ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠨᠡᠶᠢᠭᠡᠮ ᠤᠨ ᠠᠩᠬᠠᠷᠴᠤ ᠪᠠᠶᠢᠭ᠎ᠠ ᠠᠷᠠᠳ ᠤᠨ | ᠠᠮᠢᠳᠤᠷᠠᠯ ᠤᠨ ᠬᠠᠯᠠᠮᠰᠢᠯ ᠠᠰᠠᠭᠤᠳᠠᠯ ᠪᠣᠯᠣᠨ ᠣᠯᠠᠨ ᠲᠦᠮᠡᠨ ᠤ ᠠᠩᠬᠠᠷᠴᠤ ᠪᠠᠶᠢᠭ᠎ᠠ ᠬᠦᠴᠢᠷ ᠠᠰᠠᠭᠤᠳᠠᠯ ᠤᠨ | ᠲᠣᠭᠤᠷᠢᠨ ᠳᠤ᠂ ᠬᠢᠨᠠᠨ ᠪᠤᠳᠤᠬᠤ ᠠᠷᠭ᠎ᠠ ᠶᠢᠨ ᠰᠢᠨ᠎ᠡ ᠶᠢ ᠡᠭᠦᠳᠬᠦ ᠶᠢ ᠢᠳᠡᠪᠬᠢᠲᠡᠢ ᠰᠦᠪᠡᠭᠴᠢᠯᠡᠵᠦ᠂ ᠲᠣᠮᠣ | ᠳ᠋ᠠᠶᠢᠲ᠋ᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠰᠡᠵᠢᠭ ᠲᠠᠢ ᠰᠦᠪᠡᠭᠴᠢ ᠶᠢ ᠣᠨᠣᠪᠴᠢᠲᠠᠢ ᠲᠣᠭᠲᠠᠭᠠᠵᠤ᠂ | ᠤᠯᠠᠮᠵᠢᠯᠠᠯᠲᠤ ᠥᠯᠢᠭᠡᠷ ᠠᠪᠴᠤ ᠬᠢᠨᠠᠨ ᠪᠤᠳᠤᠬᠤ ᠠᠴᠠ ᠲᠣᠮᠣ ᠳ᠋ᠠᠶᠢᠲ᠋ᠠ ᠶᠢᠨ ᠪᠥᠬᠦ ᠬᠡᠮᠵᠢᠶ᠎ᠡ ᠪᠠᠷ ᠬᠢᠨᠠᠨ ᠪᠤᠳᠤᠬᠤ | ᠳᠠᠰᠢ ᠬᠤᠪᠢᠷᠠᠭᠤᠯᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ | ᠪᠣᠭᠤᠮᠲᠠ ᠶᠢ ᠤᠷᠤᠭᠰᠢ ᠰᠢᠯᠵᠢᠭᠦᠯᠵᠦ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠲᠡᠷᠡ | ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠶᠢ ᠰᠢᠮᠳᠠᠭᠤᠯᠵᠤ᠂ ᠬᠢᠨᠠᠨ ᠪᠤᠳᠤᠵᠤ ᠬᠢᠨᠠᠯᠲᠠ | ᠲᠠᠯᠪᠢᠬᠤ ᠪᠠ ᠪᠤᠰᠤᠳ ᠬᠢᠨᠠᠯᠲᠠ ᠲᠠᠯᠪᠢᠬᠤ ᠥᠨᠳᠥᠷ ᠪᠦᠲᠦᠮᠵᠢᠲᠡᠶ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠵᠦ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠷᠠᠳ ᠤᠨ ᠠᠮᠢᠳᠤᠷᠠᠯ ᠤᠨ ᠪᠠᠯᠠ | ᠮᠥᠩᠭᠦ ᠶᠢᠨ ᠬᠠᠮᠢᠶᠠᠷᠤᠯᠲᠠ ᠶᠢ ᠪᠦᠲᠦᠮᠵᠢᠲᠡᠶ ᠵᠢᠷᠤᠮᠵᠢᠭᠤᠯᠵᠤ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ | ᠬᠡᠷᠡᠭᠵᠢᠭᠦᠯᠬᠦ ᠦᠷ᠎ᠡ ᠪᠦᠲᠦᠮᠵᠢ ᠶᠢ ᠲᠡᠭᠡᠭᠰᠢᠯᠡᠭᠦᠯᠦᠨ᠎ᠡ᠃ | |