ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ | ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ︵ᠳᠣᠷᠣᠭᠰᠢ | ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ | | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ | ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ | ᠬᠠᠷᠢᠭᠤ ᠲᠤᠰᠬᠠᠯ ᠢᠶᠠᠷ ᠵᠢᠯᠣᠭᠤᠳᠤᠯᠭ᠎ᠠ ᠪᠤᠯᠭᠠᠵᠤ᠂ ᠬᠥᠮᠥᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ | ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ | ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ ᠰᠤᠷᠤᠬᠰᠠᠨ ᠪᠠ | ᠳᠠᠪᠠᠭᠤᠯᠢᠭ ᠢᠶᠠᠨ ᠪᠠᠳᠠᠷᠠᠭᠤᠯᠬᠤ ᠳᠤ ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠬᠠᠷᠢᠯᠴᠠᠨ | ᠵᠣᠬᠢᠴᠠᠭᠤᠯᠬᠤ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ ᠪᠦᠷᠢᠨ | ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ ᠴᠢᠷᠮᠠᠶᠢᠬᠤ ᠪᠠᠷ ᠳᠡᠮᠵᠢᠨ᠂ ᠪᠦᠭᠦ ᠠᠵᠢᠯᠲᠠᠨ ᠢ | ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ | ᠠᠵᠢᠯ ᠣᠯᠬᠤ ᠶᠢ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ | ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ | ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ | ᠃ ᠬᠠᠩᠭᠠᠯᠭ᠎ᠠ ᠬᠡᠷᠡᠭᠴᠡᠭᠡ ᠶᠢᠨ ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ | ᠬᠥᠳᠡᠯᠦᠩᠭᠦᠢ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ | ᠴᠢᠨᠠᠷ ᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ | ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠬᠴᠢ ᠡᠯᠰᠡᠬᠦ ᠲᠥᠯᠥᠪᠯᠡᠭᠡ᠂ ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ | ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠣᠷᠣᠬᠴᠢ ᠡᠯᠰᠡᠬᠦ | ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ | ᠠᠮᠢᠳᠤᠯᠢᠭ ᠰᠤᠷᠤᠯᠴᠠᠬᠤ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯ ᠢᠶᠠᠨ ᠰᠣᠯᠢᠬᠤ᠂ | ᠪᠤᠰᠤᠳ ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠦᠨ᠎ᠡ ᠭᠡᠵᠦ ᠳᠤᠷᠠᠳᠪᠠ | ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ | ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠭᠦᠯᠦᠨ᠂ ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ | ᠬᠥᠮᠦᠵᠢᠯ ᠬᠢᠭᠡᠳ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ | ᠲᠥᠯᠦᠪᠵᠢᠭᠦᠯᠭᠡ ᠶᠢᠨ ᠵᠢᠭᠠᠬᠤ ᠮᠠᠲ᠋ᠧᠷᠢᠶᠠᠯ᠂ ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠢ ᠪᠤᠶ ᠪᠤᠯᠭᠠᠵᠤ᠂ ᠠᠵᠢᠯ ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ ᠪᠦᠭᠦ ᠶᠠᠪᠤᠴᠠ ᠪᠦᠭᠦ | ᠲᠠᠯ᠎ᠠ ᠪᠠᠷ ᠬᠥᠮᠥᠨ ᠬᠥᠮᠥᠵᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠠᠵᠢᠯ ᠣᠯᠭᠤᠬᠤ ᠵᠥᠪ ᠦᠵᠡᠯᠲᠡ ᠶᠢ | ᠪᠠᠲᠤ ᠪᠠᠬᠢ ᠪᠤᠶ ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ | ᠳᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ | ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ | ᠴᠢᠨᠠᠷᠲᠠᠢ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ | ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ ᠠᠵᠢᠯᠲᠠᠨ ᠡᠯᠰᠡᠬᠦ | ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ | ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ᠎ᠡ᠃ ᠬᠦᠴᠢᠷᠳᠡᠯ ᠢ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ | ᠲᠤᠰᠠᠯᠠᠮᠵᠢ ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ | ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ ᠲᠡᠳᠬᠦᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ | ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ ᠵᠦᠢᠯ ᠢ | ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ᠠᠵᠢᠯ | ᠣᠯᠭᠤᠬᠤ ᠵᠠᠬ᠎ᠠ ᠳᠡᠯᠭᠡᠭᠦᠷ ᠤᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ | ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ ᠴᠠᠭ ᠲᠤᠬᠠᠢ ᠳᠤᠨᠢ ᠡᠵᠡᠮᠰᠢᠵᠦ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ ︽ᠬᠤᠣᠰ ᠲᠡᠷᠢᠭᠦᠨ ᠵᠡᠷᠭᠡ︾ ᠶᠢᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ ᠪᠣᠯᠭᠠᠨ᠎ᠠ ᠭᠡᠵᠦ | ᠲᠣᠳᠣᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ | ᠬᠦᠴᠦᠷᠬᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ᠂ ᠠᠵᠢᠯᠲᠠᠨ᠂ ᠭᠠᠵᠠᠷ ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ | ᠡᠩᠨᠡᠭᠡ ᠶᠢ ᠪᠠᠶᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ | ᠵᠠᠭᠪᠤᠷ ᠢ ᠳᠡᠯᠭᠡᠷᠡᠭᠦᠯᠵᠦ᠂ ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ ᠣᠯᠭᠤᠯᠲᠠ ᠶᠢᠨ ᠣᠷᠴᠢᠨ ᠨᠥᠬᠦᠴᠡᠯ ᠪᠠ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | | | |