ᠬᠤᠷᠴᠢᠨ ᠲᠣᠭᠤᠷᠢᠭ᠄ ᠣᠯᠠᠨ ᠠᠷᠭ᠎ᠠ ᠶᠢ ᠵᠡᠷᠭᠡ ᠪᠠᠷ ᠬᠡᠷᠡᠭᠯᠡᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/3/6
    ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠬᠤᠷᠴᠢᠨ ᠲᠣᠭᠤᠷᠢᠭ ᠤᠨ ᠬᠢᠨ ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠪᠠᠯᠭᠠᠰᠤ ᠲᠣᠰᠬᠤᠨ ᠳᠤ ᠭᠦᠨᠵᠡᠭᠡᠶᠢᠷᠡᠭᠦᠯᠦᠨ᠂ ᠰᠠᠶᠢᠨ ᠡᠭᠦᠯᠳᠡᠷ ᠢ ᠰᠣᠩᠭᠤᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ᠂ ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠭᠤᠯᠤᠯ ᠪᠠ ᠲᠠᠶᠢᠯᠤᠮᠵᠢ ᠬᠢᠬᠦ ᠶᠢᠨ ᠬᠠᠮᠲᠤ ᠲᠠᠷᠢᠶᠠᠴᠢᠨ ᠡᠷᠦᠬᠡ ᠳᠤ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠂ ᠨᠢᠭᠡ ᠤᠳᠠᠭ᠎ᠠ ᠶᠢᠨ ᠴᠢᠨᠠᠷᠲᠠᠶ ᠠᠮᠤ ᠪᠤᠳᠠᠭ᠎ᠠ ᠳᠠᠷᠢᠬᠤ ᠨᠥᠬᠦᠪᠥᠷᠢ ᠥᠭᠬᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠥᠭᠬᠦ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠠᠷᠢᠵᠤ ᠤᠷᠭᠤᠭᠤᠯᠬᠤ ᠢᠲᠡᠭᠡᠯ ᠢ ᠨᠡᠮᠡᠭᠳᠡᠭᠦᠯᠪᠡ᠃ ᠡᠭᠦᠨ ᠤ ᠬᠠᠮᠲᠤ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠵᠤ᠂ ᠬᠠᠭᠤᠷᠮᠠᠭ ᠮᠠᠭᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠳᠤ ᠴᠢᠩᠭ᠎ᠠ ᠴᠣᠬᠢᠯᠲᠠ ᠥᠭᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠮᠤᠷ ᠲᠦᠪᠰᠢᠨ ᠤ ︽ᠨᠢᠭᠡᠳᠦᠭᠡᠷ ᠪᠣᠭᠤᠮᠲᠠ︾ ᠶᠢ ᠰᠠᠶᠢᠲᠤᠷ ᠠᠳᠬᠤᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号