ᠬᠤᠷᠴᠢᠨ ᠲᠣᠭᠤᠷᠢᠭ᠄ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠪᠥᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠬᠦ ᠶᠢ ᠬᠦᠴᠦᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2025/4/10
    ᠨᠢᠳᠤᠨᠤᠨ ᠠᠴᠠ ᠨᠠᠰᠢ᠂ ᠬᠤᠷᠴᠢᠨ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠬᠦ ᠶᠢ ᠠᠬᠢᠭᠤᠯᠵᠤ᠂ ᠭᠠᠵᠠᠷ ᠬᠡᠷᠡᠭᠯᠡᠬᠦ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 10 ᠠᠵᠢᠯᠯᠠᠬᠤ ᠡᠳᠦᠷ ᠪᠠᠶᠢᠭᠰᠠᠨ ᠠᠴᠠ 5 ᠠᠵᠢᠯᠯᠠᠬᠤ ᠡᠳᠦᠷ ᠪᠣᠯᠭᠠᠨ ᠪᠠᠭᠠᠰᠬᠠᠪᠠ᠃ 2024 ᠣᠨ ᠳᠤ᠂ ᠬᠤᠷᠴᠢᠨ ᠲᠣᠭᠤᠷᠢᠭ ᠤᠨ ᠬᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠨᠡᠶᠢᠳᠡ 64᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ 24 ᠬᠢᠨᠠᠨ ᠣᠯᠭᠤᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠥᠨᠳᠥᠷ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠬᠠᠨᠤᠮᠵᠢ ᠶᠢᠨ ᠨᠤᠷᠮ᠎ᠠ 100% ᠳᠤ ᠬᠦᠷᠴᠡᠢ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号