ᠯᠢ ᠴᠢᠶᠠᠩ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/11
    ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 9 ᠤ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠨ ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃    ᠶᠠᠷᠢᠯᠴᠠᠬᠤ ᠬᠤᠷᠠᠯ ᠳᠡᠭᠡᠷ᠎ᠡ᠂ ᠵᠠᠩ ᠪᠢᠨ᠂ ᠯᠢ ᠰᠢᠶᠦ᠋ᠨ ᠯᠧᠢ᠂ ᠱᠧᠨ ᠵᠢᠶᠠᠨ ᠭᠤᠸᠠᠩ᠂ ᠸᠠᠨ ᠮᠢᠨ᠂ ᠵᠧᠩ ᠶᠢᠨ᠂ ᠫᠧᠩ ᡁᠢ ᠬᠤᠶ᠂ ᠸᠠᠩ ᠽᠤᠸᠠᠨ ᠨᠠᠷ ᠤᠷᠢᠳ ᠬᠤᠵᠢᠳ ᠦᠭᠡ ᠬᠡᠯᠡᠪᠡ᠃ ᠤᠯᠠᠨ ᠢᠶᠠᠷ ᠢᠶᠠᠨ᠂ ᠵᠢᠯ ᠤᠨ ᠡᠬᠢᠨ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠲᠡᠶᠢᠰᠢ ᠰᠠᠶᠢᠵᠢᠷᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠲᠦᠷᠭᠡᠨ ᠪᠤᠵᠠᠭᠠᠶᠢᠷᠠᠪᠠ᠃ ᠬᠡᠳᠦ᠋ᠢᠪᠡᠷ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠵᠤ ᠴᠥᠭᠡᠨ ᠪᠤᠰᠤ ᠬᠦᠴᠢᠷᠳᠡᠯ ᠲᠤᠯᠭᠠᠷᠠᠭᠰᠠᠨ ᠪᠤᠯᠪᠠᠴᠤ ᠮᠠᠨ ᠤ ᠤᠯᠤᠰ ᠤᠨ ᠠᠵᠤ ᠠᠬᠤᠢ ᠶᠢᠨ ᠳᠠᠪᠠᠭᠤᠯᠢᠭ ᠲᠠᠯ᠎ᠠ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠬᠥᠭᠵᠢᠯᠲᠡ ᠶᠢᠨ ᠢᠷᠡᠭᠡᠳᠦᠢ ᠤᠷᠳᠤ ᠬᠤᠭᠤᠴᠠᠭ᠎ᠠ ᠪᠠᠷ ᠰᠠᠶᠢᠨ ᠪᠠᠶᠢᠨ᠎ᠠ ᠭᠡᠵᠦ ᠦᠵᠡᠪᠡ᠃ ᠣᠯᠠᠨ ᠢᠶᠠᠷ ᠢᠶᠠᠨ ᠪᠠᠰᠠ ᠭᠠᠳᠠᠨᠠᠬᠢ ᠳᠠᠭᠠᠷᠢᠯᠲᠠ ᠶᠢ ᠠᠷᠭᠠᠴᠠᠭᠠᠬᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃    ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠨ ᠤ ᠦᠭᠡ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠡᠨᠡ ᠵᠢᠯ ᠤᠨ ᠪᠠᠶᠢᠳᠠᠯ ᠨᠡᠯᠢᠶᠡᠳ ᠣᠨᠴᠠᠭᠠᠶ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠲᠦᠷᠦᠭᠦᠦ ᠤᠯᠠᠷᠢᠯ ᠤᠨ ᠠᠵᠤ ᠠᠬᠤᠢ ᠶᠢᠨ ᠡᠷᠭᠢᠯᠲᠡ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃ ᠡᠭᠦᠨ ᠤ ᠵᠡᠷᠭᠡ ᠪᠠᠷ᠂ ᠭᠠᠳᠠᠨᠠᠬᠢ ᠳᠠᠭᠠᠷᠢᠯᠲᠠ ᠨᠢ ᠮᠠᠨ ᠤ ᠤᠯᠤᠰ ᠤᠨ ᠠᠵᠤ ᠠᠬᠤᠢ ᠶᠢᠨ ᠲᠣᠭᠲᠠᠭᠤᠨ ᠡᠷᠭᠢᠯᠲᠡ ᠳᠤ ᠵᠣᠬᠢᠬᠤ ᠳᠠᠷᠤᠯᠲᠠ ᠪᠣᠯᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠪᠢᠳᠡ ᠡᠭᠦᠨ ᠤ ᠲᠤᠬᠠᠢ ᠨᠢᠭᠡᠨᠲᠡ ᠭᠦᠢᠴᠡᠳ ᠵᠢᠱᠢᠯᠲᠡ ᠬᠢᠵᠦ᠂ ᠡᠯ᠎ᠡ ᠵᠦᠢᠯ ᠤᠨ ᠲᠣᠬᠲᠠᠭᠠᠯᠳᠤ ᠪᠤᠰᠤ ᠬᠦᠴᠦᠨ ᠵᠦᠢᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠡᠢ᠃ ᠮᠠᠨ ᠤ ᠤᠯᠤᠰ ᠤᠨ ᠬᠥᠭᠵᠢᠯᠲᠡ ᠶᠡᠷᠦ ᠠᠴᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠳᠤᠮᠳᠠ ᠤᠷᠤᠭᠰᠢᠯᠠᠵᠤ ᠢᠷᠡᠭᠰᠡᠨ ᠶᠤᠮ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠳᠡᠭ ᠯᠡ ᠶᠤᠮ ᠪᠣᠯ ᠯᠠᠪᠲᠠᠢ ᠠᠶᠤᠯ ᠲᠦᠭᠰᠢᠭᠦᠷᠢ ᠶᠢ ᠠᠵᠠ ᠲᠣᠭᠢᠶᠠᠯ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ ᠭᠡᠵᠦ ᠬᠡᠯᠡᠪᠡ᠃    ᠯᠢ ᠴᠢᠶᠠᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢᠨ ᠡᠮᠦᠨ᠎ᠡ᠂ ᠬᠤᠶᠠᠳᠤᠭᠠᠷ ᠤᠯᠠᠷᠢᠯ ᠪᠣᠯᠣᠨ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ᠂ ᠡᠯ᠎ᠡ ᠵᠦᠢᠯ ᠤᠨ ᠠᠵᠢᠯ ᠳᠤ ᠴᠥᠮ ᠦᠷᠭᠦᠯᠵᠢᠯᠡᠨ ᠬᠦᠴᠦᠯᠡᠵᠦ᠂ ᠨᠠᠩ ᠬᠦᠴᠦᠯᠡᠬᠦ ᠬᠡᠷᠡᠭᠲᠡᠢ᠃ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠰᠢᠨ᠎ᠡ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠭᠲᠠᠭᠠᠵᠤ᠂ ᠬᠦᠴᠦᠲᠡᠢ ᠪᠦᠲᠦᠮᠵᠢᠲᠡᠢ ᠲᠦᠷᠦ ᠶᠢᠨ ᠪᠣᠳᠣᠯᠭ᠎ᠠ ᠪᠠᠷ ᠭᠠᠳᠠᠭᠠᠳᠤ ᠣᠷᠴᠢᠨ ᠤ ᠲᠣᠬᠲᠠᠭᠠᠯᠳᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠪᠤᠯᠭᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠰᠠᠶᠢᠲᠤᠷ ᠠᠳᠬᠤᠬᠤ ᠶᠢᠨ ᠵᠡᠷᠭᠡ ᠪᠠᠷ ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠲᠦᠷᠭᠡᠳᠬᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ ᠬᠥᠲᠥᠯᠥᠨ ᠳᠠᠭᠠᠭᠤᠯᠵᠤ᠂ ᠬᠡᠷᠡᠭᠴᠡᠭᠡ ᠶᠢ ᠡᠭᠦᠳᠬᠦ ᠬᠡᠷᠡᠭᠲᠡᠢ᠃ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠡᠯ᠎ᠡ ᠵᠦᠢᠯ ᠤᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ᠂ ᠲᠠᠩᠰᠠᠨ ᠳᠤ ᠥᠷᠢᠲᠦᠭᠰᠡᠨ ᠵᠣᠭᠤᠰ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠪᠠ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ᠂ ᠥᠷᠭᠡᠨ ᠤᠯᠠᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠢᠳᠡᠪᠬᠢᠲᠡᠢ ᠪᠠᠷ ᠪᠠᠶᠢᠳᠠᠯ ᠢ ᠠᠷᠭᠠᠴᠠᠭᠠᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠶᠢ ᠬᠦᠰᠡᠪᠡ᠃ ᠲᠤᠰᠬᠠᠢ ᠮᠡᠷᠭᠡᠵᠢᠯᠲᠡᠨ ᠡᠷᠳᠡᠮᠲᠡᠳ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠠᠬᠤᠢ ᠶᠢᠨ ᠡᠷᠭᠢᠯᠲᠡ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠪᠠᠷᠠᠯᠠᠯᠳᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠯ ᠢ ᠢᠯᠡᠭᠦᠬᠡᠨ ᠳᠤᠷᠠᠳᠬᠤ ᠶᠢ ᠬᠦᠰᠡᠪᠡ᠃    ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠠᠢ᠃   
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号