ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 9 ᠤ ᠴᠠᠭᠢᠯᠭᠠᠨ ᠮᠡᠳᠡᠭᠡ | ■ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ ᠬᠥᠷᠰᠢ | ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ | ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ | ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ | ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ | ᠬᠡᠷᠡᠭᠲᠡᠢ᠃ | ■ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ ᠦᠨᠡᠨᠴᠢ | ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ ᠵᠡᠷᠭᠡᠯᠡᠳᠡᠭᠡ ᠶᠢᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ ᠤᠯᠤᠰ ᠤᠨ | ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ | ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠪᠠᠨ ᠴᠢᠩᠭᠠᠳᠬᠠᠵᠤ | ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ | ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ | ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ᠃ | ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ | ᠬᠡᠷᠡᠭᠯᠡᠬᠦ ᠬᠡᠷᠡᠭᠲᠡᠢ᠃ | ■ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ ᠣᠶᠢᠷ᠎ᠠ | ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ ᠬᠥᠷᠰᠢ | ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ ᠴᠢᠬᠤᠯᠠ | ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠤᠯᠤᠰ ᠤᠨ | ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ | ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ | ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ | ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ | ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ | ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ | ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ | ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ | ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ | ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ᠃ | ■ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠥᠷᠰᠢ | ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠭᠠᠵᠠᠷ | ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ ᠵᠥᠷᠢᠴᠡᠯ | ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ | ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ | ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ | ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ | ᠬᠡᠷᠡᠭᠲᠡᠢ᠃ | ■ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠲᠡᠭᠦᠯᠳᠡᠷᠵᠢᠭᠦᠯᠬᠦ | ᠬᠡᠷᠡᠭᠲᠡᠢ᠃ ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ | ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ | ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ | ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ | ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ | ᠬᠤᠷᠠᠯ ᠳᠤ ᠣᠷᠣᠯᠴᠠᠪᠠ᠃ | | | | 4 ᠰᠠᠷ᠎ᠠ ᠶᠢᠨ 8 ᠠᠴᠠ 9 ᠤ ᠡᠳᠦᠷ ᠪᠤᠯᠲᠠᠯ᠎ᠠ᠂ ᠲᠥᠪ ᠤᠨ ᠬᠥᠷᠰᠢ ᠵᠡᠷᠭᠡᠯᠡᠳᠡᠭᠡ ᠶᠢᠨ ᠠᠵᠢᠯ ᠤᠨ ᠬᠤᠷᠠᠯ | ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠬᠥᠷᠰᠢ | ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ | ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ ᠬᠥᠷᠰᠢ | ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ | ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠬᠥᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ | ᠴᠢᠬᠤᠯᠠᠴᠢᠯᠠᠪᠠ᠃ ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠬᠥᠷᠰᠢ ᠵᠡᠷᠭᠡᠯᠡᠳᠡᠭᠡ ᠶᠢᠨ ᠠᠵᠢᠯ ᠤᠨ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠦ | ᠴᠢᠬᠤᠯᠠᠴᠢᠯᠠᠵᠠᠢ᠃ | ᠬᠤᠷᠠᠯ ᠠᠴᠠ᠂ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠬᠢᠯᠢ ᠶᠢᠨ ᠱᠤᠭᠤᠮ ᠤᠷᠳᠤ᠂ | ᠬᠥᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠴᠢᠬᠤᠯᠠ ᠰᠠᠭᠤᠷᠢ᠂ ᠤᠯᠤᠰ ᠤᠨ ᠠᠮᠤᠷ ᠲᠦᠪᠰᠢᠨ ᠢ | ᠬᠠᠮᠠᠭᠠᠯᠠᠬᠤ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠭᠦ ᠲᠠᠯ᠎ᠠ ᠶᠢ ᠲᠥᠯᠥᠪᠵᠢᠭᠦᠯᠬᠦ ᠲᠡᠷᠢᠭᠦᠨ ᠴᠢᠬᠤᠯᠠ | ᠵᠦᠢᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ | ᠵᠠᠩᠭᠢᠯᠠᠭ᠎ᠠ ᠪᠣᠯᠣᠨ᠎ᠠ᠃ ᠪᠦᠭᠦ ᠪᠥᠮᠪᠥᠷᠴᠡᠭ ᠤᠨ ᠬᠠᠷᠠᠭᠠᠰᠤ ᠠᠴᠠ ᠬᠥᠷᠰᠢ ᠵᠡᠷᠭᠡᠯᠡᠳᠡᠭᠡ ᠪᠠᠨ ᠰᠢᠨᠵᠢᠵᠦ ᠠᠵᠢᠭᠯᠠᠨ᠂ | ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ | ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠬᠥᠷᠰᠢ ᠵᠡᠷᠭᠡᠯᠡᠳᠡᠭᠡ ᠶᠢᠨ ᠣᠶᠢᠯᠠᠭᠠᠭᠳᠠᠬᠤᠨ ᠢ ᠳᠤᠷᠠᠳᠴᠤ᠂ ᠬᠥᠷᠰᠢ | ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠰᠠᠨᠠᠭᠠᠴᠢᠯᠠᠵᠤ᠂ | ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭ᠎ᠠ ᠪᠠᠷ ᠵᠢᠯᠣᠭᠤᠳᠤᠮᠵᠢ ᠪᠤᠯᠭᠠᠵᠤ᠂ ᠬᠥᠷᠰᠢ ᠵᠡᠷᠭᠡᠯᠡᠳᠡᠭᠡ | ᠤᠯᠤᠰ ᠤᠳ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠯ᠎ᠡ ᠬᠦᠷᠢᠶᠡᠨ ᠤ | ᠰᠣᠯᠢᠯᠴᠠᠭ᠎ᠠ ᠪᠠᠨ ᠴᠢᠩᠭᠠᠳᠬᠠᠵᠤ᠂ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠵᠤ᠂ ᠪᠣᠳᠠᠲᠠᠢ ᠶᠢ | ᠡᠷᠬᠢᠮᠯᠡᠭᠰᠡᠨ ᠥᠨᠳᠥᠷ ᠪᠦᠲᠦᠮᠵᠢᠲᠡᠶ ᠬᠥᠷᠰᠢ ᠵᠡᠷᠭᠡᠯᠡᠳᠡᠭᠡ ᠶᠢᠨ ᠠᠵᠢᠯ ᠤᠨ ᠪᠣᠷᠣ ᠲᠥᠯᠥᠪ ᠢ ᠪᠦᠷᠢᠯᠳᠦᠭᠦᠯᠵᠦ᠂ | ᠬᠥᠷᠰᠢ ᠵᠡᠷᠭᠡᠯᠡᠳᠡᠭᠡ ᠶᠢᠨ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ | ᠬᠤᠪᠢᠰᠤᠯᠲᠠ ᠭᠠᠷᠬᠤ ᠶᠢ ᠠᠬᠢᠭᠤᠯᠪᠠ᠃ ᠦᠢᠯᠡᠳᠦᠯᠭᠡ ᠳᠤᠮᠳᠠ ᠰᠦᠪᠡᠭᠴᠢᠯᠡᠨ ᠪᠤᠢ ᠪᠤᠯᠭᠠᠬᠰᠠᠨ ᠲᠤᠷᠰᠢᠯᠭ᠎ᠠ ᠶᠢ | ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠦᠵᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠣᠨ ᠬᠥᠷᠰᠢ ᠵᠡᠷᠭᠡᠯᠡᠳᠡᠭᠡ ᠤᠯᠤᠰ ᠤᠳ ᠤᠨ ᠬᠠᠷᠢᠯᠴᠠᠭ᠎ᠠ | ᠣᠶᠢᠷ᠎ᠠ ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠤᠢ᠂ ᠡᠭᠦᠨ ᠤ ᠵᠡᠷᠭᠡ ᠪᠠᠷ | ᠬᠥᠷᠰᠢ ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠭᠦᠨᠵᠡᠭᠡᠢ ᠬᠤᠯᠪᠤᠭᠠᠯᠠᠨ ᠬᠥᠳᠡᠯᠦᠯᠴᠡᠬᠦ | ᠴᠢᠬᠤᠯᠠ ᠱᠠᠲᠤᠨ ᠳᠤ ᠣᠷᠣᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ | ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ᠂ | ᠬᠥᠭᠵᠢᠯᠲᠡ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠲᠤᠭ ᠢ ᠥᠨᠳᠥᠷ ᠮᠠᠨᠳᠤᠭᠤᠯᠵᠤ᠂ ᠡᠩᠬᠡ | ᠲᠠᠶᠢᠪᠤᠩ᠂ ᠠᠮᠤᠷ ᠠᠮᠤᠭᠤᠯᠠᠩ᠂ ᠴᠡᠴᠡᠭᠯᠡᠨ ᠬᠥᠭᠵᠢᠭᠰᠡᠨ᠂ ᠦᠵᠡᠰᠬᠦᠯᠡᠩᠲᠦ ᠰᠠᠶᠢᠬᠠᠨ᠂ ᠨᠥᠭᠦᠷᠰᠡᠭ ︽ᠲᠠᠪᠤᠨ | ᠶᠡᠭᠡ ᠭᠡᠷ ᠣᠷᠣᠨ︾ ᠢ ᠪᠦᠲᠦᠭᠡᠨ ᠪᠠᠶᠢᠭᠤᠯᠬᠤ ᠪᠠᠷ ᠬᠠᠮᠲᠤ ᠶᠢᠨ ᠬᠦᠰᠡᠯ ᠡᠷᠡᠮᠡᠯᠵᠡᠯ ᠪᠤᠯᠭᠠᠵᠤ᠂ ᠡᠶᠡᠯᠳᠡᠭ ᠬᠥᠷᠰᠢ | ᠂ ᠠᠮᠤᠷ ᠲᠣᠭᠲᠠᠭᠤᠨ ᠬᠥᠷᠰᠢ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ | ᠪᠠᠭᠲᠠᠭᠠᠮᠵᠢᠲᠠᠢ᠂ ᠬᠤᠪᠢ ᠵᠠᠶᠠᠭ᠎ᠠ ᠪᠠᠨ ᠬᠠᠮᠲᠤᠳᠬᠠᠬᠤ ᠣᠶᠢᠯᠠᠭᠠᠭᠳᠠᠬᠤᠨ ᠢᠶᠠᠷ ᠴᠢᠭᠯᠡᠯᠲᠡ ᠪᠤᠯᠭᠠᠵᠤ᠂ ᠡᠩᠬᠡ | ᠲᠠᠶᠢᠪᠤᠩ᠂ ᠬᠠᠮᠲᠤᠷᠠᠯᠴᠠᠭ᠎ᠠ ᠬᠢᠬᠦ᠂ ᠨᠡᠭᠡᠭᠡᠯᠲᠡ ᠬᠢᠬᠦ᠂ ᠪᠠᠭᠲᠠᠭᠠᠮᠵᠢᠲᠠᠢ ᠠᠽᠢᠶ᠎ᠠ ᠲᠢᠪ ᠤᠨ ᠥᠷᠲᠡᠭ ᠤᠨ | ᠦᠵᠡᠯᠲᠡ ᠪᠠᠷ ᠦᠨᠳᠦᠰᠦᠨ ᠵᠢᠷᠤᠮᠯᠠᠯ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠪᠠᠷ ᠭᠤᠣᠯ ᠲᠠᠪᠴᠠᠩ ᠪᠤᠯᠭᠠᠵᠤ᠂ ᠠᠮᠤᠷ ᠲᠦᠪᠰᠢᠨ ᠢ ᠬᠠᠮᠲᠤ ᠪᠠᠷ ᠡᠳ᠋ᠯᠡᠵᠦ ᠠᠶᠤᠯ | ᠲᠦᠭᠰᠢᠭᠦᠷᠢ ᠶᠢ ᠬᠠᠮᠲᠤ ᠪᠠᠷ ᠲᠤᠭᠤᠯᠬᠤ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠲᠠᠢ ᠲᠠᠯ᠎ᠠ ᠪᠠᠨ ᠦᠯᠡᠳᠡᠭᠡᠬᠦ᠂ | ᠶᠠᠷᠢᠯᠴᠠᠭ᠎ᠠ ᠵᠥᠪᠳᠡᠯᠴᠡᠭᠡ ᠬᠢᠬᠦ ᠠᠽᠢᠶ᠎ᠠ ᠲᠢᠪ ᠤᠨ ᠠᠮᠤᠷ ᠲᠦᠪᠰᠢᠨ ᠤ ᠵᠠᠭᠪᠤᠷ ᠢᠶᠠᠷ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠪᠤᠯᠭᠠᠵᠤ᠂ ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠭᠠᠷ ᠬᠤᠯᠪᠣᠯᠴᠠᠨ ᠰᠠᠶᠢᠨ ᠰᠠᠶᠢᠬᠠᠨ | ᠢᠷᠡᠭᠡᠳᠦᠢ ᠶᠢ ᠬᠠᠮᠲᠤ ᠪᠠᠷ ᠴᠣᠭᠴᠠᠯᠠᠶ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ | ᠬᠥᠷᠰᠢ ᠵᠡᠷᠭᠡᠯᠡᠳᠡᠭᠡ ᠤᠯᠤᠰ ᠤᠳ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ | ᠭᠠᠵᠠᠷ ᠣᠷᠣᠨ ᠤ ᠤᠯᠤᠰ ᠤᠳ ᠤᠨ ᠲᠣᠰ ᠪᠡᠶ᠎ᠡ ᠶᠢᠨ ᠬᠥᠭᠵᠢᠯᠲᠡ ᠶᠢᠨ ᠵᠠᠮ ᠢᠶᠠᠷ ᠢᠶᠠᠨ ᠵᠠᠮᠨᠠᠬᠤ ᠶᠢ ᠳᠡᠮᠵᠢᠵᠦ᠂ | ᠵᠥᠷᠢᠴᠡᠯ ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠬᠦ ᠭᠡᠷᠡᠭᠲᠡᠶ︔ ᠭᠦᠭᠵᠢᠯᠲᠡ ᠶᠢᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠬᠤᠯᠪᠣᠯᠳᠤᠨ ᠨᠡᠪᠲᠡᠷᠡᠯᠴᠡᠬᠦ ᠲᠣᠣᠷ ᠢ ᠪᠠᠶᠢᠭᠤᠯᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠭᠡᠷᠡᠭᠳᠠᠢ︔ ᠭᠠᠵᠠᠷ | ᠣᠷᠣᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠵᠤ᠂ ᠠᠮᠤᠷ ᠲᠦᠪᠰᠢᠨ ᠪᠠ ᠬᠠᠤᠯᠢ ᠬᠡᠷᠡᠭᠵᠢᠭᠦᠯᠬᠦ | ᠬᠠᠮᠲᠤᠷᠠᠯᠴᠠᠭ᠎ᠠ ᠶᠢ ᠥᠷᠨᠢᠭᠦᠯᠦᠨ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ | ᠭᠡᠷᠡᠭᠳᠠᠢ︔ ᠶᠠᠪᠤᠯᠴᠠᠭ᠎ᠠ ᠰᠣᠯᠢᠯᠴᠠᠭ᠎ᠠ ᠪᠠᠨ ᠥᠷᠭᠡᠳᠬᠡᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠭᠦ | ᠬᠡᠷᠡᠭᠲᠡᠢ ᠭᠡᠵᠦ ᠴᠢᠩᠭᠠᠳᠬᠠᠪᠠ᠃ | ᠬᠤᠷᠠᠯ ᠠᠴᠠ᠂ ᠬᠥᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠳᠤ᠂ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠲᠠᠯ᠎ᠠ ᠶᠢᠨ ᠵᠣᠬᠢᠴᠠᠭᠤᠯᠭ᠎ᠠ | ᠬᠠᠮᠵᠢᠯᠴᠠᠭ᠎ᠠ ᠶᠢ ᠴᠢᠩᠭᠠᠳᠬᠠᠬᠤ ᠬᠡᠷᠡᠭᠲᠡᠢ᠃ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠭᠠᠳᠠᠭᠠᠳᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠴᠢᠳᠠᠪᠤᠷᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠥᠷᠰᠢ | ᠵᠡᠷᠭᠡᠯᠡᠳᠡᠭᠡ ᠶᠢᠨ ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠨᠠᠮ ᠪᠠ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | | |