| ᠤᠢᠢᠷ᠎ᠠ ᠶᠢᠨ ᠵᠢᠯ ᠠᠴᠠ᠂ ᠬᠤᠷᠴᠢᠨ ᠲᠣᠭᠤᠷᠢᠭ ᠤᠨ ᠬᠢᠨ ᠰᠤᠷᠪᠤᠯᠵᠢᠯᠠᠨ ᠪᠠᠶᠢᠴᠠᠭᠠᠨ ᠰᠤᠳᠤᠯᠬᠤ᠂ | ᠲᠦᠷᠦ ᠶᠢᠨ ᠪᠤᠳᠤᠯᠭ᠎ᠠ ᠪᠠᠷ ᠳᠠᠶᠢᠴᠢᠯᠠᠬᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ | ᠵᠡᠷᠭᠡ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠢᠭᠡ ᠠᠵᠤ ᠠᠬᠤᠶᠢᠯᠠᠯ | ᠨᠢᠭᠡ ᠠᠰᠠᠭᠤᠯᠲᠠ᠂ ᠨᠢᠭᠡ ᠠᠵᠤ ᠠᠬᠤᠶᠢᠯᠠᠯ ᠨᠢᠭᠡ ᠲᠦᠷᠦ ᠶᠢᠨ ᠪᠤᠳᠤᠯᠭ᠎ᠠ᠂ ᠨᠢᠭᠡ ᠠᠵᠤ ᠠᠬᠤᠶᠢᠯᠠᠯ ᠨᠢᠭᠡ | ᠲᠠᠩᠰᠠ ᠡᠪᠬᠡᠮᠡᠯ ᠤᠨ ︽ᠭᠤᠷᠪᠠᠨ ᠨᠢᠭᠡ︾ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠠᠵᠤ ᠠᠬᠤᠶᠢᠯᠠᠯᠲᠠᠨ ᠤ ︽ᠬᠡᠷᠡᠭᠴᠡᠭᠡ ᠶᠢ ᠠᠰᠠᠭᠤᠬᠤ︾ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ | ᠠᠵᠤ ᠠᠬᠤᠶᠢᠯᠠᠯ ᠤᠨ ᠤᠯᠤᠯᠴᠠᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠭᠤᠣᠯ ᠰᠡᠳᠦᠪᠲᠦ ᠦᠢᠯᠡᠴᠢᠯᠡᠭᠡᠨ ᠤ ᠡᠳᠦᠷ᠂ ᠠᠵᠤ ᠠᠬᠤᠶᠢᠯᠠᠯᠲᠠᠨ ᠤ ᠶᠠᠷᠢᠯᠴᠠᠬᠤ | ᠬᠤᠷᠠᠯ ᠵᠡᠷᠭᠡ ᠵᠠᠰᠠᠭ ᠠᠵᠤ ᠠᠬᠤᠶᠢᠯᠠᠯ ᠤᠨ ᠤᠯᠤᠯᠴᠠᠭ᠎ᠠ ᠶᠢᠨ ᠠᠴᠢᠶᠠᠯᠠᠪᠤᠷᠢ ᠶᠢ ᠦᠷᠭᠦᠯᠵᠢᠯᠡᠨ ᠰᠠᠶᠢᠲᠤᠷ | ᠬᠡᠷᠡᠭᠯᠡᠪᠡ᠃ ᠡᠭᠦᠨ ᠤ ᠬᠠᠮᠲᠤ᠂ ᠠᠵᠤ ᠠᠬᠤᠶᠢᠯᠠᠯ ᠤᠨ ︽ᠵᠠᠬᠢᠶᠠᠯᠠᠭ᠎ᠠ ᠶᠢᠨ ᠬᠠᠭᠤᠳᠠᠰᠤ︾᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ︽ᠬᠠᠭᠤᠳᠠᠰᠤ ᠲᠣᠮᠢᠯᠠᠬᠤ︾᠂ ᠬᠠᠷᠢᠶ᠎ᠠ ᠭᠠᠵᠠᠷ ᠤᠨ | ︽ᠬᠠᠭᠤᠳᠠᠰᠤ ᠭᠥᠯᠢᠶᠡᠨ ᠠᠪᠬᠤ︾ ᠰᠢᠨ᠎ᠡ ᠠᠷᠭ᠎ᠠ ᠵᠠᠮ ᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠪᠦᠷᠢᠳᠬᠡᠬᠦ᠂ ᠴᠤᠭᠯᠠᠭᠤᠯᠤᠨ ᠬᠦᠷᠭᠡᠬᠦ ᠠᠵᠢᠯ ᠢ | ᠪᠠᠶᠢᠩᠭᠤᠵᠢᠭᠤᠯᠤᠨ ᠥᠷᠨᠢᠭᠦᠯᠵᠦ᠂ ᠵᠠᠬᠢᠶᠠᠯᠠᠭ᠎ᠠ ᠶᠢᠨ ᠮᠠᠶ᠋ᠢᠭ ᠤᠨ ᠪᠣᠯᠪᠠᠰᠤᠷᠠᠭᠤᠯᠤᠯ᠂ ᠬᠠᠨᠳᠤᠯᠭᠠᠲᠤ ᠮᠠᠶ᠋ᠢᠭ ᠢᠶᠠᠷ | ᠪᠤᠶᠢᠵᠢᠭᠤᠯᠬᠤ ᠶᠢ ᠥᠷᠨᠢᠭᠦᠯᠵᠦ᠂ ᠠᠵᠤ ᠠᠬᠤᠶᠢᠯᠠᠯ ᠤᠨ ᠲᠣᠰ ᠭᠠᠵᠠᠷ ᠤᠨ ᠠᠵᠢᠯᠴᠢᠨ ᠬᠡᠷᠡᠭᠯᠡᠬᠦ ᠬᠠᠷᠢᠴᠠᠯ ᠢ | ᠲᠠᠰᠤᠷᠠᠯᠲᠠ ᠥᠬᠡᠶ ᠲᠡᠭᠡᠭᠰᠢᠯᠡᠭᠦᠯᠦᠨ᠎ᠡ᠃ | |