ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠪᠠᠶᠢᠴᠠᠭᠠᠨ ᠣᠶᠢᠯᠠᠭᠠᠬᠤ ᠶᠢ ᠴᠢᠩᠭᠠᠳᠬᠠᠬᠤ᠂ | ᠠᠵᠢᠯ ᠤᠨ ᠪᠠᠶᠢᠷᠢ ᠶᠢ ᠵᠣᠯᠭᠠᠭᠤᠯᠬᠤ ᠶᠢ ᠴᠢᠩᠭᠠᠳᠬᠠᠬᠤ᠂ ᠤᠬᠠᠭᠤᠯᠵᠤ ᠬᠥᠲᠥᠯᠥᠨ ᠳᠠᠭᠠᠭᠤᠯᠬᠤ ᠶᠢ | ᠴᠢᠩᠭᠠᠳᠬᠠᠬᠤ ︽ᠭᠤᠷᠪᠠ ᠶᠢ ᠴᠢᠩᠭᠠᠳᠬᠠᠬᠤ︾ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠵᠡᠮᠳᠡᠭᠴᠦᠳ ᠤᠨ ᠠᠵᠢᠯ | ᠣᠯᠭᠤᠯᠲᠠ ᠶᠢᠨ ᠠᠵᠢᠯ ᠢ ᠣᠯᠠᠨ ᠠᠷᠭ᠎ᠠ ᠵᠠᠮ ᠢᠶᠠᠷ ᠳᠥᠯᠭᠢᠨ ᠠᠬᠢᠭᠤᠯᠵᠤ᠂ ᠵᠡᠮᠳᠡᠭᠴᠦᠳ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠷᠴᠢᠨ | ᠲᠣᠭᠤᠷᠢᠭ ᠤᠨ ᠬᠢᠨ ᠴᠠᠭᠠᠨ ᠰᠠᠷ᠎ᠠ ᠶᠢᠨ ᠡᠷᠬᠢᠨ ᠦᠵᠡᠵᠦ ᠲᠣᠬᠤᠨᠢᠭᠤᠯᠬᠤ ᠪᠠᠷ ᠠᠵᠠ ᠲᠣᠬᠢᠶᠠᠯ ᠪᠣᠯᠭᠠᠵᠤ᠂ | ᠵᠡᠮᠳᠡᠭᠴᠦᠳ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠤᠷᠳᠠᠨ ᠣᠶᠢᠯᠠᠭᠠᠪᠠ︔ | ᠵᠡᠮᠳᠡᠭᠴᠦᠳ ᠤᠨ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠶᠢ ᠡᠷᠬᠢᠯᠡᠬᠦ ᠶᠢᠨ ᠬᠠᠮᠲᠤ ᠵᠡᠮᠳᠡᠭᠴᠦᠳ ᠤᠨ ᠠᠵᠢᠯ | ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠠᠰᠠᠭᠤᠨ ᠯᠠᠪᠯᠠᠬᠤ ᠲᠤᠰᠬᠠᠢ ᠲᠣᠭᠤᠷᠢᠭ ᠭᠠᠷᠭᠠᠵᠤ᠂ ᠠᠵᠢᠯ | ᠣᠯᠭᠤᠯᠲᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠪᠠ ᠠᠵᠢᠯ ᠣᠯᠭᠤᠯᠲᠠ ᠶᠢᠨ ᠵᠢᠯᠣᠭᠤᠳᠬᠤ | ᠦᠢᠯᠡᠴᠢᠯᠡᠭᠡ ᠬᠠᠩᠭᠠᠨ᠎ᠠ︔ ᠠᠵᠢᠯᠴᠢᠨ ᠬᠡᠷᠡᠭᠯᠡᠬᠦ ᠬᠡᠷᠡᠭᠴᠡᠭᠡ ᠲᠠᠢ ᠠᠵᠤ ᠠᠬᠤᠶᠢᠯᠠᠯ ᠳᠤ ᠵᠡᠮᠳᠡᠭᠴᠦᠳ ᠤᠨ | ᠠᠵᠢᠯᠴᠢᠨ ᠬᠡᠷᠡᠭᠯᠡᠬᠦ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠬᠠᠭᠤᠯᠵᠤ᠂ ᠠᠵᠤ ᠠᠬᠤᠶᠢᠯᠠᠯ ᠤᠨ | ᠵᠡᠮᠳᠡᠭᠴᠦᠳ ᠢ ᠢᠳᠡᠪᠬᠢᠲᠡᠢ ᠪᠠᠷ ᠣᠷᠣᠭᠤᠯᠤᠨ ᠠᠪᠴᠤ ᠠᠵᠢᠯ ᠣᠯᠭᠤᠬᠤ ᠶᠢ ᠵᠣᠷᠢᠭᠵᠢᠭᠤᠯᠤᠨ᠎ᠠ᠃ | |