ᠬᠤᠷᠴᠢᠨ ᠲᠣᠭᠤᠷᠢᠭ᠄ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2025/3/7
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ 467 ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ ᠶᠢ ᠵᠣᠬᠢᠶᠠᠨ ᠪᠠᠶᠢᠭᠤᠯᠵᠤ᠂ 108 ᠨᠡᠶᠢᠭᠡᠮ ᠲᠣᠭᠤᠷᠢᠭ᠂ 359 ᠭᠠᠴᠠᠭ᠎ᠠ ᠲᠣᠰᠬᠤᠨ ᠲᠠᠯᠠᠪᠠᠶ ᠳᠤ ᠠᠵᠢᠯ ᠣᠯᠭᠤᠯᠲᠠ᠂ ᠠᠳᠠᠯ ᠦᠢᠯᠡᠰ ᠴᠣᠭᠴᠠᠯᠠᠬᠤ᠂ ᠪᠣᠯᠪᠠᠰᠤᠷᠠᠭᠤᠯᠤᠯ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠵᠤ᠂ ᠲᠣᠰ ᠭᠠᠵᠠᠷ ᠤᠨ ᠬᠡᠪᠴᠢᠶᠡᠵᠢᠯ ᠠᠴᠠ ᠳᠡᠭᠡᠭᠰᠢᠬᠢ 52 ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠬᠦᠷᠭᠡᠵᠦ᠂ ︽ᠠᠵᠢᠯ ᠣᠯᠭᠤᠯᠲᠠ ᠪᠠᠷ ᠬᠥᠳᠡᠭᠡ ᠲᠣᠰᠬᠤᠨ ᠢ ᠬᠠᠪᠰᠤᠷᠤᠨ ᠲᠡᠳᠬᠦᠵᠦ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ 4600 ᠲᠠᠷᠬᠠᠭᠠᠪᠠ᠃ ᠡᠭᠦᠨ ᠤ ᠬᠠᠮᠲᠤ ᠂ ᠰᠦᠯᠵᠢᠶᠡᠨ ᠳᠡᠭᠡᠷ᠎ᠡ ᠠᠵᠢᠯ ᠣᠯᠭᠤᠯᠲᠠ ᠶᠢᠨ ᠦᠢᠯᠡᠴᠢᠯᠡᠭᠡᠨ ᠤ ᠠᠰᠠᠭᠤᠨ ᠯᠠᠪᠯᠠᠬᠤ ᠴᠡᠭ ᠭᠠᠷᠭᠠᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠳᠠᠯ ᠦᠢᠯᠡᠰ ᠴᠣᠭᠴᠠᠯᠠᠬᠤ ᠶᠢ ᠲᠡᠳᠬᠦᠬᠦ ᠵᠥᠪᠯᠡᠯᠭᠡ ᠥᠭᠬᠦ ᠵᠡᠷᠭᠡ ᠣᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠯᠦᠩᠭᠦᠶ ᠪᠠᠷ ᠬᠠᠩᠭᠠᠵᠤ᠂ ᠠᠵᠢᠯ ᠡᠷᠢᠭᠰᠡᠳ ᠢ ᠬᠠᠪᠰᠤᠷᠤᠨ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠪᠠ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ ᠣᠶᠢᠯᠠᠭᠠᠭᠤᠯᠤᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号