ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠥᠪᠯᠡᠯ | ᠠᠯᠪᠠᠨ ᠬᠡᠷ ᠲᠣᠪᠴᠢᠶ᠎ᠠ᠂ ᠬᠤᠯᠪᠣᠭᠳᠠᠯ ᠪᠥᠬᠦᠶ ᠠᠵᠢᠯ ᠦᠢᠯᠡᠰ ᠤᠨ ᠨᠢᠭᠡᠴᠡ ᠳᠤ᠄ ᠡᠳᠦᠭᠡ ︽ᠲᠦᠩᠯᠢᠶᠣᠤ | ᠬᠤᠲᠠ ᠶᠢᠨ 2025 ᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠣᠣᠱᠯᠠᠭᠤᠯᠤᠨ | ᠨᠠᠶᠢᠳᠠᠪᠤᠷᠢᠵᠢᠭᠤᠯᠲᠤᠭᠠᠶ᠃ 2025 ᠣᠨ ᠤ 2 ᠳ᠋ᠤᠭᠠᠷ ᠰᠠᠷ᠎ᠠ ᠶᠢᠨ 26 ᠲᠤᠰ ᠪᠢᠴᠢᠭ ᠮᠠᠲ᠋ᠧᠷᠢᠶᠠᠯ ᠢ | ᠬᠠᠰᠤᠭᠰᠠᠨ ᠤ ᠳᠠᠷᠠᠭ᠎ᠠ ᠢᠯᠡ ᠪᠣᠯᠭᠠᠨ᠎ᠠ ᠲᠦᠩᠯᠢᠶᠣᠤ ᠬᠤᠲᠠ ᠶᠢᠨ 2025 ᠣᠨ ᠤ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠶ ᠰᠠᠨᠠᠯ︾ ︵ | ᠲᠥᠪ ᠲᠠᠷᠬᠠᠭᠠᠭᠰᠠᠨ ︹2020︺ 18 ᠳ᠋ᠤᠭᠠᠷ ᠲᠣᠭᠠᠲᠤ︶ ᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ | ᠬᠤᠲᠠ ᠶᠢᠨ ᠨᠠᠮ ᠤᠨ ᠬᠤᠷᠢᠶᠠᠨ ᠤ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ | ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ | ᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠶᠢᠨ ᠲᠥᠯᠥᠭᠡ᠂ | ᠳᠣᠤᠷᠠᠬᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃ ᠨᠢᠭᠡ᠂ ᠶᠡᠷᠦᠩᠬᠡᠢ ᠱᠠᠭᠠᠷᠳᠠᠯᠭ᠎ᠠ ᠶᠡᠷᠦᠩᠬᠡᠶ ᠱᠦᠵᠢ | ᠰᠢ ᠶᠢᠨ ᠫᠢᠩ ᠤᠨ ᠴᠢᠨᠠᠷ ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠠᠵᠢᠯ ᠣᠯᠭᠤᠯᠲᠠ ᠶᠢᠨ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢᠨ ᠵᠦᠶ ᠵᠣᠬᠢᠰᠲᠠᠶ ᠨᠡᠮᠡᠭᠳᠡᠯ ᠢ ᠨᠠᠩ ᠴᠢᠬᠤᠯᠠᠴᠢᠯᠠᠵᠤ᠂ | ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ ᠶᠢ ᠨᠠᠩ ᠴᠢᠬᠤᠯᠠᠴᠢᠯᠠᠵᠤ᠂ | ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠬᠤ ᠶᠢ ᠨᠠᠩ | ᠴᠢᠬᠤᠯᠠᠴᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠴᠢᠨᠠᠷ | ᠰᠠᠶᠢᠲᠠᠶ ᠭᠦᠢᠴᠡᠳ ᠠᠵᠢᠯ ᠣᠯᠭᠤᠯᠲᠠ ᠶᠢ ᠠᠬᠢᠭᠤᠯᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠨᠠᠩ | ᠴᠢᠬᠤᠯᠠᠴᠢᠯᠠᠬᠤ ᠬᠡᠷᠡᠭᠲᠡᠢ᠃ 2025 ᠣᠨ ᠳᠤ᠂ ᠪᠥᠬᠦ ᠬᠤᠲᠠ ᠶᠢᠨ ᠬᠤᠲᠠ ᠪᠠᠯᠭᠠᠰᠤᠨ ᠤ 1.35 ᠲᠦᠮᠡ ᠠᠴᠠ | ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ 42.4 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠵᠤ᠂ 3 ᠲᠦᠮᠡᠨ ᠬᠥᠮᠦᠨ ᠤᠳᠠᠭ᠎ᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠥᠷᠨᠢᠭᠦᠯᠵᠦ᠂ ᠬᠤᠲᠠ ᠪᠠᠯᠭᠠᠰᠤᠨ ᠤ ᠪᠠᠶᠢᠴᠠᠭᠠᠯᠲᠠ ᠶᠢᠨ ᠠᠵᠢᠯ ᠠᠯᠳᠠᠯᠲᠠ ᠶᠢᠨ ᠨᠣᠷᠮ᠎ᠠ ᠶᠢ | ᠤᠯᠤᠰ ᠤᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠶᠢᠨ ᠳᠣᠲᠣᠷ᠎ᠠ ᠬᠢᠵᠠᠭᠠᠷᠯᠠᠨ᠎ᠠ᠃ ᠬᠤᠶᠠᠷ᠂ ᠭᠤᠣᠯᠳᠠᠯᠭ᠎ᠠ ᠲᠠᠢ | ᠡᠭᠦᠷᠭᠡ ︵ᠨᠢᠭᠡ︶ ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ ᠲᠤᠰᠬᠠᠢ ᠠᠵᠢᠯᠯᠠᠭ᠎ᠠ ᠶᠢ | ᠬᠡᠷᠡᠭᠵᠢᠭᠦᠯᠦᠨ᠎ᠡ 1. ᠠᠵᠤ ᠦᠢᠯᠡᠰ ᠬᠢᠭᠡᠳ ᠠᠵᠢᠯ ᠣᠯᠭᠤᠯᠲᠠ ᠶᠢ ᠬᠠᠷᠢᠯᠴᠠᠨ ᠠᠬᠢᠭᠤᠯᠵᠤ ᠬᠠᠮᠲᠤᠪᠠᠷ | ᠳᠠᠪᠰᠢᠬᠤ ᠶᠢ ᠠᠬᠢᠭᠤᠯᠤᠨ᠎ᠠ᠃ ᠴᠢᠬᠤᠯᠠ ᠶᠡᠭᠡ ᠲᠥᠷᠥ ᠶᠢᠨ ᠪᠣᠳᠣᠯᠭ᠎ᠠ ᠲᠣᠭᠲᠠᠭᠠᠬᠤ᠂ ᠴᠢᠬᠤᠯᠠ ᠶᠡᠭᠡ ᠲᠥᠷᠥᠯ | ᠵᠦᠢᠯ ᠲᠣᠭᠲᠠᠭᠠᠬᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠬᠢᠬᠦ ᠳᠤ ᠠᠵᠢᠯ ᠤᠨ | ᠪᠠᠶᠢᠷᠢ ᠡᠭᠦᠳᠦᠭᠰᠡᠨ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠵᠡᠷᠭᠡ ᠪᠠᠷ ᠦᠨᠡᠯᠡᠨ ᠵᠢᠱᠢᠵᠦ᠂ ᠴᠢᠳᠠᠪᠤᠷᠢᠲᠠᠨ | ᠪᠠ ᠬᠥᠳᠡᠯᠮᠦᠷᠢ ᠬᠦᠴᠦᠨ ᠤ ᠬᠠᠩᠭᠠᠯᠭ᠎ᠠ ᠶᠢ ᠠᠵᠤ ᠠᠬᠤᠶᠢᠯᠠᠯ ᠤᠨ ᠬᠡᠷᠡᠭᠯᠡᠬᠦ ᠭᠠᠵᠠᠷ᠂ ᠡᠨᠧᠷᠭᠢ ᠬᠡᠷᠡᠭᠯᠡᠬᠦ ᠯᠦᠭᠡ | ᠬᠠᠮᠲᠤ ᠳᠤᠨᠢ ᠬᠦᠴᠦᠨ ᠵᠦᠢᠯ ᠤᠨ ᠪᠠᠲᠤᠯᠠᠭ᠎ᠠ ᠳᠤ ᠣᠷᠣᠭᠤᠯᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠲᠥᠰᠦᠭᠡᠯᠡᠬᠦ ᠶᠢ ᠤᠷᠢᠳᠴᠢᠯᠠᠨ | ᠥᠷᠨᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨᠴᠢᠷ ᠲᠠᠪᠴᠠᠩ ᠢᠶᠠᠷ | ᠳᠠᠮᠵᠢᠭᠤᠯᠤᠨ᠂ ᠠᠳᠠᠯᠢ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠠᠮᠢᠶ᠎ᠠ ᠪᠥᠬᠦᠶ | ᠰᠠᠯᠠᠭ᠎ᠠ ᠮᠥᠴᠢᠷ ᠤᠨ ᠤᠷᠢᠳᠠᠴᠢ ᠦᠢᠯᠡᠴᠢᠯᠡᠭᠡ ᠳᠤ ᠴᠠᠭ ᠲᠤᠬᠠᠶ ᠳᠤᠨᠢ ᠬᠦᠷᠭᠡᠵᠦ᠂ ᠠᠵᠢᠯᠴᠢᠨ ᠤᠷᠢᠵᠤ ᠡᠯᠰᠡᠬᠦ | ᠪᠠ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ | ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ | ᠠᠵᠤ ᠠᠬᠤᠶᠢᠯᠠᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠃ ᠳᠠᠷᠠᠭᠠᠬᠢ ᠡᠭᠦᠷᠭᠡ ᠨᠢ ᠴᠥᠮ ᠡᠯ᠎ᠡ ᠬᠤᠰᠢᠭᠤ | ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ ᠳᠤ ᠬᠤᠯᠪᠣᠭᠳᠠᠵᠤ᠂ ᠳᠠᠬᠢᠵᠤ ᠲᠤᠰᠠᠭᠠᠷ ᠵᠢᠭᠰᠠᠭᠠᠬᠤ ᠦᠭᠡᠢ︶ 2. ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠨ᠎ᠡ᠃ ︽ᠠᠵᠤ | ᠦᠢᠯᠡᠳᠪᠦᠷᠢ ᠶᠢ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ | ᠬᠡᠯᠬᠢᠶ᠎ᠡ ᠶᠢᠨ ᠭᠤᠣᠯᠳᠠᠯᠭ᠎ᠠ ᠲᠠᠢ ᠲᠥᠷᠥᠯ ᠵᠦᠢᠯ ᠢ 140 ᠠᠴᠠ ᠳᠡᠭᠡᠭᠰᠢ ᠠᠵᠢᠯ ᠡᠬᠢᠯᠡᠭᠦᠯᠵᠦ᠂ 60 ᠠᠴᠠ | ᠳᠡᠭᠡᠭᠰᠢ ᠠᠰᠢᠭᠯᠠᠯᠲᠠ ᠳᠤ ᠣᠷᠣᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠢ 30 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 5000 ᠠᠵᠢᠯ ᠤᠨ ᠪᠠᠶᠢᠷᠢ ᠶᠢ ᠡᠭᠦᠳᠬᠦ ᠬᠡᠷᠡᠭᠲᠡᠢ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠴᠢᠮᠡᠭᠡ ᠵᠠᠩᠭᠢᠵᠢᠯᠲᠠ ᠶᠢᠨ ᠲᠣᠪᠴᠢᠶ᠎ᠠ︶ | 3. ᠭᠤᠷᠪᠠᠳᠤᠭᠠᠷ ᠠᠵᠤ ᠦᠢᠯᠡᠰ ᠤᠨ ᠠᠵᠢᠯ ᠣᠯᠭᠤᠬᠤ ᠣᠷᠣᠨ ᠵᠠᠶ ᠶᠢ ᠥᠷᠭᠡᠳᠬᠡᠨ᠎ᠡ᠃ ᠬᠤᠳᠠᠯᠳᠤᠭ᠎ᠠ | ᠠᠷᠠᠯᠵᠢᠶᠠᠨ ᠤ ᠭᠦᠢᠯᠭᠡᠭᠡᠨ᠂ ᠪᠠᠷᠠᠭ᠎ᠠ ᠶᠢᠨ ᠭᠦᠢᠯᠭᠡᠭᠡᠨ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠭᠡᠷ ᠪᠠᠶᠢᠰᠢᠩ | ᠭᠠᠵᠠᠷ ᠬᠥᠷᠥᠩᠭᠡ᠂ ᠨᠠᠰᠤᠵᠢᠯ ᠠᠳᠠᠯ ᠠᠬᠤᠶ ᠶᠢᠨ ᠦᠢᠯᠡᠴᠢᠯᠡᠭᠡᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ᠂ | ᠠᠵᠤ ᠦᠢᠯᠡᠳᠪᠦᠷᠢ ᠪᠠ ᠴᠢᠮᠡᠭᠡ ᠵᠠᠩᠭᠢᠴᠢᠯᠠᠯᠲᠠ ᠶᠢᠨ ᠬᠦᠷᠢᠶᠡᠨ ᠤ ᠦᠢᠯᠡᠴᠢᠯᠡᠭᠡᠨ᠂ ᠮᠠᠯ ᠲᠠᠷᠢᠶᠠᠯᠠᠩ ᠤᠨ ᠠᠵᠤ | ᠠᠬᠤᠶ ᠶᠢᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠵᠡᠷᠭᠡ ᠦᠢᠯᠡᠴᠢᠯᠡᠭᠡᠨ ᠤ ᠦᠢᠯᠡᠰ ᠢ ᠶᠡᠬᠡᠪᠡᠷ | ᠬᠥᠭᠵᠢᠭᠦᠯᠵᠦ᠂ ᠠᠵᠢᠯ ᠣᠯᠭᠤᠬᠤ ᠳᠠᠯᠳᠠ ᠬᠦᠴᠦᠨ ᠢ ᠭᠦᠢᠴᠡᠳ ᠪᠠᠳᠠᠷᠠᠭᠤᠯᠤᠨ᠎ᠠ᠃ ᠪᠦᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠪᠠ ᠬᠢᠵᠠᠭᠠᠷ ᠲᠤᠭ᠎ᠠ ᠠᠴᠠ ᠲᠡᠭᠡᠭᠰᠢᠬᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ | 120 ᠡᠷᠦᠬᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 3 ᠲᠦᠮᠡ ᠠᠴᠠ ᠳᠡᠭᠡᠭᠰᠢ ᠠᠵᠢᠯ ᠤᠨ ᠪᠠᠶᠢᠷᠢ ᠶᠢ | ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ | ᠬᠠᠮᠵᠢᠯᠴᠠᠬᠤ ᠨᠢᠭᠡᠴᠡ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ | ᠴᠢᠮᠡᠭᠡ ᠵᠠᠩᠭᠢᠵᠢᠯᠲᠠ ᠶᠢᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ︶᠃ 4. ᠰᠢᠨ᠎ᠡ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠠᠵᠢᠯᠲᠠᠳ ᠢ ᠪᠤᠵᠠᠭᠠᠶᠢᠷᠠᠭᠤᠯᠤᠨ᠎ᠠ᠃ ᠲᠠᠪᠴᠠᠩ ᠤᠨ ᠠᠵᠤ ᠠᠬᠤᠶ ᠶᠢ ᠢᠳᠡᠪᠬᠢᠲᠡᠶ | ᠬᠥᠭᠵᠢᠭᠦᠯᠵᠦ᠂ ᠰᠢᠭᠤᠳ ᠨᠡᠪᠲᠡᠷᠡᠭᠦᠯᠬᠦ ᠡᠯᠧᠺᠳ᠋ᠷᠣᠨ ᠬᠤᠳᠠᠯᠳᠤᠭ᠎ᠠ᠂ ᠵᠠᠬᠢᠶᠠᠯᠠᠭ᠎ᠠ ᠳᠣᠭᠢᠷᠠᠭᠤᠯᠤᠨ ᠬᠦᠷᠭᠡᠬᠦ᠂ | ᠰᠦᠯᠵᠢᠶ᠎ᠡ ᠪᠠᠷ ᠪᠣᠯᠵᠣᠬᠤ ᠲᠡᠷᠭᠡ᠂ ᠲᠦᠷᠭᠡᠨ ᠬᠦᠷᠭᠡᠯᠲᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ | ᠬᠥᠭᠵᠢᠯᠲᠡ ᠶᠢ ᠳᠡᠮᠵᠢᠵᠦ᠂ ᠵᠢᠯᠣᠭᠤᠴᠢ ᠥᠬᠡᠶ ᠨᠢᠰᠬᠡᠯ ᠤᠨ ᠵᠢᠯᠣᠭᠤᠴᠢ᠂ ᠰᠦᠯᠵᠢᠶᠡᠨ ᠤ ᠡᠵᠡᠩᠨᠡᠨ | ᠪᠣᠷᠣᠯᠠᠭᠤᠯᠤᠭᠴᠢ ᠵᠡᠷᠭᠡ ᠰᠢᠨ᠎ᠡ ᠠᠵᠢᠯ ᠮᠡᠷᠭᠡᠵᠢᠯ ᠤᠨ ᠠᠵᠢᠯᠲᠠᠨ ᠢ ᠬᠥᠮᠦᠵᠢᠭᠦᠯᠦᠨ᠂ ᠠᠮᠢᠳᠤᠯᠢᠭ ᠢᠶᠠᠷ ᠠᠵᠢᠯ | ᠣᠯᠭᠤᠬᠤ ᠠᠵᠢᠯ ᠤᠨ ᠪᠠᠶᠢᠷᠢ ᠶᠢ 3000 ᠠᠴᠠ ᠳᠡᠭᠡᠭᠰᠢ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ 5. ᠵᠢᠵᠢᠭ ᠪᠢᠴᠢᠯ ᠠᠵᠤ ᠠᠬᠤᠶᠢᠯᠠᠯ ᠪᠠ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠠᠵᠢᠯ | ᠣᠯᠭᠤᠨ᠎ᠠ᠃ ᠡᠯ᠎ᠡ ᠲᠥᠷᠥᠯ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠲᠦᠭᠡᠮᠡᠯ | ᠬᠠᠷᠠᠭᠠᠯᠵᠠᠯᠲᠤ ᠮᠥᠩᠭᠦᠨ ᠭᠦᠢᠯᠭᠡᠭᠡᠨ ᠤ ᠳᠡᠮᠵᠢᠯᠭᠡ᠂ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠠᠮ | ᠬᠦᠦ᠂ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠵᠢᠯ ᠤᠨ ᠳᠣᠲᠣᠷ᠎ᠠ ᠪᠥᠬᠦ ᠬᠤᠲᠠ ᠶᠢᠨ ᠵᠢᠵᠢᠭ ᠪᠢᠴᠢᠯ ᠠᠵᠤ | ᠠᠬᠤᠶᠢᠯᠠᠯ 5.5 ᠲᠦᠮᠡ ᠶᠢ ᠳᠠᠪᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ︵ᠬᠤᠷᠰᠢᠶ᠎ᠠ ᠶᠢ | ᠪᠠᠭᠲᠠᠭᠠᠨ᠎ᠠ︶ 27 ᠲᠦᠮᠡ ᠶᠢ ᠳᠠᠪᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠶᠡᠨᠲᠦ ᠬᠡᠮᠵᠢᠶ᠎ᠡ | 70% ᠢ ᠳᠠᠪᠠᠵᠤ᠂ ᠠᠵᠢᠯ ᠤᠨ ᠪᠠᠶᠢᠷᠢ ᠶᠢ 5000 ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ ᠶᠢᠨ | ᠲᠦᠩᠯᠢᠶᠣᠤ ᠬᠤᠲᠠ ᠳᠠᠬᠢ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠲᠦᠩᠯᠢᠶᠣᠤ ᠳᠠᠬᠢ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ | ᠲᠣᠪᠴᠢᠶ᠎ᠠ︶᠃ 6. ᠣᠨᠴᠠᠯᠢᠭ ᠪᠦᠬᠦᠢ ᠮᠠᠯ ᠲᠠᠷᠢᠶᠠᠯᠠᠩ ᠤᠨ ᠠᠵᠤ ᠠᠬᠤᠶ ᠶᠢ ᠬᠥᠭᠵᠢᠭᠦᠯᠵᠦ ᠠᠵᠢᠯ | ᠣᠯᠭᠤᠯᠲᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠠᠵᠤ ᠠᠬᠤᠢ ᠶᠢᠨ ᠡᠵᠡᠩᠨᠡᠯᠲᠡ ᠶᠢᠨ | ᠭᠤᠣᠯ ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠣᠨᠴᠠᠯᠢᠭᠲᠤ ᠡᠳ᠋ᠰᠢᠭᠦᠯᠬᠦ ᠬᠦᠷᠢᠶᠡᠯᠡᠩ | ᠲᠣᠭᠤᠷᠢᠭ ᠢ ᠪᠦᠲᠦᠭᠡᠨ ᠪᠠᠶᠢᠭᠤᠯᠵᠤ᠂ ︽ᠲᠦᠩᠯᠢᠶᠣᠤ ᠶᠢᠨ ᠲᠠᠷᠢᠶᠠᠯᠠᠩ ᠤᠨ ᠪᠦᠲᠦᠭᠡᠭᠳᠡᠭᠦᠨ︾ ᠤ ᠨᠡᠷᠡᠲᠦ | ᠱᠣᠰᠢᠭ᠎ᠠ ᠶᠢ ᠬᠦᠴᠦᠷᠬᠡᠭᠵᠢᠭᠦᠯᠬᠦ ᠬᠡᠷᠡᠭᠲᠡᠢ᠃ ︽ᠪᠥᠬᠦ ᠤᠯᠤᠰ ᠤᠨ ᠠᠯᠠᠰᠢᠨ ᠦᠬᠡᠷ ᠤᠨ ᠠᠵᠤ ᠦᠢᠯᠡᠰ ᠤᠨ | ᠨᠢᠭᠡᠳᠦᠭᠡᠷ ᠴᠢᠬᠤᠯᠠ ᠣᠷᠣᠨ︾ ᠶᠢ ᠲᠦᠷᠭᠡᠳᠬᠡᠨ ᠪᠠᠶᠢᠭᠤᠯᠵᠤ᠂ ᠡᠳ᠋ᠰᠢᠭᠦᠯᠦᠨ ᠪᠣᠷᠣᠯᠠᠭᠤᠯᠬᠤ ᠬᠥᠲᠥᠴᠢ ᠠᠵᠤ | ᠠᠬᠤᠶᠢᠯᠠᠯ ᠢ 30 ᠠᠴᠠ ᠳᠡᠭᠡᠭᠰᠢ ᠣᠷᠣᠭᠤᠯᠤᠨ ᠠᠪᠴᠢᠷᠠᠵᠤ᠂ ᠪᠣᠷᠳᠣᠵᠤ ᠲᠠᠷᠭᠤᠯᠠᠭᠤᠯᠬᠤ ᠠᠵᠤ ᠠᠬᠤᠶᠢᠯᠠᠯ ᠢ | 50᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠪᠠᠯᠭᠠᠰᠤ ᠲᠣᠰᠬᠤᠨ ᠢ 100᠂ ᠵᠢᠱᠢᠶ᠎ᠡ | ᠦᠵᠡᠭᠦᠯᠬᠦ ᠲᠠᠯᠠᠪᠠᠶ ᠶᠢ 1000 ᠠᠴᠠ ᠳᠡᠭᠡᠭᠰᠢ ᠳᠠᠶᠢᠴᠢᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠮᠠᠯ ᠲᠠᠷᠢᠶᠠᠯᠠᠩ ᠤᠨ ᠲᠣᠪᠴᠢᠶ᠎ᠠ︶ ︵ᠬᠤᠶᠠᠷ︶ ᠰᠢᠯᠵᠢᠭᠦᠯᠦᠨ ᠠᠵᠢᠯ ᠣᠯᠭᠤᠬᠤ ᠲᠤᠰᠬᠠᠢ ᠠᠵᠢᠯᠯᠠᠭ᠎ᠠ ᠶᠢ | ᠬᠡᠷᠡᠭᠵᠢᠭᠦᠯᠦᠨ᠎ᠡ 7. ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠲᠦᠷᠭᠡᠳᠬᠡᠨ | ᠬᠥᠭᠵᠢᠭᠦᠯᠦᠨ᠎ᠡ᠃ ᠣᠳᠣ ᠦᠶ᠎ᠡ ᠶᠢᠨ ᠮᠠᠯ ᠲᠠᠷᠢᠶᠠᠯᠠᠩ ᠤᠨ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ | ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠡᠪᠴᠢᠶᠡᠵᠢᠭᠰᠡᠨ ᠦᠢᠯᠡᠴᠢᠯᠡᠭᠡᠨ ᠤ ᠭᠤᠤᠯ | ᠴᠣᠭᠴᠠ ᠶᠢ ᠪᠤᠶᠢᠵᠢᠭᠤᠯᠤᠨ ᠲᠡᠳᠬᠦᠵᠦ᠂ ᠮᠠᠯᠵᠢᠬᠤ ᠲᠠᠷᠢᠶᠠᠯᠠᠬᠤ ᠡᠷᠦᠬᠡ ᠬᠢᠭᠡᠳ ᠣᠳᠣ ᠦᠶ᠎ᠡ ᠶᠢᠨ ᠮᠠᠯ | ᠲᠠᠷᠢᠶᠠᠯᠠᠩ ᠤᠨ ᠠᠵᠤ ᠠᠬᠤᠶ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ ᠵᠢᠯ ᠤᠨ | ᠡᠵᠡᠩᠨᠡᠯᠲᠡ ᠶᠢᠨ ᠣᠷᠣᠯᠭ᠎ᠠ ᠨᠢ ᠮᠢᠩᠭᠠᠨ ᠲᠦᠮᠡᠨ ᠲᠥᠭᠦᠷᠢᠭ ᠢ ᠳᠠᠪᠠᠭᠰᠠᠨ ᠮᠠᠯ ᠲᠠᠷᠢᠶᠠᠯᠠᠩ ᠤᠨ ᠠᠵᠤ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ ᠢ 15 ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ 8. ᠰᠢᠯᠵᠢᠭᠦᠯᠦᠨ ᠠᠵᠢᠯ ᠣᠯᠭᠤᠬᠤ ᠶᠢ ᠵᠣᠬᠢᠶᠠᠨ | ᠪᠠᠶᠢᠭᠤᠯᠤᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ + ᠨᠡᠶᠢᠭᠡᠮᠯᠢᠭ + ᠬᠥᠳᠡᠯᠮᠦᠷᠢ | ᠦᠢᠯᠡᠴᠢᠯᠡᠭᠡᠨ ᠤ ᠵᠠᠭᠤᠴᠢᠯᠠᠭᠴᠢ + ᠬᠥᠳᠡᠯᠮᠦᠷᠢᠴᠢᠳ︾ ᠳᠥᠷᠪᠡ ᠶᠢ ᠨᠢᠭᠡ ᠴᠣᠭᠴᠠᠵᠢᠭᠤᠯᠤᠭᠰᠠᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠯᠮᠦᠷᠢ | ᠦᠢᠯᠡᠴᠢᠯᠡᠭᠡᠨ ᠤ ᠬᠠᠮᠵᠢᠯᠴᠠᠭᠠᠨ ᠤ ᠰᠠᠭᠤᠷᠢᠨ ᠭᠠᠵᠠᠷ ᠢ ᠪᠠᠬᠢᠵᠢᠭᠦᠯᠦᠨ ᠥᠷᠭᠡᠳᠬᠡᠨ᠎ᠡ᠃ ᠬᠤᠰᠢᠭᠤ ᠪᠠᠯᠭᠠᠰᠤ | ᠲᠣᠰᠬᠤᠨ ᠭᠤᠷᠪᠠᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠵᠢᠯ ᠣᠯᠭᠤᠬᠤ ᠡᠭᠦᠷᠭᠡ ᠶᠢ | ᠱᠠᠲᠤ ᠳᠠᠷᠠᠭᠠᠯᠠᠨ ᠵᠠᠳᠠᠯᠤᠨ ᠨᠠᠶᠢᠳᠠᠪᠤᠷᠢᠵᠢᠭᠤᠯᠵᠤ᠂ ᠪᠠᠯᠭᠠᠰᠤᠨ ᠤ ᠱᠠᠲᠤᠨ ᠤ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ ᠲᠤ ᠠᠵᠢᠯ ᠣᠯᠭᠤᠬᠤ ᠲᠤᠰᠬᠠᠶ ᠬᠠᠮᠢᠶᠠᠷᠤᠭᠴᠢ ᠭᠠᠷᠭᠠᠵᠤ᠂ ᠲᠣᠰᠬᠤᠨ ᠤ ᠱᠠᠲᠤᠨ ᠤ | ᠬᠥᠳᠡᠯᠮᠦᠷᠢ ᠶᠢᠨ ᠪᠠᠲᠤᠯᠠᠭ᠎ᠠ ᠶᠢᠨ ᠲᠤᠰᠠᠯᠠᠭᠴᠢ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾ ᠬᠥᠮᠦᠰ ᠢ ᠡᠮᠬᠢᠯᠡᠨ ᠨᠡᠶᠢᠯᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠠᠯᠵᠢᠬᠤ | ᠲᠠᠷᠢᠶᠠᠯᠠᠬᠤ ᠡᠷᠦᠬᠡ ᠶᠢᠨ ᠠᠵᠤ ᠦᠢᠯᠡᠰ ᠤᠨ ᠪᠠᠶᠢᠳᠠᠯ᠂ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ | ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ ᠵᠢᠭᠰᠠᠭᠠᠵᠤ᠂ ᠰᠢᠯᠵᠢᠭᠦᠯᠦᠨ ᠠᠵᠢᠯ ᠣᠯᠭᠤᠬᠤ ᠮᠠᠯᠴᠢᠨ ᠲᠠᠷᠢᠶᠠᠴᠢᠨ ᠳᠤ | ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠠᠯ ᠲᠠᠷᠢᠶᠠᠯᠠᠩ ᠤᠨ ᠠᠵᠤ ᠠᠬᠤᠶ ᠶᠢᠨ ᠣᠳᠣᠬᠢᠴᠢᠯᠠᠭᠰᠠᠨ | ᠬᠥᠳᠡᠯᠮᠦᠷᠢ ᠬᠦᠴᠦᠨ ᠢ ᠴᠢᠯᠥᠭᠡᠯᠡᠬᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠳᠡᠯᠮᠦᠷᠢ | ᠬᠦᠴᠦᠨ ᠢ ᠰᠢᠩᠭᠡᠭᠡᠨ ᠠᠪᠬᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠬᠥᠳᠡᠯᠮᠦᠷᠢ ᠬᠦᠴᠦᠨ ᠢ | ᠦᠯᠡᠳᠡᠭᠡᠬᠦ ᠬᠤᠯᠪᠣᠭᠠᠯᠠᠨ ᠬᠥᠭᠵᠢᠬᠦ ᠪᠠᠶᠢᠳᠠᠯ ᠢ ᠲᠦᠷᠭᠡᠳᠬᠡᠨ ᠪᠣᠶ ᠪᠣᠯᠭᠠᠵᠤ᠂ ᠪᠠᠶᠢᠩᠭᠤ ᠰᠠᠭᠤᠭ᠎ᠠ ᠬᠥᠮᠦᠨ | ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 1 ᠬᠤᠪᠢ ᠳᠡᠭᠡᠭᠰᠢᠯᠡᠭᠦᠯᠬᠦ ᠪᠠᠷ ᠴᠢᠷᠮᠠᠶᠢᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ 9. ᠰᠢᠯᠵᠢᠭᠦᠯᠦᠨ | ᠠᠵᠢᠯ ᠣᠯᠭᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠪᠣᠯᠤᠨ ᠮᠠᠯᠴᠢᠨ ᠲᠠᠷᠢᠶᠠᠴᠢᠨ ᠤ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠳ᠋ᠰᠢᠭᠦᠯᠬᠦ ᠦᠢᠯᠡᠰ᠂ ᠦᠢᠯᠡᠴᠢᠯᠡᠭᠡᠨ ᠤ ᠦᠢᠯᠡᠰ ᠪᠣᠯᠤᠨ | ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠰᠦᠢᠳᠬᠡᠯ | ᠬᠤᠷᠢᠶᠠᠬᠤ ᠦᠭᠡᠶ ᠪᠠᠷ ᠴᠢᠭᠯᠡᠭᠦᠯᠬᠦ ᠴᠢᠨᠠᠷᠲᠠᠶ ᠥᠷᠨᠢᠭᠦᠯᠦᠨ᠎ᠡ᠃ ᠠᠮᠢᠳᠤᠯᠢᠭ ᠢᠶᠠᠷ ᠠᠵᠢᠯ ᠣᠯᠤᠭᠰᠠᠨ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠳᠥᠭᠦᠮ ᠳᠥᠲᠡ᠂ ᠬᠡᠷᠡᠭᠯᠡᠭᠡᠨ ᠤ ᠣᠬᠤᠷ ᠬᠤᠭᠤᠴᠠᠭᠠᠨ ᠤ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠨ᠎ᠠ᠃ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ | ᠪᠣᠯᠪᠠᠰᠤᠷᠠᠭᠤᠯᠤᠯ ᠢ 1 ᠲᠦᠮᠡᠨ ᠬᠥᠮᠦᠨ ᠤᠳᠠᠭ᠎ᠠ ᠠᠴᠠ ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ 10. ᠲᠤᠬᠠᠶ ᠶᠢᠨ ᠭᠠᠵᠠᠷ ᠣᠶᠢᠷ᠎ᠠ | ᠬᠠᠪᠢ ᠳᠠᠭᠠᠨ ᠠᠵᠢᠯ ᠣᠯᠬᠤ ᠶᠢ ᠳᠡᠮᠵᠢᠨ᠎ᠡ᠃ ︽ᠠᠵᠤ ᠠᠬᠤᠶᠢᠯᠠᠯ ᠢ ᠰᠤᠷᠪᠤᠯᠵᠢᠯᠠᠨ ᠬᠡᠷᠡᠭᠴᠡᠭᠡ ᠱᠠᠭᠠᠷᠳᠠᠯᠭ᠎ᠠ ᠶᠢ | ᠠᠰᠠᠭᠤᠵᠤ᠂ ᠠᠵᠢᠯ ᠤᠨ ᠪᠠᠶᠢᠷᠢ ᠶᠢ ᠲᠠᠷᠢᠶᠠᠴᠢᠨ ᠡᠷᠦᠬᠡ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ | ᠠᠵᠤ ᠠᠬᠤᠶᠢᠯᠠᠯ ᠤᠨ ᠣᠷᠣᠨ ᠨᠤᠲᠤᠭᠴᠢᠯᠠᠭᠰᠠᠨ ᠠᠵᠢᠯᠴᠢᠨ ᠬᠡᠷᠡᠭᠯᠡᠬᠦ ᠶᠢ ᠵᠣᠷᠢᠭᠵᠢᠭᠤᠯᠤᠨ᠎ᠠ᠃ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ | ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠵᠠᠰᠠᠭ ᠤᠨ | ᠣᠷᠳᠣᠨ ᠤ ᠪᠡᠯᠡ ᠣᠷᠣᠭᠤᠯᠤᠭᠰᠠᠨ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠳᠤ ᠠᠵᠢᠯ | ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ | ᠣᠷᠳᠣᠨ ᠪᠣᠯᠤᠨ ᠵᠣᠬᠢᠶᠠᠨ ᠪᠠᠶᠢᠭᠤᠯᠤᠯᠲᠠ ᠨᠤᠭᠤᠳ ᠣᠯᠠᠨ ᠲᠦᠮᠡᠨ ᠳᠤ ᠠᠵᠢᠯ ᠣᠯᠭᠤᠬᠤ ᠶᠠᠪᠤᠳᠠᠯ ᠢ ᠴᠢᠬᠤᠯᠠ | ᠶᠠᠪᠤᠳᠠᠯ ᠢᠶᠠᠨ ᠪᠣᠯᠭᠠᠵᠤ᠂ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠩᠭᠢ᠂ ᠬᠥᠳᠡᠯᠮᠦᠷᠢ ᠦᠢᠯᠡᠴᠢᠯᠡᠭᠡᠨ ᠤ | ᠬᠤᠷᠰᠢᠶ᠎ᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠢ ᠬᠥᠲᠥᠯᠥᠨ | ᠵᠢᠯᠣᠭᠤᠳᠴᠤ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ | ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ | ᠬᠡᠷᠡᠭᠲᠡᠶ᠃ ︽ᠦᠢᠯᠡᠰ ᠪᠣᠰᠬᠠᠬᠤ ᠵᠢᠯᠣᠭᠤᠳᠤᠭᠴᠢ ᠪᠠᠭᠰᠢ ᠦᠨᠳᠦᠰᠦᠨ ᠱᠠᠲᠤᠨ ᠳᠤ ᠭᠦᠨᠵᠡᠭᠡᠶᠢᠷᠡᠬᠦ︾ | ᠠᠵᠢᠯᠯᠠᠭ᠎ᠠ ᠶᠢ ᠥᠷᠨᠢᠭᠦᠯᠦᠨ᠂ ᠨᠤᠲᠤᠭ ᠲᠠᠭᠠᠨ ᠪᠤᠴᠠᠭᠰᠠᠨ᠂ ᠨᠤᠲᠤᠭ ᠲᠤ ᠢᠷᠡᠭᠰᠡᠨ᠂ ᠨᠤᠲᠤᠭ ᠲᠠᠭᠠᠨ | ᠦᠯᠡᠳᠡᠭᠰᠡᠨ ᠬᠥᠮᠦᠰ ᠤᠨ ᠦᠢᠯᠡᠰ ᠪᠣᠰᠬᠠᠬᠤ ᠶᠢ ᠵᠣᠷᠢᠭᠵᠢᠭᠤᠯᠤᠨ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ | ᠣᠯᠭᠤᠬᠤ ᠬᠡᠷᠡᠭᠲᠡᠶ᠃ 22 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠳᠤ ᠲᠤᠬᠠᠶ ᠶᠢᠨ ᠭᠠᠵᠠᠷ ᠲᠤᠨᠢ ᠠᠵᠢᠯ | ᠣᠯᠭᠤᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠵᠦ ᠠᠵᠢᠯ ᠣᠯᠤᠭᠰᠠᠨ | ᠬᠥᠮᠦᠨ ᠤ ᠲᠤᠭ᠎ᠠ ᠶᠢ 3 ᠲᠦᠮᠡ ᠠᠴᠠ ᠳᠡᠭᠡᠭᠰᠢ ᠪᠣᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ︶ 11. ᠬᠥᠳᠡᠯᠮᠦᠷᠢ ᠦᠢᠯᠡᠴᠢᠯᠡᠭᠡᠨ ᠤ | ᠨᠡᠷᠡᠲᠦ ᠱᠣᠰᠢᠭ᠎ᠠ ᠶᠢᠨ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠠᠵᠤ ᠦᠢᠯᠡᠰ ᠤᠨ ᠲᠠᠰ ᠳᠡᠪᠰᠢᠬᠦ᠂ | ᠰᠣᠶᠣᠯ ᠵᠢᠭᠤᠯᠴᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠶ ᠲᠥᠯᠥᠪᠯᠡᠨ᠂ | ᠬᠥᠳᠡᠯᠮᠦᠷᠢ ᠦᠢᠯᠡᠴᠢᠯᠡᠭᠡᠨ ᠤ ᠨᠡᠷᠡᠲᠦ ᠱᠣᠰᠢᠭ᠎ᠠ ᠶᠢᠨ ᠪᠠᠶᠢᠭᠤᠯᠤᠯᠲᠠ ᠶᠢᠨ ᠠᠵᠢᠯ ᠢ ᠬᠠᠮᠵᠢᠯᠴᠠᠨ ᠠᠬᠢᠭᠤᠯᠵᠤ᠂ | ᠬᠥᠳᠡᠯᠮᠦᠷᠢ ᠦᠢᠯᠡᠴᠢᠯᠡᠭᠡᠨ ᠤ ᠨᠡᠷᠡᠲᠦ ᠱᠣᠰᠢᠭ᠎ᠠ ᠶᠢᠨ ᠠᠵᠢᠯ ᠡᠷᠭᠢᠯᠡᠭᠰᠡᠳ ᠤᠨ ᠤᠷ᠎ᠠ ᠴᠢᠳᠠᠪᠤᠷᠢ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︽ᠬᠤᠷᠴᠢᠨ ᠤ ᠤᠯᠠᠭᠠᠨ ᠦᠬᠡᠷ ᠤᠨ ᠠᠵᠤ ᠦᠢᠯᠡᠰ ᠤᠨ ᠠᠵᠢᠯᠴᠢᠨ︾ ︽ | ᠬᠦᠷᠢᠶ᠎ᠡ ᠰᠠᠭᠠᠭ ᠤᠨ ᠨᠤᠲᠤᠭ ᠤᠨ ᠰᠢᠨ᠎ᠡ ᠲᠠᠷᠢᠶᠠᠴᠢᠨ︾ ᠵᠡᠷᠭᠡ ᠨᠡᠷᠡᠲᠦ ᠱᠣᠰᠢᠭ᠎ᠠ ᠶᠢᠨ ᠨᠥᠯᠥᠭᠡᠯᠡᠬᠦ ᠬᠦᠴᠦᠨ ᠢ | ᠥᠷᠭᠡᠳᠬᠡᠵᠦ᠂ ᠬᠤᠲᠠ ᠶᠢᠨ ᠱᠠᠲᠤᠨ ᠤ ᠬᠥᠳᠡᠯᠮᠦᠷᠢ ᠬᠦᠴᠦᠨ ᠤ ᠨᠡᠷᠡᠲᠦ ᠱᠣᠰᠢᠭ᠎ᠠ ᠶᠢ 10᠂ ᠬᠤᠰᠢᠭᠤ | ᠰᠢᠶᠠᠨ ᠤ ᠱᠠᠲᠤᠨ ᠤ ᠬᠥᠳᠡᠯᠮᠦᠷᠢ ᠬᠦᠴᠦᠨ ᠤ ᠨᠡᠷᠡᠲᠦ ᠱᠣᠰᠢᠭ᠎ᠠ ᠶᠢ 30 ᠰᠢᠨ᠎ᠡ ᠪᠠᠷ ᠨᠡᠮᠡᠭᠳᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠴᠢᠮᠡᠭᠡ | ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠮᠠᠯ ᠲᠠᠷᠢᠶᠠᠯᠠᠩ ᠤᠨ | ᠲᠣᠪᠴᠢᠶ᠎ᠠ︶᠃ ︵ᠭᠤᠷᠪᠠ︶ ᠴᠢᠳᠠᠪᠤᠷᠢᠲᠠᠨ ᠢ ᠦᠯᠡᠳᠡᠭᠡᠵᠦ ᠴᠢᠳᠠᠪᠤᠷᠢᠲᠠᠨ ᠢ ᠤᠷᠢᠨ ᠠᠪᠴᠢᠷᠠᠬᠤ ᠲᠤᠰᠬᠠᠢ | ᠠᠵᠢᠯᠯᠠᠭ᠎ᠠ ᠶᠢ ᠬᠡᠷᠡᠭᠵᠢᠭᠦᠯᠦᠨ᠎ᠡ 12. ᠰᠢᠯᠭᠠᠨ ᠡᠯᠰᠡᠬᠦ ᠪᠠ ᠤᠷᠢᠨ ᠬᠡᠷᠡᠭᠯᠡᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ 2 ᠵᠢᠯ ᠤᠨ ᠠᠵᠢᠯ ᠡᠷᠢᠬᠦ ᠬᠤᠭᠤᠴᠠᠭᠠᠨ ᠳᠠᠭᠠᠨ | ᠡᠯ᠎ᠡ ᠲᠥᠷᠥᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ ᠠᠵᠢᠯ ᠣᠯᠣᠭᠰᠠᠨ ᠦᠭᠡᠶ ᠪᠣᠯ ᠠᠯᠪᠠᠲᠠᠨ ᠡᠯᠰᠡᠬᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠷᠢᠬᠤ ᠳᠤᠮᠳᠠ ᠲᠤᠰ ᠬᠤᠭᠤᠴᠠᠭᠠᠨ ᠤ ᠲᠡᠭᠦᠰᠦᠭᠰᠡᠳ ᠤᠨ | ᠠᠵᠢᠯ ᠤᠨ ᠪᠠᠶᠢᠷᠢ ᠳᠤ ᠮᠡᠳᠡᠭᠦᠯᠦᠨ ᠰᠢᠯᠭᠠᠭᠤᠯᠵᠤ ᠪᠣᠯᠬᠤ ᠪᠥᠭᠡᠳ ᠲᠡᠭᠦᠨ ᠳᠤ ᠠᠵᠢᠯ ᠣᠯᠭᠤᠬᠤ ᠬᠡᠯᠡᠯᠴᠡᠭᠡᠷ | ᠲᠣᠭᠲᠠᠭᠰᠠᠨ ᠡᠰᠡᠬᠦ᠂ ᠨᠡᠶᠢᠭᠡᠮ ᠤᠨ ᠳᠠᠭᠠᠳᠬᠠᠯ ᠲᠤᠰᠢᠶᠠᠭᠰᠠᠨ ᠡᠰᠡᠬᠦ ᠳᠤ ᠬᠢᠵᠠᠭᠠᠷᠯᠠᠭᠳᠠᠬᠤ ᠦᠭᠡᠶ᠃ ᠪᠦᠬᠦ | ᠬᠤᠲᠠ ᠳᠤ ᠠᠯᠪᠠᠲᠠᠨ ᠢ 400 ᠬᠥᠮᠦᠨ ᠠᠴᠠ ᠳᠡᠭᠡᠭᠰᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢ 3000 | ᠬᠥᠮᠦᠨ ᠠᠴᠠ ᠳᠡᠭᠡᠭᠰᠢ ᠢᠯᠡ ᠪᠠᠷ ᠡᠯᠰᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︔ ᠬᠠᠮᠵᠢᠯᠴᠠᠬᠤ ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ | ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ︶᠃ 13. ᠴᠢᠳᠠᠪᠤᠷᠢᠲᠠᠨ ᠤᠷᠢᠬᠤ ᠡᠷᠴᠢᠮ ᠢ ᠴᠢᠩᠭᠠᠷᠠᠭᠤᠯᠤᠨ᠎ᠠ᠃ ᠬᠤᠰᠢᠭᠤ ᠰᠢᠶᠠᠨ ᠬᠤᠲᠠ | ᠲᠣᠭᠤᠷᠢᠭ ᠤᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠪᠣᠯᠤᠨ | ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ ᠴᠢᠳᠠᠪᠤᠷᠢᠲᠠᠨ ᠤᠷᠢᠨ ᠠᠪᠴᠢᠷᠠᠬᠤ ᠶᠢ ᠵᠣᠷᠢᠭᠵᠢᠭᠤᠯᠤᠨ᠎ᠠ᠃ | ᠪᠦᠬᠦ ᠬᠤᠲᠠ ᠳᠡᠭᠡᠳᠦ ᠳᠡᠰ ᠳᠠᠪᠬᠤᠷᠭ᠎ᠠ᠂ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ | 400 ᠠᠴᠠ ᠳᠡᠭᠡᠭᠰᠢ ᠤᠷᠢᠨ ᠠᠪᠴᠢᠷᠠᠬᠤ ᠲᠥᠯᠥᠪᠯᠡᠭᠡ ᠶᠢ ᠨᠡᠶᠢᠲᠡᠯᠡᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ︔ ᠬᠠᠮᠵᠢᠯᠴᠠᠬᠤ ᠨᠢᠭᠡᠴᠡ᠄ ᠬᠤᠲᠠ ᠶᠢᠨ | ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶᠃ 14. ᠳᠡᠭᠡᠳᠦ ᠰᠤᠷᠭᠠᠭᠤᠯᠢ | ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠶᠢ ᠵᠣᠷᠢᠭᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ | ᠴᠢᠨᠠᠷᠲᠠᠶ ᠠᠵᠢᠯ ᠤᠨ ᠪᠠᠶᠢᠷᠢ ᠶᠢ ᠶᠡᠬᠡᠪᠡᠷ ᠭᠠᠷᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ | ᠦᠢᠯᠡᠴᠢᠯᠡᠭᠡ ᠪᠠ ᠪᠠᠷᠠᠭᠤᠨ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠲᠥᠯᠥᠪᠯᠡᠭᠡ ᠶᠢ ᠬᠡᠷᠡᠭᠵᠢᠭᠦᠯᠦᠨ᠎ᠡ | ᠃ ᠳᠤᠮᠳᠠ ᠪᠠᠭ᠎ᠠ ᠠᠵᠤ ᠠᠬᠤᠶᠢᠯᠠᠯ ᠤᠨ ᠴᠢᠳᠠᠪᠤᠷᠢᠲᠠᠨ ᠨᠥᠭᠡᠴᠡᠯᠡᠬᠦ ᠲᠥᠯᠥᠪᠯᠡᠭᠡ ᠶᠢᠨ ᠠᠵᠢᠯᠲᠠᠨ ᠤ ᠰᠠᠷ᠎ᠠ ᠶᠢᠨ | ᠨᠥᠬᠦᠪᠥᠷᠢ ᠶᠢᠨ ᠪᠠᠷᠢᠮᠵᠢᠶ᠎ᠠ ᠶᠢ 700 ᠲᠥᠭᠦᠷᠢᠭ / ᠬᠥᠮᠦᠨ ᠪᠠᠶᠢᠭᠰᠠᠨ ᠠᠴᠠ 1000 ᠲᠥᠭᠦᠷᠢᠭ / ᠬᠥᠮᠦᠨ | ᠪᠣᠯᠲᠠᠯ᠎ᠠ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢᠨ ᠳᠠᠭᠠᠵᠤ ᠰᠤᠷᠬᠤ ᠨᠥᠬᠦᠪᠦᠷᠢ ᠶᠢ ᠥᠪᠡᠷᠲᠡᠭᠡᠨ ᠵᠠᠰᠠᠬᠤ | ᠣᠷᠣᠨ ᠤ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ | 70% ᠠᠴᠠ ᠳᠣᠣᠷ᠎ᠠ ᠪᠠᠶᠢᠯᠭᠠᠬᠤ ᠦᠭᠡᠢ︔ ᠳᠠᠭᠠᠵᠤ ᠰᠤᠷᠬᠤ ᠬᠤᠭᠤᠴᠠᠭ᠎ᠠ ᠨᠢ ᠳᠦᠭᠦᠷᠴᠦ ᠦᠯᠡᠳᠡᠭᠡᠵᠦ | ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠬᠦᠷᠦᠭᠰᠡᠨ ᠨᠢᠭᠡᠴᠡ ᠳᠤ ᠨᠥᠬᠦᠪᠦᠷᠢ ᠶᠢᠨ ᠪᠠᠷᠢᠮᠵᠢᠶ᠎ᠠ ᠶᠢ 100% | ᠪᠣᠯᠲᠠᠯ᠎ᠠ ᠳᠡᠭᠡᠭᠰᠢᠯᠡᠭᠦᠯᠦᠨ᠎ᠡ︔ ᠳᠠᠭᠠᠵᠤ ᠰᠤᠷᠬᠤ ᠬᠤᠭᠤᠴᠠᠭ᠎ᠠ ᠨᠢ ᠳᠠᠭᠤᠰᠤᠭᠠᠳᠤᠢ ᠪᠠᠶᠢᠲᠠᠯ᠎ᠠ ᠳᠠᠭᠠᠵᠤ ᠰᠤᠷᠬᠤ | ᠬᠥᠮᠥᠰ ᠯᠦᠭᠡ ᠬᠥᠳᠡᠯᠮᠦᠷᠢ ᠶᠢᠨ ᠭᠡᠷ᠎ᠡ ᠲᠣᠭᠲᠠᠭᠰᠠᠨ ᠪᠣᠯ᠂ ᠦᠯᠡᠳᠡᠭᠰᠡᠨ ᠬᠤᠭᠤᠴᠠᠭᠠᠨ ᠳᠤ ᠳᠠᠭᠠᠵᠤ ᠰᠤᠷᠬᠤ | ᠨᠥᠬᠦᠪᠦᠷᠢ ᠣᠯᠭᠤᠨ᠎ᠠ᠃ ᠪᠦᠬᠦ ᠬᠤᠲᠠ ᠶᠢᠨ ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠵᠦ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ 1000 ᠬᠥᠮᠦᠨ ᠠᠴᠠ ᠳᠡᠭᠡᠭᠰᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠡᠪᠯᠡᠯ ᠤᠨ ᠬᠤᠷᠢᠶ᠎ᠠ᠂ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠰᠤᠷᠭᠠᠨ ᠬᠥᠮᠦᠵᠢᠯ ᠤᠨ ᠲᠣᠪᠴᠢᠶ᠎ᠠ︶᠃ 15. ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ | ᠡᠯᠰᠡᠨ ᠬᠡᠷᠡᠭᠯᠡᠬᠦ ᠶᠢ ᠳᠡᠮᠵᠢᠨ᠎ᠡ᠃ ᠲᠡᠭᠦᠰᠬᠦ ᠵᠢᠯ ᠵᠢᠴᠢ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ | ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ ᠠᠵᠢᠯ ᠠᠯᠳᠠᠭᠰᠠᠨ ᠢᠶᠠᠷ | ᠳᠠᠩᠰᠠᠯᠠᠭᠤᠯᠤᠭᠰᠠᠨ 16 - 24 ᠨᠠᠰᠤᠨ ᠤ ᠵᠠᠯᠠᠭᠤᠴᠤᠳ ᠢ ᠡᠯᠰᠡᠨ ᠬᠡᠷᠡᠭᠯᠡᠬᠦ ᠳᠤ ᠬᠥᠳᠡᠯᠮᠦᠷᠢ ᠶᠢᠨ ᠭᠡᠷ᠎ᠡ | ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠲᠡᠭᠦᠨ ᠳᠤ 3 ᠰᠠᠷ᠎ᠠ ᠠᠴᠠ ᠳᠡᠭᠡᠭᠰᠢ ᠠᠵᠢᠯ ᠠᠯᠳᠠᠭᠰᠠᠨ᠂ | ᠠᠵᠢᠯ ᠠᠴᠠ ᠪᠣᠯᠤᠭᠰᠠᠨ ᠭᠡᠮᠲᠦᠯ᠂ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ | ᠲᠤᠰᠢᠶᠠᠭᠰᠠᠨ ᠠᠵᠤ ᠠᠬᠤᠶᠢᠯᠠᠯ ᠳᠤ ᠬᠥᠮᠦᠨ ᠪᠦᠷᠢ ᠳᠤ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ | ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ ᠣᠯᠭᠤᠬᠤ ᠬᠡᠷᠡᠭᠲᠡᠶ᠃ ᠠᠵᠤ ᠠᠬᠤᠶᠢᠯᠠᠯ ᠤᠨ ᠡᠯᠰᠡᠨ ᠬᠡᠷᠡᠭᠯᠡᠭᠰᠡᠨ | ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠵᠢᠵᠢᠭ ᠪᠢᠴᠢᠯ ᠠᠵᠤ | ᠠᠬᠤᠶᠢᠯᠠᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠬᠤ ᠨᠡᠶᠢᠭᠡᠮ ᠤᠨ ᠳᠠᠭᠠᠳᠬᠠᠯ ᠤᠨ | ᠨᠥᠬᠦᠪᠥᠷᠢ ᠶᠢ ᠨᠠᠶᠢᠳᠠᠪᠤᠷᠢᠵᠢᠭᠤᠯᠬᠤ ᠬᠡᠷᠡᠭᠲᠡᠶ᠃ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠤ ᠠᠬᠤᠶᠢᠯᠠᠯ ᠳᠤ | ᠠᠵᠢᠯ ᠣᠯᠬᠤ ᠪᠠ ᠠᠮᠢᠳᠤᠯᠢᠭ ᠢᠶᠠᠷ ᠠᠵᠢᠯ ᠣᠯᠬᠤ ᠶᠢ 4000 ᠬᠥᠮᠥᠨ ᠠᠴᠠ ᠳᠡᠭᠡᠭᠰᠢ ᠪᠡᠶᠡᠯᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶᠃ | ︵ᠲᠦᠷᠪᠡ︶ ᠦᠢᠯᠡᠰ ᠪᠣᠰᠬᠠᠬᠤ ᠶᠢ ᠳᠠᠶᠢᠴᠢᠯᠠᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ 16. ᠦᠢᠯᠡᠰ | ᠪᠣᠰᠬᠠᠬᠤ ᠪᠠᠯᠠ ᠲᠣᠬᠢᠷᠠᠭᠤᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠮᠦᠩᠭᠦᠨ ᠭᠦᠢᠯᠭᠡᠭᠡᠨ ᠢᠶᠠᠷ ᠦᠢᠯᠡᠰ | ᠪᠣᠰᠬᠠᠬᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠮᠦᠩᠭᠦᠨ ᠭᠦᠢᠯᠭᠡᠭᠡᠨ ᠤ | ᠦᠢᠯᠡᠳᠬᠦᠨ ᠤ ᠰᠢᠨ᠎ᠡ ᠶᠢ ᠡᠭᠦᠳᠦᠨ᠂ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠯ ᠤᠨ | ᠳᠣᠲᠣᠷ᠎ᠠ ᠦᠢᠯᠡᠰ ᠪᠣᠰᠬᠠᠬᠤ ᠳᠠᠭᠠᠭᠠᠯᠲᠠ ᠶᠢᠨ ᠵᠢᠭᠡᠯᠡᠯᠭᠡ ᠶᠢ 1.1 ᠳ᠋ᠦᠩᠰᠢᠭᠤᠷ ᠲᠥᠭᠦᠷᠢᠭ ᠠᠴᠠ ᠳᠡᠭᠡᠭᠰᠢ | ᠲᠠᠯᠪᠢᠵᠤ᠂ 500 ᠬᠥᠮᠦᠨ ᠠᠴᠠ ᠳᠡᠭᠡᠭᠰᠢ ᠬᠤᠪᠢ ᠪᠠᠷ ᠢᠶᠠᠨ ᠦᠢᠯᠡᠰ ᠪᠣᠰᠬᠠᠬᠤ ᠶᠢ ᠳᠡᠮᠵᠢᠵᠦ᠂ 10 ᠵᠢᠵᠢᠭ | ᠪᠢᠴᠢᠯ ᠠᠵᠤ ᠠᠬᠤᠶᠢᠯᠠᠯ ᠢ ᠲᠡᠳᠬᠦᠨ ᠳᠡᠮᠵᠢᠵᠦ᠂ ᠦᠢᠯᠡᠰ ᠪᠣᠰᠬᠠᠬᠤ ᠪᠠᠷ ᠳᠠᠮᠵᠢᠨ 2000 ᠬᠥᠮᠦᠨ ᠠᠴᠠ | ᠳᠡᠭᠡᠭᠰᠢ ᠠᠵᠢᠯ ᠣᠯᠭᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠲᠦᠩᠯᠢᠶᠣᠤ ᠬᠤᠲᠠ ᠳᠠᠬᠢ ᠬᠤᠪᠢᠶᠠᠷᠢ ᠪᠠᠩᠬᠢ︶ 17. ᠦᠢᠯᠡᠰ ᠪᠣᠰᠬᠠᠬᠤ ᠨᠡᠪᠴᠢᠭᠦᠯᠬᠦ ᠲᠠᠪᠴᠠᠩ ᠢ | ᠪᠠᠶᠢᠭᠤᠯᠤᠨ᠎ᠠ᠃ ᠡᠯ᠎ᠡ ᠭᠠᠵᠠᠷ ᠤᠨ ᠠᠵᠤ ᠦᠢᠯᠡᠰ ᠤᠨ ᠬᠦᠷᠢᠶᠡᠯᠡᠩ᠂ ᠰᠤᠯᠠ ᠪᠠᠶᠢᠭ᠎ᠠ ᠦᠢᠯᠡᠳᠪᠦᠷᠢ ᠶᠢᠨ ᠭᠡᠷ | ᠪᠠᠶᠢᠰᠢᠩ ᠵᠡᠷᠭᠡ ᠳᠤ ᠲᠦᠰᠢᠭᠯᠡᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ ᠪᠠᠶᠢᠭᠤᠯᠬᠤ ᠪᠤᠶᠤ | ᠰᠠᠶᠢᠵᠢᠷᠠᠭᠤᠯᠬᠤ ᠶᠢ ᠳᠡᠮᠵᠢᠵᠦ᠂ ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠳᠤ ᠨᠠᠭᠠᠳᠤ ᠵᠠᠬ᠎ᠠ ᠳᠠᠭᠠᠨ | ᠬᠤᠲᠠ ᠶᠢᠨ ᠳᠡᠰ ᠤᠨ ᠪᠠᠷᠢᠮᠵᠢᠶᠠᠵᠢᠭᠤᠯᠤᠭᠰᠠᠨ ᠦᠢᠯᠡᠰ ᠪᠣᠰᠬᠠᠬᠤ ᠨᠡᠪᠴᠢᠭᠦᠯᠬᠦ ᠰᠠᠭᠤᠷᠢᠨ ᠭᠠᠵᠠᠷ 1 | ᠪᠠᠶᠢᠭᠤᠯᠬᠤ ᠶᠢ ᠳᠡᠮᠵᠢᠨ᠎ᠡ᠃ ᠭᠡᠷ ᠤᠨ ᠲᠦᠷᠢᠶᠡᠰᠦ᠂ ᠤᠰᠤ ᠴᠠᠬᠢᠯᠭᠠᠨ ᠤ ᠰᠦᠢᠳᠭᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠦᠢᠯᠡᠰ ᠪᠣᠰᠬᠠᠬᠤ ᠦᠢᠯᠡᠴᠢᠯᠡᠭᠡ ᠬᠠᠩᠭᠠᠬᠤ | ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ 18. | ᠭᠤᠤᠯᠳᠠᠯᠭ᠎ᠠ ᠲᠠᠢ ᠬᠦᠮᠦᠰ ᠤᠨ ᠦᠢᠯᠡᠰ ᠪᠣᠰᠬᠠᠬᠤ ᠶᠢ ᠳᠡᠮᠵᠢᠨ᠎ᠡ᠃ ᠰᠤᠷᠭᠠᠭᠤᠯᠢ ᠠᠴᠠ ᠪᠠᠨ ᠰᠠᠯᠤᠭᠠᠳ ᠬᠤᠶᠠᠷ | ᠵᠢᠯ ᠤᠨ ᠳᠣᠲᠣᠷᠠᠬᠢ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠤᠯᠬᠤ ᠳᠤ ᠬᠦᠴᠢᠷᠲᠡᠶ ᠬᠥᠮᠦᠰ᠂ | ᠨᠤᠲᠤᠭ ᠲᠤ ᠪᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ ᠠᠴᠠ ᠬᠠᠯᠠᠭᠳᠠᠭᠰᠠᠳ᠂ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢᠴᠢᠨ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ | ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠶᠢ ᠡᠷᠬᠢᠯᠡᠵᠦ ᠪᠠᠶᠢᠭ᠎ᠠ ᠪᠥᠭᠡᠳ ᠪᠠᠶᠢᠭᠤᠯᠤᠨ ᠡᠷᠬᠢᠯᠡᠵᠦ ᠪᠠᠶᠢᠭ᠎ᠠ | ᠠᠵᠤ ᠠᠬᠤᠶᠢᠯᠠᠯ ᠪᠤᠶᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠪᠦᠷᠢᠳᠬᠡᠨ ᠳᠠᠩᠰᠠᠯᠠᠭᠤᠯᠤᠭᠰᠠᠨ | ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ ᠪᠠᠶᠢᠪᠠᠯ᠂ 1 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠦᠢᠯᠡᠰ ᠪᠣᠰᠬᠠᠬᠤ ᠨᠥᠬᠦᠪᠥᠷᠢ ᠣᠯᠭᠤᠨ᠎ᠠ᠃ 3 ᠬᠥᠮᠦᠨ ᠠᠴᠠ | ᠳᠡᠭᠡᠭᠰᠢ ᠠᠵᠢᠯ ᠣᠯᠭᠤᠬᠤ ᠶᠢ ᠳᠠᠶᠢᠴᠢᠯᠠᠬᠤ ᠶᠢᠨ ᠬᠠᠮᠲᠤ ᠲᠡᠭᠦᠨ ᠳᠤ 1 ᠵᠢᠯ ᠠᠴᠠ ᠳᠡᠭᠡᠭᠰᠢ ᠨᠡᠶᠢᠭᠡᠮ ᠤᠨ | ᠳᠠᠭᠠᠳᠬᠠᠯ ᠲᠤᠰᠢᠶᠠᠭᠰᠠᠨ ᠪᠠᠶᠢᠪᠠᠯ᠂ 2 ᠲᠦᠮᠡᠨ ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠦᠢᠯᠡᠰ | ᠪᠣᠰᠬᠠᠬᠤ ᠪᠠᠷ ᠠᠵᠢᠯ ᠣᠯᠭᠤᠬᠤ ᠶᠢ ᠳᠠᠶᠢᠴᠢᠯᠠᠬᠤ ᠨᠥᠬᠦᠪᠥᠷᠢ ᠣᠯᠭᠤᠵᠤ᠂ ᠬᠡᠪ ᠤᠨ ᠶᠣᠰᠣᠭᠠᠷ 3 ᠵᠢᠯ ᠠᠴᠠ | ᠳᠡᠭᠡᠭᠰᠢ ᠡᠵᠡᠩᠨᠡᠭᠰᠡᠨ ᠮᠥᠷᠲᠡᠭᠡᠨ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠶᠢ ᠪᠠᠭᠠᠰᠤᠭᠰᠠᠨ | ᠥᠬᠡᠶ ᠪᠠᠶᠢᠪᠠᠯ᠂ ᠳᠠᠬᠢᠨ 2 ᠲᠦᠮᠡᠨ ᠲᠥᠭᠦᠷᠢᠭ ᠤᠨ ᠦᠢᠯᠡᠰ ᠪᠣᠰᠬᠠᠬᠤ ᠨᠥᠬᠦᠪᠥᠷᠢ ᠣᠯᠭᠤᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ 19. | ᠦᠢᠯᠡᠰ ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠢ ᠰᠢᠯᠢᠳᠡᠭᠵᠢᠭᠦᠯᠦᠨ᠎ᠡ᠃ ᠬᠤᠰᠢᠭᠤ ᠰᠢᠶᠠᠨ ᠬᠤᠲᠠ | ᠲᠣᠭᠤᠷᠢᠭ ᠤᠨ ᠦᠢᠯᠡᠰ ᠪᠣᠰᠬᠠᠬᠤ ᠬᠥᠭᠵᠢᠯᠲᠡ ᠶᠢᠨ ᠪᠡᠯᠡ ᠮᠥᠩᠭᠦ ᠪᠠᠶᠢᠭᠤᠯᠬᠤ ᠶᠢ ᠵᠣᠷᠢᠭᠵᠢᠭᠤᠯᠵᠤ᠂ ᠦᠢᠯᠡᠰ | ᠪᠣᠰᠬᠠᠬᠤ ᠶᠢ ᠵᠢᠯᠣᠭᠤᠳᠬᠤ ᠦᠢᠯᠡᠴᠢᠯᠡᠭᠡᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠰᠦᠯᠵᠢᠶᠡᠨ ᠳᠡᠭᠡᠷᠡᠬᠢ 3D | ᠦᠢᠯᠡᠰ ᠪᠣᠰᠬᠠᠬᠤ ᠲᠥᠷᠥᠯ ᠵᠦᠢᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠵᠤ᠂ ᠦᠢᠯᠡᠰ ᠪᠣᠰᠬᠠᠬᠤ ᠲᠥᠷᠥᠯ | ᠵᠦᠢᠯ ᠢ 400 ᠭᠠᠷᠤᠢ ᠪᠠᠶᠢᠩᠭᠤᠵᠢᠭᠤᠯᠤᠨ ᠳᠡᠯᠭᠡᠨ ᠦᠵᠡᠭᠦᠯᠦᠨ᠎ᠡ᠃ ᠦᠢᠯᠡᠰ ᠪᠣᠰᠭᠠᠬᠤ ᠶᠢ ᠵᠢᠯᠣᠭᠤᠳᠬᠤ | ᠪᠠᠭᠰᠢ ᠶᠢᠨ ᠠᠵᠢᠯᠯᠠᠬᠤ ᠭᠡᠷ ᠢ ᠰᠢᠨ᠎ᠡ ᠪᠠᠷ 2 ᠪᠠᠢᠭᠤᠯᠤᠨ᠎ᠠ᠃ ᠦᠢᠯᠡᠰ ᠪᠣᠰᠬᠠᠬᠤ ᠤᠷᠤᠯᠳᠤᠭᠠᠨ᠂ ᠦᠢᠯᠡᠰ | ᠪᠣᠰᠬᠠᠬᠤ ᠲᠤᠰᠬᠠᠶ ᠮᠡᠷᠭᠡᠵᠢᠯᠲᠡᠨ ᠰᠤᠷᠭᠠᠭᠤᠯᠢ ᠶᠢᠨ ᠬᠦᠷᠢᠶᠡᠨ ᠳᠤ ᠣᠷᠣᠬᠤ ᠵᠡᠷᠭᠡ ᠰᠢᠨ᠎ᠡ ᠶᠢ ᠡᠭᠦᠳᠬᠦ ᠦᠢᠯᠡᠰ | ᠪᠣᠰᠬᠠᠬᠤ ᠠᠵᠢᠯᠯᠠᠭ᠎ᠠ ᠶᠢ ᠡᠷᠭᠢᠯᠡᠨ᠎ᠡ᠃ ᠦᠢᠯᠡᠰ ᠪᠣᠰᠬᠠᠬᠤ ᠪᠣᠯᠪᠠᠰᠤᠷᠠᠯ ᠢ 1000 ᠬᠥᠮᠦᠨ ᠤᠳᠠᠭ᠎ᠠ ᠠᠴᠠ | ᠳᠡᠭᠡᠭᠰᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ ᠭᠤᠷᠪᠠ᠂ ᠠᠵᠢᠯ ᠤᠨ ᠠᠷᠭ᠎ᠠ ᠬᠡᠮᠵᠢᠶ᠎ᠡ ︵ᠨᠢᠭᠡ︶ ᠪᠣᠯᠪᠠᠰᠤᠷᠠᠯ ᠢ | ᠴᠢᠩᠭᠠᠳᠬᠠᠵᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠤᠨ᠎ᠠ 20. | ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠯ | ᠵᠢᠭᠠᠨ ᠰᠤᠷᠭᠠᠯᠲᠠ ᠶᠢᠨ ᠤᠷ᠎ᠠ ᠴᠢᠳᠠᠪᠤᠷᠢ ᠶᠢᠨ ᠠᠮᠢ ᠠᠬᠤᠢ ᠶᠢᠨ ᠬᠡᠯᠬᠢᠶ᠎ᠡ ᠶᠢ ᠪᠣᠢ ᠪᠣᠯᠭᠠᠨ᠎ᠠ᠃ ᠬᠤᠰᠢᠭᠤ ᠰᠢᠶᠠᠨ | ᠬᠤᠲᠠ ᠲᠣᠭᠤᠷᠢᠭ ᠤᠨ ᠠᠵᠤ ᠠᠬᠤᠶᠢᠯᠠᠯ᠂ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ ᠮᠡᠷᠭᠡᠵᠢᠯ ᠤᠨ | ᠠᠵᠢᠯᠴᠢᠨ ᠤ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠤᠨ᠎ᠠ᠃ ᠪᠦᠬᠦ ᠬᠤᠲᠠ ᠶᠢᠨ ᠮᠡᠷᠭᠡᠵᠢᠯ ᠤᠨ ᠠᠵᠢᠯᠴᠢᠨ ᠤ | ᠶᠡᠭᠡ ᠳᠡᠭᠡᠳᠦ ᠰᠤᠷᠭᠠᠭᠤᠯᠢ ᠶᠢᠨ ᠢᠨᠵᠧᠨᠧᠷᠢᠩ ᠤᠨ ᠤᠬᠠᠭᠠᠨ ᠤ ᠨᠢᠭᠡ ᠴᠣᠭᠴᠠᠵᠢᠭᠰᠠᠨ ᠲᠤᠰᠬᠠᠶ ᠮᠡᠷᠭᠡᠵᠢᠯ ᠤᠨ | ᠡᠵᠡᠯᠡᠬᠦ ᠬᠠᠷᠢᠴᠠᠯ ᠢ 50% ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠰᠤᠷᠭᠠᠭᠤᠯᠢ | ᠠᠵᠤ ᠠᠬᠤᠶᠢᠯᠠᠯ ᠤᠨ ᠪᠣᠯᠪᠠᠰᠤᠷᠠᠭᠤᠯᠤᠯ ᠤᠨ ᠬᠤᠯᠪᠣᠭᠠᠨ ᠤ ᠪᠠᠶᠢᠭᠤᠯᠤᠯᠲᠠ ᠶᠢ ᠠᠬᠢᠭᠤᠯᠵᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠮᠲᠤᠷᠠᠨ ᠠᠵᠤ | ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠬᠤ ᠶᠢ ᠵᠣᠷᠢᠭᠵᠢᠭᠤᠯᠵᠤ᠂ ᠵᠠᠬᠢᠶᠠᠯᠠᠭ᠎ᠠ ᠶᠢᠨ ᠮᠠᠶ᠋ᠢᠭ ᠤᠨ | ᠴᠢᠳᠠᠪᠤᠷᠢᠲᠠᠨ ᠢ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠨ᠂ ᠵᠢᠯ ᠪᠦᠷᠢ 2000 ᠬᠥᠮᠦᠨ ᠠᠴᠠ ᠳᠡᠭᠡᠭᠰᠢ | ᠬᠥᠳᠡᠯᠦᠩᠭᠦᠶ ᠪᠠᠷ ᠪᠣᠯᠪᠠᠰᠤᠷᠠᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠡᠶᠢᠭᠡᠮᠴᠢᠯᠡᠭᠰᠡᠨ | ᠠᠵᠢᠯ ᠮᠡᠷᠭᠡᠵᠢᠯ ᠤᠨ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ | ᠨᠥᠬᠦᠪᠥᠷᠢ ᠣᠯᠭᠤᠬᠤ ᠬᠡᠷᠡᠭᠲᠡᠶ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠥᠷᠳᠡᠯᠲᠡ ᠶᠢᠨ | ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠪᠠᠶᠢᠳᠠᠯ ᠲᠠᠢ ᠤᠶᠠᠯᠳᠤᠭᠤᠯᠤᠨ | ᠡᠷᠳᠡᠮ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠬᠥᠳᠡᠯᠦᠩᠭᠦᠶ ᠪᠠᠷ ᠲᠣᠬᠢᠷᠠᠭᠤᠯᠤᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠲᠦᠩᠯᠢᠶᠣᠤ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ | ᠲᠦᠩᠯᠢᠶᠣᠤ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠰᠤᠷᠭᠠᠭᠤᠯᠢ︶ 21. ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠶᠡᠭᠡ ᠬᠡᠪᠴᠢᠶ᠎ᠡ ᠪᠠᠷ ᠥᠷᠨᠢᠭᠦᠯᠦᠨ᠎ᠡ᠃ ᠠᠵᠢᠯ ᠲᠥᠷᠥᠯ ᠤᠨ ᠰᠠᠯᠠᠭ᠎ᠠ | ᠮᠥᠴᠢᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠡᠯ᠎ᠡ ᠠᠵᠢᠯ | ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠡᠪᠴᠢᠶ᠎ᠡ ᠶᠢ 3 ᠲᠦᠮᠡᠨ | ᠬᠥᠮᠦᠨ ᠤᠳᠠᠭ᠎ᠠ ᠠᠴᠠ ᠳᠡᠭᠡᠭᠰᠢ ᠬᠦᠷᠦᠭᠦᠯᠵᠦ᠂ ᠨᠥᠬᠦᠪᠥᠷᠢ ᠶᠢᠨ ᠴᠢᠨᠠᠷᠲᠠᠶ ᠪᠣᠯᠪᠠᠰᠤᠷᠠᠭᠤᠯᠤᠯ ᠢ 8000 ᠬᠥᠮᠦᠨ | ᠤᠳᠠᠭ᠎ᠠ ᠠᠴᠠ ᠳᠡᠭᠡᠭᠰᠢ ᠬᠦᠷᠦᠭᠦᠯᠵᠦ᠂ ᠮᠡᠷᠭᠡᠵᠢᠯ ᠤᠨ ᠴᠢᠳᠠᠪᠤᠷᠢᠲᠠᠨ ᠢ 8000 ᠬᠥᠮᠦᠨ ᠠᠴᠠ ᠳᠡᠭᠡᠭᠰᠢ | ᠪᠣᠯᠪᠠᠰᠤᠷᠠᠭᠤᠯᠤᠨ᠎ᠠ᠃ ᠪᠣᠯᠪᠠᠰᠤᠷᠠᠭᠤᠯᠤᠯ ᠤᠨ ᠳᠠᠷᠠᠭᠠᠬᠢ 6 ᠰᠠᠷ᠎ᠠ ᠶᠢᠨ ᠳᠣᠲᠣᠷ᠎ᠠ 1 ᠵᠢᠯ ᠵᠢᠴᠢ ᠲᠡᠭᠦᠨ ᠠᠴᠠ | ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠪᠠᠯ᠂ | ᠬᠢᠴᠢᠶᠡᠯ ᠤᠨ ᠴᠠᠭ ᠤᠨ ᠰᠠᠭᠤᠷᠢ ᠪᠠᠷᠢᠮᠵᠢᠶ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ 50% ᠪᠠᠷ ᠳᠡᠭᠡᠭᠰᠢᠯᠡᠭᠦᠯᠦᠨ᠎ᠡ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠠᠵᠢᠯᠴᠢᠨ ᠤ ᠶᠡᠷᠦᠩᠬᠡᠶ ᠡᠪᠯᠡᠯ᠂ ᠬᠤᠲᠠ ᠶᠢᠨ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ | ᠂ ᠵᠡᠮᠳᠡᠭᠴᠦᠳ ᠤᠨ ᠬᠤᠯᠪᠣᠭ᠎ᠠ︶ 22. ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠲᠦᠩᠯᠢᠶᠣᠤ ᠬᠤᠲᠠ ᠶᠢᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ | ᠰᠠᠭᠤᠷᠢᠨ ᠭᠠᠵᠠᠷ ᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠡᠷᠭᠡᠵᠢᠯ ᠴᠢᠳᠠᠪᠤᠷᠢ ᠶᠢᠨ | ᠪᠣᠯᠪᠠᠰᠤᠷᠠᠭᠤᠯᠤᠯ ᠤᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠭᠤᠤᠯᠳᠠᠯᠭ᠎ᠠ ᠲᠠᠢ ᠠᠵᠤ ᠦᠢᠯᠡᠰ ᠤᠨ | ᠬᠥᠭᠵᠢᠯᠲᠡ ᠶᠢ ᠦᠨᠳᠦᠰᠦᠯᠡᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠭᠯᠡᠭᠦᠯᠬᠦ ᠴᠢᠨᠠᠷᠲᠠᠶ ᠥᠷᠨᠢᠭᠦᠯᠵᠦ᠂ | ᠬᠤᠰᠢᠭᠤ ᠰᠢᠶᠠᠨ ᠬᠤᠲᠠ ᠲᠣᠭᠤᠷᠢᠭ ᠨᠢᠭᠡᠪᠦᠷᠢ ᠠᠳᠠᠭ ᠲᠠᠭᠠᠨ ᠨᠢᠭᠡ ︽ᠠᠵᠢᠯ ᠮᠡᠷᠭᠡᠵᠢᠯ ᠤᠨ ᠴᠢᠳᠠᠪᠤᠷᠢ ᠶᠢᠨ | ᠪᠣᠯᠪᠠᠰᠤᠷᠠᠭᠤᠯᠤᠯ + ᠬᠥᠳᠡᠯᠮᠦᠷᠢ ᠬᠦᠴᠦ︾ ᠶᠢᠨ ᠨᠡᠷᠡᠲᠦ ᠱᠣᠰᠢᠭ᠎ᠠ ᠶᠢ ᠪᠤᠶᠢᠵᠢᠭᠤᠯᠬᠤ ᠬᠡᠷᠡᠭᠲᠡᠶ᠃ ᠪᠦᠬᠦ | ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠶ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠠ ᠡᠯ᠎ᠡ | ᠠᠵᠢᠯ ᠲᠥᠷᠥᠯ ᠤᠨ ᠬᠠᠮᠢᠶ᠎ᠠ ᠪᠦᠬᠦᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠨ᠎ᠡ᠃ | ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ ᠬᠡᠲᠦᠷᠡᠭᠰᠡᠨ ᠬᠥᠳᠡᠯᠮᠦᠷᠢᠯᠡᠬᠦ ᠴᠢᠳᠠᠪᠤᠷᠢ ᠲᠠᠢ | ᠪᠠ ᠠᠵᠢᠯ ᠣᠯᠬᠤ ᠬᠦᠰᠡᠯ ᠲᠠᠢ ᠪᠠᠶᠢᠩᠭᠤ ᠰᠠᠭᠤᠭ᠎ᠠ ᠬᠥᠮᠦᠨ ᠠᠮᠠ ᠶᠢ ᠠᠵᠢᠯ ᠣᠯᠭᠤᠬᠤ ᠦᠢᠯᠡᠴᠢᠯᠡᠭᠡᠨ ᠤ | ᠬᠡᠪᠴᠢᠶᠡᠨ ᠳᠤ ᠣᠷᠣᠭᠤᠯᠵᠤ᠂ ᠬᠠᠨᠳᠤᠯᠭᠠᠲᠤ ᠴᠢᠨᠠᠷᠲᠠᠶ ᠪᠠᠷ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠵᠡᠷᠭᠡ ᠠᠵᠢᠯ ᠣᠯᠭᠤᠬᠤ ᠦᠢᠯᠡᠴᠢᠯᠡᠭᠡ ᠬᠠᠩᠭᠠᠨ᠎ᠠ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶ 23. ᠠᠵᠤ ᠠᠬᠤᠶᠢᠯᠠᠯ ᠤᠨ ᠮᠡᠷᠭᠡᠵᠢᠯ | ᠴᠢᠳᠠᠪᠤᠷᠢ ᠶᠢᠨ ᠪᠣᠯᠪᠠᠰᠤᠷᠠᠭᠤᠯᠤᠯ ᠪᠣᠯᠤᠨ ᠵᠡᠷᠭᠡ ᠲᠠᠰ ᠤᠨ ᠦᠨᠡᠯᠡᠯᠲᠡ ᠬᠢᠬᠦ ᠶᠢ ᠳᠡᠮᠵᠢᠨ᠎ᠡ᠃ ᠮᠡᠷᠭᠡᠵᠢᠯ | ᠴᠢᠳᠠᠪᠤᠷᠢ ᠪᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠨᠥᠬᠦᠴᠡᠯ ᠲᠠᠢ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠭᠤᠯᠤᠯ ᠤᠨ ᠲᠥᠪ᠂ ᠮᠡᠷᠭᠡᠵᠢᠯ ᠴᠢᠳᠠᠪᠤᠷᠢ ᠶᠢᠨ ᠵᠡᠷᠭᠡ | ᠳᠡᠰ ᠢ ᠦᠨᠡᠯᠡᠬᠦ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠵᠤ᠂ ᠮᠠᠭᠠᠳᠯᠠᠨ ᠲᠣᠭᠲᠠᠭᠠᠬᠤ ᠪᠠᠷ ᠳᠡᠮᠵᠢᠨ ᠨᠢᠭᠡ | ᠪᠠᠶᠢᠭᠤᠯᠬᠤ ᠪᠦᠷᠢ 30 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠵᠢᠯ ᠤᠨ ᠳᠣᠲᠣᠷ᠎ᠠ ᠨᠢᠭᠡᠳᠦᠭᠡᠷ ᠲᠠᠰ ᠤᠨ ᠮᠡᠷᠭᠡᠵᠢᠯ ᠴᠢᠳᠠᠪᠤᠷᠢ ᠶᠢᠨ | ᠵᠡᠷᠭᠡ ᠲᠠᠰ ᠤᠨ ᠦᠨᠡᠮᠯᠡᠯ ᠣᠯᠤᠭᠰᠠᠳ ᠲᠤ 3000 ᠲᠥᠭᠦᠷᠢᠭ ᠤᠨ ᠨᠥᠬᠦᠪᠥᠷᠢ ᠥᠭᠴᠦ᠂ ᠬᠤᠶᠠᠳᠤᠭᠠᠷ | ᠲᠠᠰ ᠤᠨ ᠮᠡᠷᠭᠡᠵᠢᠯ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ ᠣᠯᠤᠭᠰᠠᠨ ᠪᠠᠶᠢᠪᠠᠯ 2500 ᠲᠥᠭᠦᠷᠢᠭ ᠤᠨ | ᠨᠥᠬᠦᠪᠥᠷᠢ ᠣᠯᠭᠤᠵᠤ᠂ ᠭᠤᠷᠪᠠ ᠠᠴᠠ ᠲᠠᠪᠤᠳᠤᠭᠠᠷ ᠲᠠᠰ ᠤᠨ ᠮᠡᠷᠭᠡᠵᠢᠯ ᠴᠢᠳᠠᠪᠤᠷᠢ ᠶᠢᠨ ᠵᠡᠷᠭᠡ ᠲᠠᠰ ᠤᠨ ᠦᠨᠡᠮᠯᠡᠯ | ᠣᠯᠤᠭᠰᠠᠨ ᠪᠠᠶᠢᠪᠠᠯ 1000 - 2000 ᠲᠥᠭᠦᠷᠢᠭ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ | ᠣᠯᠭᠤᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ | ᠪᠣᠯᠪᠠᠰᠤᠷᠠᠭᠤᠯᠤᠯ ᠥᠷᠨᠢᠭᠦᠯᠦᠭᠰᠡᠨ ᠪᠣᠯ ᠠᠩᠬ᠎ᠠ ᠵᠡᠷᠭᠡ ᠶᠢᠨ ᠠᠵᠢᠯᠴᠢᠨ ᠳᠤ 6000 ᠲᠥᠭᠦᠷᠢᠭ / ᠬᠥᠮᠦᠨ / ᠵᠢᠯ | ᠂ ᠳᠤᠮᠳᠠᠳᠤ ᠵᠡᠷᠭᠡ ᠶᠢᠨ ᠠᠵᠢᠯᠴᠢᠨ ᠳᠤ 7000 ᠲᠥᠭᠦᠷᠢᠭ / ᠬᠥᠮᠦᠨ / ᠵᠢᠯ᠂ ᠳᠡᠭᠡᠳᠦ ᠵᠡᠷᠭᠡ ᠶᠢᠨ | ᠠᠵᠢᠯᠴᠢᠨ ᠳᠤ 8000 ᠲᠥᠭᠦᠷᠢᠭ / ᠬᠥᠮᠦᠨ / ᠵᠢᠯ ᠤᠨ ᠪᠠᠷᠢᠮᠵᠢᠶ᠎ᠠ ᠪᠠᠷ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠪᠣᠯᠪᠠᠰᠤᠷᠠᠭᠤᠯᠤᠯ ᠤᠨ ᠨᠥᠬᠦᠪᠥᠷᠢ ᠣᠯᠭᠤᠨ᠎ᠠ᠃ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠨ | ᠥᠷᠨᠢᠭᠦᠯᠦᠭᠰᠡᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ᠂ | ᠰᠢᠨ᠎ᠡ ᠮᠠᠶ᠋ᠢᠭ ᠤᠨ ᠱᠠᠪᠢ ᠣᠷᠣᠬᠤ ᠳᠦᠷᠢᠮ ᠤᠨ ᠪᠣᠯᠪᠠᠰᠤᠷᠠᠭᠤᠯᠤᠯ ᠪᠣᠯᠤᠨ ᠮᠠᠰᠲ᠋ᠧᠷ᠂ ᠳᠡᠭᠡᠳᠦ ᠮᠠᠰᠲ᠋ᠧᠷ ᠤᠨ | ᠪᠣᠯᠪᠠᠰᠤᠷᠠᠭᠤᠯᠤᠯ ᠳᠤ ᠪᠣᠯᠪᠠᠰᠤᠷᠠᠭᠤᠯᠤᠯ ᠤᠨ ᠪᠡᠯᠡ ᠮᠥᠩᠭᠦ ᠶᠢ ᠰᠢᠭᠤᠳ ᠠᠵᠤ ᠠᠬᠤᠶᠢᠯᠠᠯ ᠳᠤ ᠨᠥᠬᠦᠪᠥᠷᠢᠯᠡᠬᠦ | ᠬᠡᠷᠡᠭᠲᠡᠶ᠃ ᠠᠵᠤ ᠠᠬᠤᠶᠢᠯᠠᠯ ᠠᠵᠢᠯᠲᠠᠨ ᠠᠵᠢᠯᠴᠢᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ | ᠮᠡᠷᠭᠡᠵᠢᠯ ᠤᠨ ᠠᠵᠢᠯᠴᠢᠨ ᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠭᠤᠯᠢ ᠪᠠᠶᠢᠭᠤᠯᠬᠤ ᠶᠢ ᠵᠥᠪᠰᠢᠶᠡᠷᠡᠵᠦ᠂ | ᠠᠳᠠᠯᠢ ᠱᠠᠲᠤᠨ ᠤ ᠠᠳᠠᠯᠢ ᠲᠥᠷᠥᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠤᠷᠤᠭᠴᠢ ᠨᠢᠭᠡᠪᠦᠷᠢ ᠶᠢᠨ | ᠳᠤᠮᠳᠠᠴᠢ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠤᠨ ᠪᠠᠷᠢᠮᠵᠢᠶ᠎ᠠ ᠪᠠ ᠳᠡᠮᠵᠢᠬᠦ ᠲᠥᠷᠥ ᠶᠢᠨ ᠪᠣᠳᠣᠯᠭ᠎ᠠ ᠪᠠᠷ | ᠯᠠᠪᠯᠠᠯᠲᠠ ᠪᠣᠯᠭᠠᠵᠤ ᠪᠠᠶᠢᠭᠠᠳ ᠵᠣᠬᠢᠰᠲᠠᠶ ᠨᠥᠬᠦᠪᠥᠷᠢ ᠣᠯᠭᠤᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠮᠵᠢᠯᠴᠠᠬᠤ | ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶᠃ ︵ᠬᠤᠶᠠᠷ︶ | ᠠᠵᠢᠯ ᠣᠯᠭᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠭᠦᠢᠴᠡᠳ ᠠᠵᠢᠯ ᠣᠯᠭᠤᠬᠤ ᠶᠢ | ᠠᠬᠢᠭᠤᠯᠤᠨ᠎ᠠ 24. ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠎ᠡ᠃ | ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡ ᠶᠢ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠬᠦᠷᠢᠶ᠎ᠡ ᠬᠡᠪᠴᠢᠶᠡᠨ ᠳᠤ ᠠᠭᠤᠰᠤᠯᠴᠠᠭᠤᠯᠵᠤ᠂ ᠪᠠᠶᠢᠩᠭᠤ | ᠰᠠᠭᠤᠭ᠎ᠠ ᠬᠥᠮᠥᠨ ᠠᠮᠠ ᠶᠢ ᠬᠠᠮᠤᠷᠤᠭᠰᠠᠨ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ | ᠡᠭᠦᠯᠡᠨᠴᠢᠷ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠭᠠᠶᠢᠯᠢ ᠶᠢᠨ ᠶᠠᠪᠤᠳᠠᠯ | ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠪᠠᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠦᠯᠬᠦ ᠶᠢ ᠠᠬᠢᠭᠤᠯᠤᠨ᠎ᠠ᠃ ᠬᠥᠳᠡᠯᠮᠦᠷᠢ ᠪᠠᠲᠤᠯᠠᠭ᠎ᠠ ᠶᠢᠨ ᠲᠤᠰᠠᠯᠠᠭᠴᠢ ᠶᠢᠨ | ᠦᠢᠯᠡᠳᠦᠯ ᠢ ᠪᠠᠳᠠᠷᠠᠭᠤᠯᠵᠤ᠂ ᠡᠯᠰᠡᠵᠦ ᠴᠤᠭᠯᠠᠭᠤᠯᠤᠭᠰᠠᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ | ᠰᠠᠶᠢᠨ ᠳᠤᠷᠠᠴᠤᠳ ᠭᠤᠤᠯᠳᠠᠭᠤ ᠠᠵᠢᠯ ᠣᠯᠭᠤᠬᠤ ᠦᠢᠯᠡᠴᠢᠯᠡᠭᠡᠨ ᠤ ᠠᠵᠢᠯ ᠢ ᠬᠢᠵᠦ᠂ ᠦᠨᠳᠦᠰᠦᠨ ᠱᠠᠲᠤᠨ ᠤ | ᠠᠵᠢᠯ ᠣᠯᠭᠤᠬᠤ ᠦᠢᠯᠡᠴᠢᠯᠡᠭᠡᠨ ᠤ ᠡᠩᠨᠡᠭᠡᠨ ᠤ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ᠃ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ᠂ ᠶᠡᠭᠡ ᠳᠡᠭᠡᠳᠦ ᠰᠤᠷᠭᠠᠭᠤᠯᠢ᠂ ᠬᠤᠳᠠᠯᠳᠤᠭᠠᠨ ᠤ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠳᠤ ᠲᠦᠰᠢᠭᠯᠡᠨ ︽ᠬᠡᠷ ᠤᠨ ᠡᠭᠦᠳᠡᠨ︾ ᠳᠠᠬᠢ ᠠᠵᠢᠯ | ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠶᠢ 100 ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ | ᠨᠢᠭᠡᠴᠡ᠄ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶᠃ 25. ᠠᠵᠢᠯ ᠣᠯᠭᠤᠯᠲᠠ ᠶᠢᠨ | ᠣᠯᠠᠨ ᠨᠡᠶᠢᠲᠡ ᠶᠢᠨ ᠦᠢᠯᠡᠴᠢᠯᠡᠭᠡ ᠳᠤ ᠬᠠᠮᠵᠢᠯᠴᠠᠨ ᠬᠦᠴᠦᠨ ᠨᠡᠮᠡᠷᠢᠯᠡᠨ᠎ᠡ᠃ ︽ᠠᠵᠢᠯᠴᠢᠨ ᠤ ᠡᠪᠯᠡᠯ ᠠᠵᠢᠯ | ᠣᠯᠭᠤᠯᠲᠠ ᠶᠢ ᠬᠠᠪᠰᠤᠷᠬᠤ︾ ᠲᠤᠰᠬᠠᠶ ᠠᠵᠢᠯᠯᠠᠭ᠎ᠠ ᠥᠷᠨᠢᠭᠦᠯᠵᠦ᠂ ᠬᠦᠴᠢᠷᠳᠡᠯᠲᠡᠶ ᠠᠵᠢᠯᠲᠠᠨ ᠠᠵᠢᠯᠴᠢᠨ ᠢ | ᠬᠠᠪᠰᠤᠷᠤᠨ ᠲᠡᠳᠬᠦᠵᠦ᠂ ᠲᠠᠪᠴᠠᠩ ᠤᠨ ᠠᠵᠤ ᠠᠬᠤᠶᠢᠯᠠᠯ ᠤᠨ ᠡᠪᠯᠡᠯ ᠪᠠᠶᠢᠭᠤᠯᠬᠤ ᠶᠢ ᠠᠬᠢᠭᠤᠯᠤᠨ᠎ᠠ᠃ ︽ | ᠡᠮᠡᠭᠲᠡᠶᠢᠴᠦᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠠᠵᠢᠯᠯᠠᠭ᠎ᠠ︾ ᠶᠢ ᠠᠬᠢᠭᠤᠯᠵᠤ᠂ | ᠡᠮᠡᠭᠲᠡᠶᠢᠴᠦᠳ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠡᠮᠡᠭᠲᠡᠶ ᠠᠵᠢᠯᠲᠠᠨ | ᠠᠵᠢᠯᠴᠢᠨ ᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠯᠬᠤ ᠶᠢ ᠠᠬᠢᠭᠤᠯᠤᠨ᠎ᠠ᠃ ᠵᠡᠮᠳᠡᠭᠴᠦᠳ ᠲᠤ | ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠡᠮᠳᠡᠭᠴᠦᠳ ᠢ ᠬᠠᠪᠰᠤᠷᠤᠨ ᠲᠡᠳᠬᠦᠵᠦ | ᠪᠠᠶᠢᠭᠠᠳ 700 ᠬᠥᠮᠦᠨ ᠠᠴᠠ ᠳᠡᠭᠡᠭᠰᠢ ᠠᠵᠢᠯ ᠣᠯᠭᠤᠨ᠎ᠠ᠃ ᠴᠡᠷᠢᠭ ᠠᠴᠠ ᠬᠠᠯᠠᠭᠳᠠᠭᠰᠠᠳ ᠲᠤ ᠬᠠᠷᠠᠭᠠᠯᠵᠠᠯ | ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠴᠡᠷᠢᠭ ᠠᠴᠠ ᠬᠠᠯᠠᠭᠳᠠᠭᠰᠠᠳ ᠲᠤ ᠠᠵᠢᠯ | ᠣᠯᠭᠤᠬᠤ ᠶᠢ ᠣᠯᠠᠨ ᠠᠷᠭ᠎ᠠ ᠵᠠᠮ ᠢᠶᠠᠷ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠠᠵᠢᠯᠴᠢᠨ ᠤ | ᠶᠡᠷᠦᠩᠬᠡᠶ ᠡᠪᠯᠡᠯ︔ ᠬᠠᠮᠵᠢᠯᠴᠠᠬᠤ ᠨᠢᠭᠡᠴᠡ᠄ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ | ᠬᠤᠯᠪᠣᠭ᠎ᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠶᠠᠪᠤᠳᠠᠯ ᠤᠨ ᠲᠣᠪᠴᠢᠶ᠎ᠠ︶ 26. ᠠᠵᠢᠯ ᠤᠨ ᠪᠠᠶᠢᠷᠢ ᠶᠢ | ᠴᠤᠭᠯᠠᠭᠤᠯᠤᠨ ᠦᠢᠯᠡᠴᠢᠯᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠡᠯ᠎ᠡ ᠠᠵᠢᠯ ᠲᠥᠷᠥᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠶ ᠪᠠᠷ ᠴᠤᠭᠯᠠᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠨ ︽ᠠᠵᠢᠯ ᠬᠢᠬᠦ ᠬᠥᠮᠦᠨ ᠥᠬᠡᠶ ᠪᠠᠶᠢᠬᠤ︾ ᠠᠵᠢᠯ ᠤᠨ ᠪᠠᠶᠢᠷᠢ ᠶᠢᠨ ᠨᠠᠷᠢᠨ ᠲᠠᠩᠰᠠ ᠪᠠ | ︽ᠠᠵᠢᠯ ᠥᠬᠡᠶ ᠪᠠᠶᠢᠬᠤ︾ ᠬᠥᠮᠦᠰ ᠤᠨ ᠨᠠᠷᠢᠨ ᠲᠠᠩᠰᠠ ᠶᠢ ᠪᠠᠶᠢᠭᠤᠯᠤᠨ ᠬᠥᠳᠡᠯᠦᠩᠭᠦᠶ ᠪᠠᠷ ᠨᠡᠶᠢᠲᠡᠯᠡᠵᠦ᠂ ᠲᠣᠮᠣ | ᠳ᠋ᠠᠶᠢᠲ᠋ᠠ ᠶᠢ ᠠᠰᠢᠭᠯᠠᠨ ᠨᠠᠷᠢᠯᠢᠭ ᠣᠨᠣᠴᠠᠲᠠᠶ ᠳᠣᠭᠢᠷᠠᠭᠤᠯᠤᠨ᠎ᠠ᠃ ᠠᠵᠤ ᠠᠬᠤᠶᠢᠯᠠᠯ ᠰᠢᠨ᠎ᠡ ᠪᠠᠷ ᠠᠵᠢᠯ ᠣᠯᠤᠭᠰᠠᠨ | ᠲᠦᠩᠯᠢᠶᠣᠤ ᠨᠤᠲᠤᠭ ᠲᠠᠢ ᠬᠥᠳᠡᠯᠮᠦᠷᠢ ᠬᠦᠴᠦᠨ ᠢ ᠣᠷᠣᠭᠤᠯᠤᠨ ᠠᠪᠬᠤ ᠶᠢᠨ ᠬᠠᠮᠲᠤ ᠬᠥᠳᠡᠯᠮᠦᠷᠢ ᠶᠢᠨ ᠭᠡᠷ᠎ᠡ | ᠲᠣᠭᠲᠠᠵᠤ᠂ ᠨᠡᠶᠢᠭᠡᠮ ᠤᠨ ᠳᠠᠭᠠᠳᠬᠠᠯ ᠲᠤᠰᠢᠶᠠᠭᠠᠳ 6 ᠰᠠᠷ᠎ᠠ ᠠᠴᠠ ᠳᠡᠭᠡᠭᠰᠢ ᠪᠣᠯᠪᠠᠯ᠂ ᠬᠥᠮᠦᠨ ᠪᠦᠷᠢ ᠳᠤ | 200 ᠲᠥᠭᠦᠷᠢᠭ ᠤᠨ ᠪᠠᠷᠢᠮᠵᠢᠶ᠎ᠠ ᠪᠠᠷ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ | ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠴᠢᠮᠡᠭᠡ | ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠠᠯ ᠲᠠᠷᠢᠶᠠᠯᠠᠩ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ︶᠃ | 27. ᠣᠯᠠᠨ ᠳᠡᠰ ᠳᠠᠪᠬᠤᠷᠭ᠎ᠠ ᠪᠦᠬᠦᠢ ᠣᠨᠣᠪᠴᠢᠯᠠᠭᠰᠠᠨ ᠤᠷᠢᠬᠤ ᠠᠵᠢᠯᠯᠠᠭ᠎ᠠ ᠥᠷᠨᠢᠭᠦᠯᠦᠨ᠎ᠡ᠃ | ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠬᠥᠮᠦᠰ ᠲᠤ ᠬᠠᠨᠳᠤᠭᠤᠯᠤᠭᠰᠠᠨ ᠡᠯ᠎ᠡ ᠲᠥᠷᠥᠯ ᠤᠨ | ᠠᠵᠢᠯᠲᠠᠨ ᠡᠯᠰᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠡᠷᠬᠢᠯᠡᠵᠦ᠂ ᠠᠵᠢᠯ ᠣᠯᠭᠤᠯᠲᠠ ᠶᠢ ᠠᠬᠢᠭᠤᠯᠬᠤ ᠬᠤᠰᠢᠭᠤ | ᠰᠢᠶᠠᠨ ᠬᠤᠲᠠ ᠲᠣᠭᠤᠷᠢᠭ ᠤᠨ ᠲᠣᠭᠤᠷᠢᠨ ᠤᠷᠢᠵᠤ ᠡᠯᠰᠡᠬᠦ ᠠᠵᠢᠯᠯᠠᠭ᠎ᠠ ᠥᠷᠨᠢᠭᠦᠯᠦᠨ᠎ᠡ᠃ ᠡᠯ᠎ᠡ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠬᠤᠪᠢᠶᠠᠨ᠂ ᠬᠦᠷᠢᠶ᠎ᠡ ᠴᠠᠷᠠᠭ᠎ᠠ | ᠬᠤᠪᠢᠶᠠᠨ ᠲᠤᠰᠬᠠᠶ ᠠᠵᠢᠯᠲᠠᠨ ᠡᠯᠰᠡᠬᠦ ᠶᠢ ᠵᠣᠷᠢᠭᠵᠢᠭᠤᠯᠤᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 100 ᠲᠠᠯᠠᠪᠤᠷ ᠤᠳᠠᠭ᠎ᠠ ᠠᠴᠠ ᠳᠡᠭᠡᠭᠰᠢ ᠡᠷᠭᠢᠯᠡᠨ᠎ᠡ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠠᠵᠤ ᠦᠢᠯᠡᠳᠪᠦᠷᠢ ᠪᠠ ᠴᠢᠮᠡᠭᠡ | ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠴᠡᠷᠢᠭ ᠤᠨ ᠠᠯᠪᠠᠨ ᠠᠴᠠ | ᠪᠠᠭᠤᠭᠰᠠᠳ ᠤᠨ ᠶᠠᠪᠤᠳᠠᠯ ᠤᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠦᠩᠯᠢᠶᠣᠤ ᠶᠢᠨ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠷᠴᠢᠨ ᠤ ᠤᠷᠠᠯᠢᠭ ᠤᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ 28. ᠠᠵᠢᠯ ᠣᠯᠭᠤᠯᠲᠠ ᠶᠢᠨ ᠲᠤᠰᠠᠯᠠᠮᠵᠢ ᠶᠢ ᠴᠢᠩᠭᠠᠳᠬᠠᠵᠤ ᠭᠤᠤᠯᠳᠠᠯᠭ᠎ᠠ ᠲᠠᠢ ᠬᠦᠮᠦᠰ ᠤᠨ | ᠠᠵᠢᠯ ᠣᠯᠭᠤᠯᠲᠠ ᠶᠢ ᠠᠬᠢᠭᠤᠯᠤᠨ᠎ᠠ᠃ ︽ᠠᠵᠢᠯᠲᠠᠨ ᠢ ᠲᠥᠷᠥᠯ ᠬᠤᠪᠢᠶᠠᠬᠤ᠂ ᠦᠢᠯᠡᠴᠢᠯᠡᠭᠡ ᠶᠢ ᠲᠠᠰ | ᠬᠤᠪᠢᠶᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ︾ ᠠᠵᠢᠯ ᠣᠯᠭᠤᠵᠤ ᠬᠠᠪᠰᠤᠷᠤᠨ ᠲᠡᠳᠬᠦᠬᠦ | ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠠᠯᠳᠠᠭᠰᠠᠳ ᠢ ᠬᠥᠲᠥᠯᠦᠨ ᠵᠢᠯᠣᠭᠤᠳᠴᠤ ᠠᠵᠢᠯ | ᠠᠯᠳᠠᠭᠰᠠᠨ ᠢ ᠴᠠᠭ ᠲᠤᠬᠠᠶ ᠳᠤᠨᠢ ᠳᠡᠩᠰᠡᠯᠡᠵᠦ᠂ ᠠᠵᠢᠯ ᠠᠯᠳᠠᠭᠰᠠᠨ ᠢ ᠳᠡᠩᠰᠡᠯᠡᠨ ᠲᠡᠮᠳᠡᠭᠯᠡᠭᠦᠯᠦᠭᠰᠡᠨ ᠬᠥᠮᠦᠰ ᠤᠨ | ᠲᠤᠭ᠎ᠠ ᠬᠡᠮᠵᠢᠶ᠎ᠡ ᠶᠢᠨ ᠬᠤᠪᠢᠷᠠᠯᠲᠠ ᠶᠢ ᠨᠢᠭᠲᠠ ᠠᠩᠬᠠᠷᠴᠤ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ | ᠬᠡᠷᠡᠭᠵᠢᠭᠦᠯᠵᠦ︾ ᠠᠵᠢᠯ ᠣᠯᠭᠤᠯᠲᠠ ᠳᠤ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠨ᠎ᠡ᠃ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠲᠥᠪᠬᠢᠨᠡᠭᠦᠯᠬᠦ ᠨᠥᠬᠦᠴᠡᠯ ᠳᠤ ᠨᠡᠶᠢᠴᠡᠬᠦ ᠦᠭᠡᠶ ᠠᠵᠢᠯ | ᠣᠯᠬᠤ ᠳᠤ ᠬᠦᠴᠢᠷᠲᠡᠶ ᠬᠥᠮᠦᠰ ᠤᠨ ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠪᠣᠯ | ᠂ ᠪᠣᠳᠠᠲᠠᠶ ᠪᠠᠶᠢᠳᠠᠯ ᠢ ᠨᠢ ᠦᠨᠳᠦᠰᠦᠯᠡᠨ ᠠᠵᠢᠯ ᠣᠯᠭᠤᠬᠤ ᠲᠤᠰᠠᠯᠠᠮᠵᠢ ᠶᠢᠨ ᠠᠵᠢᠯ ᠤᠨ ᠪᠠᠶᠢᠷᠢ ᠶᠢ ᠨᠡᠭᠡᠭᠡᠨ | ᠲᠣᠬᠢᠷᠠᠭᠤᠯᠵᠤ ᠪᠣᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ 29. ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠵᠢᠯ | ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠭᠡᠮᠯᠢᠭ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠵᠡᠷᠭᠡ ᠠᠵᠢᠯᠲᠠᠨ ᠡᠯᠰᠡᠬᠦ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷ ᠤᠨ ᠪᠠᠶᠢᠴᠠᠭᠠᠯᠲᠠ ᠬᠢᠬᠦ᠂ ᠠᠵᠢᠯ ᠤᠨ | ᠪᠠᠶᠢᠷᠢ ᠴᠤᠭᠯᠠᠭᠤᠯᠬᠤ᠂ ᠬᠥᠳᠡᠯᠮᠦᠷᠢ ᠦᠢᠯᠡᠴᠢᠯᠡᠭᠡᠨ ᠢ ᠭᠠᠳᠠᠭᠰᠢ ᠳᠠᠭᠠᠭᠠᠴᠢᠯᠠᠭᠤᠯᠬᠤ᠂ ᠬᠥᠳᠡᠯᠮᠦᠷᠢ | ᠦᠢᠯᠡᠴᠢᠯᠡᠭᠡᠨ ᠤ ᠲᠣᠮᠢᠯᠠᠯᠲᠠ ᠵᠡᠷᠭᠡ ᠠᠵᠢᠯ ᠣᠯᠭᠤᠬᠤ ᠦᠢᠯᠡᠴᠢᠯᠡᠭᠡᠨ ᠢ ᠳᠠᠭᠠᠭᠠᠨ ᠠᠪᠬᠤ ᠶᠢ ᠳᠡᠮᠵᠢᠨ᠎ᠠ᠃ ᠪᠥᠬᠦ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠶᠢ 13 | ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ 30. ︽ᠣᠶᠢᠯᠠᠭᠠᠮᠵᠢ ᠪᠠᠭᠲᠠᠭᠠᠮᠵᠢᠲᠠᠢ ᠠᠵᠢᠯ ᠣᠯᠭᠤᠯᠲᠠ︾ ᠬᠡᠮᠡᠬᠦ ᠣᠯᠠᠨ | ᠨᠡᠶᠢᠲᠡ ᠶᠢᠨ ᠦᠢᠯᠡᠴᠢᠯᠡᠭᠡᠨ ᠤ ᠨᠠᠷᠠᠲᠤ ᠱᠣᠰᠢᠭ᠎ᠠ ᠶᠢ ᠳᠡᠭᠡᠭᠰᠢᠯᠡᠭᠦᠯᠦᠨ᠎ᠡ᠃ ︽ᠰᠤᠷᠤᠭᠴᠢᠳ ᠲᠥᠩᠯᠢᠶᠣᠣ ᠳᠠᠭᠠᠨ | ᠪᠤᠴᠠᠬᠤ︾ ᠬᠡᠮᠡᠬᠦ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠨᠡᠷᠡᠲᠦ ᠱᠣᠰᠢᠭ᠎ᠠ ᠶᠢ | ᠳᠠᠭᠤᠷᠢᠰᠤᠭᠤᠯᠵᠤ᠂ ᠲᠥᠩᠯᠢᠶᠣᠣ ᠳᠠᠭᠠᠨ ᠪᠤᠴᠠᠭᠰᠠᠨ ᠲᠥᠩᠯᠢᠶᠣᠣ ᠳᠠᠭᠠᠨ ᠦᠯᠡᠳᠡᠭᠰᠡᠨ ᠬᠥᠮᠦᠰ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠲᠥᠩᠯᠢᠶᠣᠣ ᠳᠠᠬᠢ ᠠᠵᠢᠯ ᠣᠯᠭᠤᠯᠲᠠ︾ ᠬᠡᠮᠡᠬᠦ ᠠᠵᠢᠯ | ᠡᠷᠢᠬᠦ ᠤᠷᠢᠵᠤ ᠡᠯᠰᠡᠬᠦ ᠨᠡᠷᠡᠲᠦ ᠱᠣᠰᠢᠭ᠎ᠠ ᠶᠢ ᠡᠭᠦᠳᠴᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ | ᠰᠢᠯᠢᠳᠡᠭᠵᠢᠭᠦᠯᠦᠨ᠎ᠡ᠃ ︽ᠦᠢᠯᠡᠰ ᠪᠣᠰᠬᠠᠯᠲᠠᠲᠤ ᠬᠤᠷᠴᠢᠨ︾ ᠬᠡᠮᠡᠬᠦ ᠦᠢᠯᠡᠰ ᠪᠣᠰᠬᠠᠬᠤ ᠶᠢ ᠵᠢᠯᠣᠭᠤᠳᠬᠤ | ᠦᠢᠯᠡᠴᠢᠯᠡᠭᠡᠨ ᠤ ᠨᠡᠷᠡᠲᠦ ᠱᠣᠰᠢᠭ᠎ᠠ ᠶᠢ ᠳᠡᠭᠡᠭᠰᠢᠯᠡᠭᠦᠯᠵᠦ᠂ ᠦᠢᠯᠡᠰ ᠪᠣᠰᠬᠠᠬᠤ ᠪᠠᠷ ᠠᠵᠢᠯ ᠣᠯᠭᠤᠬᠤ ᠶᠢ | ᠳᠠᠶᠢᠴᠢᠯᠠᠬᠤ ᠬᠡᠪᠴᠢᠶ᠎ᠡ ᠶᠢ ᠥᠷᠭᠡᠳᠬᠡᠨ᠎ᠡ᠃ ︽ᠲᠦᠩᠯᠢᠶᠣᠤ ᠶᠢᠨ ᠬᠥᠳᠡᠯᠮᠦᠷᠢ ᠦᠢᠯᠡᠴᠢᠯᠡᠭᠡ︾ ᠬᠡᠮᠡᠬᠦ | ᠣᠨᠴᠠᠯᠢᠭᠲᠤ ᠨᠠᠷᠠᠲᠤ ᠱᠣᠰᠢᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠵᠢᠭᠦᠯᠦᠨ ᠠᠵᠢᠯ ᠣᠯᠭᠤᠬᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ ︵ᠭᠤᠷᠪᠠ︶ ᠮᠠᠯ ᠲᠠᠷᠢᠶᠠᠯᠠᠩ ᠤᠨ | ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠵᠤ ᠰᠢᠯᠵᠢᠭᠦᠯᠦᠨ ᠠᠵᠢᠯ ᠣᠯᠭᠤᠬᠤ ᠶᠢ | ᠠᠬᠢᠭᠤᠯᠤᠨ᠎ᠠ 31. ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠤᠨ᠎ᠠ᠃ | ᠮᠢᠩᠭ᠎ᠠ ᠲᠦᠮᠡᠨ ᠮᠦ ᠤᠰᠤ ᠠᠷᠪᠢᠯᠠᠬᠤ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠤᠳᠤ ᠦᠶ᠎ᠡ ᠶᠢᠨ | ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠭᠠᠵᠠᠷ ᠰᠢᠷᠣᠢ ᠶᠢᠨ ᠡᠵᠡᠩᠨᠡᠯᠲᠡ ᠳᠤ ᠣᠷᠣᠯᠴᠠᠬᠤ ᠶᠢ | ᠵᠣᠷᠢᠭᠵᠢᠭᠤᠯᠵᠤ᠂ ᠲᠤᠰᠬᠠᠶᠢᠵᠢᠭᠰᠠᠨ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠲᠦ ᠠᠵᠤ ᠠᠬᠤᠶᠢᠯᠠᠯ | ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠲᠠᠷᠢᠶᠠᠯᠠᠩ ᠤᠨ ᠮᠡᠷᠭᠡᠵᠢᠯ ᠤᠨ ᠺᠣᠮᠫᠠᠨᠢ ᠪᠣᠯᠤᠨ ᠲᠤᠬᠠᠢ ᠶᠢᠨ | ᠭᠠᠵᠠᠷ ᠤᠨ ᠦᠢᠯᠡᠴᠢᠯᠡᠭᠡᠨ ᠤ ᠭᠤᠣᠯ ᠴᠣᠭᠴᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠳᠡᠮᠵᠢᠵᠦ᠂ | ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠤᠮᠳᠠᠬᠢ᠂ ᠦᠢᠯᠡᠳᠪᠦᠷᠢᠯᠡᠯ ᠤᠨ ᠳᠠᠷᠠᠭᠠᠬᠢ ᠪᠦᠬᠦ | ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠦᠬᠦ ᠬᠤᠲᠠ ᠶᠢᠨ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠡᠷᠦᠩᠬᠡᠢ ᠲᠠᠯᠠᠪᠠᠢ ᠶᠢ 1200 ᠲᠦᠮᠡᠨ ᠮᠦ ᠠᠴᠠ ᠳᠡᠭᠡᠭᠰᠢ | ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︶ 32. | ᠮᠠᠯ ᠤᠨ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠶ | ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠵᠤ᠂ | ᠲᠡᠵᠢᠭᠡᠯ ᠡᠪᠡᠰᠦ ᠪᠣᠷᠳᠤᠭ᠎ᠠ ᠲᠠᠷᠢᠵᠤ ᠬᠠᠳᠠᠭᠠᠯᠠᠬᠤ ᠪᠠ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ | ᠦᠢᠯᠡᠴᠢᠯᠡᠭᠡᠨ ᠢ ᠴᠢᠩᠭᠠᠳᠬᠠᠨ᠂ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ ᠪᠥᠬᠦ ᠬᠤᠲᠠ ᠶᠢᠨ ᠨᠣᠭᠤᠭᠠᠨ ᠳᠠᠷᠤᠰᠢ ᠳᠠᠷᠢᠬᠤ ᠲᠠᠯᠠᠪᠠᠶ ᠶᠢ 500 ᠲᠦᠮᠡᠨ ᠮᠥ ᠠᠴᠠ ᠳᠡᠭᠡᠭᠰᠢ | ᠬᠦᠷᠦᠭᠦᠯᠵᠦ᠂ ᠮᠠᠯ ᠤᠨ ᠡᠮᠴᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠤᠰᠢᠭᠤ ᠰᠢᠶᠠᠨ ᠬᠤᠲᠠ ᠲᠣᠭᠤᠷᠢᠭ ᠢ | 5 ᠪᠣᠯᠭᠠᠵᠤ᠂ ᠮᠠᠯ ᠵᠢᠭᠦᠷᠲᠡᠨ ᠤ ᠬᠢᠵᠢᠭ ᠢ ᠰᠡᠷᠭᠡᠶᠢᠯᠡᠬᠦ ᠶᠡᠷᠦᠩᠬᠡᠶ ᠬᠡᠮᠵᠢᠶ᠎ᠡ ᠶᠢ 570 ᠲᠦᠮᠡᠨ ᠲᠣᠯᠣᠭᠠᠶ | ᠬᠦᠷᠦᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ ᠲᠣᠪᠴᠢᠶ᠎ᠠ︔ ᠬᠠᠮᠵᠢᠯᠴᠠᠬᠤ | ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ 33. ᠮᠠᠯ ᠲᠠᠷᠢᠶᠠᠯᠠᠩ ᠤᠨ | ᠦᠢᠯᠡᠴᠢᠯᠡᠭᠡᠨ ᠤ ᠦᠢᠯᠡᠰ ᠤᠨ ᠠᠵᠤ ᠦᠶᠢᠯᠡᠰᠵᠢᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠬᠠᠩᠭᠠᠬᠤ᠂ ᠲᠠᠷᠢᠶᠠᠯᠠᠩ ᠤᠨ | ᠪᠦᠲᠦᠭᠡᠭᠳᠡᠬᠦᠨ ᠢ ᠪᠣᠷᠣᠯᠠᠭᠤᠯᠬᠤ᠂ ᠲᠡᠵᠢᠭᠡᠯ ᠡᠪᠡᠰᠦ ᠪᠣᠷᠳᠤᠭ᠎ᠠ ᠬᠠᠩᠭᠠᠬᠤ ᠵᠡᠷᠭᠡ ᠦᠢᠯᠡᠴᠢᠯᠡᠭᠡᠨ ᠤ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ᠂ ᠮᠠᠯ ᠲᠠᠷᠢᠶᠠᠯᠠᠩ ᠤᠨ ᠠᠵᠤ ᠠᠬᠤᠢ ᠬᠢᠭᠡᠳ ᠦᠢᠯᠡᠴᠢᠯᠡᠭᠡᠨ ᠤ | ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ | ᠲᠣᠭᠠᠵᠢᠭᠤᠯᠬᠤ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠶᠢ ᠲᠦᠷᠭᠡᠳᠬᠡᠨ᠂ ᠮᠠᠯ ᠲᠠᠷᠢᠶᠠᠯᠠᠩ ᠤᠨ ᠠᠵᠤ | ᠠᠬᠤᠶ ᠶᠢᠨ ᠮᠠᠰᠢᠨᠴᠢᠯᠠᠯᠲᠠ ᠶᠢᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠪᠦᠰᠡ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠥᠪ ᠢ | ᠰᠢᠨ᠎ᠡ ᠪᠠᠷ 10 ᠨᠡᠮᠡᠭᠳᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠮᠠᠯ ᠲᠠᠷᠢᠶᠠᠯᠠᠩ ᠤᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶ ︵ | ᠲᠦᠷᠪᠡ︶ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ | ᠲᠣᠭᠲᠠᠭᠤᠨ ᠠᠵᠢᠯ ᠣᠯᠭᠤᠯᠲᠠ ᠶᠢ ᠠᠬᠢᠭᠤᠯᠤᠨ᠎ᠠ 34. ᠡᠷᠦᠬᠡ ᠠᠮᠠ ᠶᠢᠨ ᠬᠠᠮᠢᠶᠠᠷᠤᠯᠲᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠥᠬᠡᠶ | ᠪᠣᠯᠭᠠᠵᠤ᠂ ᠡᠷᠦᠬᠡ ᠠᠮᠠ ᠰᠢᠯᠵᠢᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ | ᠬᠤᠲᠠ ᠪᠠᠯᠭᠠᠰᠤᠨ ᠳᠤ ᠵᠠᠯᠭᠠᠭ᠎ᠠ ᠪᠠᠷ 6 ᠰᠠᠷ᠎ᠠ ᠠᠴᠠ ᠳᠡᠭᠡᠭᠰᠢ ᠲᠣᠭᠲᠠᠪᠤᠷᠢᠲᠠᠶ ᠠᠵᠢᠯ ᠣᠯᠤᠭᠰᠠᠨ ᠭᠠᠳᠠᠨ᠎ᠠ ᠠᠴᠠ | ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠢ ᠨᠠᠶᠢᠳᠠᠪᠤᠷᠢᠵᠢᠭᠤᠯᠵᠤ᠂ ᠲᠠᠷᠢᠶᠠᠯᠠᠩ ᠠᠴᠠ ᠰᠢᠯᠵᠢᠭᠰᠡᠨ | ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠦᠷᠭᠦᠯᠵᠢᠯᠡᠨ ᠠᠬᠢᠭᠤᠯᠤᠨ᠎ᠠ᠃ ᠰᠠᠯᠠᠭ᠎ᠠ ᠮᠥᠴᠢᠷ ᠤᠨ | ᠬᠤᠭᠤᠷᠣᠨᠳᠣᠬᠢ ᠬᠥᠮᠦᠨ ᠠᠮᠠ ᠶᠢᠨ ᠴᠢᠮᠡᠭᠡ ᠵᠠᠩᠭᠢ ᠶᠢᠨ ᠡᠬᠢ ᠪᠠᠶᠠᠯᠢᠭ ᠢ ᠬᠠᠤᠯᠢ ᠶᠣᠰᠣᠭᠠᠷ ᠬᠠᠷᠢᠯᠴᠠᠨ | ᠬᠤᠯᠪᠣᠭᠠᠯᠠᠵᠤ ᠬᠠᠮᠲᠤᠪᠠᠷ ᠡᠳ᠋ᠯᠡᠬᠦ ᠶᠠᠪᠤᠳᠠᠯ ᠢ ᠲᠦᠷᠭᠡᠳᠬᠡᠨ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ 35. ᠳᠠᠭᠠᠵᠤ ᠨᠡᠭᠦᠭᠰᠡᠨ ᠦᠷ᠎ᠡ ᠬᠡᠤᠬᠡᠳ ᠤᠨ ᠡᠷᠬᠡ | ᠲᠡᠭᠰᠢ ᠪᠠᠷ ᠰᠤᠷᠭᠠᠨ ᠬᠥᠮᠦᠵᠢᠯ ᠬᠦᠷᠲᠡᠬᠦ ᠶᠢ ᠠᠬᠢᠭᠤᠯᠤᠨ᠎ᠠ᠃ ᠬᠤᠲᠠ ᠪᠠᠯᠭᠠᠰᠤ ᠶᠢᠨ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠨ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠠᠭᠤᠬᠤ ᠬᠠᠷᠢᠴᠠᠯ ᠢ ᠳᠡᠭᠡᠭᠰᠢᠯᠡᠭᠦᠯᠵᠦ᠂ | ᠭᠠᠳᠠᠨ᠎ᠠ ᠠᠴᠠ ᠢᠷᠡᠭᠰᠡᠨ ᠬᠥᠮᠦᠰ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠶᠢᠨ ᠳᠠᠭᠠᠵᠤ ᠨᠡᠭᠦᠭᠰᠡᠨ | ᠦᠷ᠎ᠡ ᠬᠡᠦᠬᠡᠳ ᠤᠨ ᠨᠡᠭᠦᠵᠦ ᠢᠷᠡᠭᠰᠡᠨ ᠭᠠᠵᠠᠷ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠬᠦᠷᠲᠡᠬᠦ ᠬᠡᠷᠡᠭᠴᠡᠭᠡ ᠶᠢ ᠬᠠᠩᠭᠠᠵᠤ᠂ ᠨᠥᠬᠦᠴᠡᠯ ᠳᠤ ᠨᠡᠶᠢᠴᠡᠭᠰᠡᠨ ᠳᠠᠭᠠᠵᠤ | ᠨᠡᠭᠦᠭᠰᠡᠨ ᠦᠷ᠎ᠡ ᠬᠡᠦᠬᠡᠳ ᠤᠨ ᠨᠡᠭᠦᠵᠦ ᠢᠷᠡᠭᠰᠡᠨ ᠭᠠᠵᠠᠷ ᠲᠤ ᠰᠤᠷᠭᠠᠭᠤᠯᠢ ᠳᠡᠪᠰᠢᠬᠦ ᠰᠢᠯᠭᠠᠯᠲᠠ ᠳᠤ ᠣᠷᠣᠯᠴᠠᠬᠤ | ᠠᠵᠢᠯ ᠢ ᠰᠠᠶᠢᠲᠤᠷ ᠬᠢᠬᠦ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ︶ 36. ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ | ᠪᠠᠶᠢᠩᠭᠤ ᠰᠠᠭᠤᠭ᠎ᠠ ᠭᠠᠵᠠᠷ ᠲᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ | ᠠᠳᠠᠯᠢ ᠲᠡᠭᠰᠢ ᠪᠣᠯᠭᠠᠬᠤ ᠶᠢ ᠠᠬᠢᠭᠤᠯᠤᠨ᠎ᠠ᠃ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ | ᠵᠢᠴᠢ ᠦᠷ᠎ᠡ ᠬᠡᠦᠬᠡᠳ ᠲᠤ ᠵᠢᠷᠮᠦᠰᠦᠯᠡᠵᠦ ᠬᠥᠩᠭᠡᠵᠢᠬᠦ ᠬᠤᠭᠤᠴᠠᠭᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ 0 | — 6 ᠨᠠᠰᠤᠨ ᠤ ᠬᠡᠦᠬᠡᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠦᠢᠯᠡᠴᠢᠯᠡᠭᠡ ᠬᠠᠩᠭᠠᠵᠤ᠂ ᠨᠡᠶᠢᠲᠡ | ᠴᠣᠭᠴᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠴᠢᠭᠯᠡᠭᠦᠯᠬᠦ ᠴᠢᠨᠠᠷᠲᠠᠶ | ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠢ ᠴᠢᠩᠭᠠᠳᠬᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ 37. ᠣᠷᠣᠨ ᠰᠠᠭᠤᠴᠠ ᠶᠢᠨ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨ᠎ᠡ ᠪᠠᠷ ᠠᠵᠢᠯ ᠣᠯᠤᠭᠰᠠᠨ ᠤᠶᠤᠲᠠᠳ᠂ ᠬᠤᠲᠠ ᠪᠠᠯᠭᠠᠰᠤᠨ ᠳᠤ | ᠲᠣᠭᠲᠠᠪᠤᠷᠢᠲᠠᠶ ᠠᠵᠢᠯ ᠣᠯᠤᠭᠰᠠᠳ ᠢ ᠣᠷᠣᠨ ᠰᠠᠭᠤᠴᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ | ᠪᠣᠳᠠᠲᠠᠢ ᠲᠣᠬᠢᠷᠠᠭᠤᠯᠤᠨ ᠲᠦᠷᠢᠶᠡᠰᠦᠯᠡᠭᠦᠯᠬᠦ᠂ ᠲᠦᠷᠢᠶᠡᠰᠦᠯᠡᠭᠦᠯᠬᠦ ᠳᠤ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ | ᠳᠠᠮᠵᠢᠭᠤᠯᠤᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠶ᠃ ᠠᠮᠢᠳᠤᠯᠢᠭ ᠢᠶᠠᠷ ᠠᠵᠢᠯ | ᠣᠯᠤᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠳᠤ ᠣᠷᠣᠯᠴᠠᠬᠤ ᠶᠢ | ᠳᠡᠮᠵᠢᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ ︵ᠲᠠᠪᠤ︶ ᠬᠦᠳᠡᠯᠮᠦᠷᠢᠴᠢᠳ ᠤᠨ ᠡᠷᠬᠡ ᠠᠰᠢᠭ ᠢ ᠬᠠᠮᠠᠭᠠᠯᠠᠵᠤ | ᠰᠠᠨᠠᠭ᠎ᠠ ᠠᠮᠤᠷ ᠠᠵᠢᠯ ᠤᠯᠬᠤ ᠶᠢ ᠠᠬᠢᠭᠤᠯᠤᠨ᠎ᠠ 38. ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠶᠢ | ᠦᠷᠭᠦᠯᠵᠢᠯᠡᠨ ᠠᠬᠢᠭᠤᠯᠤᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ︽ᠭᠠᠴᠠᠭ᠎ᠠ ᠲᠣᠰᠬᠤᠨ ᠢ ᠬᠠᠮᠤᠷᠬᠤ︾ | ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ | ᠣᠷᠣᠭᠤᠯᠬᠤ ᠠᠵᠢᠯᠯᠠᠭ᠎ᠠ ᠥᠷᠨᠢᠭᠦᠯᠦᠨ᠂ ᠦᠨᠳᠦᠰᠦᠨ ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠨ᠎ᠠ᠃ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ᠂ ᠠᠵᠢᠯ ᠠᠯᠳᠠᠭᠰᠠᠳ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠠ᠃ ︵ | ᠲᠦᠷᠦᠭᠦᠯᠡᠨ ᠬᠢᠬᠦ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | 39. ᠬᠥᠳᠡᠯᠮᠦᠷᠢᠴᠢᠳ ᠤᠨ ᠠᠵᠢᠯ ᠤᠯᠬᠤ ᠡᠷᠬᠡ ᠠᠰᠢᠭ ᠢ ᠬᠠᠮᠠᠭᠠᠯᠠᠨ᠎ᠠ᠃ ᠬᠥᠳᠡᠯᠮᠦᠷᠢ ᠶᠢᠨ ᠬᠠᠷᠢᠴᠠᠭ᠎ᠠ ᠶᠢ | ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ | ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠵᠦ᠂ ᠲᠠᠪᠴᠠᠩ ᠤᠨ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠶᠢ ᠵᠢᠷᠤᠮᠵᠢᠭᠤᠯᠤᠨ᠂ ︽ᠲᠥᠩ ᠰᠢᠨ ᠮᠠ︾ ᠬᠡᠮᠡᠬᠦ ᠬᠥᠳᠡᠯᠮᠦᠷᠢ ᠶᠢᠨ ᠡᠷᠬᠡ ᠠᠰᠢᠭ ᠢ | ᠬᠠᠮᠠᠭᠠᠯᠠᠬᠤ ᠬᠤᠶᠠᠷ ᠬᠡᠮᠵᠢᠯᠳᠦ ᠺᠣᠳ᠋ ᠢ ᠳᠡᠯᠭᠡᠷᠡᠭᠦᠯᠦᠨ ᠬᠡᠷᠡᠭᠯᠡᠵᠦ᠂ ᠡᠯ᠎ᠡ ᠲᠥᠷᠥᠯ ᠤᠨ ᠬᠥᠳᠡᠯᠮᠦᠷᠢ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠨ ᠬᠢᠬᠦ | ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ 40. ᠠᠵᠢᠯ ᠠᠯᠳᠠᠬᠤ ᠲᠦᠭᠰᠢᠭᠦᠷᠢ ᠶᠢ ᠰᠡᠷᠭᠡᠶᠢᠯᠡᠬᠦ ᠶᠢ | ᠴᠢᠩᠭᠠᠷᠠᠭᠤᠯᠤᠨ᠎ᠠ᠃ ᠠᠵᠢᠯ ᠣᠯᠭᠤᠬᠤ ᠪᠠ ᠠᠵᠢᠯ ᠠᠯᠳᠠᠬᠤ ᠶᠢ ᠬᠢᠨᠠᠨ ᠰᠢᠨᠵᠢᠵᠦ ᠰᠡᠷᠡᠮᠵᠢᠯᠡᠭᠦᠯᠬᠦ ᠰᠢᠰᠲ᠋ᠧᠮ ᠢ | ᠪᠦᠷᠢᠨᠰᠢᠭᠦᠯᠵᠦ᠂ ᠠᠵᠢᠯ ᠠᠯᠳᠠᠯᠲᠠ ᠶᠢᠨ ᠬᠥᠳᠡᠯᠦᠩᠭᠦᠶ ᠬᠢᠨᠠᠨ ᠰᠢᠨᠵᠢᠬᠦ ᠬᠡᠪᠴᠢᠶ᠎ᠡ ᠶᠢ ᠥᠷᠭᠡᠳᠬᠡᠨ᠂ ᠠᠵᠢᠯ | ᠠᠯᠳᠠᠯᠲᠠ ᠶᠢᠨ ᠲᠦᠭᠰᠢᠭᠦᠷᠢ ᠶᠡᠬᠡᠲᠡᠶ ᠠᠵᠢᠯ ᠲᠥᠷᠥᠯ᠂ ᠠᠵᠤ ᠠᠬᠤᠶᠢᠯᠠᠯ ᠢ ᠬᠢᠨᠠᠨ ᠰᠢᠨᠵᠢᠬᠦ ᠶᠢ ᠴᠢᠩᠭᠠᠳᠬᠠᠵᠤ᠂ | ᠲᠦᠭᠰᠢᠭᠦᠷᠢ ᠶᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ ᠳᠥᠷᠪᠡ᠂ | ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠨ᠎ᠠ᠃ ᠠᠵᠢᠯ ᠣᠯᠭᠤᠯᠲᠠ ᠶᠢᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠬᠢᠨ ᠲᠦᠷᠢᠮ ᠲᠣᠭᠲᠠᠴᠠ ᠪᠠᠨ ᠪᠦᠷᠢᠨᠰᠢᠬᠦᠯᠦᠨ᠂ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠶ | ᠲᠥᠯᠥᠪᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠡᠯ᠎ᠡ ᠰᠠᠯᠠᠭ᠎ᠠ | ᠮᠥᠴᠢᠷ ᠤᠳ ᠠᠵᠢᠯ ᠣᠯᠭᠤᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ | ᠠᠳᠠᠯᠢ ᠴᠢᠭᠯᠡᠯ ᠢᠶᠠᠷ ᠬᠦᠴᠦᠯᠡᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ︵ᠬᠤᠶᠠᠷ︶ | ᠪᠡᠯᠡ ᠮᠥᠩᠭᠦᠨ ᠤ ᠣᠷᠣᠭᠤᠯᠤᠯᠲᠠ ᠶᠢ ᠪᠠᠲᠤᠯᠠᠨ᠎ᠠ᠃ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ | ᠪᠣᠳᠣᠯᠭ᠎ᠠ ᠳᠤ ᠬᠡᠷᠡᠭᠰᠡᠬᠦ ᠪᠡᠯᠡ ᠮᠥᠩᠭᠦ ᠶᠢ ᠨᠢᠭᠡᠨᠲᠡ ᠢᠷᠡᠯᠲᠡ ᠶᠢᠨ ᠠᠷᠭ᠎ᠠ ᠵᠠᠮ ᠢᠶᠠᠨ ᠲᠣᠳᠣᠷᠬᠠᠶᠢᠯᠠᠭᠰᠠᠨ ᠪᠣᠯ | ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠰᠢᠨ᠎ᠡ ᠪᠠᠷ | ᠨᠡᠮᠡᠭᠳᠡᠭᠰᠡᠨ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠭᠦᠷᠭᠡᠯᠡᠬᠦ ᠠᠴᠠ ᠭᠠᠳᠠᠨᠠᠬᠢ | ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠪᠠᠲᠤᠯᠠᠨ᠎ᠠ᠃ ︵ᠭᠤᠷᠪᠠ︶ ᠤᠬᠠᠭᠤᠯᠵᠤ ᠬᠥᠲᠥᠯᠥᠨ | ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠠᠵᠢᠯ ᠤᠨ ᠳᠤᠮᠳᠠᠬᠢ | ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠢᠳᠡᠪᠬᠢᠲᠡᠶ ᠠᠭᠤᠳᠠᠯᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ | ᠬᠥᠮᠦᠵᠢᠭᠦᠯᠦᠨ ᠪᠣᠶ ᠪᠣᠯᠭᠠᠵᠤ᠂ ᠤᠬᠠᠭᠤᠯᠤᠨ ᠮᠡᠳᠡᠭᠡᠯᠡᠬᠦ ᠶᠢ ᠪᠥᠬᠦ ᠲᠠᠯ᠎ᠠ ᠪᠠᠷ ᠥᠷᠨᠢᠭᠦᠯᠵᠦ᠂ ᠨᠡᠶᠢᠭᠡᠮ ᠤᠨ ᠡᠯ᠎ᠡ | ᠡᠲᠡᠭᠡᠳ ᠢ ᠬᠥᠲᠥᠯᠦᠨ ᠵᠢᠯᠣᠭᠤᠳᠴᠤ ᠥᠷᠭᠡᠨ ᠢᠶᠠᠷ ᠣᠷᠣᠯᠴᠠᠭᠤᠯᠵᠤ᠂ ᠨᠦᠮᠵᠦᠭᠬᠡᠨ ᠠᠵᠢᠯ ᠣᠯᠭᠤᠯᠲᠠ ᠶᠢᠨ | ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ︵ᠲᠦᠷᠪᠡ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠂ ᠠᠵᠢᠯ ᠣᠯᠭᠤᠬᠤ ᠶᠢ ᠠᠬᠢᠭᠤᠯᠬᠤ ᠠᠵᠢᠯ ᠢ ᠬᠤᠰᠢᠭᠤ | ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨ ᠤ ᠬᠢᠨᠠᠨ ᠰᠢᠯᠭᠠᠬᠤ | ᠠᠭᠤᠯᠭ᠎ᠠ ᠳᠤ ᠣᠷᠣᠭᠤᠯᠵᠤ᠂ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ | ᠳ᠋ᠦᠩᠨᠡᠯᠲᠡ᠂ ᠣᠨ ᠤ ᠦᠨᠡᠯᠡᠨ ᠵᠢᠱᠢᠯᠲᠡ ᠶᠢ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠨᠢ ᠬᠦᠴᠦᠨ ᠦᠭᠡᠶ᠂ | ᠠᠵᠢᠯ ᠨᠢ ᠤᠳᠠᠭᠠᠨ ᠪᠠᠶᠢᠭᠰᠠᠳ ᠢ ᠴᠠᠭ ᠲᠤᠬᠠᠶ ᠳᠤᠨᠢ ᠰᠠᠨᠠᠭᠤᠯᠬᠤ ᠪᠠ ᠰᠢᠮᠳᠠᠭᠤᠯᠤᠨ ᠭᠦᠢᠴᠡᠳᠬᠡᠵᠦ᠂ | ᠠᠵᠢᠯ ᠤᠨ ᠢᠯᠡᠷᠡᠯ ᠨᠢ ᠲᠣᠪᠤᠶᠢᠮ᠎ᠠ ᠪᠠᠶᠢᠭ᠎ᠠ ᠶᠢ ᠨᠢ ᠬᠥᠬᠢᠭᠦᠯᠦᠨ ᠰᠠᠶᠢᠰᠢᠶᠠᠬᠤ ᠬᠡᠷᠡᠭᠲᠡᠶ᠃ | |