ᠬᠤᠷᠴᠢᠨ ᠲᠣᠭᠤᠷᠢᠭ᠄ ᠭᠠᠵᠠᠷ ᠰᠢᠷᠣᠢ ᠶᠢᠨ ᠬᠠᠩᠭᠠᠯᠭ᠎ᠠ ᠶᠢ ᠠᠷᠠᠳ ᠤᠨ ᠠᠮᠢᠳᠤᠷᠠᠯ ᠤᠨ ᠲᠦᠷᠦᠯ ᠵᠦᠢᠯ ᠲᠡᠰᠢ ᠬᠡᠯᠪᠠᠶᠢᠯᠭᠡᠬᠦ ᠶᠢ ᠪᠠᠷᠢᠮᠲᠠᠯᠠᠨ᠎ᠠ
ᠨᠡᠶᠢᠲᠡᠯᠡᠭᠰᠡᠨ ᠴᠠᠭ᠄
2025/4/11
    ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠭᠠᠵᠠᠷ ᠰᠢᠷᠣᠢ ᠶᠢᠨ ᠬᠠᠩᠭᠠᠯᠭ᠎ᠠ ᠶᠢ ᠠᠷᠠᠳ ᠤᠨ ᠠᠮᠢᠳᠤᠷᠠᠯ ᠤᠨ ᠲᠦᠷᠦᠯ ᠵᠦᠢᠯ ᠲᠡᠰᠢ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠬᠤ ᠶᠢ ᠪᠠᠷᠢᠮᠲᠠᠯᠠᠵᠤ᠂ ᠮᠣᠷᠣᠢ ᠶᠢᠨ ᠰᠦᠮ᠎ᠡ ᠰᠤᠮᠤ ᠵᠡᠷᠭᠡ 5 ᠲᠤᠰᠬᠠᠢ ᠲᠤᠰᠢᠶᠠᠯᠲᠤ ᠭᠠᠯ ᠤᠨᠲᠠᠷᠠᠭᠠᠬᠤ ᠦᠷᠳᠡᠭᠡ ᠶᠢᠨ ᠲᠥᠯᠥᠪᠵᠢᠭᠦᠯᠭᠡ ᠶᠢᠨ ᠭᠠᠵᠠᠷ ᠰᠣᠩᠭᠤᠬᠤ ᠵᠢᠴᠢ ᠬᠡᠷᠡᠭᠵᠢᠭᠦᠯᠬᠦ ᠠᠵᠢᠯ ᠢ ᠠᠬᠢᠭᠤᠯᠵᠤ᠂ 9 ᠵᠡᠭᠡᠯᠢ ᠭᠤᠳᠤᠮᠵᠢ ᠶᠢᠨ 86 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠳᠤ ᠲᠥᠯᠥᠪᠵᠢᠭᠦᠯᠭᠡ ᠶᠢᠨ ᠳᠡᠮᠵᠢᠯᠭᠡ ᠬᠠᠩᠭᠠᠵᠤ᠂ ᠬᠤᠳᠠ ᠶᠢᠨ ᠰᠢᠨᠡᠴᠢᠯᠡᠯᠲᠡ ᠶᠢᠨ ᠠᠯᠬᠤᠴᠠ ᠶᠢ ᠲᠦᠷᠭᠡᠳᠬᠡᠪᠡ᠃ ᠡᠭᠦᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠵᠤ᠂ 334 ᠠᠶᠢᠯ ᠲᠣᠰᠬᠤᠨ ᠤ ᠲᠥᠯᠥᠪᠵᠢᠭᠦᠯᠭᠡ ᠶᠢᠨ ᠴᠣᠬᠤᠯᠠᠪᠤᠷᠢ ᠶᠢ ᠪᠡᠶᠡᠯᠡᠭᠦᠯᠵᠦ᠂ 134 ᠠᠶᠢᠯ ᠲᠣᠰᠬᠤᠨ ᠤ ᠲᠥᠯᠥᠪᠵᠢᠭᠦᠯᠭᠡ ᠶᠢᠨ ᠳ᠋ᠠᠶᠢᠲ᠋ᠠ ᠬᠥᠮᠥᠷᠭᠡ ᠶᠢ ᠬᠤᠷᠢᠶᠠᠩᠭᠤᠶᠢᠯᠠᠨ ᠲᠤᠰᠢᠶᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠰᠠᠭᠤᠷᠢ ᠶᠢ ᠪᠠᠲᠤᠳᠬᠠᠪᠠ᠃ 
 
ᠢᠷᠡᠯᠲᠡ᠄ ᠬᠤᠷᠴᠢᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号