠣᠨ ᠬᠠᠤᠯᠢ | ᠴᠠᠭᠠᠵᠠ ᠶᠢᠨ ᠲᠠᠯ᠎ᠠ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠥᠮᠴᠢᠯᠡᠯ ᠤᠨ ᠠᠵᠤ ᠠᠬᠤᠢ ᠶᠢᠨ ᠥᠮᠴᠢᠯᠡᠯ ᠤᠨ ᠡᠷᠬᠡ ᠪᠣᠯᠣᠨ ᠬᠠᠤᠯᠢ ᠶᠣᠰᠣᠨ ᠤ ᠠᠰᠢᠭ ᠲᠤᠰᠠ ᠳᠤ | ᠬᠠᠯᠳᠠᠭᠰᠠᠨ ᠠᠵᠢᠯᠯᠠᠭ᠎ᠠ ᠳᠤ ᠠᠳᠠᠯᠢ ᠬᠠᠷᠢᠭᠤᠴᠠᠯᠭ᠎ᠠ ᠡᠭᠦᠷᠭᠡᠯᠡᠬᠦ ᠠᠳᠠᠯᠢ ᠶᠠᠯ᠎ᠠ ᠲᠣᠭᠲᠠᠭᠠᠬᠤ ᠠᠳᠠᠯᠢᠬᠠᠨ | ᠰᠢᠢᠳᠬᠡᠬᠦ ᠶᠢ ᠭᠡᠷᠡᠭᠵᠢᠭᠦᠯᠪᠡ︔ | ᠨᠠᠩ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠪᠠ᠄ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ | ᠣᠷᠣᠭᠤᠯᠬᠤ ᠪᠠᠬᠢᠯᠡᠯᠲᠡ ᠶᠢ ᠭᠦᠨᠵᠡᠭᠡᠢ ᠡᠪᠳᠡᠵᠦ᠂ ᠨᠡᠭᠡᠭᠡᠯᠲᠡ ᠲᠠᠢ ᠪᠥᠭᠡᠳ ᠢᠯᠡ ᠲᠣᠳᠣ᠂ ᠵᠢᠷᠤᠮᠵᠢᠭᠤᠨ | ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ | ᠬᠠᠮᠢᠶᠠᠷᠤᠯᠲᠠ ᠬᠦᠴᠦᠲᠡᠢ ᠵᠠᠬ᠎ᠠ ᠳᠡᠯᠭᠡᠭᠦᠷ ᠲᠤ ᠵᠥᠪᠰᠢᠶᠡᠷᠡᠨ ᠤᠷᠤᠭᠤᠯᠬᠤ ᠪᠠᠶᠢᠭᠤᠯᠤᠯ ᠤᠨ ᠰᠢᠰᠲ᠋ᠧᠮ ᠢ | ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠳᠡᠯᠡᠬᠡᠶᠢᠴᠢᠯᠡᠭᠰᠡᠨ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠪᠠ︔ | ᠨᠠᠩ ᠲᠡᠭᠦᠯᠳᠡᠷᠵᠢᠭᠰᠡᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠪᠠ᠄ ᠠᠷᠠᠳ ᠤᠨ ᠡᠵᠡᠩᠨᠡᠯᠲᠡ ᠶᠢᠨ | ᠠᠵᠤ ᠠᠬᠤᠢ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠠ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷᠲᠠᠢ ᠦᠨᠡᠯᠡᠨ ᠵᠢᠱᠢᠯᠲᠡ ᠶᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ | ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ | ᠰᠢᠢᠳᠪᠦᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠦᠷ᠎ᠡ ᠪᠦᠳᠦᠮᠵᠢᠳᠡᠢ ᠵᠠᠰᠠᠭ | ᠣᠷᠳᠣᠨ ᠪᠣᠯᠣᠨ ᠦᠷ᠎ᠡ ᠪᠦᠲᠦᠮᠵᠢᠲᠡᠶ ᠵᠠᠬ᠎ᠠ ᠳᠡᠯᠭᠡᠭᠦᠷ ᠢ ᠨᠠᠩ ᠰᠠᠶᠢᠨ ᠤᠶᠠᠯᠳᠤᠭᠤᠯᠬᠤ ᠶᠢ ᠠᠬᠢᠭᠤᠯᠵᠤ᠂ | ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠪᠠ︔ | ᠁ | ᠡᠨᠡ ᠤᠳᠠᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ | ᠣᠳᠣᠬᠠᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠰᠬᠠᠯ ᠨᠡᠯᠢᠶᠡᠳ ᠲᠥᠪᠯᠡᠷᠡᠵᠦ ᠪᠠᠶᠢᠭ᠎ᠠ ᠵᠠᠷᠢᠮ | ᠠᠰᠠᠭᠤᠳᠠᠯ ᠳᠤ ᠴᠢᠭᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ᠂ ᠦᠢᠯᠡᠳᠪᠦᠷᠢᠯᠡᠯ ᠤᠨ ᠡᠯᠧᠮᠧᠨ᠋ᠲ ᠢ ᠬᠠᠤᠯᠢ | ᠶᠣᠰᠣᠭᠠᠷ ᠡᠷᠬᠡ ᠲᠡᠭᠰᠢ ᠪᠠᠷ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ | ᠡᠯ᠎ᠡ ᠵᠦᠢᠯ ᠤᠨ ᠬᠠᠷᠰᠢ ᠰᠠᠭᠠᠳ ᠢ ᠡᠷᠡᠰ ᠠᠷᠢᠯᠭᠠᠵᠤ᠂ ᠰᠠᠭᠤᠷᠢ ᠲᠥᠬᠦᠭᠡᠷᠦᠮᠵᠢ ᠶᠢᠨ ᠥᠷᠢᠰᠦᠯᠳᠦᠭᠡᠨ ᠤ | ᠴᠢᠨᠠᠷᠲᠠᠢ ᠬᠦᠷᠢᠶ᠎ᠡ ᠶᠢ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠲᠡᠶᠢᠰᠢ ᠡᠷᠬᠡ ᠲᠡᠭᠰᠢ ᠪᠠᠷ | ᠨᠡᠭᠡᠭᠡᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ | ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠦᠷᠭᠦᠯᠵᠢᠯᠡᠨ ᠶᠡᠭᠡ | ᠬᠦᠴᠦ ᠣᠷᠣᠭᠤᠯᠤᠨ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ | ᠪᠠᠶᠢᠭ᠎ᠠ ᠲᠠᠩᠰᠠᠨ ᠳᠠᠬᠢ ᠵᠣᠭᠤᠰ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ | ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠶᠢ | ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ | ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠬᠤ ᠪᠣᠯ ᠣᠳᠣᠬᠠᠨ ᠤ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠪᠣᠯᠣᠨ᠎ᠠ᠃ ᠨᠠᠮ ᠤᠨ ᠲᠥᠪ | ᠬᠤᠷᠢᠶ᠎ᠠ ᠠᠴᠠ ᠲᠣᠭᠲᠠᠭᠠᠭᠰᠠᠨ ᠵᠦᠢᠯ ᠢ ᠡᠷᠡᠰ ᠬᠡᠷᠡᠭᠵᠢᠭᠦᠯᠵᠦ᠂ ᠤᠤᠯ ᠬᠡᠪ ᠢᠶᠠᠷ ᠨᠢ ᠬᠡᠷᠡᠭᠵᠢᠭᠦᠯᠬᠦ ᠬᠡᠷᠡᠭᠲᠡᠢ︾ | ᠭᠡᠵᠦ ᠶᠡᠷᠦᠩᠬᠡᠢ ᠱᠦᠵᠢ ᠰᠢ ᠶᠢᠨ ᠫᠢᠩ ᠭᠤᠣᠯᠳᠠᠯᠭ᠎ᠠ ᠲᠠᠢ ᠴᠢᠬᠤᠯᠠᠴᠢᠯᠠᠪᠠ᠃ | ︵ᠭᠤᠷᠪᠠ︶ ︽ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠭᠤᠣᠯ | ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠦᠨ᠎ᠡ︾ | 2019 ᠣᠨ ᠤ 3 ᠰᠠᠷ᠎ᠠ ᠶᠢᠨ 10 ᠤ ᠦᠳᠡ ᠶᠢᠨ ᠬᠤᠶᠢᠨ᠎ᠠ᠂ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠹᠦᠵᠢᠶᠠᠨ ᠤ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠪᠠ᠃ | ︽︿ᠵᠢᠨᠵᠢᠶᠠᠩ ᠤᠨ ᠲᠤᠷᠰᠢᠯᠭ᠎ᠠ﹀ ᠪᠣᠯ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ | ᠴᠢᠬᠤᠯᠠ ᠡᠷᠳᠡᠨᠢ ᠮᠥᠨ᠂ ᠪᠢᠳᠡ ᠪᠣᠯ ︿ᠵᠢᠨᠵᠢᠶᠠᠩ ᠤᠨ ᠲᠤᠷᠰᠢᠯᠭ᠎ᠠ﹀ ᠶᠢᠨ ᠦᠢᠯᠡᠳᠦᠯᠭᠡᠵᠢᠭᠦᠯᠦᠭᠴᠢ᠂ ᠠᠰᠢᠭ | ᠭᠦᠷᠳᠡᠭᠴᠢ ᠮᠥᠨ ᠁︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠳᠡᠭᠡᠳᠦ ᠲᠡᠰ ᠤᠨ | ᠡᠭᠦᠳᠦᠯᠲᠡ ᠲᠡᠶᠢᠰᠢ ᠤᠷᠤᠭᠰᠢᠯᠠᠬᠤ ᠳᠤ ᠦᠨᠳᠦᠰᠦᠨ ᠭᠠᠷᠬᠤ ᠵᠠᠮ ᠨᠢ ᠰᠢᠨ᠎ᠡ ᠶᠢ ᠡᠭᠦᠳᠬᠦ ᠳᠤ ᠪᠠᠶᠢᠨ᠎ᠠ︾ ᠭᠡᠵᠦ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠠᠨ ᠲᠠ | ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠳ᠋ᠢᠩ ᠱᠢ ᠵᠦᠩ ᠭᠦᠨ ᠲᠥᠷᠥᠭᠳᠡᠯ ᠲᠠᠢ | ᠬᠡᠯᠡᠪᠡ᠃ | ︽ᠲᠤᠬᠠᠢ ᠶᠢᠨ ᠦᠶ᠎ᠡ ᠳᠤ᠂ ᠡᠨᠡ ᠨᠡᠷ᠎ᠡ ᠶᠢ ᠶᠠᠭᠠᠬᠢᠵᠤ ᠥᠭᠭᠦᠭᠰᠡᠨ ᠪᠤᠢ︖︾ ᠭᠡᠵᠦ ᠶᠡᠷᠦᠩᠬᠡᠢ ᠱᠦᠵᠢ | ᠠᠰᠠᠭᠤᠪᠠ᠃ | ︽︿ᠠᠨ ᠲᠠ﹀ ᠶᠢᠨ ᠤᠳᠬ᠎ᠠ ᠨᠢ ᠰᠡᠳᠬᠢᠯ ᠰᠢᠭᠤᠳᠤᠨ ᠦᠢᠯᠡᠰ ᠪᠣᠰᠬᠠᠵᠤ᠂ ᠯᠠᠪᠳᠠᠭᠤᠨ ᠪᠠᠲᠤᠲᠠᠢ ᠬᠥᠮᠥᠨ | ᠪᠤᠯᠬᠤ ᠶᠢ ᠬᠡᠯᠡᠵᠦ ᠪᠤᠢ︾ ᠭᠡᠵᠦ ᠳ᠋ᠢᠩ ᠱᠢ ᠵᠦᠩ ᠬᠠᠷᠢᠭᠤᠯᠪᠠ᠃ | ︽ᠠᠵᠤ ᠠᠬᠤᠶᠢᠯᠠᠯ ᠡᠷᠭᠢᠯᠡᠭᠦ᠂ ᠠᠵᠢᠯ ᠦᠢᠯᠡᠰ ᠪᠣᠰᠬᠠᠬᠤ ᠨᠢ ᠵᠥᠪᠭᠡᠨ ᠬᠡᠳᠦᠨ ᠵᠣᠭᠤᠰ ᠯᠡ ᠣᠯᠬᠤ | ᠠᠰᠠᠭᠤᠳᠠᠯ ᠪᠢᠰᠢ᠃ ᠵᠥᠪᠭᠡᠨ ᠵᠣᠭᠤᠰ ᠣᠯᠬᠤ ᠶᠢᠨ ᠲᠥᠯᠥᠭᠡ ᠬᠢᠪᠡᠯ ᠨᠢᠭᠡ ᠶᠢ ᠦᠵᠡᠪᠡᠯ ᠨᠦᠭᠦᠭᠡ ᠪᠠᠨ ᠬᠠᠶᠠᠬᠤ | ᠶᠠᠪᠤᠳᠠᠯ ᠭᠠᠷᠤᠨ᠎ᠠ᠃ ᠪᠣᠳᠠᠲᠤ ᠴᠣᠭᠴᠠ ᠶᠢᠨ ᠠᠵᠤ ᠠᠬᠤᠢ ᠡᠷᠭᠢᠯᠡᠭᠦ ᠳᠤ ᠦᠨᠡᠨ ᠪᠣᠳᠠᠲᠠᠢ ᠪᠠᠶᠢᠵᠤ᠂ ᠨᠢᠭᠡ | ᠰᠡᠳᠬᠢᠯ ᠨᠢᠭᠡ ᠵᠣᠷᠢᠭ ᠢᠶᠠᠷ ᠭᠤᠣᠯ ᠠᠵᠢᠯ ᠢᠶᠠᠨ ᠬᠢᠬᠦ ᠬᠡᠷᠡᠭᠲᠡᠢ᠂ ᠡᠨᠡ ᠪᠣᠯ ᠡᠭᠦᠷᠭᠡ ᠬᠠᠷᠢᠭᠤᠴᠠᠯᠭ᠎ᠠ ᠮᠥᠨ︾ | ᠭᠡᠬᠦ ᠶᠡᠷᠦᠩᠬᠡᠢ ᠱᠦᠵᠢ ᠰᠢ ᠶᠢᠨ ᠫᠢᠩ ᠤᠨ ᠦᠭᠡ ᠦᠨᠡᠨᠴᠢ ᠰᠡᠳᠬᠢᠯᠭᠡ ᠭᠦᠨ ᠪᠠᠶᠢᠪᠠ᠃ | ᠵᠢᠨᠵᠢᠶᠠᠩ ᠢ ᠶᠡᠷᠦᠩᠬᠡᠢ ᠱᠦᠵᠢ ᠰᠢ ᠶᠢᠨ ᠫᠢᠩ ᠰᠠᠶᠢᠨ ᠮᠡᠳᠡᠨ᠎ᠡ᠃ ᠹᠦᠵᠢᠶᠠᠨ ᠮᠤᠵᠢ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ ᠪᠠ ᠹᠦᠵᠢᠶᠠᠨ ᠮᠤᠵᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ | ᠵᠢᠷᠭᠤᠭᠠᠨ ᠵᠢᠯ ᠤᠨ ᠳᠣᠲᠣᠷ᠎ᠠ᠂ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠶᠡᠨᠲᠡᠢ ᠪᠠᠶᠢᠭ᠎ᠠ | ᠵᠢᠨᠵᠢᠶᠠᠩ ᠳᠤ ᠲᠤᠯᠤᠭ᠎ᠠ ᠤᠳᠠᠭ᠎ᠠ ᠬᠦᠷᠴᠦ ᠪᠠᠶᠢᠴᠠᠭᠠᠨ ᠰᠤᠳᠤᠯᠤᠯᠲᠠ ᠬᠢᠵᠦ᠂ ︽ᠵᠢᠨᠵᠢᠶᠠᠩ ᠤᠨ ᠲᠤᠷᠰᠢᠯᠭ᠎ᠠ︾ | ᠶᠢ ᠳ᠋ᠦᠩᠨᠡᠨ ᠳᠡᠯᠭᠡᠷᠡᠭᠦᠯᠪᠡ᠃ | ︽ᠠᠵᠤ ᠠᠬᠤᠶᠢᠯᠠᠯ ᠳᠤ ᠣᠴᠢᠬᠤ ᠪᠣᠯᠭᠠᠨ᠂ ᠲᠡᠷᠡ ᠪᠦᠷ ᠰᠢᠨ᠎ᠡ ᠮᠡᠷᠭᠡᠵᠢᠯ ᠢ ᠣᠷᠣᠭᠤᠯᠤᠭᠰᠠᠨ ᠡᠰᠡᠬᠦ᠂ | ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠦᠭᠰᠡᠨ ᠡᠰᠡᠬᠦ᠂ ᠵᠠᠬ᠎ᠠ ᠳᠡᠯᠭᠡᠭᠦᠷ ᠢ ᠬᠡᠷᠬᠢᠨ ᠨᠡᠭᠡᠭᠡᠭᠰᠡᠨ᠂ ᠠᠵᠤ | ᠠᠬᠤᠶᠢᠯᠠᠯ ᠢᠶᠠᠨ ᠬᠡᠷᠬᠢᠨ ᠪᠤᠵᠠᠭᠠᠶᠢᠷᠠᠭᠤᠯᠵᠤ ᠳᠡᠶᠢᠯᠭᠦ᠂ ᠶᠠᠮᠠᠷ ᠶᠠᠮᠠᠷ ᠬᠦᠴᠢᠷᠳᠡᠯ ᠣᠷᠣᠰᠢᠵᠤ ᠪᠠᠶᠢᠬᠤ ᠶᠢ ᠨᠠᠷᠢᠨ | ᠯᠠᠪᠯᠠᠨ ᠠᠰᠠᠭᠤᠳᠠᠭ᠃ ᠲᠡᠷᠡ ᠠᠵᠤ ᠠᠬᠤᠶᠢᠯᠠᠯ ᠢ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ | ᠪᠠᠶᠢᠭᠤᠯᠤᠮᠵᠢ ᠶᠢᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ᠂ ᠪᠦᠲᠦᠴᠡ ᠶᠢᠨ ᠰᠢᠨ᠎ᠡ ᠶᠢ | ᠡᠭᠦᠳᠬᠦ ᠪᠠ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ᠂ ᠢᠯᠠᠩᠭᠤᠶ᠎ᠠ ᠵᠠᠬ᠎ᠠ ᠳᠡᠯᠭᠡᠭᠦᠷ ᠤᠨ | ᠰᠢᠨ᠎ᠡ ᠶᠢ ᠡᠭᠦᠳᠬᠦ ᠠᠵᠢᠯ ᠢ ᠰᠠᠶᠢᠲᠤᠷ ᠬᠢᠬᠦ ᠶᠢ ᠣᠯᠠᠨᠲᠠ ᠵᠣᠷᠢᠭᠵᠢᠭᠤᠯᠪᠠ︾᠃ ᠣᠯᠠᠨ ᠤᠳᠠᠭ᠎ᠠ ᠰᠢ ᠶᠢᠨ ᠫᠢᠩ | ᠨᠥᠬᠦᠷ ᠲᠤ ᠪᠠᠷ᠎ᠠ ᠪᠣᠯᠵᠤ ᠵᠢᠨᠵᠢᠶᠠᠩ ᠳᠤ ᠪᠠᠶᠢᠴᠠᠭᠠᠨ ᠰᠤᠳᠤᠯᠤᠯᠲᠠ ᠬᠢᠭᠰᠡᠨ ᠵᠢᠨᠵᠢᠶᠠᠩ ᠬᠤᠲᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ ᠪᠠᠶᠢᠭᠰᠠᠨ ᠴᠧᠨ ᠵᠠᠩ ᠶᠢᠨ ᠡᠶᠢᠨ ᠬᠦ ᠡᠷᠭᠢᠴᠡᠭᠦᠯᠪᠡ᠃ | ᠵᠠᠬ᠎ᠠ ᠳᠡᠯᠭᠡᠭᠦᠷ ᠤᠨ ᠰᠠᠯᠬᠢᠨ ᠪᠣᠷᠣᠭᠠᠨ ᠳᠤ ᠡᠷᠡᠯᠬᠡᠭᠯᠡᠨ ᠲᠡᠮᠡᠴᠡᠵᠦ᠂ ᠴᠢᠨᠠᠷ ᠰᠠᠶᠢᠲᠠᠢ ᠬᠥᠭᠵᠢᠯᠲᠡ ᠲᠡᠶᠢᠰᠢ | ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠬᠡᠷᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠷᠲᠠᠭᠠᠲᠤ ᠭᠠᠵᠠᠷ ᠢ ᠲᠤᠭᠤᠯᠬᠤ᠂ ᠳᠠᠪᠠᠭ᠎ᠠ ᠶᠢ | ᠳᠠᠪᠠᠭ᠋ᠤ᠂ ᠬᠦᠴᠢᠷ ᠢ ᠲᠤᠭᠤᠯᠬᠤ᠂ ᠬᠠᠷᠰᠢ ᠰᠠᠭᠠᠳ ᠦᠭᠡᠢ ᠤᠷᠤᠭᠰᠢᠯᠠᠬᠤ ᠶᠢ ᠬᠥᠲᠥᠯᠥᠨ ᠳᠠᠭᠠᠭᠤᠯᠬᠤ ᠪᠤᠢ︖ | ᠡᠪᠳᠡᠬᠦ ᠪᠠ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠴᠠᠭ ᠦᠶ᠎ᠡ ᠪᠠ ᠪᠠᠶᠢᠳᠠᠯ ᠢ ᠨᠡᠪᠲᠡ ᠠᠵᠢᠭᠯᠠᠵᠤ᠂ | ᠳᠦᠷᠢᠮ ᠪᠠ ᠵᠠᠰᠠᠬᠤ ᠶᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠢᠮᠠᠭᠲᠠ ᠠᠩᠬᠠᠷᠤᠯ ᠢᠶᠠᠨ ᠡᠨᠡ ᠬᠦ | ᠬᠦᠷᠢᠶᠡᠨ ᠳᠤ ᠲᠥᠪᠯᠡᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠭᠯᠡᠯ ᠢ ᠵᠢᠭᠠᠵᠤ ᠥᠭᠪᠡ᠃ | ︽ᠦᠨᠳᠦᠰᠦ ᠭᠦᠨ ᠪᠣᠯᠪᠠᠰᠤ ᠨᠠᠪᠴᠢ ᠰᠠᠬᠤᠯᠢᠭ᠂ ᠭᠤᠣᠯ ᠦᠨᠳᠦᠰᠦ ᠶᠢ ᠪᠠᠲᠤ ᠪᠠᠬᠢ ᠪᠠᠶᠢᠯᠭᠠᠬᠤ | ᠴᠢᠬᠤᠯᠠᠲᠠᠢ᠂ ᠡᠨᠡ ᠪᠣᠯ ᠠᠵᠤ ᠠᠬᠤᠶᠢᠯᠠᠯᠲᠠᠨ ᠤ ᠵᠣᠷᠢᠭ ᠰᠠᠨᠠᠭᠠᠨ ᠤ ᠨᠢᠭᠡ ᠵᠦᠢᠯ ᠤᠨ ᠢᠯᠡᠷᠡᠯ ᠪᠣᠯᠣᠨ᠎ᠠ︾᠃ ︽ | ᠪᠢ ᠹᠦᠵᠢᠶᠠᠨ᠂ ᠵᠧᠵᠢᠶᠠᠩ ᠳᠤ ᠠᠵᠢᠯᠯᠠᠵᠤ ᠪᠠᠶᠢᠬᠤ ᠳᠤ ᠱᠠᠬᠠᠢ ᠮᠠᠯᠠᠭᠠᠢ ᠬᠤᠪᠴᠠᠰᠤ ᠬᠤᠨᠠᠷ ᠤᠨ ᠲᠠᠯ᠎ᠠ ᠪᠠᠷ ᠬᠢ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠮᠠᠰᠢ ᠣᠯᠠᠨ ᠪᠠᠶᠢᠪᠠ᠃ ᠬᠠᠮᠤᠭ ᠠᠩᠬᠠᠨ ᠤ ᠮᠠᠲ᠋ᠧᠷᠢᠶᠠᠯ | ᠣᠷᠣᠭᠤᠯᠵᠤ ᠪᠤᠯᠪᠠᠰᠤᠷᠠᠭᠤᠯᠬᠤ ᠪᠠᠷ ᠭᠤᠣᠯ ᠪᠤᠯᠭᠠᠵᠤ ᠪᠠᠶᠢᠭᠰᠠᠨ ᠠᠴᠠ ᠪᠠᠨ ᠣᠲᠣ ᠥᠪᠡᠷ ᠤᠨ ᠲᠦᠷᠦᠯ | ᠲᠡᠮᠳᠡᠭ ᠢᠶᠠᠨ ᠡᠭᠦᠳᠦᠨ ᠪᠠᠶᠢᠭᠤᠯᠵᠤ᠂ ᠳᠡᠯᠡᠬᠡᠢ ᠶᠢᠨ ᠲᠦᠷᠦᠯ ᠲᠡᠮᠳᠡᠭ ᠠᠴᠠ ᠳᠠᠪᠠᠭᠰᠠᠨ ᠪᠠᠶᠢᠨ᠎ᠠ᠂ ᠪᠢ ᠡᠲᠡᠭᠡᠷ | ᠰᠢᠨ᠎ᠡ ᠬᠦᠴᠦᠨ ᠠᠵᠤ ᠠᠬᠤᠶᠢᠯᠠᠯ ᠢ ᠠᠵᠢᠭᠯᠠᠪᠠᠯ᠂ ᠨᠢᠭᠡ ᠰᠡᠳᠬᠢᠯ ᠨᠢᠭᠡ ᠵᠣᠷᠢᠭ ᠢᠶᠠᠷ ᠢᠮᠠᠭᠲᠠ | ᠲᠤᠭᠤᠰᠢᠯᠠᠭᠤᠯᠵᠤ᠂ ᠭᠤᠣᠯ ᠦᠢᠯᠡᠰ ᠢᠶᠠᠨ ᠬᠦᠴᠦᠷᠬᠡᠭᠵᠢᠭᠦᠯᠵᠦ ᠪᠠᠶᠢᠬᠤ ᠳᠤ ᠪᠠᠶᠢᠨ᠎ᠠ︾᠃ 2024 ᠣᠨ ᠤ 5 | ᠰᠠᠷ᠎ᠠ ᠳᠤ᠂ ᠱᠠᠨᠳᠦ᠋ᠩ ᠤᠨ ᠵᠢᠨᠠᠨ ᠳᠤ ᠡᠷᠭᠢᠯᠡᠨ ᠬᠤᠷᠠᠯᠳᠤᠭᠤᠯᠤᠭᠰᠠᠨ ᠠᠵᠤ ᠠᠬᠤᠶᠢᠯᠠᠯ ᠪᠣᠯᠣᠨ ᠲᠤᠰᠬᠠᠢ | ᠮᠡᠷᠭᠡᠵᠢᠯᠲᠡᠨ ᠤ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠩᠭᠡᠷᠡᠭᠰᠡᠨ ᠤ ᠶᠠᠪᠤᠳᠠᠯ ᠢᠶᠠᠨ | ᠢᠩᠭᠢᠵᠦ ᠶᠠᠷᠢᠪᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠄ ︽ᠪᠢ ᠹᠦᠵᠢᠶᠠᠨ ᠪᠣᠯᠣᠨ | ᠵᠧᠵᠢᠶᠠᠩ ᠳᠤ ᠠᠵᠢᠯᠯᠠᠵᠤ ᠪᠠᠶᠢᠬᠤ ᠳᠠᠭᠠᠨ᠂ ᠲᠤᠬᠠᠢ ᠶᠢᠨ ᠭᠠᠵᠠᠷ ᠤᠨ ᠵᠠᠷᠢᠮ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠠᠵᠤ ᠦᠢᠯᠡᠰ ᠲᠤ ᠰᠠᠭᠤᠷᠢᠯᠠᠵᠤ᠂ ᠭᠤᠣᠯ ᠠᠵᠢᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠲᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠷᠭ᠎ᠠ ᠬᠢᠳᠡᠯ ᠢ ᠮᠠᠰᠢ ᠵᠥᠪᠰᠢᠶᠡᠷᠡᠵᠦ ᠪᠠᠶᠢᠪᠠ᠃ | ᠡᠨᠡ ᠬᠤᠶᠠᠷ ᠭᠠᠵᠠᠷ ᠤᠨ ᠬᠤᠪᠴᠠᠰᠤ ᠬᠤᠨᠠᠷ ᠱᠠᠬᠠᠢ ᠮᠠᠯᠠᠭᠠᠢ ᠶᠢᠨ ᠠᠵᠤ ᠠᠬᠤᠶᠢᠯᠠᠯ ᠨᠡᠯᠢᠶᠡᠳ ᠤᠯᠠᠨ ᠪᠠᠶᠢᠵᠤ᠂ | ᠤᠳᠤ ᠵᠠᠷᠢᠮ ᠨᠢ ᠨᠢᠭᠡᠨᠲᠡ ᠳᠡᠯᠡᠬᠡᠢ ᠶᠢᠨ ᠤᠷᠤᠰᠬᠠᠯ ᠢ ᠳᠠᠭᠠᠭᠤᠯᠵᠤ ᠪᠠᠶᠢᠨ᠎ᠠ᠂ ᠡᠭᠦᠨ ᠤ ᠮᠠᠰᠢ ᠴᠢᠬᠤᠯᠠ | ᠰᠢᠯᠲᠠᠭᠠᠨ ᠪᠣᠯ ᠳᠠᠷᠤᠢ ᠬᠡᠳᠦᠨ ᠠᠷᠪᠠᠨ ᠵᠢᠯ ᠤᠨ ᠲᠤᠷᠰᠢ ᠨᠢᠭᠡ ᠰᠡᠳᠬᠢᠯ ᠨᠢᠭᠡ ᠵᠣᠷᠢᠭ ᠢᠶᠠᠷ ᠡᠨᠡ ᠠᠵᠢᠯ ᠢᠶᠠᠨ | ᠴᠥᠬᠦᠷᠡᠰᠢ ᠦᠭᠡᠢ ᠬᠢᠵᠦ᠂ ᠥᠪᠡᠷ ᠤᠨ ᠲᠦᠷᠦᠯ ᠲᠡᠮᠳᠡᠭ ᠢᠶᠠᠨ ᠴᠥᠬᠦᠷᠡᠰᠢ ᠦᠭᠡᠢ ᠡᠭᠦᠳᠦᠨ ᠪᠠᠶᠢᠭᠤᠯᠵᠤ᠂ | ᠤᠳᠤ ᠳᠡᠯᠡᠬᠡᠢ ᠶᠢᠨ ᠨᠡᠷᠡᠳᠤ ᠠᠵᠤ ᠠᠬᠤᠶᠢᠯᠠᠯ ᠪᠣᠯᠤᠭᠰᠠᠨ ᠪᠠᠶᠢᠨ᠎ᠠ︾ ᠭᠡᠵᠦ ᠳᠤᠷᠠᠳᠪᠠ᠃ | ᠶᠡᠷᠦᠩᠬᠡᠢ ᠱᠦᠵᠢ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠭᠤᠣᠯ ᠦᠢᠯᠡᠰ ᠢᠶᠠᠨ ᠪᠠᠲᠤ ᠰᠠᠬᠢᠵᠤ᠂ ᠪᠣᠳᠠᠲᠤ ᠦᠢᠯᠡᠰ ᠢᠶᠠᠨ ᠬᠦᠴᠦᠷᠬᠡᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | 2024 ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ 500 ᠬᠦᠴᠦᠷᠬᠡᠭ ᠤᠨ | ᠨᠡᠷᠡᠰ ᠤᠨ ᠵᠢᠭᠰᠠᠭᠠᠯᠲᠠ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠨᠢ ᠠᠵᠤ ᠦᠢᠯᠡᠰ ᠲᠡᠭᠡᠨ ᠨᠠᠩ | ᠠᠩᠬᠠᠷᠤᠯ ᠢᠶᠠᠨ ᠲᠥᠪᠯᠡᠷᠡᠭᠦᠯᠵᠦ᠂ ᠨᠡᠷᠡᠰ ᠤᠨ ᠵᠢᠭᠰᠠᠭᠠᠯᠲᠠ ᠳᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ | ᠲᠤᠭ᠎ᠠ ᠬᠡᠮᠵᠢᠶᠡᠨ ᠤ ᠡᠵᠡᠯᠡᠬᠦ ᠬᠠᠷᠢᠴᠠᠯ ᠨᠢ 66.4% ᠳᠤ ᠬᠦᠷᠴᠦ᠂ 3 ᠵᠢᠯ ᠳᠠᠷᠠᠭᠠᠯᠠᠨ ᠳᠡᠭᠡᠭᠰᠢᠯᠡᠭᠰᠡᠨ ᠢ | ᠢᠯᠡᠷᠡᠭᠦᠯᠦᠭᠰᠡᠨ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠶᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ | ᠮᠥᠨ᠃ | 2006 ᠣᠨ ᠤ 1 ᠰᠠᠷ᠎ᠠ ᠶᠢᠨ 9 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠬᠤᠷᠠᠯ ᠡᠬᠢᠯᠡᠪᠡ᠃ ᠲᠤᠬᠠᠢ ᠶᠢᠨ ᠦᠶ᠎ᠡ ᠳᠤ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠪᠠᠶᠢᠭᠰᠠᠨ ᠰᠢ ᠶᠢᠨ ᠫᠢᠩ ᠨᠥᠬᠦᠷ ᠪᠦᠯᠭᠦᠮ ᠳᠠᠭᠠᠭᠤᠯᠤᠨ ᠶᠡᠭᠡ ᠬᠤᠷᠠᠯ ᠳᠤ ᠣᠷᠣᠯᠴᠠᠵᠤ᠂ ᠲᠡᠭᠦᠨ ᠤ | ᠪᠡᠶ᠎ᠡ ᠠᠴᠠ ᠴᠠᠭ ᠮᠥᠴᠡ ᠪᠢᠳᠡᠨ ᠢ ᠬᠦᠯᠢᠶᠡᠬᠦ ᠦᠭᠡᠢ᠂ ᠱᠠᠯᠠᠮᠠᠭᠠᠶᠢᠯᠠᠨ ᠤᠷᠤᠭᠰᠢᠯᠠᠵᠤ ᠭᠠᠪᠰᠢᠭᠠᠶᠢᠯᠠᠨ ᠨᠡᠬᠡᠬᠦ | ᠣᠷᠭᠢᠯᠤᠮ᠎ᠠ ᠰᠡᠳᠬᠢᠯᠭᠡ ᠶᠢ ᠭᠦᠨ ᠣᠶᠢᠯᠠᠭᠠᠪᠠ᠃ ᠲᠡᠷᠡ ᠵᠧᠵᠢᠶᠠᠩ ᠤᠨ ᠬᠤᠷᠠᠯ ᠳᠤ ᠣᠷᠣᠯᠴᠠᠬᠰᠠᠨ | ᠲᠥᠯᠥᠭᠡᠯᠡᠭᠴᠢᠳ ᠲᠤ᠂ ᠪᠢᠳᠡ ᠡᠷᠬᠡᠪᠰᠢ ᠵᠧᠵᠢᠶᠠᠩ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ | ᠡᠭᠦᠳᠬᠦ ᠵᠠᠮ ᠢᠶᠠᠷ ᠵᠠᠮᠨᠠᠬᠤ ᠬᠡᠷᠡᠭᠲᠡᠢ ᠭᠡᠵᠦ ᠣᠯᠠᠨᠲᠠ ᠬᠡᠯᠡᠪᠡ᠃ | ᠬᠤᠷᠠᠯ ᠳᠤ ᠣᠷᠣᠯᠴᠠᠬᠰᠠᠨ ᠨᠢᠩᠪᠦ᠋ᠸᠧ ᠶᠢᠨ ᠬᠠᠢ ᠲᠢᠶᠠᠨ ᠪᠦᠯᠦᠭᠯᠡᠯ ᠤᠨ ᠬᠤᠪᠢᠴᠠᠭᠠᠳᠤ ᠬᠢᠵᠠᠭᠠᠷᠲᠤ | ᠺᠤᠮᠫᠠᠨᠢ ᠶᠢᠨ ᠶᠡᠷᠦᠩᠬᠡᠢ ᠵᠠᠬᠢᠷᠤᠭᠴᠢ ᠵᠠᠩ ᠵᠢᠶᠠᠨ ᠮᠢᠩ ᠰᠡᠳᠬᠢᠯ ᠳᠣᠭᠳᠣᠯᠵᠤ ᠪᠠᠶᠢᠯ᠎ᠠ᠃ ᠬᠤᠷᠠᠯ ᠤᠨ ᠵᠠᠪᠰᠠᠷ ᠢᠶᠠᠷ | ᠂ ᠲᠡᠷᠡ ᠰᠢ ᠶᠢᠨ ᠫᠢᠩ ᠨᠥᠬᠦᠷ ᠢ ᠶᠠᠭᠠᠷᠠᠨ ᠡᠷᠢᠵᠦ᠂ ᠬᠠᠢ ᠲᠢᠶᠠᠨ ᠪᠦᠯᠦᠭᠯᠡᠯ ᠤᠨ ᠤᠯᠠᠨ ᠵᠢᠯ ᠤᠨ ᠲᠤᠷᠰᠢᠬᠢ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠣᠯᠣᠭᠰᠠᠨ ᠠᠬᠢᠴᠠ ᠶᠢ | ᠮᠡᠳᠡᠭᠦᠯᠵᠦ᠂ ᠰᠢ ᠶᠢᠨ ᠫᠢᠩ ᠱᠦᠵᠢ ᠶᠢ ᠬᠠᠢ ᠲᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ | ᠵᠢᠯᠣᠭᠤᠳᠤᠭᠤᠯᠬᠤ ᠪᠠᠷ ᠤᠷᠢᠵᠠᠢ᠃ | ᠰᠠᠷ᠎ᠠ ᠭᠠᠷᠤᠢ ᠶᠢᠨ ᠲᠠᠷᠠᠭ᠎ᠠ᠂ ᠰᠢ ᠶᠢᠨ ᠫᠢᠩ ᠨᠥᠬᠦᠷ ᠪᠣᠯᠵᠤᠭ᠎ᠠ ᠶᠣᠰᠣᠭᠠᠷ ᠬᠦᠷᠴᠦ ᠢᠷᠡᠪᠡ᠃ | ᠨᠢᠩᠪᠦ᠋ᠸᠧ ᠳᠤ᠂ ᠲᠡᠷᠡ ᠪᠦᠬᠦᠯᠢ 3 ᠡᠳᠦᠷ ᠪᠠᠶᠢᠴᠠᠭᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠳᠠᠪᠰᠢᠯᠲᠠ ᠪᠣᠯᠣᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠠᠯ᠎ᠠ ᠪᠠᠷ ᠨᠡᠯᠢᠶᠡᠳ ᠰᠠᠶᠢᠨ ᠬᠢᠭᠰᠡᠨ | 8 ᠠᠵᠤ ᠠᠬᠤᠶᠢᠯᠠᠯ ᠢ ᠰᠢᠨᠵᠢᠯᠡᠨ ᠪᠠᠶᠢᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠦᠢᠯᠡᠳᠬᠦᠨ ᠢ ᠳᠠᠭᠢᠨ ᠳᠠᠪᠲᠠᠨ ᠦᠵᠡᠵᠦ᠂ ᠠᠵᠤ ᠠᠬᠤᠶᠢᠯᠠᠯᠲᠠᠨ ᠪᠣᠯᠣᠨ ᠮᠡᠷᠭᠡᠵᠢᠯ ᠤᠨ ᠠᠵᠢᠯᠲᠠᠨ ᠲᠠᠢ ᠠᠬᠢᠨ | ᠳᠠᠭᠢᠨ ᠶᠠᠷᠢᠯᠴᠠᠪᠠ᠃ | ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ | ᠮᠥᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠬᠦᠴᠦᠨ ᠮᠥᠨ᠃ | 2022 ᠣᠨ ᠤ ᠵᠤᠨ ᠤ ᠳᠤᠮᠳᠠ ᠰᠠᠷ᠎ᠠ ᠳᠤ᠂ ᠰᠧᠴᠤᠸᠠᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ | ᠶᠡᠷᠦᠩᠬᠡᠢ ᠱᠦᠵᠢ ᠰᠢ ᠶᠢᠨ ᠫᠢᠩ ᠵᠢᠢ ᠮᠢ ᠭᠡᠷᠡᠯ ᠴᠠᠭᠢᠯᠭᠠᠨ ᠤ ᠬᠢᠵᠠᠭᠠᠷᠲᠤ ᠺᠤᠮᠫᠠᠨᠢ ᠳᠤ ᠢᠷᠡᠪᠡ᠂ ᠡᠨᠡ ᠪᠣᠯ | ᠲᠤᠰᠬᠠᠯᠲᠠ ᠮᠠᠰᠢᠨ ᠤ ᠵᠢᠷᠤᠭ ᠲᠥᠯᠥᠪᠯᠡᠭᠡ ᠬᠢᠵᠦ ᠰᠤᠳᠤᠯᠤᠨ ᠦᠢᠯᠡᠳᠬᠦ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠣᠯᠣᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ︽3 ᠠᠴᠠ 5 ᠵᠢᠯ ᠳᠤ ᠪᠦᠭᠦ | ᠪᠥᠮᠪᠥᠷᠴᠡᠭ ᠲᠤ ᠲᠦᠷᠦᠭᠦᠯᠡᠬᠦ︾ ᠡᠷᠴᠢ ᠵᠣᠷᠢᠭ ᠢ ᠰᠣᠨᠣᠰᠤᠭᠠᠳ ᠶᠡᠷᠦᠩᠬᠡᠢ ᠱᠦᠵᠢ ᠰᠢ ᠶᠢᠨ ᠫᠢᠩ ᠠᠵᠤ | ᠠᠬᠤᠶᠢᠯᠠᠯ ᠳᠤ᠄ ︽ᠮᠠᠰᠢ ᠰᠠᠶᠢᠨ ᠪᠠᠶᠢᠨ᠎ᠠ᠂ ᠡᠶᠢᠮᠦ ᠰᠥᠰᠥ ᠵᠣᠷᠢᠭ ᠲᠠᠢ ᠪᠠᠶᠢᠬᠤ ᠬᠡᠷᠡᠭᠲᠡᠢ︕︾ ᠭᠡᠵᠦ | ᠵᠣᠷᠢᠭᠵᠢᠭᠤᠯᠪᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠬᠦᠷᠢᠶᠡᠨ ᠳᠠᠬᠢ ᠰᠢᠨ᠎ᠡ ᠬᠦᠴᠦᠨ ᠴᠣᠯᠭᠤᠷᠠᠨ ᠭᠠᠷᠴᠤ᠂ ᠬᠥᠮᠥᠨ | ᠳᠦᠷᠰᠦᠲᠦ ᠮᠠᠰᠢᠨ ᠬᠥᠮᠥᠨ᠂ ᠬᠠᠭᠠᠰ ᠳᠠᠮᠵᠢᠭᠤᠯᠤᠭᠴᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢᠯᠡᠷᠡᠨ ᠭᠠᠷᠴᠤ᠂ ᠵᠣᠬᠢᠶᠠᠮᠠᠯ ᠣᠶᠤᠨ ᠴᠢᠳᠠᠪᠤᠷᠢ ᠵᠡᠷᠭᠡ ᠬᠦᠷᠢᠶᠡᠨ ᠳᠠᠬᠢ ᠲᠦᠷᠭᠡᠨ | ᠬᠥᠭᠵᠢᠯᠲᠡ ᠁ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ | ᠲᠠᠯᠠᠪᠤᠷ ᠲᠤ᠂ ᠥᠷᠭᠡᠨ ᠣᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠤᠭ ᠪᠠᠳᠠᠷᠠᠩᠭᠤᠢ ᠠᠮᠢᠵᠢᠷᠠᠯ ᠤᠨ | ᠬᠦᠴᠦᠨ ᠢᠶᠠᠨ ᠢᠯᠡᠷᠡᠭᠦᠯᠵᠦ᠂ ᠳᠤᠮᠳᠠᠳᠤ ᠤᠯᠤᠰ ᠤᠨ ᠠᠵᠤ ᠠᠬᠤᠢ ᠶᠢᠨ ᠬᠥᠯᠭᠡ ᠣᠩᠭᠤᠴᠠᠨ ᠳᠤ ᠬᠦᠴᠦᠷᠬᠡᠭ | ᠶᠡᠭᠡ ᠬᠥᠳᠡᠯᠭᠡᠬᠦ ᠡᠨᠧᠷᠭᠢ ᠨᠡᠮᠡᠷᠢᠯᠡᠪᠡ᠃ | ᠨᠢᠳᠤᠨᠤᠨ ᠤ ᠲᠦᠷᠦᠭᠦᠦ ᠭᠤᠷᠪᠠᠨ ᠤᠯᠠᠷᠢᠯ ᠳᠤ᠂ ᠪᠦᠭᠦ ᠤᠯᠤᠰ ᠲᠤ 619.1 ᠲᠦᠮᠡᠨ ᠡᠷᠦᠭᠡ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠪᠠ᠃ ᠡᠭᠦᠨ ᠳᠤ᠂ ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠤᠨ ᠠᠵᠤ ᠦᠢᠯᠡᠰ ᠲᠤ 32.7 ᠲᠦᠮᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ | ᠰᠢᠨ᠎ᠡ ᠪᠠᠷ ᠪᠠᠶᠢᠭᠤᠯᠤᠭᠳᠠᠵᠤ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠦᠢᠯᠡᠰ ᠲᠤ 14.8 ᠲᠦᠮᠡᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠰᠢᠨ᠎ᠡ ᠪᠠᠷ ᠪᠠᠶᠢᠭᠤᠯᠤᠭᠳᠠᠵᠤ᠂ ᠵᠣᠬᠢᠶᠠᠮᠠᠯ ᠤᠶᠤᠨ ᠴᠢᠳᠠᠪᠤᠷᠢ ᠶᠢᠨ | ᠵᠥᠭᠡᠯᠡᠨ ᠲᠣᠨᠤᠭ ᠰᠤᠳᠤᠯᠤᠨ ᠨᠡᠭᠡᠭᠡᠬᠦ ᠲᠥᠷᠥᠯ ᠳᠤ 80 ᠭᠠᠷᠤᠢ ᠲᠦᠮᠡᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠰᠢᠨ᠎ᠡ ᠪᠠᠷ ᠪᠠᠶᠢᠭᠤᠯᠤᠭᠳᠠᠵᠠᠢ᠃ ᠡᠭᠦᠨ ᠠᠴᠠ ᠭᠠᠳᠠᠨ᠎ᠠ᠂ ᠠᠷᠠᠳ ᠤᠨ ᠬᠡᠷᠡᠭᠯᠡᠭᠡᠨ ᠤ ᠠᠭᠠᠷ ᠤᠨ | ᠠᠶᠠᠯᠠᠯ᠂ ᠺᠸᠠᠨ᠋ᠲ ᠮᠡᠳᠡᠭᠡ ᠵᠠᠩᠭᠢ ᠵᠡᠷᠭᠡ ᠬᠦᠷᠢᠶᠡᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠥᠮ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠡᠭᠡ | ᠬᠠᠨᠳᠤᠰᠢ ᠶᠢ ᠠᠵᠢᠭᠯᠠᠬᠤ᠂ ᠠᠯᠤᠰ ᠭᠡᠲᠦ ᠶᠢ ᠲᠥᠯᠥᠪᠵᠢᠭᠦᠯᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ | 2001 ᠣᠨ ᠪᠣᠯ ᠶᠠᠭ ᠰᠠᠶᠢᠬᠠᠨ ᠳᠤᠮᠳᠠᠳᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠳᠤ ᠣᠷᠣᠬᠤ ᠦᠶ᠎ᠡ ᠪᠣᠯᠣᠨ᠎ᠠ᠃ ᠲᠠᠯᠠᠢ ᠳᠠᠭᠠᠤ ᠶᠢᠨ ᠨᠡᠭᠡᠭᠡᠯᠲᠡᠲᠤ ᠮᠤᠵᠢ ᠪᠠ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠲᠣᠮᠣ ᠮᠤᠵᠢ ᠪᠣᠯᠤᠭᠰᠠᠨ ᠤ ᠬᠤᠪᠢ ᠳᠤ᠂ ᠵᠧᠵᠢᠶᠠᠩ ᠯᠤᠲᠤ ᠶᠡᠭᠡ ᠠᠵᠠ | ᠲᠣᠭᠢᠶᠠᠯ ᠢ ᠤᠭᠲᠤᠨ ᠠᠪᠴᠢᠷᠠᠪᠠ᠃ | ᠲᠠᠷᠠᠭ᠎ᠠ ᠵᠢᠯ ᠤᠨ ᠬᠢᠨᠢ ᠰᠡᠭᠦᠯᠴᠢ ᠪᠠᠷ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠲᠤᠰᠢᠶᠠᠯ ᠢ ᠬᠠᠷᠢᠭᠤᠴᠠᠭᠠᠳ ᠨᠢᠭᠡ ᠯᠠ ᠰᠠᠷ᠎ᠠ ᠪᠣᠯᠵᠤ ᠪᠠᠶᠢᠭᠰᠠᠨ ᠰᠢ ᠶᠢᠨ ᠫᠢᠩ ᠨᠥᠬᠦᠷ ᠠᠷᠠᠳ ᠤᠨ | ᠡᠵᠡᠩᠨᠡᠯᠲᠡ ᠶᠢᠨ ᠠᠵᠤ ᠠᠬᠤᠢ ᠤᠷᠢᠳ ᠢᠶᠠᠷ ᠬᠥᠭᠵᠢᠭᠰᠡᠨ ᠭᠠᠵᠠᠷ ᠣᠷᠣᠨ ᠪᠤᠯᠬᠤ ᠳᠠᠶᠢᠵᠸᠦ᠂ ᠸᠧᠨᠵᠸᠤ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ | ᠲᠤᠬᠠᠢ ᠶᠢᠨ ᠦᠶ᠎ᠡ ᠳᠤ᠂ ᠵᠧᠵᠢᠶᠠᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠶᠠᠭ | ᠬᠥᠭᠵᠢᠯᠲᠡ ᠶᠢᠨ ᠪᠣᠭᠤᠮᠢ ᠳᠤ ᠲᠤᠯᠭᠠᠷᠠᠵᠤ᠂ ᠪᠠᠭ᠎ᠠ ᠶᠢ ᠨᠢ ᠶᠡᠭᠡ ᠪᠤᠯᠭᠠᠬᠤ ᠳᠤ ᠬᠦᠴᠢᠷ᠂ ᠶᠡᠭᠡ ᠶᠢ ᠨᠢ | ᠬᠦᠴᠦᠷᠬᠡᠭᠵᠢᠭᠦᠯᠬᠦ ᠳᠤ ᠬᠦᠴᠢᠷ᠂ ᠬᠦᠴᠦᠷᠬᠡᠭ ᠢ ᠨᠢ ᠠᠮᠢᠳᠤᠯᠢᠭ ᠪᠤᠯᠭᠠᠬᠤ ᠳᠤ ᠬᠦᠴᠢᠷ ᠪᠠᠶᠢᠪᠠ᠃ ᠸᠧᠨᠵᠸᠤ ᠶᠢᠨ | ᠯᠧᠴᠢᠩ ᠳᠤ ᠪᠠᠶᠢᠭ᠎ᠠ ᠳ᠋ᠧᠯᠢᠰᠢ ᠪᠦᠯᠦᠭᠯᠡᠯ ᠪᠡᠶ᠎ᠡ ᠪᠠᠨ ᠳᠠᠭᠠᠭᠠᠵᠤ ᠪᠡᠯᠡ ᠣᠷᠣᠭᠤᠯᠬᠤ ᠪᠦᠲᠦᠭᠡᠨ ᠪᠠᠶᠢᠭᠤᠯᠤᠯᠲᠠ ᠪᠠ | ᠬᠥᠷᠥᠩᠭᠡ ᠶᠢᠨ ᠠᠵᠢᠯᠯᠠᠭᠠᠨ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠭᠦ ᠤᠯᠤᠰ ᠲᠤ | ᠬᠠᠨᠳᠤᠭᠤᠯᠤᠨ ᠪᠠᠶᠢᠷᠢᠰᠢᠭᠤᠯᠤᠨ ᠬᠥᠭᠵᠢᠭᠦᠯᠬᠦ ᠪᠠᠷ ᠤᠷᠤᠯᠳᠤᠵᠤ ᠪᠠᠶᠢᠪᠠ᠂ ᠭᠡᠪᠡᠴᠦ ᠵᠠᠷᠢᠮ ᠬᠥᠮᠥᠰ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠮᠤᠵᠢ ᠶᠢᠨ ᠭᠠᠳᠠᠨ᠎ᠠ ᠣᠴᠢᠵᠤ ᠪᠡᠯᠡ ᠣᠷᠣᠭᠤᠯᠬᠤ ᠶᠢ ᠲᠣᠭᠤᠬᠤ ᠦᠭᠡᠢ | ᠪᠥᠭᠡᠳ ᠳᠡᠮᠵᠢᠬᠦ ᠴᠦ ᠦᠭᠡᠢ ᠪᠠᠶᠢᠵᠠᠢ᠃ | ᠰᠢᠨ᠎ᠡ ᠦᠢᠯᠡᠳᠪᠦᠷᠢ ᠶᠢᠨ ᠡᠯᠡᠰᠦᠨ ᠴᠠᠷ᠎ᠠ ᠶᠢᠨ ᠡᠮᠦᠨ᠎ᠡ᠂ ᠪᠦᠯᠦᠭᠯᠡᠯ ᠤᠨ ᠬᠡᠷᠡᠭ ᠮᠡᠳᠡᠭᠴᠢᠳ ᠤᠨ | ᠲᠣᠪᠴᠢᠶᠠᠨ ᠤ ᠲᠡᠷᠢᠭᠦᠯᠡᠭᠴᠢ ᠬᠤ᠋ ᠴᠧᠩ ᠵᠦᠩ ᠠᠴᠠ ᠰᠢ ᠶᠢᠨ ᠫᠢᠩ ᠨᠥᠬᠦᠷ ᠲᠤ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠣᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠷᠢᠭᠤ ᠮᠡᠳᠡᠭᠦᠯᠪᠡ᠃ | ᠬᠠᠷᠢᠭᠤ ᠮᠡᠳᠡᠭᠦᠯᠦᠯᠲᠡ ᠶᠢ ᠰᠣᠨᠣᠰᠤᠭᠠᠳ ᠰᠢ ᠶᠢᠨ ᠫᠢᠩ ᠨᠥᠬᠦᠷ ᠡᠷᠴᠢ ᠵᠣᠷᠢᠭ ᠢᠶᠠᠨ ᠬᠥᠪᠴᠢᠯᠡᠨ᠄ ︽ | ᠮᠤᠵᠢ ᠶᠢᠨ ᠨᠠᠮ ᠤᠨ ᠬᠤᠷᠢᠶ᠎ᠠ᠂ ᠮᠤᠵᠢ ᠶᠢᠨ ᠵᠠᠰᠠᠭ ᠤᠨ ᠣᠷᠳᠣᠨ ᠠᠴᠠ ᠲᠠ ᠨᠠᠷ ᠤᠨ ︿ᠭᠠᠳᠠᠭᠰᠢ ᠭᠠᠷᠬᠤ﹀ ᠶᠢ | ᠳᠡᠮᠵᠢᠨ᠎ᠡ᠂ ᠪᠦᠭᠦ ᠤᠯᠤᠰ ᠤᠨ ᠵᠠᠬ᠎ᠠ ᠳᠡᠯᠭᠡᠭᠦᠷ ᠢ ᠡᠵᠡᠯᠡᠬᠦ ᠪᠠᠷ ᠪᠠᠷᠠᠬᠤ ᠦᠭᠡᠢ ᠪᠠᠰᠠ ᠳᠡᠯᠡᠬᠡᠢ ᠶᠢᠨ ᠵᠠᠬ᠎ᠠ | ᠳᠡᠯᠭᠡᠭᠦᠷ ᠢ ᠡᠵᠡᠯᠡᠬᠦ ᠬᠡᠷᠡᠭᠲᠡᠢ︾᠃ ᠲᠡᠷᠡ᠂ ᠳ᠋ᠧᠯᠢᠰᠢ ᠰᠢᠭ ᠪᠣᠯ ᠳᠠᠷᠤᠢ ᠰᠤᠳᠤᠯᠤᠨ ᠨᠡᠭᠡᠭᠡᠬᠦ ᠶᠡᠷᠦᠩᠬᠡᠢ ᠬᠡᠯᠲᠡᠰ᠂ | ᠡᠵᠡᠩᠨᠡᠨ ᠪᠣᠷᠣᠯᠠᠭᠤᠯᠬᠤ ᠶᠡᠷᠦᠩᠬᠡᠢ ᠬᠡᠯᠲᠡᠰ ᠢ ᠱᠠᠩᠬᠠᠢ ᠳᠤ ᠪᠠᠶᠢᠭᠤᠯᠬᠤ ᠶᠢ ᠪᠣᠳᠣᠯᠬᠢᠯᠠᠵᠤ ᠪᠣᠯᠣᠨ᠎ᠠ᠂ ᠡᠨᠡ ᠨᠢ | ᠠᠵᠤ ᠠᠬᠤᠶᠢᠯᠠᠯ ᠤᠨ ᠠᠯᠤᠰ ᠭᠡᠲᠦ ᠶᠢᠨ ᠬᠥᠭᠵᠢᠯᠲᠡ ᠳᠤ ᠨᠠᠩ ᠠᠰᠢᠭᠲᠠᠢ ᠶᠤᠮ ᠭᠡᠵᠡᠢ᠃ | 2012 ᠣᠨ ᠳᠤ᠂ ᠳ᠋ᠧᠯᠢᠰᠢ ᠪᠦᠯᠦᠭᠯᠡᠯ ᠤᠨ ᠱᠠᠩᠬᠠᠢ ᠶᠢᠨ ᠶᠡᠷᠦᠩᠬᠡᠢ ᠵᠠᠬᠢᠷᠭ᠎ᠠ ᠨᠤᠲᠤᠭᠰᠢᠭᠰᠠᠨ ᠤ ᠳᠠᠷᠠᠭ᠎ᠠ᠂ | ᠺᠤᠮᠫᠠᠨᠢ ᠨᠢ ᠰᠤᠳᠤᠯᠤᠨ ᠨᠡᠭᠡᠭᠡᠬᠦ ᠪᠦᠯᠭᠦᠮ ᠢᠶᠠᠨ ᠴᠦ ᠱᠠᠩᠬᠠᠢ ᠳᠤ ᠨᠡᠭᠦᠯᠭᠡᠪᠡ᠃ ᠡᠳᠦᠭᠡ᠂ ᠳ᠋ᠧᠯᠢᠰᠢ ᠶᠢᠨ | ᠦᠢᠯᠡᠳᠬᠦᠨ ᠪᠠ ᠦᠢᠯᠡᠴᠢᠯᠡᠭᠡᠨ ᠤ ᠲᠣᠣᠷ ᠨᠢᠭᠡᠨᠲᠡ 60 ᠭᠠᠷᠤᠢ ᠤᠯᠤᠰ ᠪᠠ ᠭᠠᠵᠠᠷ ᠣᠷᠣᠨ ᠢ ᠪᠦᠷᠬᠦᠵᠦ᠂ | ᠭᠠᠳᠠᠭᠠᠳᠤ ᠭᠠᠷᠭᠠᠯᠲᠠ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠡᠭᠡ ᠪᠠᠷ ᠨᠡᠮᠡᠭᠳᠡᠪᠡ᠃ | ᠰᠠᠯᠬᠢ ᠳᠠᠪᠠᠯᠭᠠᠨ ᠠᠴᠠ ᠠᠶᠤᠬᠤ ᠦᠭᠡᠢ ᠪᠣᠯ ᠰᠠᠶ᠋ᠢ ᠳᠠᠷᠪᠠᠭᠤᠯ ᠬᠡᠶᠢᠰᠬᠡᠨ ᠬᠤᠯᠠ ᠠᠶᠠᠯᠠᠵᠤ ᠴᠢᠳᠠᠨ᠎ᠠ᠃ | 2024 ᠣᠨ ᠳᠤ᠂ ᠮᠠᠨ ᠤ ᠤᠯᠤᠰ ᠤᠨ ᠡᠳ᠋ ᠪᠠᠷᠠᠭᠠᠨ ᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠶᠡᠷᠦᠩᠬᠡᠢ ᠥᠷᠲᠡᠭ 43.85 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ | ᠵᠢᠯ ᠤᠨ ᠬᠢ ᠠᠴᠠ ᠪᠠᠨ 5% ᠪᠠᠷ ᠨᠡᠮᠡᠭᠳᠡᠵᠦ᠂ ᠬᠡᠪᠴᠢᠶ᠎ᠡ ᠨᠢ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 24. | 33 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ ᠪᠠᠨ 8.8% ᠪᠠᠷ ᠨᠡᠮᠡᠭᠳᠡᠵᠦ᠂ | ᠮᠠᠨ ᠤ ᠤᠯᠤᠰ ᠤᠨ ᠭᠠᠳᠠᠭᠠᠳᠤ ᠠᠷᠠᠯᠵᠢᠶᠠᠨ ᠤ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ | ᠦᠷᠭᠦᠯᠵᠢᠯᠡᠨ ᠳᠡᠭᠡᠭᠰᠢᠯᠡᠨ 55.5% ᠪᠣᠯᠵᠤ᠂ ᠭᠠᠳᠠᠭᠠᠳᠤ ᠠᠷᠠᠯᠵᠢᠶᠠᠨ ᠤ ︽ᠭᠤᠣᠯ ᠬᠦᠴᠦᠨ︾ ᠤ ᠴᠢᠬᠤᠯᠠ | ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ | ︵ᠳᠥᠷᠪᠡ︶ ︽ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ ᠢᠲᠡᠭᠡᠯ | ᠵᠣᠷᠢᠭ ᠢᠶᠠᠨ ᠨᠡᠮᠡᠭᠳᠡᠭᠦᠯᠵᠦ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠨ᠎ᠠ︾ | ᠣᠳᠣᠬᠠᠨ ᠳᠤ᠂ ᠳᠡᠯᠡᠬᠡᠢ ᠶᠢᠨ ᠪᠠᠶᠢᠳᠠᠯ ᠤᠷᠪᠠᠭᠠᠨ ᠬᠥᠷᠪᠡᠭᠡᠨ ᠲᠠᠢ᠂ ᠤᠯᠤᠰ ᠤᠨ ᠳᠣᠲᠣᠭᠠᠳᠤ ᠶᠢᠨ ᠠᠵᠤ | ᠠᠬᠤᠢ ᠶᠢᠨ ᠠᠵᠢᠯᠯᠠᠭᠠᠨ ᠳᠠᠷᠤᠯᠲᠠ ᠲᠠᠢ ᠲᠦᠪᠡᠭ ᠪᠤᠳᠤᠯᠢᠶᠠᠨᠲᠠᠢ ᠣᠷᠴᠢᠨ ᠨᠥᠬᠦᠴᠡᠯ ᠤᠨ ᠡᠮᠦᠨ᠎ᠡ᠂ ᠮᠠᠨ ᠤ | ᠤᠯᠤᠰ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠴᠦ ᠵᠠᠷᠢᠮ ᠬᠦᠴᠢᠷᠳᠡᠯ ᠪᠠ | ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ | ︽ᠶᠡᠷᠦᠩᠬᠡᠢ ᠳᠡᠭᠡᠨ ᠥᠭᠡᠷᠡᠴᠢᠯᠡᠯᠲᠡ ᠬᠥᠭᠵᠢᠯᠲᠡ᠂ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ | ᠳᠡᠪᠰᠢᠭᠦᠯᠬᠦ ᠶᠠᠪᠤᠴᠠ ᠳᠤ ᠢᠯᠡᠷᠡᠭᠰᠡᠨ ᠶᠤᠮ᠂ ᠬᠡᠰᠡᠭ ᠲᠠᠯ᠎ᠠ ᠶᠢᠨ ᠪᠤᠯᠬᠤ ᠠᠴᠠ ᠪᠢᠰᠢ ᠪᠦᠬᠦᠯᠢ ᠴᠣᠭᠴᠠ ᠶᠢᠨ | ᠪᠢᠰᠢ᠂ ᠲᠦᠷ ᠴᠠᠭ ᠤᠨ ᠪᠤᠯᠬᠤ ᠠᠴᠠ ᠪᠢᠰᠢ ᠤᠷᠳᠤ ᠬᠤᠭᠤᠴᠠᠭᠠᠨ ᠤ ᠪᠢᠰᠢ᠂ ᠢᠯᠠᠨ ᠳᠠᠪᠠᠵᠤ ᠳᠡᠶᠢᠯᠭᠦ ᠠᠴᠠ | ᠪᠢᠰᠢ ᠰᠢᠢᠳᠪᠦᠷᠢᠯᠡᠵᠦ ᠳᠡᠶᠢᠯᠭᠦ ᠦᠭᠡᠢ ᠪᠢᠰᠢ ᠶᠤᠮ︾᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠶᠠᠭᠠᠬᠢᠵᠤ ᠦᠵᠡᠬᠦ︾᠂ ︽ | ᠶᠠᠭᠠᠬᠢᠵᠤ ᠬᠢᠬᠦ︾ ᠴᠢᠬᠤᠯᠠ ᠶᠡᠭᠡ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠥᠷᠭᠡᠨ ᠤᠯᠠᠨ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ︽ | ᠬᠦᠴᠢᠷᠳᠡᠯ ᠪᠣᠯᠣᠨ ᠥᠷᠢᠰᠦᠯᠳᠦᠭᠡᠨ ᠤ ᠳᠤᠮᠳᠠ ᠬᠥᠭᠵᠢᠯᠲᠡ ᠶᠢ ᠣᠯᠵᠤ ᠬᠠᠷᠠᠨ᠂ ᠭᠡᠭᠡᠨ ᠰᠠᠷᠠᠭᠤᠯ | ᠢᠷᠡᠭᠡᠳᠦᠢ ᠪᠠᠨ ᠣᠯᠵᠤ ᠬᠠᠷᠠᠨ᠂ ᠬᠥᠭᠵᠢᠯᠲᠡ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠭᠵᠢᠯᠲᠡ ᠶᠢᠨ | ᠢᠲᠡᠭᠡᠯ ᠢᠶᠠᠨ ᠨᠡᠮᠡᠭᠳᠡᠭᠦᠯᠦᠨ᠂ ᠰᠠᠶᠢᠲᠤᠷ ᠲᠡᠮᠡᠴᠡᠵᠦ ᠢᠯᠠᠯᠲᠠ ᠣᠯᠬᠤ ᠤᠷᠮ᠎ᠠ ᠵᠣᠷᠢᠭ ᠢᠶᠠᠨ ᠪᠠᠲᠤᠯᠠᠬᠤ ᠬᠡᠷᠡᠭᠲᠡᠢ︾ | ᠭᠡᠵᠦ ᠴᠢᠩ ᠰᠡᠳᠬᠢᠯ ᠠᠴᠠ ᠪᠠᠨ ᠵᠣᠷᠢᠭᠵᠢᠭᠤᠯᠪᠠ᠃ | ᠴᠠᠭ ᠪᠠ ᠪᠠᠶᠢᠳᠠᠯ ᠢ ᠰᠡᠷᠭᠡᠭ ᠢᠶᠠᠷ ᠡᠵᠡᠮᠳᠡᠵᠦ᠂ ᠠᠶᠤᠯ ᠲᠦᠭᠰᠢᠭᠦᠷᠢ ᠪᠠ ᠠᠵᠠ ᠲᠣᠭᠢᠶᠠᠯ ᠢ ᠭᠦᠨᠵᠡᠭᠡᠢ | ᠠᠵᠢᠭᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠢᠮᠠᠭᠲᠠ ᠬᠥᠭᠵᠢᠯᠲᠡ ᠶᠢᠨ ᠬᠠᠷᠠᠴᠠ᠂ ᠬᠤᠪᠢᠰᠤᠩᠭᠤᠢ | ᠰᠡᠳᠬᠢᠬᠦᠢ ᠪᠠᠷ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠵᠢᠯᠣᠭᠤᠳᠤᠨ ᠥᠷᠢᠰᠦᠯᠳᠦᠭᠡᠨ ᠪᠠ ᠠᠵᠠ | ᠲᠣᠭᠢᠶᠠᠯ ᠢ ᠵᠥᠪ ᠲᠠᠨᠢᠭᠤᠯᠪᠠ᠃ | ᠵᠧᠵᠢᠶᠠᠩ ᠤᠨ ᠨᠢᠩᠪᠦ᠋ᠸᠧ ᠶᠢᠨ ᠬᠡᠪ ᠬᠡᠷᠡᠭᠰᠡᠯ ᠤᠨ ᠰᠢᠨ᠎ᠡ ᠦᠢᠯᠡᠳᠪᠦᠷᠢ ᠶᠢᠨ ᠲᠣᠭᠤᠷᠢᠭ ᠲᠤ ᠮᠠᠰᠢᠨ | ᠮᠧᠬᠠᠨᠢᠭ ᠬᠦᠷᠴᠢᠭᠢᠨᠡᠵᠦ᠂ 3 ᠮᠧᠳ᠋ᠷ ᠰᠢᠬᠠᠮ ᠥᠨᠳᠥᠷ ᠲᠣᠮᠣ ᠭᠡᠯᠪᠡᠷᠢ ᠶᠢᠨ ᠬᠤᠯᠪᠤᠭᠠᠯᠠᠨ ᠠᠵᠢᠯᠯᠠᠬᠤ | ᠲᠥᠬᠦᠭᠡᠷᠦᠮᠵᠢ ᠡᠮᠬᠢ ᠵᠢᠷᠤᠮ ᠲᠠᠢ ᠠᠵᠢᠯᠯᠠᠵᠤ᠂ ᠢᠵᠢ ᠪᠦᠷᠢᠨ ᠭᠡᠳᠦ ᠲᠣᠮᠣ ᠭᠡᠯᠪᠡᠷᠢ ᠶᠢᠨ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠪᠡᠶ᠎ᠡ ᠶᠢᠨ ᠪᠦᠲᠦᠴᠡ ᠲᠠᠢ ᠬᠡᠪ ᠢ ᠶᠠᠭ ᠱᠠᠯᠠᠪᠳᠠᠨ ᠦᠢᠯᠡᠳᠪᠦᠷᠢᠯᠡᠵᠦ ᠪᠠᠶᠢᠯ᠎ᠠ᠃ | 2020 ᠣᠨ ᠤ 3 ᠰᠠᠷ᠎ᠠ ᠶᠢᠨ 29 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠨᠢᠩᠪᠦ᠋ᠸᠧ ᠶᠢᠨ ᠪᠧᠢ | ᠯᠦᠨ ᠳ᠋ᠠ ᠴᠢ ᠳᠡᠭᠡᠳᠦ ᠲᠠᠰ ᠤᠨ ᠮᠠᠰᠢᠨ ᠲᠡᠷᠭᠡᠨ ᠤ ᠰᠡᠯᠪᠢᠭ ᠲᠣᠨᠤᠭ ᠤᠨ ᠬᠡᠪ ᠬᠡᠷᠡᠭᠰᠡᠯ ᠤᠨ ᠬᠦᠷᠢᠶᠡᠯᠡᠩ | ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠬᠡᠪ ᠬᠡᠷᠡᠭᠰᠡᠯ ᠤᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠨ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | ︽ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠵᠠᠬᠢᠶᠠᠯᠠᠭ᠎ᠠ ᠡᠳᠦᠢ ᠲᠡᠳᠦᠢ | ᠪᠠᠭᠤᠷᠠᠪᠠ᠃ ᠵᠠᠰᠠᠭ ᠤᠨ ᠣᠷᠳᠣᠨ ᠪᠢᠳᠡᠨ ᠢ ᠬᠠᠪᠰᠤᠷᠤᠨ ᠲᠡᠳᠬᠦᠵᠦ᠂ ᠤᠰᠤ ᠴᠠᠭᠢᠯᠭᠠᠨ ᠤ ᠰᠦᠢᠳᠬᠡᠯ᠂ | ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠵᠡᠷᠭᠡ ᠶᠢ ᠬᠠᠰᠤᠵᠤ ᠬᠡᠯᠲᠦᠷᠢᠭᠦᠯᠵᠦ᠂ ᠪᠢᠳᠡᠨ ᠤ ᠳᠠᠷᠤᠭᠠᠰᠤ ᠶᠢ | ᠬᠥᠩᠭᠡᠷᠡᠭᠦᠯᠪᠡ᠃ ᠪᠢᠳᠡ ᠨᠢᠳᠦᠨ ᠡᠮᠦᠨᠡᠬᠢ ᠬᠦᠴᠢᠷ ᠢ ᠲᠤᠭᠤᠯᠬᠤ ᠢᠲᠡᠭᠡᠯ ᠲᠠᠢ︾᠃ ᠺᠤᠮᠫᠠᠨᠢ ᠶᠢᠨ | ᠬᠠᠷᠢᠭᠤᠴᠠᠯᠭᠠᠲᠠᠨ ᠶᠡᠷᠦᠩᠬᠡᠢ ᠱᠦᠵᠢ ᠳᠤ᠂ ︽ᠵᠠᠯᠭᠠᠭᠠᠳ ᠮᠠᠨ ᠤ ᠠᠵᠤ ᠠᠬᠤᠶᠢᠯᠠᠯ ᠤᠨ ᠬᠠᠷᠠᠯᠲᠠ ᠪᠣᠯ | ᠳᠡᠯᠡᠬᠡᠢ ᠶᠢᠨ ᠲᠡᠷᠢᠭᠦᠨ ᠵᠡᠷᠭᠡ ᠶᠢᠨ ᠬᠡᠪ ᠬᠡᠷᠡᠭᠰᠡᠯ ᠤᠨ ᠦᠢᠯᠡᠳᠪᠦᠷᠢ ᠶᠢ ᠪᠠᠶᠢᠭᠤᠯᠵᠤ᠂ ᠬᠥᠮᠥᠨ ᠳᠤᠮᠳᠠᠴᠢ ᠶᠢᠨ | ᠦᠢᠯᠡᠳᠬᠦᠨ ᠤ ᠦᠷᠳᠡᠭ ᠢ 150 ᠲᠦᠮᠡᠨ ᠲᠥᠭᠦᠷᠢᠭ ᠲᠤ ᠬᠦᠷᠭᠡᠨ᠎ᠡ︾ ᠭᠡᠵᠦ ᠬᠡᠯᠡᠵᠦ ᠥᠭᠪᠡ᠃ | ᠭᠦᠷ ᠬᠥᠭᠵᠢᠶᠡᠨ ᠲᠠᠢ ᠦᠢᠯᠡᠳᠪᠦᠷᠢ ᠶᠢᠨ ᠲᠠᠰᠤᠭ ᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠷᠡᠰ | ᠪᠠᠲᠤ ᠢᠲᠡᠭᠡᠯ ᠵᠣᠷᠢᠭ ᠨᠢ ᠶᠡᠷᠦᠩᠬᠡᠢ ᠱᠦᠵᠢ ᠶᠢ ᠮᠠᠰᠢ ᠪᠠᠶᠠᠷᠯᠠᠭᠤᠯᠪᠠ᠃ | ᠲᠡᠷᠭᠡᠨ ᠳᠤ ᠭᠠᠷᠬᠤ ᠠᠴᠠ ᠪᠠᠨ ᠡᠮᠦᠨ᠎ᠡ᠂ ᠶᠡᠷᠦᠩᠬᠡᠢ ᠱᠦᠵᠢ ᠲᠤᠰᠬᠠᠶᠢᠯᠠᠨ ᠠᠵᠢᠯᠴᠢᠳ ᠲᠤ᠄ ︽ᠲᠠᠨ ᠤ | ᠠᠵᠤ ᠠᠬᠤᠶᠢᠯᠠᠯ ᠤᠨ ᠪᠠᠶᠢᠳᠠᠯ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠠᠮᠢᠵᠢᠷᠠᠯ ᠤᠨ ᠬᠦᠴᠦᠨ ᠲᠠᠢ᠂ | ᠠᠮᠢᠳᠤᠯᠢᠭ ᠴᠢᠨᠠᠷ ᠲᠠᠢ᠂ ᠡᠷᠴᠢ ᠵᠣᠷᠢᠭ ᠲᠠᠢ ᠭᠡᠳᠡᠭ ᠨᠢ ᠲᠠᠨ ᠤ ᠠᠵᠤ ᠠᠬᠤᠶᠢᠯᠠᠯ ᠤᠨ ᠪᠡᠶ᠎ᠡ ᠳᠡᠭᠡᠷ᠎ᠡ ᠴᠦ | ᠢᠯᠡᠷᠡᠵᠦ ᠪᠠᠶᠢᠨ᠎ᠠ︾ ᠭᠡᠵᠦ ᠬᠡᠯᠡᠪᠡ᠃ | ᠲᠠᠷᠠᠭ᠎ᠠ ᠨᠢ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠲᠤᠰ ᠤᠳᠠᠭ᠎ᠠ ᠶᠢᠨ | ᠠᠶᠠᠯᠠᠯ ᠤᠨ ᠲᠥᠷᠥᠭᠳᠡᠯ ᠤᠨ ᠲᠤᠬᠠᠢ ᠶᠠᠷᠢᠬᠤ ᠳᠠᠭᠠᠨ᠄ ︽ᠠᠶᠤᠯ ᠲᠦᠭᠰᠢᠭᠦᠷᠢ ᠪᠣᠯᠣᠨ ᠠᠵᠠ ᠲᠣᠭᠢᠶᠠᠯ ᠶᠡᠷᠦ ᠨᠢ | ᠬᠠᠮᠲᠤ ᠣᠷᠣᠰᠢᠵᠤ᠂ ᠠᠶᠤᠯ ᠲᠦᠭᠰᠢᠭᠦᠷᠢ ᠶᠢ ᠢᠯᠠᠨ ᠳᠠᠪᠠᠪᠠᠯ ᠳᠠᠷᠤᠢ ᠠᠵᠠ ᠲᠣᠭᠢᠶᠠᠯ ᠪᠣᠯᠣᠨ᠎ᠠ︾ ᠭᠡᠪᠡ᠃ | ᠲᠣᠭᠲᠠᠯ ᠬᠦᠴᠦᠨ ᠢᠶᠠᠨ ᠪᠠᠲᠤᠯᠠᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠤᠶᠤᠨ ᠤᠬᠠᠭᠠᠨ ᠢᠶᠠᠨ | ᠲᠥᠪᠯᠡᠷᠡᠭᠦᠯᠦᠨ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠪᠣᠯ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ ᠶᠢᠨ ᠵᠠᠩᠭᠢᠯᠠᠭ᠎ᠠ ᠪᠣᠯᠣᠨ᠎ᠠ᠃ | ᠹᠦᠵᠢᠶᠠᠨ ᠮᠤᠵᠢ ᠶᠢᠨ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠷᠢᠯᠠᠵᠤ | ᠪᠠᠶᠢᠭ᠎ᠠ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠣᠲᠣ ᠶᠠᠭ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠢᠶᠠᠷ ᠡᠷᠡᠰ ᠵᠠᠮᠨᠠᠵᠤ᠂ ᠲᠣᠭᠠᠴᠢᠯᠠᠭᠰᠠᠨ ᠲᠣᠭᠠᠴᠠᠭ᠎ᠠ ᠬᠢᠬᠦ | ᠮᠡᠷᠭᠡᠵᠢᠯ᠂ ᠬᠤᠶᠠᠷ ᠬᠡᠮᠵᠢᠯᠲᠦ ᠺᠣᠳ᠋ ᠤᠨ ᠤᠩᠰᠢᠨ ᠲᠠᠨᠢᠬᠤ ᠮᠡᠷᠭᠡᠵᠢᠯ᠂ ᠵᠣᠬᠢᠶᠠᠮᠠᠯ ᠣᠶᠤᠨᠴᠢ ᠪᠤᠳᠤᠬᠤ | ᠠᠷᠭ᠎ᠠ ᠶᠢᠨ ᠮᠡᠷᠭᠡᠵᠢᠯ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠪᠲᠤᠯᠤᠯᠲᠠ ᠭᠠᠷᠭᠠᠵᠤ ᠪᠠᠶᠢᠨ᠎ᠠ᠃ | ︽ᠶᠡᠷᠦᠩᠬᠡᠢ ᠱᠦᠵᠢ ᠰᠢ ᠶᠢᠨ ᠫᠢᠩ ᠤᠨ ᠬᠠᠯᠠᠮᠵᠢᠯᠠᠯ ᠦᠭᠡᠢ ᠪᠣᠯ ᠥᠨᠥᠳᠥᠷ ᠤᠨ ᠰᠢᠨ ᠳ᠋ᠠ ᠯᠤ᠋ ᠪᠠᠶᠢᠵᠤ | ᠴᠢᠳᠠᠬᠤ ᠦᠭᠡᠢ︾᠃ ᠦᠢᠯᠡᠰ ᠪᠣᠰᠬᠠᠬᠤ ᠠᠩᠬᠠᠨ ᠤ ᠦᠶ᠎ᠡ ᠶᠢᠨ ᠥᠩᠭᠡᠷᠡᠯᠲᠡ ᠪᠠᠨ ᠡᠷᠭᠢᠴᠡᠭᠦᠯᠬᠦᠶ᠎ᠡ᠂ | ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠬᠤ᠋ ᠭᠠᠩ ᠮᠠᠰᠢ ᠰᠡᠳᠬᠢᠯ ᠳᠣᠭᠳᠣᠯᠵᠤ ᠪᠠᠶᠢᠯ᠎ᠠ᠃ | 1993 ᠣᠨ ᠤ ᠰᠡᠭᠦᠯᠴᠢ ᠪᠠᠷ᠂ ᠦᠢᠯᠡᠰ ᠪᠣᠰᠬᠠᠬᠤ ᠳᠤ ᠨᠢᠭᠡ ᠦᠶ᠎ᠡ ᠬᠦᠴᠢᠷᠳᠡᠯ ᠳᠤ ᠲᠤᠯᠭᠠᠷᠠᠭᠰᠠᠨ ᠬᠤ᠋ | ᠭᠠᠩ ᠪᠣᠯᠣᠨ ᠣᠨᠳᠣᠣ ᠨᠢᠭᠡ ᠡᠭᠦᠰᠬᠡᠨ ᠪᠠᠶᠢᠭᠤᠯᠤᠭᠴᠢ ᠸᠠᠩ ᠵᠢᠩ ᠮᠧᠩ ᠲᠤᠬᠠᠢ ᠶᠢᠨ ᠦᠶ᠎ᠡ ᠶᠢᠨ ᠹᠦᠵᠧᠦ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠢ ᠶᠢᠨ ᠫᠢᠩ ᠨᠥᠬᠦᠷ ᠲᠤ ᠮᠡᠳᠡᠭᠦᠯᠬᠦ ᠪᠤᠳᠤᠯ ᠣᠷᠣᠪᠠ᠃ | ᠬᠠᠷᠢᠯᠴᠠᠭᠰᠠᠨ ᠤ ᠳᠠᠷᠠᠭ᠎ᠠ ᠲᠣᠰ ᠡᠳᠦᠷ ᠤᠨ ᠦᠳᠡ ᠶᠢᠨ ᠬᠤᠶᠢᠨ᠎ᠠ ᠨᠢ ᠳᠠᠷᠤᠢ ᠬᠠᠷᠢᠭᠤ ᠥᠭᠭᠦᠨ᠎ᠡ ᠭᠡᠳᠡᠭ ᠢ | ᠪᠤᠳᠤᠵᠤ ᠣᠯᠣᠭᠰᠠᠨ ᠦᠭᠡᠢ᠂ ᠰᠢ ᠶᠢᠨ ᠫᠢᠩ ᠨᠥᠬᠦᠷ ᠲᠡᠳᠡᠨ ᠢ ᠠᠯᠪᠠᠨ ᠭᠡᠷ ᠲᠡᠭᠡᠨ ᠤᠷᠢᠵᠤ ᠨᠠᠷᠢᠨ ᠶᠠᠷᠢᠯᠴᠠᠪᠠ᠃ | | ᠠᠵᠤ ᠠᠬᠤᠶᠢᠯᠠᠯ ᠹᠦᠵᠧᠦ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠤᠲᠤᠭᠰᠢᠬᠤ | ᠠᠩᠬ᠎ᠠ ᠠᠯᠬᠤᠮ ᠤᠨ ᠲᠥᠯᠥᠪᠯᠡᠭᠡ ᠶᠢ ᠮᠡᠳᠡᠭᠰᠡᠨ ᠤ ᠳᠠᠷᠠᠭ᠎ᠠ᠂ ᠰᠢ ᠶᠢᠨ ᠫᠢᠩ ᠨᠥᠬᠦᠷ ᠮᠠᠰᠢ ᠳᠡᠮᠵᠢᠵᠦ᠂ | ᠨᠡᠭᠡᠭᠡᠯᠲᠡ ᠶᠢᠨ ᠲᠣᠭᠤᠷᠢᠭ ᠢ ᠱᠠᠯᠠᠪᠳᠠᠨ ᠵᠣᠯᠭᠠᠭᠤᠯᠬᠤ ᠬᠡᠷᠡᠭᠲᠡᠢ ᠭᠡᠵᠦ ᠵᠢᠭᠠᠪᠤᠷᠢᠯᠠᠭᠰᠠᠨ ᠪᠥᠭᠡᠳ ᠵᠠᠪᠠᠯ ᠰᠢᠨ᠎ᠡ ᠶᠢ | ᠡᠭᠦᠳᠬᠦ ᠶᠢ ᠪᠠᠲᠤ ᠰᠠᠬᠢᠵᠤ᠂ ᠠᠵᠤ ᠦᠢᠯᠡᠰ ᠢᠶᠠᠨ ᠪᠠᠲᠤ ᠰᠠᠬᠢᠵᠤ᠂ ᠬᠡᠳᠦᠢ ᠶᠡᠭᠡ ᠬᠦᠴᠢᠷ ᠪᠡᠷᠬᠡᠰᠢᠶᠡᠯ ᠢ ᠴᠦ | ᠳᠠᠭᠠᠭᠠᠵᠤ ᠭᠠᠷᠬᠤ ᠬᠡᠷᠡᠭᠲᠡᠢ ᠭᠡᠵᠦ ᠠᠵᠤ ᠠᠬᠤᠶᠢᠯᠠᠯ ᠳᠤ ᠵᠠᠬᠢᠪᠠ᠃ | 2014 ᠣᠨ ᠤ 11 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠹᠦᠵᠢᠶᠠᠨ ᠳᠤ ᠰᠢᠨᠵᠢᠯᠡᠨ ᠪᠠᠶᠢᠴᠠᠭᠠᠬᠤ | ᠬᠤᠭᠤᠴᠠᠭᠠᠨ ᠳᠠᠭᠠᠨ ᠰᠢᠨ ᠳ᠋ᠠ ᠯᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠳᠤ ᠬᠦᠷᠴᠦ᠂ ᠠᠵᠤ | ᠠᠬᠤᠶᠢᠯᠠᠯ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ ᠪᠠᠶᠢᠬᠤ ᠶᠢ ᠬᠠᠷᠠᠭᠠᠳ ᠮᠠᠰᠢ ᠪᠠᠶᠠᠷᠯᠠᠵᠤ᠄ ︽ | ᠡᠨᠡ ᠨᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠪᠣᠯ ᠮᠠᠨ ᠤ ᠤᠯᠤᠰ᠂ ᠪᠠᠰᠠ ᠴᠤ ᠮᠠᠨ ᠤ ᠠᠵᠤ ᠠᠬᠤᠶᠢᠯᠠᠯ | ᠨᠢᠭᠡᠪᠦᠷᠢ ᠶᠢᠨ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠮᠥᠨ ᠭᠡᠳᠡᠭ ᠢ ᠭᠦᠢᠴᠡᠳ ᠭᠡᠷᠡᠴᠢᠯᠡᠭᠰᠡᠨ ᠪᠠᠶᠢᠨ᠎ᠠ | ︾ ᠭᠡᠪᠡ᠃ | ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠤ᠂ ᠮᠠᠨ ᠤ ᠤᠯᠤᠰ ᠤᠨ ᠬᠥᠭᠵᠢᠯᠲᠡ ᠮᠥᠨ ᠬᠦ | ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠬᠤ ᠪᠣᠯᠣᠨ᠎ᠠ᠂ ᠭᠡᠪᠡᠴᠦ | ᠠᠵᠠ ᠲᠣᠭᠢᠶᠠᠯ ᠪᠠ ᠥᠷᠢᠰᠦᠯᠳᠦᠭᠡᠨ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ ᠶᠤᠮ᠃ | ᠶᠡᠷᠦᠩᠬᠡᠢ ᠱᠦᠵᠢ ᠰᠢ ᠶᠢᠨ ᠫᠢᠩ᠂ ᠬᠤᠪᠢᠷᠠᠯᠲᠠ ᠶᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ | ᠬᠤᠪᠢᠷᠠᠯᠲᠠ ᠶᠢ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠪᠡᠯ ᠯᠠᠪᠲᠠᠢ ᠲᠡᠦᠬᠡ ᠶᠢᠨ | ᠠᠵᠠ ᠲᠣᠭᠢᠶᠠᠯ ᠢ ᠠᠮᠵᠢᠵᠤ᠂ ᠬᠥᠭᠵᠢᠯᠲᠡ ᠶᠢᠨ ᠲᠡᠷᠢᠭᠦᠨ ᠠᠵᠠ ᠲᠣᠭᠢᠶᠠᠯ ᠢ ᠣᠯᠵᠤ ᠴᠢᠳᠠᠨ᠎ᠠ ᠭᠡᠵᠦ ᠵᠢᠭᠠᠵᠤ | ᠭᠠᠷᠭᠠᠪᠠ᠃ | 2023 ᠣᠨ ᠤ 3 ᠰᠠᠷ᠎ᠠ ᠶᠢᠨ 6 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ | ᠪᠠᠶᠢᠭᠰᠠᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠪᠠ | ᠃ | ᠨᠢᠩᠳᠧ ᠶᠢᠨ ᠴᠠᠭ ᠦᠶ᠎ᠡ ᠶᠢᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠽᠧᠩ ᠢᠦᠢ ᠴᠢᠶᠦ᠋ᠨ ᠭᠡᠰᠢᠭᠦᠨ ᠡᠩ ᠲᠡᠷᠢᠭᠦᠨ ᠳᠤ ᠦᠭᠡ ᠬᠡᠯᠡᠵᠦ᠂ | ᠶᠡᠷᠦᠩᠬᠡᠢ ᠱᠦᠵᠢ ᠳᠤ ᠠᠵᠤ ᠠᠬᠤᠶᠢᠯᠠᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠬᠦ ᠬᠦᠴᠦᠨ ᠤ ᠳ᠋ᠢᠶᠠᠨ | ᡂᠢ ᠶᠢ ᠰᠤᠳᠤᠯᠤᠨ ᠨᠡᠭᠡᠭᠡᠵᠦ᠂ ᠪᠦᠭᠦ ᠪᠥᠮᠪᠥᠷᠴᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠠᠰᠢᠭᠲᠠᠢ | ᠪᠠᠶᠢᠷᠢ ᠶᠢ ᠴᠢᠷᠮᠠᠶᠢᠨ ᠡᠵᠡᠯᠡᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ | ︽ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠨ ᠬᠥᠭᠵᠢᠵᠦ ᠪᠠᠶᠢᠨ᠎ᠠ᠃ ᠡᠨᠡ ᠶᠠᠪᠤᠳᠠᠯ ᠳᠤ ᠪᠠᠶᠠᠷᠯᠠᠬᠤ | ᠮᠥᠷᠲᠡᠭᠡᠨ ᠵᠣᠪᠠᠨᠢᠨ᠎ᠠ︾᠃ ᠶᠡᠷᠦᠩᠬᠡᠢ ᠱᠦᠵᠢ ᠰᠢ ᠶᠢᠨ ᠫᠢᠩ ᠭᠦᠨᠵᠡᠭᠡᠢ ᠰᠡᠳᠬᠢᠨ ᠪᠣᠳᠣᠯᠬᠢᠯᠠᠵᠤ᠂ ︽ | ᠪᠠᠶᠠᠷᠯᠠᠭᠤᠰᠢᠲᠠᠢ ᠨᠢ᠂ ᠮᠠᠨ ᠤ ᠡᠨᠡ ᠬᠦ ᠠᠵᠢᠯ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ ᠪᠤᠢ︔ | ᠵᠣᠪᠠᠨᠢᠬᠤ ᠨᠢ᠂ ᠶᠡᠭᠡ ᠪᠠᠷ ᠳᠡᠪᠵᠢᠶᠡᠷᠡᠨ᠂ ᠤᠷᠢᠳ ᠢᠶᠠᠷ ᠳᠦᠷᠬᠢᠷᠡᠲᠡᠯ᠎ᠡ ᠬᠥᠳᠡᠯᠦᠯᠴᠡᠵᠦ᠂ ᠬᠠᠮᠤᠭ ᠤᠨ ᠰᠡᠭᠦᠯ ᠳᠤ | ᠳᠦᠷᠬᠢᠷᠡᠲᠡᠯ᠎ᠡ ᠲᠠᠷᠬᠠᠬᠤ ᠶᠠᠪᠤᠳᠠᠯ ᠪᠤᠯᠬᠤ ᠠᠴᠠ ᠠᠶᠤᠵᠤ ᠪᠤᠢ︾ ᠭᠡᠵᠡᠢ᠃ | ᠪᠦᠭᠦ ᠲᠠᠯ᠎ᠠ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ᠠᠯᠤᠰ ᠭᠡᠳᠦ ᠶᠢ ᠪᠣᠳᠣᠯᠬᠢᠯᠠᠪᠠᠯ ᠰᠠᠶ᠋ᠢ | ᠬᠥᠭᠵᠢᠯᠲᠡ ᠶᠢᠨ ᠠᠵᠠ ᠲᠣᠭᠢᠶᠠᠯ ᠢ ᠠᠮᠵᠢᠵᠤ᠂ ᠵᠠᠭᠤᠨ ᠵᠢᠯ ᠤᠨ ᠬᠠᠭᠤᠴᠢᠨ ᠳᠡᠯᠭᠡᠭᠦᠷ ᠢ ᠪᠦᠲᠦᠭᠡᠵᠦ ᠴᠢᠳᠠᠨ᠎ᠠ᠃ | ᠡᠨᠡ ᠵᠢᠯ ᠤᠨ 2 ᠰᠠᠷ᠎ᠠ ᠶᠢᠨ 17 ᠤ ᠡᠳᠦᠷ ᠬᠤᠷᠠᠯᠳᠤᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ᠂ ᠰᠢᠨ᠎ᠡ ᠴᠠᠭ ᠦᠶ᠎ᠡ ᠰᠢᠨ᠎ᠡ | ᠠᠶᠠᠨ ᠳᠤ᠂ ᠮᠠᠨ ᠤ ᠤᠯᠤᠰ ᠤᠨ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠳᠠᠰᠤᠷᠠᠯᠳᠠ ᠦᠭᠡᠢ ᠳᠡᠭᠡᠭᠰᠢᠯᠡᠵᠦ᠂ | ᠠᠷᠠᠳ ᠤᠨ ᠠᠮᠢᠳᠤᠷᠠᠯ ᠤᠨ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ ᠨᠡᠭᠡᠭᠡᠯᠲᠡ ᠤᠯᠠᠮ | ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠵᠦ᠂ ᠢᠯᠠᠩᠭᠤᠶ᠎ᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠢᠯᠡᠰ ᠲᠦᠷᠭᠡᠨ ᠬᠥᠭᠵᠢᠵᠦ᠂ ᠴᠢᠳᠠᠪᠤᠷᠢᠲᠠᠨ ᠤ ᠡᠩᠨᠡᠭᠡ ᠪᠣᠯᠣᠨ ᠭᠦᠳᠡᠯᠮᠦᠷᠢ ᠬᠦᠴᠦᠨ ᠤ ᠡᠬᠢ | ᠪᠠᠶᠠᠯᠢᠭ ᠤᠨ ᠲᠤᠭ᠎ᠠ ᠯᠤᠲᠤ ᠶᠡᠭᠡ᠂ ᠬᠡᠪ ᠪᠣᠯᠪᠠᠰᠤᠷᠠᠯ ᠰᠢᠯᠢᠳᠡᠭ ᠰᠠᠶᠢᠨ᠂ ᠠᠵᠤ ᠦᠢᠯᠡᠰ ᠤᠨ ᠰᠢᠰᠲ᠋ᠧᠮ ᠪᠣᠯᠣᠨ | ᠰᠠᠭᠤᠷᠢ ᠲᠥᠬᠦᠭᠡᠷᠦᠮᠵᠢ ᠶᠢᠨ ᠰᠢᠰᠲ᠋ᠧᠮ ᠢᠵᠢ ᠪᠦᠷᠢᠳᠦᠨ ᠲᠡᠭᠦᠯᠳᠡᠷᠵᠢᠵᠦ᠂ 14 ᠳ᠋ᠦᠩᠰᠢᠭᠤᠷ ᠭᠠᠷᠤᠢ ᠬᠥᠮᠥᠨ | ᠠᠮᠠ ᠶᠢᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠯᠤᠲᠤ ᠶᠡᠭᠡ ᠪᠠᠶᠢᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤ ᠮᠠᠰᠢ ᠤᠯᠠᠨ ᠰᠢᠨ᠎ᠡ ᠠᠵᠠ ᠲᠣᠭᠢᠶᠠᠯ ᠣᠯᠭᠤᠵᠤ᠂ ᠨᠡᠩ | ᠶᠡᠭᠡ ᠬᠥᠭᠵᠢᠯᠲᠡ ᠶᠢᠨ ᠣᠷᠣᠨ ᠵᠠᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃ | ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠡᠷᠴᠢ ᠬᠦᠴᠦᠨ ᠢᠶᠠᠨ | ᠴᠢᠩᠭᠠᠷᠠᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠡᠷᠡᠯᠬᠡᠭᠯᠡᠨ ᠤᠷᠤᠭᠰᠢᠯᠠᠨ᠎ᠠ᠃ | ᠬᠡᠬᠦᠳᠡᠭ ᠳᠦᠭᠦᠷᠡᠩ ᠦᠢᠯᠡᠰ ᠪᠣᠰᠬᠠᠬᠤ ᠵᠣᠷᠢᠭ ᠰᠠᠨᠠᠭ᠎ᠠ ᠪᠠ ᠡᠬᠡ ᠤᠯᠤᠰ ᠤᠨ ᠢᠶᠠᠨ ᠲᠥᠯᠥᠭᠡ ᠵᠢᠳᠬᠦᠬᠦ | ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠴᠢᠳᠠᠮᠠᠭᠠᠢ ᠪᠠᠷ | ᠠᠵᠢᠯᠯᠠᠨ ᠴᠢᠳᠠᠮᠠᠭᠠᠢ ᠪᠠᠷ ᠪᠦᠲᠦᠭᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯᠣᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠯᠠᠪᠲᠠᠢ ᠬᠠᠪᠤᠷ ᠤᠨ ᠰᠠᠯᠬᠢᠨ ᠤ ᠡᠷᠴᠢᠨ ᠳᠤ ᠮᠢᠩᠭᠠᠨ ᠳᠠᠷᠪᠠᠭᠤᠯ ᠮᠥᠴᠡᠭᠡᠷᠬᠡᠨ | ᠤᠷᠤᠭᠰᠢᠯᠠᠨᠠᠮ᠃ | | |