ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠰᠠᠨᠠᠯ | ︵2025 ᠣᠨ ᠤ 3 ᠰᠠᠷ᠎ᠠ ᠶᠢᠨ 21 ᠤ ᠡᠳᠦᠷ︶ | ᠨᠡᠶᠢᠭᠡᠮ ᠤᠨ ᠢᠲᠡᠭᠡᠮᠵᠢ ᠶᠢᠨ ᠳᠦᠷᠢᠮ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠪᠤᠯᠬᠤ | ᠳᠦᠷᠢᠮ ᠮᠥᠨ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠶᠢᠨ ᠲᠥᠯᠥᠭᠡ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ | ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠬᠥᠳᠡᠯᠭᠡᠭᠦᠷ | ᠪᠤᠯᠭᠠᠬᠤ᠂ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠪᠠᠶᠢᠭᠤᠯᠬᠤ ᠶᠢ ᠪᠠᠷᠢᠮᠲᠠᠯᠠᠨ᠂ ᠦᠨᠡᠨᠴᠢ ᠢᠲᠡᠭᠡᠮᠵᠢ ᠶᠢᠨ | ᠰᠣᠶᠣᠯ ᠢ ᠪᠠᠳᠠᠷᠠᠭᠤᠯᠬᠤ ᠶᠢ ᠪᠠᠷᠢᠮᠲᠠᠯᠠᠨ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠵᠠᠬ᠎ᠠ | ᠳᠡᠯᠭᠡᠭᠦᠷ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠨ᠂ | ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ ᠶᠢ ᠵᠦᠢ ᠵᠣᠬᠢᠰᠲᠠᠢ ᠬᠠᠤᠯᠢ ᠶᠣᠰᠣᠨ ᠳᠤ ᠨᠡᠶᠢᠴᠡᠭᠦᠯᠬᠦ ᠶᠢ | ᠪᠠᠷᠢᠮᠲᠠᠯᠠᠨ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ᠂ ᠳᠦᠷᠢᠮ ᠵᠠᠷᠴᠢᠮ ᠨᠢᠭᠡᠳᠦᠯᠲᠡᠢ᠂ | ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤ ᠪᠠᠷ ᠬᠡᠷᠡᠭᠯᠡᠬᠦ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ | ᠲᠠᠯ᠎ᠠ ᠡᠯ᠎ᠡ ᠭᠤᠭᠴᠤᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠦᠭᠦ ᠤᠯᠤᠰ ᠤᠨ ᠨᠢᠭᠡᠳᠦᠯᠲᠡᠢ ᠲᠣᠮᠣ | ᠵᠠᠬ᠎ᠠ ᠳᠡᠯᠭᠡᠭᠦᠷ ᠢ ᠲᠦᠷᠭᠡᠨ ᠪᠠᠶᠢᠭᠤᠯᠬᠤ᠂ ᠲᠥᠪ ᠭᠤᠣᠯᠴᠢ ᠡᠮᠬᠢ ᠵᠢᠷᠤᠮ ᠲᠠᠢ ᠥᠷᠢᠰᠦᠯᠳᠦᠭᠡᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ᠂ ᠡᠯ᠎ᠡ ᠲᠥᠷᠥᠯ ᠤᠨ ᠭᠤᠣᠯ ᠴᠣᠭᠴᠠ ᠶᠢ ᠬᠠᠮᠤᠷᠤᠭᠰᠠᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ | ᠪᠠᠶᠢᠭᠤᠯᠤᠨ᠎ᠠ | ︵ᠨᠢᠭᠡ︶ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠵᠠᠰᠠᠭ ᠤᠨ | ᠣᠷᠳᠣᠨ ᠤ ᠦᠨᠡᠨᠴᠢ ᠢᠲᠡᠭᠡᠮᠵᠢ ᠲᠠᠢ ᠪᠠᠷ ᠠᠮᠠᠯᠳᠠᠭᠰᠠᠨ ᠢᠶᠠᠨ ᠭᠦᠢᠴᠡᠳᠬᠡᠬᠦ ᠲᠣᠭᠲᠠᠴᠠ ᠶᠢ ᠪᠦᠷᠢᠨᠰᠢᠭᠦᠯᠵᠦ᠂ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠦᠨᠡᠯᠡᠬᠦ ᠶᠢ ᠥᠷᠨᠢᠭᠦᠯᠦᠨ᠂ ᠵᠠᠰᠠᠭ ᠤᠨ ᠣᠷᠳᠣᠨ ᠤ ᠢᠲᠡᠭᠡᠮᠵᠢ | ᠠᠯᠳᠠᠭᠰᠠᠨ ᠦᠶ᠋ᠯᠡ ᠠᠵᠢᠯᠯᠠᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ ᠪᠠ ᠢᠲᠡᠭᠡᠮᠵᠢ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ ︵ᠬᠠᠷᠢᠶ᠎ᠠ | ᠨᠢᠭᠡᠴᠢ ᠪᠠᠭᠲᠠᠨ᠎ᠠ︶ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ᠂ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠵᠠᠰᠠᠭ ᠤᠨ ᠣᠷᠳᠣᠨ ᠬᠢᠭᠡᠳ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠢᠶᠠᠷ ᠲᠡᠳᠬᠦᠨ ᠳᠡᠮᠵᠢᠬᠦ᠂ ᠪᠡᠯᠡ ᠣᠷᠣᠭᠤᠯᠵᠤ | ᠪᠡᠯᠡ ᠬᠤᠷᠠᠮᠳᠤᠭᠤᠯᠬᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠵᠡᠷᠭᠡ ᠬᠦᠷᠢᠶ᠎ᠡ | ᠴᠠᠷᠠᠭ᠎ᠠ ᠳᠤ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠲᠣᠭᠲᠠᠭᠠᠯ ᠶᠣᠰᠣᠭᠠᠷ ᠲᠡᠭᠦᠨ ᠢ | ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠲᠡᠭᠦᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠴᠢᠨᠠᠷᠲᠠᠢ ᠪᠡᠯᠡ | ᠮᠥᠩᠭᠦ ᠪᠠ ᠲᠥᠷᠥᠯ ᠵᠦᠢᠯ ᠭᠤᠶᠤᠴᠢᠯᠠᠬᠤ᠂ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ᠂ ᠲᠡᠷᠢᠭᠦᠨ ᠤ ᠪᠠ | ᠰᠢᠯᠢᠳᠡᠭ ᠢ ᠰᠢᠯᠭᠠᠷᠠᠭᠤᠯᠬᠤ ᠳᠤ ᠣᠷᠤᠯᠴᠠᠬᠤ ᠶᠢ ᠬᠢᠵᠠᠭᠠᠷᠯᠠᠨ᠎ᠠ᠃ ᠠᠵᠢᠯ ᠦᠢᠯᠡᠰ ᠤᠨ ᠨᠢᠭᠡᠴᠢ ᠶᠢᠨ ᠬᠡᠪ ᠤᠨ | ᠪᠤᠰᠤ ᠪᠠᠶᠢᠳᠠᠯ ᠤᠨ ᠨᠡᠷᠡᠰ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠠᠵᠢᠯ ᠦᠢᠯᠡᠰ ᠤᠨ ᠨᠢᠭᠡᠴᠢ ᠶᠢᠨ | ᠦᠨᠡᠨᠴᠢ ᠢᠲᠡᠭᠡᠮᠵᠢ ᠲᠠᠢ ᠪᠠᠷ ᠥᠪᠡᠷ ᠢ ᠪᠠᠨ ᠱᠠᠭᠠᠷᠳᠠᠬᠤ ᠲᠦᠪᠰᠢᠨ ᠢ ᠳᠡᠭᠡᠭᠰᠢᠯᠡᠭᠦᠯᠦᠨ᠎ᠡ᠃ ᠠᠯᠪᠠᠨ | ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠨ᠎ᠠ᠃ | ︵ᠬᠤᠶᠠᠷ︶ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠵᠡᠩᠨᠡᠯᠲᠡ ᠶᠢᠨ | ᠭᠤᠣᠯ ᠴᠣᠭᠴᠠ ᠶᠢᠨ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠳᠦᠷᠢᠮ ᠢᠶᠠᠨ ᠲᠡᠭᠦᠯᠳᠡᠷᠵᠢᠭᠦᠯᠬᠦ᠂ | ᠢᠲᠡᠭᠡᠮᠵᠢ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠳᠠᠮᠵᠢᠵᠤ᠂ ᠡᠵᠡᠩᠨᠡᠯᠲᠡ ᠶᠢᠨ ᠭᠤᠣᠯ ᠴᠣᠭᠴᠠ ᠶᠢᠨ | ᠦᠨᠡᠨᠴᠢ ᠢᠲᠡᠭᠡᠮᠵᠢ ᠲᠠᠢ ᠪᠠᠷ ᠡᠵᠡᠩᠨᠡᠬᠦ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ | ᠬᠥᠲᠥᠯᠥᠨ ᠵᠢᠯᠣᠭᠤᠳᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠶᠡᠷᠦᠩᠬᠡᠶᠢᠯᠡᠨ ᠦᠨᠡᠯᠡᠬᠦ ᠪᠠᠷ ᠰᠠᠭᠤᠷᠢ | ᠪᠤᠯᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠶᠡᠷᠦᠩᠬᠡᠶᠢᠯᠡᠨ ᠦᠨᠡᠯᠡᠬᠦ ᠰᠢᠰᠲ᠋ᠧᠮ ᠢ ᠪᠠᠶᠢᠭᠤᠯᠤᠨ᠎ᠠ᠃ | ᠨᠢᠭᠤᠴᠠ ᠪᠠ ᠠᠮᠠᠷᠬᠠᠨ ᠶᠠᠷᠢᠶ᠎ᠠ ᠬᠡᠯᠡᠯᠴᠡᠭᠡᠨ ᠤ ᠠᠰᠠᠭᠤᠳᠠᠯ ᠢ ᠡᠭᠦᠰᠬᠡᠵᠦ ᠮᠡᠳᠡᠬᠦ ᠮᠡᠳᠡᠭᠡ ᠵᠠᠩᠭᠢ ᠶᠢᠨ ᠠᠮᠤᠷ | ᠲᠦᠪᠰᠢᠨ ᠢ ᠪᠠᠲᠤᠯᠠᠬᠤ ᠤᠷᠢᠲᠠᠯ ᠳᠣᠣᠷ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ | ᠪᠠᠶᠢᠳᠠᠯ ᠢ ᠨᠡᠶᠢᠲᠡᠯᠡᠬᠦ ᠶᠢ ᠴᠢᠩᠭᠠᠳᠬᠠᠨ᠎ᠠ᠃ ᠡᠵᠡᠩᠨᠡᠯᠲᠡ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ | ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ | ᠵᠣᠷᠢᠭᠵᠢᠭᠤᠯᠵᠤ᠂ ᠢᠲᠡᠭᠡᠮᠵᠢ ᠶᠢᠨ ᠲᠡᠮᠳᠡᠭᠯᠡᠯ ᠢ ᠲᠠᠰᠤᠷᠠᠯᠲᠠ ᠦᠭᠡᠢ ᠪᠦᠷᠢᠨᠰᠢᠭᠦᠯᠦᠨ᠎ᠡ᠃ | ︵ᠭᠤᠷᠪᠠ︶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ᠂ ᠬᠠᠮᠲᠤ ᠪᠠᠷ | ᠡᠳ᠋ᠯᠡᠬᠦ᠂ ᠢᠯᠡ ᠪᠤᠯᠭᠠᠬᠤ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠨᠡᠨᠴᠢ | ᠢᠲᠡᠭᠡᠮᠵᠢ ᠲᠠᠢ ᠪᠠᠷ ᠥᠪᠡᠷ ᠢ ᠪᠠᠨ ᠱᠠᠭᠠᠷᠳᠠᠬᠤ ᠶᠢ ᠬᠥᠲᠥᠯᠥᠨ ᠵᠢᠯᠤᠭᠤᠳᠴᠤ᠂ ᠳᠣᠲᠣᠭᠠᠳᠤ ᠶᠢᠨ ᠵᠠᠰᠠᠯᠲᠠ ᠶᠢᠨ | ᠲᠦᠪᠰᠢᠨ ᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ | ᠲᠤᠬᠠᠶᠢᠯᠠᠭᠰᠠᠨ ᠠᠵᠢᠯ ᠤᠨ ᠭᠤᠣᠯᠯᠠᠨ ᠬᠠᠮᠢᠶᠠᠷᠬᠤ ᠨᠢᠭᠡᠴᠢ ᠨᠦᠭᠦᠳ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠴᠢᠳ ᠤᠨ ᠡᠪᠯᠡᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ | ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ | ᠦᠨᠡᠯᠡᠯᠲᠡ ᠬᠢᠬᠦ ᠵᠡᠷᠭᠡ ᠠᠵᠢᠯᠯᠠᠭ᠎ᠠ ᠥᠷᠨᠢᠭᠦᠯᠬᠦ ᠶᠢ ᠵᠢᠯᠤᠭᠤᠳᠴᠤ᠂ ᠲᠡᠭᠦᠨ ᠤ ᠪᠦᠷᠢᠯᠳᠦᠭᠦᠨ ᠤ ᠦᠶ᠋ᠯᠡ | ᠠᠵᠢᠯᠯᠠᠭ᠎ᠠ ᠶᠢ ᠬᠥᠲᠥᠯᠥᠨ ᠵᠢᠯᠤᠭᠤᠳᠬᠤ᠂ ᠳᠦᠷᠢᠮ ᠢᠶᠠᠷ ᠬᠢᠵᠠᠭᠠᠷᠯᠠᠬᠤ᠂ ᠡᠷᠬᠡ ᠠᠰᠢᠭ ᠢ ᠬᠠᠮᠠᠭᠠᠯᠠᠬᠤ ᠵᠡᠷᠭᠡ | ᠦᠢᠯᠡᠳᠦᠯ ᠢ ᠨᠢ ᠪᠠᠳᠠᠷᠠᠭᠤᠯᠤᠨ᠎ᠠ᠃ | ︵ᠳᠥᠷᠪᠡ︶ ᠪᠠᠶᠢᠭᠠᠯᠢ ᠬᠥᠮᠥᠨ ᠤ ᠢᠲᠡᠭᠡᠮᠵᠢ ᠶᠢᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠪᠠᠶᠢᠭᠠᠯᠢ ᠬᠥᠮᠥᠨ ᠤ ᠢᠲᠡᠭᠡᠮᠵᠢ ᠶᠢᠨ ᠲᠡᠮᠳᠡᠭᠯᠡᠯ ᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ ᠪᠦᠷᠢᠨᠰᠢᠭᠦᠯᠦᠨ᠎ᠡ᠃ | ᠬᠠᠤᠯᠢ ᠴᠠᠭᠠᠵᠠ᠂ ᠮᠥᠩᠭᠦᠨ ᠭᠦᠢᠯᠭᠡᠭᠡᠨ᠂ ᠨᠢᠭᠲᠠᠯᠠᠨ ᠪᠤᠳᠤᠬᠤ᠂ ᠬᠢᠨᠠᠨ ᠪᠤᠳᠤᠬᠤ᠂ ᠡᠮ ᠡᠮᠨᠡᠯᠭᠡ᠂ ᠰᠤᠷᠭᠠᠨ | ᠬᠥᠮᠦᠵᠢᠯ᠂ ᠭᠡᠷ ᠤᠨ ᠶᠠᠪᠤᠳᠠᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠣᠷᠴᠢᠨ ᠲᠣᠭᠤᠷᠢᠨ᠂ | ᠲᠠᠪᠴᠠᠩ ᠤᠨ ᠠᠵᠤ ᠠᠬᠤᠢ ᠵᠡᠷᠭᠡ ᠬᠦᠷᠢᠶᠡᠨ ᠳᠤ ᠠᠵᠢᠯᠯᠠᠵᠤ ᠪᠠᠶᠢᠭ᠎ᠠ ᠬᠥᠮᠥᠰ ᠪᠠ ᠤᠯᠤᠰ ᠤᠨ ᠠᠵᠢᠯ | ᠮᠡᠷᠭᠡᠵᠢᠯ ᠤᠨ ᠬᠢᠷᠢ ᠭᠡᠮ ᠣᠯᠣᠭᠰᠠᠨ ᠬᠥᠮᠥᠰ ᠵᠡᠷᠭᠡ ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠬᠥᠮᠥᠰ ᠤᠨ | ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ | ᠨᠥᠬᠦᠴᠡᠯ ᠲᠠᠢ ᠭᠠᠵᠠᠷ ᠣᠷᠣᠨ ᠪᠠ ᠰᠠᠯᠠᠭ᠎ᠠ ᠮᠥᠴᠢᠷ ᠨᠢ ᠪᠠᠶᠢᠭᠠᠯᠢ ᠬᠥᠮᠥᠨ ᠤ ᠢᠲᠡᠭᠡᠮᠵᠢ ᠶᠢᠨ ᠦᠨᠡᠯᠡᠯᠲᠡ ᠶᠢ | ᠥᠷᠨᠢᠭᠦᠯᠵᠦ᠂ ᠢᠲᠡᠭᠡᠮᠵᠢ ᠲᠠᠢ ᠭᠤᠣᠯ ᠴᠣᠭᠴᠠ ᠳᠤ ᠤᠷᠮᠠᠰᠢᠭᠤᠯᠬᠤ ᠲᠥᠷᠥ ᠶᠢᠨ ᠪᠣᠳᠣᠯᠭ᠎ᠠ ᠬᠠᠩᠭᠠᠬᠤ | ᠯᠠᠪᠯᠠᠯᠲᠠ ᠪᠤᠯᠭᠠᠵᠤ ᠪᠣᠯᠣᠨ᠎ᠠ᠂ ᠢᠲᠡᠭᠡᠮᠵᠢ ᠶᠢᠨ ᠪᠤᠰᠤ ᠮᠡᠳᠡᠭᠡ ᠵᠠᠩᠭᠢ ᠪᠠ ᠬᠤᠪᠢ ᠬᠥᠮᠥᠨ ᠤ ᠨᠢᠭᠤᠴᠠ ᠮᠡᠳᠡᠭᠡ | ᠵᠠᠩᠭᠢ ᠶᠢ ᠢᠲᠡᠭᠡᠮᠵᠢ ᠶᠢᠨ ᠦᠨᠡᠯᠡᠯᠲᠡ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠲᠠᠪᠤ︶ ᠬᠠᠤᠯᠢ ᠪᠠᠷᠢᠬᠤ ᠬᠠᠤᠯᠢ ᠬᠡᠷᠡᠭᠵᠢᠭᠦᠯᠬᠦ ᠰᠢᠰᠲ᠋ᠧᠮ ᠤᠨ ᠢᠲᠡᠭᠡᠮᠵᠢ ᠶᠢᠨ ᠪᠠᠶᠢᠭᠤᠯᠤᠯᠲᠠ ᠶᠢ ᠪᠦᠭᠦ | ᠲᠠᠯ᠎ᠠ ᠪᠠᠷ ᠴᠢᠩᠭᠠᠳᠬᠠᠨ᠎ᠠ᠃ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠠᠤᠯᠢ ᠪᠠᠷᠢᠬᠤ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠪᠠᠷᠢᠬᠤ ᠨᠡᠶᠢᠲᠡ ᠶᠢᠨ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ᠃ ᠬᠠᠤᠯᠢ ᠪᠠᠷᠢᠬᠤ ᠶᠢ ᠢᠯᠡ ᠪᠤᠯᠭᠠᠬᠤ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ | ᠠᠷᠠᠳ ᠤᠯᠠᠨ ᠤ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠢᠲᠡᠭᠡᠮᠵᠢ ᠶᠢᠨ ᠲᠡᠮᠳᠡᠭᠯᠡᠯ ᠪᠠ | ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ᠎ᠠ᠃ ᠬᠤᠳᠠᠯ ᠬᠠᠭᠤᠷᠮᠠᠭ ᠢᠶᠠᠷ ᠵᠠᠷᠭᠤᠯᠳᠤᠵᠤ ᠬᠠᠤᠯᠢ ᠠᠴᠠ | ᠵᠥᠷᠢᠴᠡᠵᠦ ᠢᠲᠡᠭᠡᠮᠵᠢ ᠠᠯᠳᠠᠭᠰᠠᠨ ᠥᠪᠡᠷ ᠤᠨ ᠥᠷᠲᠡᠭ ᠢ ᠳᠡᠭᠡᠭᠰᠢᠯᠡᠭᠦᠯᠦᠨ᠎ᠡ᠃ ᠢᠲᠡᠭᠡᠮᠵᠢ ᠠᠯᠳᠠᠭᠰᠠᠨ | ᠭᠦᠢᠴᠡᠳᠬᠡᠭᠳᠡᠭᠴᠢ ᠶᠢ ᠬᠢᠨᠠᠨ ᠲᠣᠭᠲᠠᠭᠠᠬᠤ ᠲᠡᠰ ᠳᠠᠷᠠᠭᠠᠯᠠᠯ ᠢ ᠴᠢᠩᠳᠠᠯᠠᠵᠤ᠂ ᠢᠲᠡᠭᠡᠮᠵᠢ ᠠᠯᠳᠠᠭᠰᠠᠨ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠎ᠡ᠃ | ᠭᠤᠷᠪᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠳ᠋ᠠᠶᠢᠲ᠋ᠠ ᠶᠢᠨ ᠰᠠᠭᠤᠷᠢ ᠶᠢ ᠪᠠᠬᠢᠵᠢᠭᠦᠯᠦᠨ᠎ᠡ | ︵ᠵᠢᠷᠭᠤᠭ᠎ᠠ︶ ᠪᠦᠭᠦ ᠲᠠᠯ᠎ᠠ ᠶᠢᠨ ᠪᠦᠷᠢᠨ ᠪᠦᠲᠦᠨ ᠣᠨᠣᠪᠴᠢᠲᠠᠶ ᠢᠲᠡᠭᠡᠮᠵᠢ ᠶᠢᠨ ᠲᠡᠮᠳᠡᠭᠯᠡᠯ ᠪᠠᠶᠢᠭᠤᠯᠤᠨ᠎ᠠ᠃ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠦᠷᠢᠶ᠎ᠡ ᠬᠡᠪᠴᠢᠶ᠎ᠡ ᠶᠢ ᠴᠢᠩᠭ᠎ᠠ ᠵᠠᠭᠠᠭᠯᠠᠨ ᠲᠣᠭᠲᠠᠭᠠᠵᠤ | ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ | ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ | ᠦᠨᠳᠦᠰᠦᠯᠡᠨ ᠲᠣᠰ ᠬᠦᠷᠢᠶᠡᠨ ᠳᠠᠬᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠣᠭᠲᠠᠭᠠᠬᠤ ᠶᠢᠨ | ᠬᠠᠮᠲᠤ ᠠᠵᠢᠯ ᠲᠥᠷᠥᠯ ᠤᠨ ᠢᠲᠡᠭᠡᠮᠵᠢ ᠶᠢᠨ ᠲᠡᠮᠳᠡᠭᠯᠡᠯ ᠢ ᠪᠦᠷᠢᠯᠳᠦᠭᠦᠯᠦᠨ᠎ᠡ᠂ ᠡᠭᠦᠨ ᠳᠤ ᠢᠲᠡᠭᠡᠮᠵᠢ ᠠᠯᠳᠠᠭᠰᠠᠨ | ᠮᠡᠳᠡᠭᠡ ᠵᠠᠩᠭᠢ ᠳᠤ ᠬᠠᠷᠢᠶᠠᠯᠠᠭᠳᠠᠪᠠᠯ᠂ ᠲᠡᠳᠡᠨ ᠤ ᠢᠲᠡᠭᠡᠮᠵᠢ ᠠᠯᠳᠠᠭᠰᠠᠨ ᠬᠦᠨᠳᠦ ᠨᠣᠴᠢᠲᠠᠢ ᠬᠡᠮᠵᠢᠶ᠎ᠡ ᠶᠢ ᠲᠥᠷᠥᠯ | ᠬᠤᠪᠢᠶᠠᠨ ᠲᠣᠳᠣᠷᠬᠠᠶᠢᠯᠠᠬᠤ ᠬᠡᠷᠡᠭᠲᠡᠢ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ ᠭᠠᠷᠴᠠᠭ ᠢᠶᠠᠷ | ᠬᠠᠮᠢᠶᠠᠷᠬᠤ ᠶᠢ ᠨᠢᠭᠡᠳᠦᠯᠲᠡᠢ ᠬᠡᠷᠡᠭᠵᠢᠭᠦᠯᠵᠦ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠠᠮᠢᠶ᠎ᠠ ᠪᠦᠬᠦᠢ ᠭᠤᠣᠯ ᠴᠣᠭᠴᠠ ᠶᠢᠨ ᠪᠦᠷᠢᠨ ᠪᠦᠲᠦᠨ ᠢᠲᠡᠭᠡᠮᠵᠢ ᠶᠢᠨ ᠲᠡᠮᠳᠡᠭᠯᠡᠯ ᠢ | ᠬᠤᠷᠢᠶᠠᠩᠭᠤᠶᠢᠯᠠᠨ ᠪᠠᠶᠢᠭᠤᠯᠤᠨ᠎ᠠ᠃ | ︵ᠳᠣᠯᠤᠭ᠎ᠠ︶ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ | ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠤᠨ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ︽ᠶᠡᠷᠦᠩᠬᠡᠢ ᠬᠦᠢᠰᠦ︾ ᠶᠢᠨ ᠴᠢᠳᠠᠮᠵᠢ ᠶᠢ ᠴᠢᠩᠭᠠᠷᠠᠭᠤᠯᠵᠤ᠂ | ᠬᠠᠮᠲᠤ ᠪᠠᠷ ᠡᠳ᠋ᠯᠡᠬᠦ ᠪᠠᠷ ᠵᠠᠷᠴᠢᠮ ᠪᠤᠯᠭᠠᠵᠤ᠂ ᠬᠠᠮᠲᠤ ᠪᠠᠷ ᠡᠳ᠋ᠯᠡᠬᠦ ᠦᠭᠡᠢ ᠶᠢ ᠣᠨᠴᠠᠭᠠᠶ ᠪᠠᠶᠢᠳᠠᠯ ᠢᠶᠠᠷ ᠦᠵᠡᠬᠦ ᠶᠢ | ᠪᠠᠷᠢᠮᠲᠠᠯᠠᠨ᠂ ᠡᠯ᠎ᠡ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠴᠤᠭᠯᠠᠭᠤᠯᠵᠤ᠂ | ᠬᠡᠷᠡᠭᠴᠡᠭᠡ ᠶᠢ ᠦᠨᠳᠦᠰᠦᠯᠡᠨ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠢᠲᠡᠭᠡᠮᠵᠢ ᠶᠢᠨ | ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠴᠤᠭᠯᠠᠭᠤᠯᠬᠤ ᠬᠠᠮᠲᠤ ᠪᠠᠷ ᠡᠳ᠋ᠯᠡᠬᠦ ᠶᠠᠰᠤ ᠴᠢᠨᠠᠷ ᠦᠷ᠎ᠡ | ᠪᠦᠲᠦᠮᠵᠢ ᠶᠢ ᠦᠨᠡᠯᠡᠬᠦ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ᠪᠦᠭᠦ ᠤᠯᠤᠰ ᠤᠨ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠬᠢᠭᠡᠳ ᠠᠵᠢᠯ ᠲᠥᠷᠥᠯ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠢ ᠬᠤᠯᠪᠤᠭᠠᠯᠠᠨ ᠨᠡᠪᠲᠡᠷᠡᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ | ᠡᠳ᠋ᠯᠡᠬᠦ ᠶᠢ ᠠᠬᠢᠭᠤᠯᠤᠨ᠎ᠠ᠃ ᠴᠥᠷᠬᠡᠯᠡᠭᠡ ᠬᠡᠯᠬᠢᠶ᠎ᠡ ᠵᠡᠷᠭᠡ ᠮᠡᠷᠭᠡᠵᠢᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠵᠡᠷᠭᠡ ᠲᠠᠯ᠎ᠠ ᠳᠠᠬᠢ ᠬᠡᠷᠡᠭᠯᠡᠯᠲᠡ ᠶᠢ ᠰᠤᠳᠤᠯᠤᠨ ᠴᠢᠩᠭᠠᠳᠬᠠᠵᠤ᠂ ᠢᠲᠡᠭᠡᠮᠵᠢ ᠶᠢᠨ ᠭᠤᠣᠯ | ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠭᠰᠠᠨ | ᠤᠷᠢᠲᠠᠯ ᠳᠣᠣᠷ᠎ᠠ᠂ ᠬᠤᠳᠠᠯᠳᠤᠭᠠᠨ ᠤ ᠭᠡᠷ᠎ᠡ ᠶᠢᠨ ᠮᠡᠳᠡᠭᠡ ᠵᠠᠩᠭᠢ᠂ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ | ᠵᠠᠩᠭᠢ᠂ ᠠᠷᠠᠯᠵᠢᠶᠠᠨ ᠤ ᠮᠡᠳᠡᠭᠡ ᠵᠠᠩᠭᠢ ᠵᠡᠷᠭᠡ ᠶᠢ ᠬᠠᠮᠲᠤ ᠪᠠᠷ ᠡᠳ᠋ᠯᠡᠬᠦ ᠲᠦᠪᠰᠢᠨ ᠢ ᠳᠡᠭᠡᠭᠰᠢᠯᠡᠭᠦᠯᠦᠨ᠎ᠡ᠃ | ︵ᠨᠠᠢᠮᠠ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ ᠢᠯᠡ ᠨᠡᠶᠢᠲᠡᠯᠡᠬᠦ | ᠳᠦᠷᠢᠮ ᠢ ᠪᠠᠶᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ | ᠨᠢᠭᠡᠳᠦᠯᠲᠡᠢ ᠪᠠᠷᠢᠮᠵᠢᠶ᠎ᠠ ᠳᠦᠷᠢᠮ ᠢ ᠪᠠᠶᠢᠭᠤᠯᠤᠨ᠎ᠠ᠃ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ | ᠥᠷᠲᠡᠭᠡ ᠨᠢ ᠡᠯ᠎ᠡ ᠲᠥᠷᠥᠯ ᠤᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠪᠯᠡᠷᠡᠭᠦᠯᠦᠨ ᠢᠯᠡ | ᠨᠡᠶᠢᠲᠡᠯᠡᠵᠦ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠷᠴᠢᠮ ᠳᠡᠭᠡᠷ᠎ᠡ ᠪᠠᠨ ᠲᠣᠰ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠠᠴᠠ ᠭᠠᠳᠠᠨᠠᠬᠢ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠳᠠᠭᠢᠵᠤ ᠢᠯᠡ ᠨᠡᠶᠢᠲᠡᠯᠡᠬᠦ ᠦᠭᠡᠢ᠃ ︽ᠢᠲᠡᠭᠡᠮᠵᠢᠲᠦ ᠳᠤᠮᠳᠠᠳᠤ ᠤᠯᠤᠰ︾ | ᠰᠦᠯᠵᠢᠶᠡᠨ ᠥᠷᠲᠡᠭᠡ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠵᠠᠷᠴᠢᠮ ᠶᠣᠰᠣᠭᠠᠷ ᠨᠡᠶᠢᠭᠡᠮ ᠨᠡᠶᠢᠲᠡ ᠳᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ᠃ | ᠨᠢᠭᠡᠨᠲᠡ ︽ᠢᠲᠡᠭᠡᠮᠵᠢᠲᠦ ᠳᠤᠮᠳᠠᠳᠤ ᠤᠯᠤᠰ︾ ᠰᠦᠯᠵᠢᠶᠡᠨ ᠥᠷᠲᠡᠭᠡ ᠳᠤ ᠢᠯᠡ ᠨᠡᠶᠢᠲᠡᠯᠡᠭᠰᠡᠨ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠳᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ | ᠬᠡᠷᠡᠭᠯᠡᠭᠰᠡᠨ ᠢᠲᠡᠭᠡᠮᠵᠢ ᠶᠢᠨ ᠮᠡᠳᠡᠭᠡ ᠵᠠᠩᠭᠢ ᠨᠢ ᠢᠯᠡ ᠨᠡᠶᠢᠲᠡᠯᠡᠭᠰᠡᠨ ᠠᠭᠤᠯᠭ᠎ᠠ ᠲᠠᠢ ᠠᠳᠠᠯᠢ᠂ ᠴᠠᠭ ᠤᠨ | ᠬᠢᠵᠠᠭᠠᠷ ᠨᠢ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠶᠢᠰᠦ︶ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠢᠯᠦᠭᠡᠲᠡᠢ ᠭᠦᠢᠯᠭᠡᠭᠡᠬᠦ ᠶᠢ ᠡᠮᠬᠢ | ᠵᠢᠷᠤᠮ ᠲᠠᠢ ᠪᠠᠷ ᠠᠬᠢᠭᠤᠯᠤᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠷᠬᠡ ᠣᠯᠭᠤᠨ | ᠠᠵᠢᠯᠯᠠᠭᠤᠯᠵᠤ ᠬᠠᠮᠢᠶᠠᠷᠬᠤ ᠠᠷᠭ᠎ᠠ ᠶᠢ ᠲᠣᠭᠲᠠᠭᠠᠵᠤ᠂ ᠨᠥᠬᠦᠴᠡᠯ ᠳᠤ ᠨᠡᠶᠢᠴᠡᠭᠰᠡᠨ ᠠᠵᠢᠯᠯᠠᠭᠤᠯᠵᠤ ᠡᠵᠡᠩᠨᠡᠬᠦ | ᠪᠠᠶᠢᠭᠤᠯᠤᠮᠵᠢ ᠨᠢ ᠡᠷᠬᠡ ᠣᠯᠭᠤᠭᠰᠠᠨ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ | ᠪᠠᠶᠠᠯᠢᠭ ᠢ ᠨᠡᠭᠡᠭᠡᠨ ᠬᠥᠭᠵᠢᠭᠦᠯᠬᠦ᠂ ᠦᠢᠯᠡᠳᠬᠦᠨ ᠢ ᠡᠵᠡᠩᠨᠡᠬᠦ ᠪᠠ ᠮᠡᠷᠭᠡᠵᠢᠯ ᠤᠨ ᠦᠢᠯᠡᠴᠢᠯᠡᠭᠡ ᠥᠷᠨᠢᠭᠦᠯᠬᠦ ᠶᠢ | ᠳᠡᠮᠵᠢᠵᠦ᠂ ᠡᠷᠬᠡ ᠣᠯᠭᠤᠭᠰᠠᠨ ᠦᠭᠡᠢ᠂ ᠬᠡᠪᠴᠢᠶ᠎ᠡ ᠠᠴᠠ ᠪᠠᠨ ᠬᠡᠲᠦᠷᠡᠭᠦᠯᠦᠨ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠭᠦᠢᠯᠭᠡᠭᠡᠬᠦ ᠲᠤᠬᠠᠢ ᠤᠷᠤᠭᠤᠯᠬᠤ ᠶᠢ ᠵᠥᠪᠰᠢᠶᠡᠷᠡᠬᠦ ᠪᠠᠷᠢᠮᠵᠢᠶ᠎ᠠ ᠳᠦᠷᠢᠮ ᠢ ᠪᠠᠶᠢᠭᠤᠯᠤᠨ᠎ᠠ᠃ | ᠡᠵᠡᠩᠨᠡᠯᠲᠡ ᠶᠢᠨ ᠭᠤᠣᠯ ᠴᠣᠭᠴᠠ ᠶᠢᠨ ᠬᠠᠤᠯᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠳᠤ ᠲᠦᠰᠢᠭᠯᠡᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠤᠨ ᠠᠰᠢᠭ ᠣᠯᠵᠠᠪᠤᠷᠢ ᠶᠢ ᠵᠦᠢ ᠵᠣᠬᠢᠰᠲᠠᠢ | ᠬᠤᠪᠢᠶᠠᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠡᠳ᠋ ᠬᠥᠷᠥᠩᠭᠡ ᠶᠢᠨ ᠡᠷᠬᠡ ᠠᠰᠢᠭ ᠢ ᠬᠠᠤᠯᠢ ᠲᠣᠭᠲᠠᠭᠠᠯ ᠶᠣᠰᠣᠭᠠᠷ ᠬᠠᠮᠠᠭᠠᠯᠠᠬᠤ ᠬᠡᠷᠡᠭᠲᠡᠢ᠃ ᠣᠷᠣᠨ | ᠪᠦᠰᠡ ᠶᠢᠨ ᠬᠤᠭᠤᠷᠣᠨᠳᠣᠭᠢ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ | ᠢᠲᠡᠭᠡᠮᠵᠢ ᠶᠢᠨ ᠦᠨᠡᠯᠡᠯᠲᠡ ᠶᠢ ᠬᠠᠷᠢᠯᠴᠠᠨ ᠮᠡᠳᠡᠷᠡᠬᠦ᠂ ᠢᠲᠡᠭᠡᠮᠵᠢ ᠶᠢᠨ ᠲᠤᠬᠠᠢ ᠱᠠᠩᠨᠠᠵᠤ ᠲᠣᠷᠭᠠᠬᠤ | ᠬᠠᠮᠵᠢᠯᠴᠠᠭ᠎ᠠ ᠶᠢ ᠵᠣᠷᠢᠭᠵᠢᠭᠤᠯᠤᠨ᠎ᠠ᠃ | ︵ᠠᠷᠪᠠ︶ ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ | ᠢᠲᠡᠭᠡᠮᠵᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠮᠦᠷᠳᠡᠨ ᠪᠠᠶᠢᠴᠠᠭᠠᠬᠤ ᠪᠠ | ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ | ᠳᠠᠮᠵᠢᠭᠤᠯᠬᠤ ᠬᠡᠯᠬᠢᠶ᠎ᠡ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ | ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠲᠡᠭᠡᠮᠵᠢ ᠶᠢᠨ ᠮᠡᠳᠡᠭᠡ | ᠵᠠᠩᠭᠢ ᠶᠢ ᠰᠢᠢᠳᠪᠦᠷᠢᠯᠡᠬᠦ ᠲᠠᠰ ᠳᠠᠷᠠᠭᠠᠯᠠᠯ ᠢ ᠵᠢᠷᠤᠮᠵᠢᠭᠤᠯᠤᠨ᠎ᠠ᠃ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ | ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠢᠲᠡᠭᠡᠮᠵᠢ ᠶᠢᠨ | ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ | ᠳᠥᠷᠪᠡ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ | ︵ᠠᠷᠪᠠᠨ ᠨᠢᠭᠡ︶ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠨ᠎ᠠ᠃ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠦᠭᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠢ | ᠪᠠᠶᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠣᠯᠠᠨ ᠨᠡᠶᠢᠲᠡ ᠶᠢᠨ ᠦᠢᠯᠡᠴᠢᠯᠡᠭᠡ ᠳᠤ ᠲᠥᠭᠦᠮ | ᠦᠵᠡᠭᠦᠯᠭᠦ ᠪᠤᠶᠤ ᠬᠠᠷᠠᠭᠠᠯᠵᠠᠯ ᠦᠵᠡᠭᠦᠯᠦᠨ᠎ᠡ᠃ ᠲᠠᠪᠴᠠᠩ ᠤᠨ ᠠᠵᠤ ᠠᠬᠤᠶᠢᠯᠠᠯ ᠤᠨ ᠲᠣᠮᠣ ᠳ᠋ᠠᠶᠢᠲ᠋ᠠ ᠶᠢᠨ ᠡᠬᠢ | ᠪᠠᠶᠠᠯᠢᠭ ᠢ ᠰᠠᠶᠢᠲᠤᠷ ᠬᠡᠷᠡᠭᠯᠡᠬᠦ ᠶᠢ ᠵᠣᠷᠢᠭᠵᠢᠭᠤᠯᠵᠤ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠳᠤ ᠤᠨᠢᠨ | ᠳᠡᠭᠡᠷ᠎ᠡ ᠨᠢ ᠵᠠᠬ᠎ᠠ ᠳᠡᠯᠭᠡᠭᠦᠷᠴᠢᠯᠡᠭᠰᠡᠨ᠂ ᠨᠡᠶᠢᠭᠡᠮᠴᠢᠯᠡᠭᠰᠡᠨ ᠵᠣᠷᠢᠭᠵᠢᠭᠤᠯᠤᠨ ᠤᠷᠮᠠᠰᠢᠭᠤᠯᠬᠤ ᠶᠢ ᠬᠡᠷᠡᠭᠵᠢᠭᠦᠯᠦᠨ᠎ᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠥᠷᠲᠡᠭ ᠢ ᠭᠦᠨᠵᠡᠭᠡᠢ | ᠠᠭᠤᠳᠠᠯᠬᠤ ᠶᠢ ᠳᠡᠮᠵᠢᠵᠦ᠂ ᠢᠲᠡᠭᠡᠮᠵᠢ ᠲᠠᠢ ᠪᠠᠶᠢᠬᠤ ᠭᠤᠣᠯ ᠴᠣᠭᠴᠠ ᠶᠢᠨ ᠪᠡᠯᠡ ᠬᠤᠷᠠᠮᠳᠤᠭᠤᠯᠬᠤ ᠳᠤ ᠲᠥᠭᠦᠮ | ᠦᠵᠡᠭᠦᠯᠭᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠢᠲᠡᠭᠡᠮᠵᠢ ᠠᠯᠳᠠᠭᠰᠠᠨ ᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠴᠡᠭᠡᠷᠯᠡᠭᠦᠯᠦᠨ᠎ᠡ᠃ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠵᠢᠷᠤᠮᠵᠢᠭᠤᠯᠤᠨ ᠲᠣᠭᠲᠠᠭᠠᠵᠤ᠂ ᠵᠠᠯᠬᠠᠭᠠᠨ | ᠴᠡᠭᠡᠷᠯᠡᠭᠦᠯᠬᠦ ᠬᠡᠪᠴᠢᠶ᠎ᠡ ᠪᠠ ᠡᠷᠴᠢᠮ ᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠲᠣᠭᠲᠠᠭᠠᠨ᠎ᠠ᠃ | ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ᠂ ᠬᠦᠨᠳᠦ ᠨᠣᠴᠢᠲᠠᠢ | ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠲᠣᠭᠲᠠᠭᠠᠬᠤ ᠬᠦᠷᠢᠶ᠎ᠡ ᠴᠠᠷᠠᠭ᠎ᠠ ᠨᠢ ᠡᠷᠬᠡᠪᠰᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠤᠶᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠢ | ᠪᠢᠴᠢᠭ ᠮᠠᠲ᠋ᠧᠷᠢᠶᠠᠯ ᠢᠶᠠᠷ ᠦᠨᠳᠦᠰᠦᠯᠡᠯ ᠪᠤᠯᠭᠠᠵᠤ᠂ ᠡᠭᠦᠨ ᠳᠤ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠶᠢ | ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠬᠦ ᠳᠤ ᠬᠤᠯᠪᠣᠭᠳᠠᠭᠰᠠᠨ ᠠᠷᠭ᠎ᠠ ᠬᠡᠮᠵᠢᠶ᠎ᠡ ᠨᠢ᠂ | ᠡᠷᠬᠡᠪᠰᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠢᠶᠠᠷ ᠦᠨᠳᠦᠰᠦᠯᠡᠯ ᠪᠤᠯᠭᠠᠬᠤ ᠬᠡᠷᠡᠭᠲᠡᠢ᠃ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠨᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠤᠨ ᠭᠡᠯᠪᠡᠷᠢ ᠪᠠᠷ ᠬᠦᠨᠳᠦ ᠨᠣᠴᠢᠲᠠᠢ ᠢᠲᠡᠭᠡᠮᠵᠢ | ᠠᠯᠳᠠᠭᠰᠠᠨ ᠭᠤᠣᠯ ᠴᠣᠭᠴᠠ ᠶᠢᠨ ᠨᠡᠷᠡᠰ ᠪᠠ ᠨᠡᠷᠡᠰ ᠠᠴᠠ ᠭᠠᠷᠭᠠᠬᠤ ᠨᠥᠬᠦᠴᠡᠯ᠂ ᠲᠠᠰ ᠳᠠᠷᠠᠭᠠᠯᠠᠯ ᠢ | ᠲᠣᠳᠣᠷᠬᠠᠶᠢᠯᠠᠨ᠎ᠠ᠃ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠣᠷᠣᠭᠰᠠᠨ | ᠪᠠᠶᠢᠪᠠᠯ᠂ ᠵᠠᠰᠠᠭ ᠤᠨ ᠣᠷᠳᠣᠨ ᠤ ᠪᠡᠯᠡ ᠮᠥᠩᠭᠦ ᠭᠤᠶᠤᠴᠢᠯᠠᠬᠤ᠂ ᠭᠠᠶᠢᠯᠢ ᠶᠢᠨ ᠬᠠᠷᠠᠭᠠᠯᠵᠠᠯ ᠭᠦᠷᠳᠡᠭᠦ᠂ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠤᠯᠴᠠᠬᠤ᠂ ᠰᠲ᠋ᠣᠺ ᠤᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ᠂ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ᠂ ᠠᠯᠪᠠᠲᠠᠨ ᠢ ᠰᠢᠯᠢᠨ | ᠰᠣᠩᠭᠤᠵᠤ ᠲᠣᠮᠢᠯᠠᠬᠤ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠵᠡᠷᠭᠡ ᠲᠠᠯ᠎ᠠ ᠪᠠᠷ ᠬᠠᠤᠯᠢ | ᠲᠣᠭᠲᠠᠭᠠᠯ ᠶᠣᠰᠣᠭᠠᠷ ᠬᠢᠵᠠᠭᠠᠷᠯᠠᠬᠤ ᠪᠤᠶᠤ ᠴᠠᠭᠠᠵᠠᠯᠠᠨ᠎ᠠ᠃ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ᠂ | ᠢᠨᠲ᠋ᠧᠷ ᠰᠦᠯᠵᠢᠶ᠎ᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠡᠨᠧᠷᠭᠢ ᠶᠢᠨ ᠳᠤᠮᠳᠠ ᠣᠷᠳᠣ | ᠬᠤᠭᠤᠴᠠᠭᠠᠨ ᠤ ᠭᠡᠷ᠎ᠡ ᠶᠢᠨ ᠬᠦᠷᠢᠶ᠎ᠡ ᠴᠠᠷᠠᠭ᠎ᠠ ᠳᠤ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠨᠡᠷᠡᠰ ᠢ ᠨᠡᠮᠡᠵᠦ ᠲᠣᠬᠢᠷᠠᠭᠤᠯᠤᠨ᠎ᠠ᠃ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ | ᠬᠡᠮᠵᠢᠶ᠎ᠡ ᠪᠣᠯᠣᠨ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ ᠴᠣᠭᠴᠠ ᠶᠢᠨ ᠨᠡᠷᠡᠰ ᠢ ᠨᠠᠷᠢᠨ ᠳᠠᠩᠰᠠᠴᠢᠯᠠᠨ | ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠦᠨ᠎ᠡ᠃ | ︵ᠠᠷᠪᠠᠨ ᠭᠤᠷᠪᠠ︶ ᠢᠲᠡᠭᠡᠮᠵᠢ ᠶᠢᠨ ᠰᠡᠯᠭᠦᠨ ᠰᠡᠷᠭᠦᠭᠡᠬᠦ ᠨᠢᠭᠡᠳᠦᠯᠲᠡᠢ ᠳᠦᠷᠢᠮ ᠢ ᠲᠡᠭᠦᠯᠳᠡᠷᠵᠢᠭᠦᠯᠦᠨ᠎ᠡ᠃ | ᠨᠢᠭᠡᠳᠦᠯᠲᠡᠢ ᠵᠢᠷᠤᠮᠵᠢᠬᠰᠠᠨ᠂ ᠬᠠᠮᠵᠢᠯᠴᠠᠨ ᠬᠠᠮᠲᠤ ᠪᠠᠷ ᠡᠳ᠋ᠯᠡᠬᠦ᠂ ᠰᠢᠨᠵᠢᠯᠡᠬᠦ ᠤᠬᠠᠭᠠᠨᠴᠢ ᠥᠨᠳᠥᠷ ᠦᠷ᠎ᠡ | ᠪᠦᠲᠦᠮᠵᠢᠲᠡᠶ ᠢᠲᠡᠭᠡᠮᠵᠢ ᠶᠢᠨ ᠰᠡᠯᠭᠦᠨ ᠰᠡᠷᠭᠦᠭᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠲᠡᠭᠡᠮᠵᠢ | ᠠᠯᠳᠠᠭᠰᠠᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠠᠯᠳᠠᠭᠰᠠᠨ ᠦᠶ᠋ᠯᠡ ᠠᠵᠢᠯᠯᠠᠭ᠎ᠠ ᠪᠠᠨ | ᠵᠠᠯᠠᠷᠠᠭᠤᠯᠬᠤ ᠶᠢ ᠵᠣᠷᠢᠭᠵᠢᠭᠤᠯᠤᠨ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠰᠡᠯᠭᠦᠨ ᠰᠡᠷᠭᠦᠭᠡᠬᠦ ᠠᠷᠭ᠎ᠠ ᠵᠠᠮ ᠢ | ᠨᠢᠭᠡᠳᠦᠯᠲᠡᠢ ᠪᠤᠯᠭᠠᠵᠤ᠂ ᠢᠲᠡᠭᠡᠮᠵᠢ ᠶᠢ ᠰᠡᠯᠭᠦᠨ ᠰᠡᠷᠭᠦᠭᠡᠬᠦ ᠳᠦᠷᠢᠮ ᠢ ᠰᠢᠯᠢᠳᠡᠭᠵᠢᠭᠦᠯᠦᠨ᠂ ᠬᠠᠤᠯᠢ ᠴᠠᠭᠠᠵᠠ ᠶᠢᠨ | ᠪᠠᠶᠢᠭᠤᠯᠭ᠎ᠠ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠵᠡᠷᠭᠡ ᠰᠡᠯᠭᠦᠨ ᠰᠡᠷᠭᠦᠭᠡᠬᠦ ᠳᠤ ᠬᠠᠮᠵᠢᠯᠴᠠᠬᠤ ᠶᠢ ᠴᠢᠩᠭᠠᠳᠬᠠᠨ᠎ᠠ᠃ ᠰᠡᠯᠭᠦᠨ ᠰᠡᠷᠭᠦᠭᠡᠬᠦ ᠶᠢ | ᠪᠡᠶᠡᠯᠡᠭᠦᠯᠦᠭᠰᠡᠨ ᠢᠲᠡᠭᠡᠮᠵᠢ ᠶᠢᠨ ᠭᠤᠣᠯ ᠴᠣᠭᠴᠠ ᠳᠤ᠂ ᠢᠲᠡᠭᠡᠮᠵᠢ ᠠᠯᠳᠠᠭᠰᠠᠨ ᠮᠡᠳᠡᠭᠡ ᠵᠠᠩᠭᠢ ᠪᠠᠨ | ᠨᠡᠶᠢᠲᠡᠯᠡᠬᠦ ᠶᠢ ᠴᠠᠭ ᠲᠤᠬᠠᠢ ᠳᠤᠨᠢ ᠵᠣᠭᠰᠣᠭᠠᠵᠤ᠂ ᠲᠡᠭᠦᠨ ᠢ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠨᠡᠷᠡᠰ ᠠᠴᠠ | ᠭᠠᠷᠭᠠᠬᠤ ᠶᠢᠨ ᠬᠠᠮᠲᠤ᠂ ᠬᠠᠮᠢᠶ᠎ᠠ ᠪᠦᠬᠦᠢ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠬᠠᠤᠯᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠨ᠎ᠠ᠃ | ᠲᠠᠪᠤ᠂ ᠢᠲᠡᠭᠡᠮᠵᠢ ᠪᠠᠷ ᠰᠠᠭᠤᠷᠢ ᠪᠤᠯᠭᠠᠬᠰᠠᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠲᠣᠭᠲᠠᠴᠠ ᠶᠢ | ᠪᠦᠷᠢᠨᠰᠢᠭᠦᠯᠦᠨ᠎ᠡ | ︵ᠠᠷᠪᠠᠨ ᠳᠥᠷᠪᠡ︶ ᠢᠲᠡᠭᠡᠮᠵᠢ ᠶᠢᠨ ᠦᠨᠡᠯᠡᠯᠲᠡ ᠪᠠᠷ ᠰᠠᠭᠤᠷᠢ ᠪᠣᠯᠭᠠᠨ ᠱᠠᠲᠤ ᠲᠥᠷᠥᠯ ᠬᠤᠪᠢᠶᠠᠨ ᠬᠢᠨᠠᠨ | ᠬᠠᠮᠢᠶᠠᠷᠬᠤ ᠶᠢ ᠬᠡᠷᠡᠭᠵᠢᠭᠦᠯᠦᠨ᠎ᠡ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ | ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠠᠵᠢᠯ | ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠣᠯᠠᠨ ᠨᠡᠶᠢᠲᠡ ᠶᠢᠨ ᠢᠲᠡᠭᠡᠮᠵᠢ ᠶᠢᠨ | ᠶᠡᠷᠦᠩᠬᠡᠶᠢᠯᠡᠭᠰᠡᠨ ᠦᠨᠡᠯᠡᠯᠲᠡ ᠪᠠᠷ ᠰᠠᠭᠤᠷᠢ ᠪᠣᠯᠭᠠᠨ ᠲᠣᠰ ᠭᠠᠵᠠᠷ ᠣᠷᠣᠨ ᠲᠣᠰ ᠠᠵᠢᠯ ᠲᠥᠷᠥᠯ ᠤᠨ | ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠦᠨᠡᠯᠡᠯᠲᠡ ᠶᠢᠨ ᠦᠷ᠎ᠡ ᠳ᠋ᠦᠩ ᠢ | ᠦᠨᠳᠦᠰᠦᠯᠡᠨ ᠬᠢᠨᠠᠯᠲᠠ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠰᠢᠯᠢᠳᠡᠭᠵᠢᠭᠦᠯᠵᠦ᠂ ᠠᠳᠠᠯᠢ ᠪᠤᠰᠤ ᠲᠥᠷᠥᠯ | ᠭᠡᠯᠪᠡᠷᠢ ᠶᠢᠨ ᠢᠲᠡᠭᠡᠮᠵᠢ ᠶᠢᠨ ᠭᠤᠣᠯ ᠴᠣᠭᠴᠠ ᠳᠤ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ | ᠃ | ︵ᠠᠷᠪᠠᠨ ᠲᠠᠪᠤ︶ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ᠂ ᠭᠡᠷᠡᠴᠢᠯᠡᠬᠦ ᠵᠦᠢᠯᠡᠰ᠂ ᠢᠲᠡᠭᠡᠮᠵᠢ ᠶᠢ ᠰᠡᠯᠭᠦᠨ ᠰᠡᠷᠭᠦᠭᠡᠬᠦ ᠵᠡᠷᠭᠡ ᠬᠦᠷᠢᠶᠡᠨ ᠳᠤ | ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠎ᠡ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ | ᠬᠡᠷᠡᠭᠯᠡᠬᠦ ᠳᠤ ᠲᠣᠬᠢᠷᠠᠬᠤ ᠵᠦᠢᠯᠡᠰ ᠢ ᠭᠦᠢᠴᠡᠳᠬᠡᠬᠦ ᠳᠤ᠂ ᠭᠤᠶᠤᠴᠢᠯᠠᠭᠴᠢ ᠶᠢᠨ ᠬᠡᠰᠡᠭ ᠮᠡᠳᠡᠭᠦᠯᠬᠦ ᠮᠠᠲ᠋ᠧᠷᠢᠶᠠᠯ ᠨᠢ | ᠪᠦᠷᠢᠨ ᠭᠦᠢᠴᠡᠳ ᠦᠭᠡᠢ ᠪᠤᠯᠪᠠᠴᠤ ᠢᠲᠡᠭᠡᠮᠵᠢ ᠶᠢᠨ ᠪᠠᠶᠢᠳᠠᠯ ᠨᠢ ᠨᠡᠯᠢᠶᠡᠳ ᠰᠠᠶᠢᠨ ᠮᠥᠷᠲᠡᠭᠡᠨ ᠪᠢᠴᠢᠭ ᠤᠨ | ᠭᠡᠯᠪᠡᠷᠢ ᠪᠠᠷ ᠠᠮᠠᠯᠳᠠᠵᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠮᠠᠲ᠋ᠧᠷᠢᠶᠠᠯ ᠢᠶᠠᠨ ᠬᠠᠩᠭᠠᠨ᠎ᠠ ᠭᠡᠰᠡᠨ ᠪᠣᠯ | ᠤᠷᠢᠳ ᠢᠶᠠᠷ ᠭᠥᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠢᠲᠡᠭᠡᠮᠵᠢ ᠶᠢᠨ ᠠᠮᠠᠯᠠᠯᠲᠠ ᠶᠢ ᠦᠢᠯᠡᠳᠦᠯᠭᠡᠵᠢᠭᠦᠯᠬᠦ | ᠮᠥᠷᠳᠡᠬᠦ ᠲᠣᠭᠲᠠᠴᠠ ᠶᠢ ᠪᠠᠶᠢᠭᠤᠯᠤᠨ᠎ᠠ᠃ ᠢᠲᠡᠭᠡᠮᠵᠢ ᠶᠢᠨ ᠭᠤᠣᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ | ᠨᠡᠶᠢᠭᠡᠮ ᠳᠤ ᠢᠲᠡᠭᠡᠮᠵᠢ ᠶᠢᠨ ᠠᠮᠠᠯᠠᠯᠲᠠ ᠬᠢᠬᠦ ᠶᠢ ᠬᠥᠲᠥᠯᠥᠨ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠢᠲᠡᠭᠡᠮᠵᠢ ᠶᠢᠨ ᠮᠡᠳᠡᠭᠦᠯᠦᠯᠲᠡ ᠶᠢ ᠭᠦᠨᠵᠡᠭᠡᠢ ᠬᠡᠷᠡᠭᠯᠡᠬᠦ ᠶᠢ ᠠᠬᠢᠭᠤᠯᠤᠨ᠎ᠠ᠃ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ᠂ ᠬᠢᠷᠢ ᠭᠡᠮ ᠢ ᠬᠢᠨᠠᠨ | ᠬᠠᠷᠭᠤᠭᠤᠯᠬᠤ ᠵᠡᠷᠭᠡ ᠣᠯᠠᠨ ᠨᠡᠶᠢᠲᠡ ᠶᠢᠨ ᠬᠠᠮᠢᠶᠠᠷᠤᠯᠲᠠ ᠶᠢᠨ ᠬᠦᠷᠢᠶᠡᠨ ᠳᠤ ᠢᠲᠡᠭᠡᠮᠵᠢ ᠶᠢᠨ ᠮᠡᠳᠡᠭᠦᠯᠦᠯᠲᠡ ᠶᠢ | ᠭᠦᠢᠴᠡᠳ ᠬᠡᠷᠡᠭᠯᠡᠬᠦ ᠶᠢ ᠠᠬᠢᠭᠤᠯᠤᠨ᠎ᠠ᠃ ᠲᠤᠰᠬᠠᠢ ᠵᠦᠢᠯ ᠤᠨ ᠢᠲᠡᠭᠡᠮᠵᠢ ᠶᠢᠨ ᠮᠡᠳᠡᠭᠦᠯᠦᠯᠲᠡ ᠪᠠᠷ ᠬᠠᠤᠯᠢ | ᠲᠣᠭᠲᠠᠭᠠᠯ ᠠᠴᠠ ᠵᠥᠷᠢᠴᠡᠭᠰᠡᠨ ᠲᠡᠮᠳᠡᠭᠯᠡᠯ ᠪᠠᠶᠢᠬᠤ ᠡᠰᠡᠬᠦ ᠶᠢᠨ ᠭᠡᠷᠡᠴᠢ ᠶᠢ ᠣᠷᠣᠯᠠᠭᠤᠯᠵᠤ ᠪᠤᠯᠬᠤ ᠶᠢ ᠶᠡᠭᠡ ᠪᠠᠷ | ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠡᠯᠡ ᠬᠤᠷᠠᠮᠳᠤᠭᠤᠯᠬᠤ ᠢᠲᠡᠭᠡᠮᠵᠢ | ᠣᠯᠭᠤᠬᠤ᠂ ᠬᠤᠳᠠᠯᠳᠤᠭᠠᠨ ᠤ ᠶᠠᠪᠤᠯᠴᠠᠭ᠎ᠠ ᠵᠡᠷᠭᠡ ᠵᠠᠬ᠎ᠠ ᠳᠡᠯᠭᠡᠭᠦᠷ ᠤᠨ ᠠᠷᠠᠯᠵᠢᠶᠠᠨ ᠤ ᠠᠵᠢᠯᠯᠠᠭ᠎ᠠ ᠳᠤᠮᠳᠠ | ᠢᠲᠡᠭᠡᠮᠵᠢ ᠶᠢᠨ ᠮᠡᠳᠡᠭᠦᠯᠦᠯᠲᠡ ᠶᠢ ᠬᠡᠷᠡᠭᠯᠡᠬᠦ ᠶᠢ ᠵᠣᠷᠢᠭᠵᠢᠭᠤᠯᠤᠨ᠎ᠠ᠃ | ︵ᠠᠷᠪᠠᠨ ᠳᠣᠯᠤᠭ᠎ᠠ︶ ᠵᠠᠰᠠᠭ ᠤᠨ ᠣᠷᠳᠣᠨ ᠤ ᠭᠡᠷ᠎ᠡ ᠲᠣᠭᠲᠠᠬᠤ᠂ ᠭᠡᠷ᠎ᠡ ᠲᠣᠭᠲᠠᠬᠤ ᠶᠢ ᠵᠢᠯᠤᠭᠤᠳᠬᠤ ᠵᠡᠷᠭᠡ | ᠭᠡᠷ᠎ᠡ ᠪᠠᠨ ᠭᠦᠢᠴᠡᠳᠬᠡᠬᠦ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠡᠷ᠎ᠡ ᠪᠠᠨ | ᠭᠦᠢᠴᠡᠳᠬᠡᠬᠦ ᠶᠢ ᠮᠥᠷᠳᠡᠨ ᠬᠠᠷᠭᠤᠭᠤᠯᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠲᠣᠭᠲᠠᠭᠰᠠᠨ ᠭᠡᠷ᠎ᠡ᠂ | ᠵᠠᠰᠠᠭ ᠤᠨ ᠣᠷᠳᠣᠨ ᠤ ᠵᠢᠯᠣᠭᠤᠳᠤᠨ ᠲᠣᠭᠲᠠᠭᠰᠠᠨ ᠭᠡᠷ᠎ᠡ ᠵᠡᠷᠭᠡ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠪᠦᠭᠦ | ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠴᠠᠭ ᠲᠤᠬᠠᠢ ᠳᠤᠨᠢ | ᠴᠤᠭᠯᠠᠭᠤᠯᠤᠨ ᠣᠷᠣᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠢᠨᠠᠨ | ᠬᠠᠷᠭᠤᠭᠤᠯᠤᠭᠰᠠᠨ ᠭᠡᠷ᠎ᠡ ᠪᠠᠨ ᠭᠦᠢᠴᠡᠳᠬᠡᠭᠰᠡᠨ ᠪᠠᠶᠢᠳᠠᠯ ᠢ ᠬᠠᠮᠢᠶ᠎ᠠ ᠪᠦᠬᠦᠢ ᠭᠤᠣᠯ ᠴᠣᠭᠴᠠ ᠶᠢᠨ ᠢᠲᠡᠭᠡᠮᠵᠢ ᠶᠢᠨ | ᠲᠡᠮᠳᠡᠭᠯᠡᠯ ᠳᠤ ᠣᠷᠣᠭᠤᠯᠵᠤ᠂ ᠭᠡᠷ᠎ᠡ ᠪᠠᠨ ᠭᠦᠢᠴᠡᠳᠬᠡᠬᠦ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | ︵ᠠᠷᠪᠠᠨ ᠨᠠᠢᠮᠠ︶ ᠢᠲᠡᠭᠡᠮᠵᠢ ᠪᠠᠷ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠬᠦ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠩ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ | ᠴᠢᠩᠭᠠᠳᠬᠠᠵᠤ᠂ ᠴᠤᠭᠯᠠᠭᠤᠯᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠴᠤᠭᠯᠠᠭᠤᠯᠬᠤ ᠭᠦᠢᠴᠡᠳᠬᠡᠯ ᠲᠤᠭ᠎ᠠ ᠪᠠ | ᠦᠨᠡᠯᠡᠬᠦ ᠳᠦᠷᠢᠮ ᠢ ᠰᠢᠯᠢᠳᠡᠭᠵᠢᠭᠦᠯᠦᠨ ᠴᠣᠮᠬᠠᠳᠬᠠᠵᠤ᠂ ᠲᠠᠷᠢᠶᠠᠴᠢᠨ ᠡᠷᠦᠭᠡ ᠪᠠ ᠰᠢᠨ᠎ᠡ ᠭᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠢᠲᠡᠭᠡᠮᠵᠢ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠬᠤ ᠳᠤ ᠬᠦᠴᠦᠨ ᠨᠡᠮᠡᠷᠢᠯᠡᠵᠦ | ᠂ ᠢᠲᠡᠭᠡᠮᠵᠢᠲᠦ ᠬᠦᠷᠢᠶᠡᠯᠡᠩ ᠲᠣᠭᠤᠷᠢᠭ᠂ ᠵᠡᠭᠡᠯᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠃ | ︵ᠠᠷᠪᠠ ᠶᠢᠰᠦ︶ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠬᠠᠤᠯᠢ ᠲᠣᠭᠲᠠᠭᠠᠯ ᠳᠦᠷᠢᠮ ᠢ | ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠲᠡᠮᠳᠡᠭ ᠤᠨ ᠳᠦᠷᠢᠮ ᠢ | ᠲᠡᠭᠦᠯᠳᠡᠷᠵᠢᠭᠦᠯᠵᠦ᠂ ᠡᠯ᠎ᠡ ᠲᠦᠷᠦᠯ ᠤᠨ ᠭᠤᠣᠯ ᠴᠣᠭᠴᠠ ᠳᠤ ᠺᠣᠳ᠋ ᠣᠯᠭᠤᠬᠤ ᠰᠠᠯᠠᠭ᠎ᠠ ᠮᠥᠴᠢᠷ ᠢ ᠤᠯᠠᠮ ᠨᠢᠭᠡ | ᠠᠯᠬᠤᠮ ᠲᠣᠳᠣᠷᠬᠠᠶᠢᠯᠠᠵᠤ᠂ ᠺᠣᠳ᠋ ᠣᠯᠭᠤᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠬᠢᠨᠠᠨ | ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠪᠦᠭᠦ ᠤᠯᠤᠰ ᠤᠨ ᠨᠢᠭᠡᠳᠦᠯᠲᠡᠢ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠎ᠠ᠃ ᠨᠡᠶᠢᠭᠡᠮ ᠤᠨ ᠢᠲᠡᠭᠡᠮᠵᠢ ᠶᠢᠨ ᠪᠠᠶᠢᠭᠤᠯᠤᠯᠲᠠ ᠶᠢᠨ | ᠬᠠᠤᠯᠢ ᠶᠢ ᠨᠡᠶᠢᠲᠡᠯᠡᠬᠦ ᠶᠢ ᠠᠬᠢᠭᠤᠯᠵᠤ᠂ ᠢᠲᠡᠭᠡᠮᠵᠢ ᠶᠢᠨ ᠳᠦᠷᠢᠮ ᠢ ᠬᠤᠯᠪᠣᠭᠳᠠᠯ ᠪᠦᠬᠦᠢ ᠲᠤᠰᠬᠠᠢ ᠬᠠᠤᠯᠢ | ᠲᠣᠭᠲᠠᠭᠠᠯ ᠳᠤ ᠣᠷᠣᠭᠤᠯᠬᠤ ᠶᠢ ᠠᠬᠢᠭᠤᠯᠤᠨ᠎ᠠ᠃ ᠢᠲᠡᠭᠡᠮᠵᠢ ᠶᠢᠨ ᠲᠦᠷᠦ ᠶᠢᠨ ᠪᠣᠳᠣᠯᠭ᠎ᠠ ᠶᠢ ᠨᠡᠶᠢᠲᠡᠯᠡᠬᠦ ᠠᠴᠠ | ᠡᠮᠦᠨᠡᠬᠢ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠵᠤ᠂ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠶᠢ ᠭᠠᠵᠠᠷ ᠪᠣᠯᠭᠠᠨ ᠳᠤ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠨ᠎ᠡ᠃ | ᠵᠢᠷᠭᠤᠭ᠎ᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ | ᠲᠦᠪᠰᠢᠨ ᠢ ᠳᠡᠭᠡᠭᠰᠢᠯᠡᠭᠦᠯᠦᠨ᠎ᠡ | ︵ᠬᠤᠷᠢ︶ ᠢᠲᠡᠭᠡᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠶᠡᠭᠡ ᠪᠠᠷ ᠪᠤᠶᠢᠵᠢᠭᠤᠯᠤᠨ᠎ᠠ᠃ | ᠢᠲᠡᠭᠡᠮᠵᠢ ᠶᠢᠨ ᠦᠨᠡᠯᠡᠯᠲᠡ᠂ ᠢᠲᠡᠭᠡᠮᠵᠢ ᠶᠢᠨ ᠳᠡᠰ ᠢ ᠲᠣᠭᠲᠠᠭᠠᠬᠤ᠂ ᠢᠲᠡᠭᠡᠮᠵᠢ ᠶᠢᠨ ᠬᠤᠪᠢ ᠲᠣᠭᠲᠠᠭᠠᠬᠤ᠂ | ᠢᠲᠡᠭᠡᠮᠵᠢ ᠶᠢᠨ ᠮᠡᠳᠡᠭᠦᠯᠦᠯᠲᠡ᠂ ᠢᠲᠡᠭᠡᠮᠵᠢ ᠶᠢᠨ ᠬᠠᠷᠭᠤᠭᠤᠯᠤᠨ ᠪᠠᠶᠢᠴᠠᠭᠠᠯᠲᠠ᠂ ᠢᠲᠡᠭᠡᠮᠵᠢ ᠶᠢᠨ ᠬᠠᠮᠢᠶᠠᠷᠤᠯᠲᠠ᠂ | ᠢᠲᠡᠭᠡᠮᠵᠢ ᠶᠢᠨ ᠯᠠᠪᠯᠠᠭ᠎ᠠ ᠵᠢᠴᠢ ᠣᠷᠴᠢᠨ ᠲᠣᠭᠤᠷᠢᠨ᠂ ᠨᠡᠶᠢᠭᠡᠮ ᠪᠠ ᠵᠠᠰᠠᠯᠲᠠ ᠶᠢᠨ ᠦᠨᠡᠯᠡᠯᠲᠡ ᠵᠡᠷᠭᠡ | ᠲᠤᠬᠠᠶᠢᠯᠠᠭᠰᠠᠨ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠢᠲᠡᠭᠡᠮᠵᠢ ᠶᠢᠨ ᠠᠵᠤ ᠠᠬᠤᠢ ᠶᠢᠨ | ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠨ᠎ᠠ᠃ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠳᠤ ᠣᠷᠤᠯᠴᠠᠬᠤ ᠦᠢᠯᠡ ᠠᠵᠢᠯᠯᠠᠭ᠎ᠠ ᠶᠢ | ᠵᠢᠷᠤᠮᠵᠢᠭᠤᠯᠤᠨ᠎ᠠ᠃ ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ | ᠬᠥᠮᠥᠷᠭᠡ ᠶᠢᠨ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ | ᠶᠣᠰᠣᠭᠠᠷ ᠴᠤᠭᠯᠠᠭᠤᠯᠬᠤ ᠶᠢ ᠳᠡᠮᠵᠢᠵᠦ᠂ ᠨᠠᠩ ᠳᠥᠭᠦᠮ ᠲᠦᠷᠭᠡᠨ ᠴᠢᠨᠠᠷ ᠰᠠᠶᠢᠲᠠᠢ ᠢᠲᠡᠭᠡᠮᠵᠢ ᠶᠢᠨ ᠮᠡᠳᠡᠭᠡ | ᠵᠠᠩᠭᠢ ᠶᠢᠨ ᠰᠠᠭᠤᠷᠢ ᠦᠢᠯᠡᠴᠢᠯᠡᠭᠡ ᠬᠠᠩᠭᠠᠨ᠎ᠠ᠃ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠵᠠᠬ᠎ᠠ ᠳᠡᠯᠭᠡᠭᠦᠷ ᠤᠨ ᠪᠠᠶᠢᠷᠢᠰᠢᠯ ᠢ ᠰᠢᠯᠢᠳᠡᠭᠵᠢᠭᠦᠯᠵᠦ᠂ ᠬᠤᠪᠢ ᠬᠥᠮᠥᠨ ᠤ ᠢᠲᠡᠭᠡᠮᠵᠢ ᠶᠢᠨ ᠮᠡᠳᠡᠭᠡ | ᠵᠠᠩᠭᠢ ᠶᠢ ᠴᠤᠭᠯᠠᠭᠤᠯᠬᠤ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠠᠬ᠎ᠠ ᠳᠡᠯᠭᠡᠭᠦᠷ ᠢ ᠰᠢᠯᠢᠳᠡᠭᠵᠢᠭᠦᠯᠦᠨ | ᠨᠠᠷᠢᠯᠢᠭᠵᠢᠭᠤᠯᠵᠤ᠂ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠨᠠᠷᠢᠯᠢᠭ ᠬᠤᠪᠢᠶᠠᠭᠰᠠᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢ ᠰᠦᠪᠡᠭᠴᠢᠯᠡᠨ | ᠬᠥᠭᠵᠢᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠬᠢᠨᠠᠯᠲᠠ ᠬᠠᠮᠢᠶᠠᠷᠤᠯᠲᠠ ᠶᠢ ᠪᠦᠭᠦ | ᠲᠠᠯ᠎ᠠ ᠪᠠᠷ ᠴᠢᠩᠭᠠᠳᠬᠠᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠲᠥᠷᠥᠯ ᠤᠨ | ᠵᠢᠷᠤᠮᠵᠢᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠬᠤᠷᠢᠨ ᠨᠢᠭᠡ︶ ᠢᠲᠡᠭᠡᠮᠵᠢᠲᠦ ᠪᠡᠯᠡ ᠬᠤᠷᠠᠮᠳᠤᠭᠤᠯᠬᠤ ᠪᠠ ᠢᠲᠡᠭᠡᠮᠵᠢ ᠶᠢᠨ ᠠᠷᠠᠯᠵᠢᠶ᠎ᠠ ᠶᠢ ᠭᠦᠨᠵᠡᠭᠡᠢ | ᠠᠬᠢᠭᠤᠯᠤᠨ᠎ᠠ᠃ ᠪᠦᠭᠦ ᠤᠯᠤᠰ ᠤᠨ ᠨᠢᠭᠡ ᠴᠣᠭᠴᠠᠵᠢᠭᠤᠯᠤᠭᠰᠠᠨ ᠪᠡᠯᠡ ᠬᠤᠷᠠᠮᠳᠤᠭᠤᠯᠬᠤ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠳᠤ ᠲᠦᠰᠢᠭᠯᠡᠨ᠂ ᠪᠣᠳᠠᠲᠤ ᠬᠡᠷᠡᠭᠯᠡᠭᠡᠨ ᠤ ᠬᠡᠷᠡᠭᠴᠡᠭᠡ ᠶᠣᠰᠣᠭᠠᠷ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠪᠠᠷ ᠡᠳ᠋ᠯᠡᠬᠦ ᠬᠡᠪᠴᠢᠶ᠎ᠡ ᠶᠢ ᠥᠷᠭᠡᠳᠬᠡᠵᠦ᠂ | ᠢᠲᠡᠭᠡᠮᠵᠢ ᠶᠢᠨ ᠮᠡᠳᠡᠭᠡ ᠵᠠᠩᠭᠢ ᠪᠠᠷ ᠰᠠᠭᠤᠷᠢ ᠪᠤᠯᠭᠠᠬᠰᠠᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ | ᠢᠲᠡᠭᠡᠮᠵᠢ ᠶᠢ ᠨᠡᠮᠡᠭᠳᠡᠭᠦᠯᠬᠦ ᠳᠦᠷᠢᠮ ᠢ ᠲᠡᠭᠦᠯᠳᠡᠷᠵᠢᠭᠦᠯᠦᠨ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ | ᠢᠲᠡᠭᠡᠮᠵᠢᠲᠦ ᠵᠢᠭᠡᠯᠡᠯᠭᠡ ᠶᠢᠨ ᠬᠤᠪᠢ ᠶᠢᠨ ᠵᠢᠩ ᠢ ᠪᠦᠲᠦᠮᠵᠢᠲᠡᠶ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠭᠰᠡᠨ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠᠶᠢᠭᠤᠯᠤᠮᠵᠢ ᠶᠢᠨ ᠪᠡᠯᠡ ᠬᠤᠷᠠᠮᠳᠤᠭᠤᠯᠬᠤ ᠢᠲᠡᠭᠡᠮᠵᠢ ᠶᠢᠨ | ᠦᠢᠯᠡᠴᠢᠯᠡᠭᠡᠨ ᠤ ᠲᠠᠪᠴᠠᠩ ᠤᠨ ᠡᠵᠡᠩᠨᠡᠯᠲᠡ ᠳᠤ ᠣᠷᠤᠯᠴᠠᠬᠤ ᠶᠢ ᠳᠡᠮᠵᠢᠨ᠎ᠡ᠃ ᠢᠲᠡᠭᠡᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠬᠠᠤᠯᠢ ᠲᠣᠭᠲᠠᠭᠠᠯ ᠶᠣᠰᠣᠭᠠᠷ ᠬᠤᠳᠠᠯᠳᠤᠭᠠᠨ ᠤ ᠭᠡᠷ᠎ᠡ ᠶᠢᠨ ᠭᠡᠷ᠎ᠡ ᠪᠠᠨ ᠭᠦᠢᠴᠡᠳᠬᠡᠬᠦ ᠮᠡᠳᠡᠭᠡ | ᠵᠠᠩᠭᠢ ᠶᠢ ᠴᠤᠭᠯᠠᠭᠤᠯᠬᠤ ᠶᠢ ᠵᠣᠷᠢᠭᠵᠢᠭᠤᠯᠵᠤ᠂ ᠱᠡᠭᠡᠯᠡᠨ ᠪᠣᠷᠣᠯᠠᠭᠤᠯᠬᠤ᠂ ᠬᠤᠭᠤᠴᠠᠭ᠎ᠠ ᠬᠤᠪᠢᠶᠠᠨ ᠵᠣᠭᠤᠰ | ᠥᠭᠬᠦ᠂ ᠪᠡᠯᠡ ᠬᠤᠷᠠᠮᠳᠤᠭᠤᠯᠬᠤ ᠲᠦᠷᠢᠶᠡᠰᠦᠯᠡᠵᠦ ᠲᠦᠷᠢᠶᠡᠰᠦᠯᠡᠭᠦᠯᠬᠦ ᠵᠡᠷᠭᠡ ᠢᠲᠡᠭᠡᠮᠵᠢᠲᠦ ᠪᠣᠷᠤᠯᠠᠭᠤᠯᠭ᠎ᠠ ᠶᠢᠨ | ᠵᠠᠭᠪᠤᠷ ᠢ ᠡᠮᠬᠢ ᠵᠢᠷᠤᠮ ᠲᠠᠢ ᠪᠠᠷ ᠳᠡᠯᠭᠡᠷᠡᠭᠦᠯᠬᠦ ᠶᠢ ᠳᠡᠮᠵᠢᠨ᠎ᠡ᠃ ᠬᠤᠳᠠᠯᠳᠤᠭᠠᠨ ᠤ ᠭᠤᠪᠢᠭᠤᠯᠭ᠎ᠠ ᠶᠢᠨ | ᠬᠠᠭᠤᠳᠠᠰᠤ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠴᠢᠩᠭᠠᠳᠬᠠᠵᠤ᠂ ᠫᠢᠶᠣᠣ ᠪᠠᠷᠢᠮᠲᠠ ᠶᠢᠨ ᠵᠠᠬ᠎ᠠ ᠳᠡᠯᠭᠡᠭᠦᠷ ᠤᠨ | ᠢᠲᠡᠭᠡᠮᠵᠢ ᠪᠠᠷ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠭᠤ ᠰᠠᠨᠠᠭ᠎ᠠ ᠪᠠᠷ ᠵᠣᠷᠢᠭᠤᠳᠠ ᠥᠷᠢ | ᠥᠭᠴᠡᠭᠡ ᠠᠴᠠ ᠳᠤᠲᠠᠭᠠᠵᠤ ᠥᠷᠢ ᠥᠭᠴᠡᠭᠡ ᠪᠠᠨ ᠬᠦᠴᠦᠨ ᠦᠭᠡᠢ ᠪᠤᠯᠭᠠᠬᠰᠠᠨ ᠡᠵᠡᠩᠨᠡᠯᠲᠡ ᠶᠢᠨ ᠭᠤᠣᠯ | ᠴᠣᠭᠴᠠ ᠶᠢ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠭᠤᠣᠯ | ᠴᠣᠭᠴᠠ ᠶᠢᠨ ᠨᠡᠷᠡᠰ ᠲᠤ ᠣᠷᠣᠭᠤᠯᠤᠨ᠎ᠠ᠃ | ︵ᠬᠤᠷᠢᠨ ᠬᠤᠶᠠᠷ︶ ᠲᠠᠪᠴᠠᠩ ᠤᠨ ᠠᠵᠤ ᠠᠬᠤᠢ ᠶᠢᠨ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠲᠠᠪᠴᠠᠩ ᠤᠨ ᠠᠵᠤ ᠠᠬᠤᠶᠢᠯᠠᠯ ᠤᠨ | ᠡᠵᠡᠩᠨᠡᠯᠲᠡ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠲᠠᠪᠴᠠᠩ ᠤᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠲᠠᠪᠴᠠᠩ ᠤᠨ ᠳᠣᠲᠣᠷᠠᠬᠢ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠪᠠ | ᠲᠠᠪᠴᠠᠩ ᠤᠨ ᠬᠤᠭᠤᠷᠣᠨᠳᠣᠭᠢ ᠢᠲᠡᠭᠡᠮᠵᠢ ᠠᠯᠳᠠᠭᠰᠠᠨ ᠢ ᠬᠤᠯᠪᠤᠭᠠᠯᠠᠨ ᠬᠢᠵᠠᠭᠠᠷᠯᠠᠬᠤ ᠳᠦᠷᠢᠮ ᠢ ᠪᠠᠶᠢᠭᠤᠯᠵᠤ᠂ | ᠲᠠᠪᠴᠠᠩ ᠤᠨ ᠳᠣᠲᠣᠷᠠᠬᠢ ᠬᠤᠳᠠᠯᠳᠤᠭᠠᠨ ᠤ ᠡᠷᠦᠭᠡ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ | ᠵᠦᠷᠢᠶᠡᠴᠢᠯᠡᠭᠰᠡᠨ ᠬᠠᠮᠢᠶᠠᠷᠤᠯᠲᠠ ᠪᠠ ᠦᠢᠯᠡᠴᠢᠯᠡᠭᠡ ᠶᠢ ᠬᠡᠷᠡᠭᠵᠢᠭᠦᠯᠵᠦ᠂ ᠬᠠᠤᠯᠢ ᠶᠢ ᠰᠠᠬᠢᠵᠤ ᠦᠨᠡᠨᠴᠢ | ᠢᠲᠡᠭᠡᠮᠵᠢ ᠲᠠᠢ ᠪᠠᠷ ᠡᠵᠡᠩᠨᠡᠬᠦ ᠭᠤᠣᠯ ᠴᠣᠭᠴᠠ ᠳᠤ ᠨᠠᠩ ᠣᠯᠠᠨ ᠬᠠᠷᠠᠭᠠᠯᠵᠠᠯ ᠪᠠ ᠳᠥᠭᠦᠮ ᠦᠵᠡᠭᠦᠯᠵᠦ᠂ | ᠬᠠᠤᠯᠢ ᠠᠴᠠ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠶᠢ ᠲᠠᠪᠴᠠᠩ ᠤᠨ | ᠳᠦᠷᠢᠮ ᠤᠨ ᠳᠣᠲᠣᠷ᠎ᠠ ᠬᠢᠵᠠᠭᠠᠷᠯᠠᠬᠤ ᠠᠷᠭ᠎ᠠ ᠶᠢ ᠬᠡᠷᠡᠭᠵᠢᠭᠦᠯᠦᠨ᠎ᠡ᠃ ᠰᠦᠯᠵᠢᠶᠡᠨ ᠤ ᠭᠤᠣᠯ ᠨᠡᠪᠲᠡᠷᠡᠭᠦᠯᠦᠭᠴᠢ᠂ | ᠬᠤᠪᠢ ᠶᠢᠨ ᠵᠠᠭᠤᠴᠢᠯᠠᠭᠤᠷ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢ ᠣᠯᠠᠨ ᠠᠷᠭ᠎ᠠ ᠵᠠᠮ ᠢᠶᠠᠷ | ᠬᠤᠪᠢᠶᠠᠨ ᠲᠠᠷᠬᠠᠭᠠᠬᠤ ᠦᠢᠯᠡᠴᠢᠯᠡᠭᠡᠨ ᠤ ᠪᠠᠶᠢᠭᠤᠯᠤᠮᠵᠢ ︵MCN ᠪᠠᠶᠢᠭᠤᠯᠤᠮᠵᠢ︶ ᠵᠡᠷᠭᠡ ᠳᠠᠬᠢ | ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠬᠤᠷᠢᠨ ᠭᠤᠷᠪᠠ︶ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠳᠤ ᠦᠢᠯᠡᠴᠢᠯᠡᠨ᠎ᠡ᠃ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢ ᠬᠢᠯᠢ ᠠᠯᠤᠰᠯᠠᠨ ᠭᠦᠢᠯᠭᠡᠭᠡᠬᠦ ᠶᠢ ᠬᠠᠤᠯᠢ ᠲᠣᠭᠲᠠᠭᠠᠯ ᠶᠣᠰᠣᠭᠠᠷ ᠠᠬᠢᠭᠤᠯᠵᠤ᠂ ᠬᠢᠯᠢ ᠠᠯᠤᠰᠯᠠᠭᠰᠠᠨ | ᠢᠲᠡᠭᠡᠮᠵᠢ ᠶᠢᠨ ᠬᠠᠮᠲᠤᠷᠠᠯᠴᠠᠭ᠎ᠠ ᠶᠢ ᠡᠮᠬᠢ ᠵᠢᠷᠤᠮ ᠲᠠᠢ ᠥᠷᠨᠢᠭᠦᠯᠦᠨ᠂ ᠢᠲᠡᠭᠡᠮᠵᠢ ᠶᠢᠨ ᠦᠨᠡᠯᠡᠯᠲᠡ᠂ | ᠢᠲᠡᠭᠡᠮᠵᠢ ᠶᠢᠨ ᠮᠡᠳᠡᠭᠦᠯᠦᠯᠲᠡ ᠵᠡᠷᠭᠡ ᠢᠲᠡᠭᠡᠮᠵᠢ ᠶᠢᠨ ᠦᠢᠯᠡᠳᠬᠦᠨ ᠤ ᠬᠢᠯᠢ ᠠᠯᠤᠰᠯᠠᠨ ᠬᠠᠷᠢᠯᠴᠠᠨ ᠮᠡᠳᠡᠷᠡᠬᠦ ᠶᠢ | ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠪᠣᠯᠣᠨ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ᠂ ᠠᠯᠳᠠᠨ ᠲᠣᠭᠤᠰᠭ᠋᠎ᠠ ᠤᠯᠤᠰ ᠤᠳ ᠯᠤᠭ᠎ᠠ | ᠪᠡᠶ᠎ᠡ ᠪᠠᠨ ᠳᠠᠭᠠᠭᠠᠭᠰᠠᠨ᠂ ᠲᠥᠪ ᠭᠤᠣᠯᠴᠢ ᠭᠤᠷᠪᠠᠳᠠᠭᠴᠢ ᠡᠲᠡᠭᠡᠳ ᠤᠨ ᠢᠲᠡᠭᠡᠮᠵᠢ ᠶᠢᠨ ᠦᠢᠯᠡᠴᠢᠯᠡᠭᠡᠨ ᠤ | ᠬᠠᠮᠲᠤᠷᠠᠯᠴᠠᠭ᠎ᠠ ᠥᠷᠨᠢᠭᠦᠯᠬᠦ ᠶᠢ ᠲᠡᠮᠵᠢᠨ᠎ᠠ᠃ ᠣᠯᠠᠨ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠰᠣᠯᠢᠯᠴᠠᠭ᠎ᠠ ᠪᠠᠨ ᠴᠢᠩᠭᠠᠳᠬᠠᠵᠤ᠂ ᠣᠯᠠᠨ ᠤᠯᠤᠰ ᠤᠨ ᠥᠷᠢᠰᠦᠯᠳᠦᠬᠦ ᠬᠦᠴᠦᠨ ᠪᠠ ᠨᠥᠯᠥᠭᠡᠯᠡᠬᠦ | ᠬᠦᠴᠦᠨ ᠲᠠᠢ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠪᠠᠶᠢᠭᠤᠯᠤᠮᠵᠢ ᠶᠢ ᠢᠳᠡᠪᠬᠢᠲᠡᠢ ᠪᠤᠶᠢᠵᠢᠭᠤᠯᠤᠨ᠎ᠠ᠃ | ᠤᠯᠤᠰ ᠤᠨ ᠳᠣᠲᠣᠭᠠᠳᠤ ᠶᠢᠨ ᠢᠲᠡᠭᠡᠮᠵᠢ ᠶᠢᠨ ᠲᠠᠰ ᠲᠣᠭᠲᠠᠭᠠᠬᠤ ᠪᠠᠶᠢᠭᠤᠯᠤᠮᠵᠢ ᠶᠢᠨ ᠳᠡᠯᠡᠬᠡᠶᠢᠴᠢᠯᠡᠭᠰᠡᠨ | ᠬᠥᠭᠵᠢᠯᠲᠡ ᠶᠢ ᠠᠬᠢᠭᠤᠯᠤᠨ᠎ᠠ᠃ | ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ | ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠡᠭᠡᠷ᠎ᠡ ᠳᠣᠣᠷ᠎ᠠ ᠱᠠᠲᠤ | ᠬᠤᠯᠪᠤᠭᠠᠯᠠᠨ ᠬᠥᠳᠡᠯᠦᠯᠴᠡᠬᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡ ᠪᠠᠷ | ᠠᠳᠬᠤᠨ ᠬᠠᠮᠲᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ ᠪᠠᠩᠬᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠲᠣᠰ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠪᠦᠭᠦ ᠤᠯᠤᠰ ᠤᠨ ᠨᠡᠶᠢᠭᠡᠮ ᠤᠨ ᠢᠲᠡᠭᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ ᠪᠠᠶᠢᠭᠤᠯᠬᠤ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠵᠢᠱᠢᠶ᠎ᠡ ᠦᠵᠡᠭᠦᠯᠭᠦ ᠣᠷᠣᠨ ᠤ ᠰᠡᠭᠦᠯᠡᠷ ᠨᠢ ᠦᠨᠡᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠯᠲᠡ ᠶᠢ ᠦᠷᠭᠦᠯᠵᠢᠯᠡᠨ ᠥᠷᠨᠢᠭᠦᠯᠦᠨ᠎ᠡ | ᠃ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠵᠤ᠂ ᠦᠨᠡᠨᠴᠢ ᠢᠲᠡᠭᠡᠮᠵᠢ ᠶᠢᠨ ᠬᠥᠮᠦᠵᠢᠯ ᠢ ᠲᠦᠭᠡᠮᠡᠯᠵᠢᠭᠦᠯᠵᠦ | ᠂ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠠᠵᠢᠯᠯᠠᠭ᠎ᠠ ᠶᠢ ᠢᠯᠡᠴᠢᠯᠡᠬᠦ ᠡᠷᠴᠢᠮ ᠢᠶᠠᠨ ᠬᠠᠤᠯᠢ ᠲᠣᠭᠲᠠᠭᠠᠯ | ᠶᠣᠰᠣᠭᠠᠷ ᠴᠢᠩᠭᠠᠷᠠᠭᠤᠯᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠦᠨᠡᠨᠴᠢ ᠢᠲᠡᠭᠡᠮᠵᠢ ᠶᠢᠨ ᠤᠬᠠᠭᠤᠯᠭ᠎ᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠳᠡᠮᠵᠢᠨ᠎ᠡ᠃ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢᠨ | ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠨᠡᠨᠴᠢ ᠢᠲᠡᠭᠡᠮᠵᠢ ᠶᠢᠨ ᠣᠳᠣᠨ︾ ᠤ | ᠤᠬᠠᠭᠤᠯᠭ᠎ᠠ ᠪᠠ ︽ᠦᠨᠡᠨᠴᠢ ᠢᠲᠡᠭᠡᠮᠵᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ︾ ᠶᠢᠨ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠲᠡᠭᠡᠮᠵᠢ ᠶᠢ ᠵᠢᠷᠤᠮᠯᠠᠨ ᠠᠮᠠᠯᠠᠯᠲᠠ ᠪᠠᠨ ᠦᠢᠯᠡᠳᠦᠯᠭᠡᠵᠢᠭᠦᠯᠬᠦ | ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠶ ᠪᠤᠯᠭᠠᠬᠤ ᠶᠢ ᠠᠬᠢᠭᠤᠯᠬᠤ ᠬᠡᠷᠡᠭᠲᠡᠢ᠃ ᠨᠡᠶᠢᠲᠡᠯᠢᠭ ᠲᠤᠷᠰᠢᠯᠭ᠎ᠠ | ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ | ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ | ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ︶ | |