ᠬᠤᠷᠴᠢᠨ ᠲᠣᠭᠤᠷᠢᠭ᠄ ᠠᠮᠤᠷ ᠲᠦᠪᠰᠢᠨ ᠤ ᠪᠠᠶᠢᠭᠤᠯᠤᠯᠲᠠ ᠶᠢ ᠴᠢᠩᠭ᠎ᠠ ᠠᠳᠬᠤᠵᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2025/3/7
    ᠡᠨᠡ ᠵᠢᠯ ᠠᠴᠠ ᠨᠠᠰᠢ᠂ ᠬᠤᠷᠴᠢᠨ ᠲᠣᠭᠤᠷᠢᠭ ᠤᠨ ᠬᠢᠨ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠪᠢᠲᠡᠭᠦᠦ ᠴᠠᠭᠠᠷᠢᠭ ᠢ ᠴᠡᠭᠴᠡᠯᠡᠨ ᠵᠠᠰᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠠᠯ᠎ᠠ ᠪᠠᠷ ᠲᠣᠭᠲᠠᠯ ᠬᠦᠴᠦᠨ ᠢᠶᠠᠨ ᠪᠠᠲᠤᠯᠠᠵᠤ ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠪᠠ᠃ ᠬᠤᠷᠴᠢᠨ ᠲᠣᠭᠤᠷᠢᠭ ᠤᠨ ᠬᠢᠨ ᠬᠠᠨᠳᠤᠯᠭᠠᠲᠤ ᠴᠢᠨᠠᠷᠲᠠᠢ ᠪᠠᠷ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠬᠤᠷᠴᠠ ᠴᠢᠳᠠᠮᠠᠭᠠᠶ ᠬᠦᠴᠦᠨ ᠢ ᠨᠡᠮᠡᠨ ᠲᠣᠮᠢᠯᠠᠵᠤ ᠨᠢᠭᠡᠳᠦᠭᠡᠷ ᠹᠷᠣᠨᠲ ᠤᠨ ᠲᠣᠭᠤᠷᠢᠨ ᠬᠠᠮᠠᠭᠠᠯᠠᠬᠤ ᠳᠤ ᠣᠷᠣᠯᠴᠠᠭᠤᠯᠵᠤ᠂ ᠭᠠᠯ ᠤᠨ ᠠᠶᠤᠯ ᠶᠡᠬᠡᠲᠡᠶ ᠣᠷᠣᠨ ᠳᠤ ᠭᠠᠯ ᠤᠨ ᠡᠬᠢ ᠰᠤᠷᠪᠤᠯᠵᠢ ᠶᠢᠨ ᠬᠠᠮᠢᠶᠠᠷᠤᠨ ᠡᠵᠡᠮᠳᠡᠬᠦ ᠴᠡᠭ ᠢ ᠨᠡᠮᠡᠨ ᠪᠠᠶᠢᠭᠤᠯᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ᠡᠭᠦᠨ ᠤ ᠬᠠᠮᠲᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ᠂ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠢᠮᠠᠭᠲᠠ ᠪᠠᠲᠤ ᠪᠠᠬᠢ ᠪᠣᠶ ᠪᠣᠯᠭᠠᠵᠤ᠂ ︽ᠴᠢᠩᠭ᠎ᠠ᠂ ᠨᠠᠷᠢᠯᠢᠭ᠂ ᠪᠣᠳᠠᠲᠠᠶ᠂ ᠲᠦᠷᠭᠡᠨ︾ ᠪᠠᠶᠢᠬᠤ ᠶᠢ ᠳᠣᠲᠣᠭᠠᠳᠤ ᠬᠥᠳᠡᠯᠭᠡᠬᠦ ᠬᠦᠴᠦᠨ ᠪᠠ ᠠᠵᠢᠯ ᠤᠨ ᠳᠠᠳᠬᠠᠯ ᠪᠣᠯᠭᠠᠵᠤ᠂ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠨ᠎ᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号