ᠬᠤᠷᠴᠢᠨ ᠲᠣᠭᠤᠷᠢᠭ᠄ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠨ᠎ᠠ
ᠨᠡᠶᠢᠲᠡᠯᠡᠭᠰᠡᠨ ᠴᠠᠭ᠄
2025/4/11
    ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ︽ᠬᠤᠷᠴᠢᠨ ᠲᠦᠷᠭᠡᠨ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠷᠦᠯ ᠲᠡᠮᠳᠡᠭ ᠢ ᠲᠠᠰᠤᠷᠠᠯᠲᠠ ᠦᠭᠡᠢ ᠭᠢᠯᠠᠯᠵᠠᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ︽ᠳᠤᠲᠠᠭᠤ ᠶᠢ ᠪᠠᠭᠲᠠᠭᠠᠵᠤ ᠭᠥᠯᠢᠶᠡᠨ ᠠᠪᠴᠤ ᠰᠢᠢᠳᠪᠦᠷᠢᠯᠡᠬᠦ + ᠠᠮᠠᠯᠠᠯᠲᠠ  ᠶᠢ ᠮᠡᠳᠡᠭᠳᠡᠬᠦ ︾ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠨ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ 30 ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ 750 ᠵᠦᠢᠯᠡᠰ ᠢ ︽ᠦᠨᠡᠮᠯᠡᠯ ᠦᠭᠡᠢ ᠪᠠᠷ ᠭᠦᠢᠴᠡᠳᠬᠡᠬᠦ︾᠂ ︽ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠵᠦᠢᠯᠡᠰ ᠤᠨ ᠬᠠᠷᠢᠴᠠᠯ ᠢ 85% ᠪᠣᠯᠭᠠᠨ ᠳᠡᠭᠡᠭᠰᠢᠯᠡᠭᠦᠯᠵᠦ᠂ ᠡᠯᠧᠺᠳ᠋ᠷᠣᠨ ᠬᠢᠨᠠᠨ ᠪᠠᠶᠢᠴᠠᠭᠠᠬᠤ ᠵᠦᠢᠯᠡᠰ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠭᠡᠪᠡ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ AI ᠲᠣᠭᠠᠴᠢᠯᠠᠭᠰᠠᠨ ᠬᠥᠮᠦᠨ ᠤ ᠰᠢᠭᠤᠳ ᠨᠡᠪᠲᠡᠷᠡᠭᠦᠯᠭᠡ ᠶᠢᠨ ᠮᠡᠷᠭᠡᠵᠢᠯ ᠢ ᠬᠡᠷᠡᠭᠯᠡᠨ᠂ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢ ᠰᠢᠭᠤᠳ ᠭᠦᠶ᠋ᠴᠡᠳᠬᠡᠬᠦ ︽24 ᠴᠠᠭ ᠢᠶᠠᠷ ᠡᠭᠦᠳᠡ ᠪᠠᠨ ᠬᠠᠭᠠᠬᠤ ᠥᠬᠡᠶ︾ ᠪᠠᠶᠢᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠦᠷ᠎ᠡ ᠪᠦᠲᠦᠮᠵᠢ ᠪᠠ ᠳᠥᠭᠦᠮ ᠳᠥᠲᠡ ᠬᠡᠮᠵᠢᠶ᠎ᠡ ᠶᠢ ᠲᠡᠭᠡᠭᠰᠢᠯᠡᠭᠦᠯᠦᠨ᠎ᠡ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号