ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 10 ᠤ ᠴᠠᠭᠢᠯᠭᠠᠨ ᠮᠡᠳᠡᠭᠡ 4 ᠰᠠᠷ᠎ᠠ ᠶᠢᠨ 9 ᠤ | ᠡᠳᠦᠷ᠂ ᠯᠠᠲ᠋ᠢᠨ ᠠᠮᠧᠷᠢᠺᠠ ᠪᠠ ᠺᠠᠷᠢᠪᠧ ᠲᠠᠩᠭᠢᠰ ᠤᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠢᠰᠦᠳᠦᠭᠡᠷ | ᠬᠤᠭᠤᠴᠠᠭᠠᠨ ᠤ ᠲᠦᠷᠦᠭᠦᠴᠦᠳ ᠤᠨ ᠬᠤᠷᠠᠯ ᠵᠢᠵᠢᠭᠦᠷ ᠲᠡᠷᠢᠭᠦᠯᠡᠭᠴᠢ ᠤᠯᠤᠰ ᠬᠤᠨᠳᠦ᠋ᠷᠠᠰ ᠲᠤ ᠶᠠᠪᠤᠭᠳᠠᠵᠤ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠳᠦᠨ ᠤᠯᠠᠷᠢᠵᠤ᠂ ᠳᠤᠮᠳᠠᠳᠤ ᠤᠯᠤᠰ ᠵᠢᠴᠢ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠲᠠᠩᠭᠢᠰ ᠤᠨ | ᠤᠯᠤᠰ ᠤᠳ ᠢ ᠪᠠᠭᠲᠠᠭᠠᠭᠰᠠᠨ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ︾ ᠰᠦᠷ | ᠬᠦᠴᠦᠨ ᠲᠣᠪᠤᠶᠢᠮ᠎ᠠ ᠪᠠᠶᠢᠨ᠎ᠠ᠃ ᠯᠠᠲ᠋ᠢᠨ ᠠᠮᠧᠷᠢᠺᠠ ᠶᠢᠨ ᠬᠠᠮᠲᠤ ᠶᠢᠨ ᠴᠣᠭᠴᠠ ᠪᠡᠶ᠎ᠡ ᠪᠠᠨ ᠳᠠᠭᠠᠭᠠᠵᠤ ᠡᠵᠡᠨ | ᠮᠡᠳᠡᠬᠦ᠂ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢᠨ ᠬᠠᠮᠲᠤᠷᠠᠯᠴᠠᠭ᠎ᠠ ᠶᠢ ᠠᠬᠢᠭᠤᠯᠬᠤ᠂ ᠣᠷᠣᠨ ᠪᠦᠰᠡ ᠶᠢᠨ ᠨᠢᠭᠡ | ᠴᠣᠭᠴᠠᠵᠢᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠯᠠᠲ᠋ᠢᠨ ᠠᠮᠧᠷᠢᠺᠠ ᠪᠣᠯᠣᠨ ᠺᠠᠷᠢᠪᠧ | ᠲᠠᠩᠭᠢᠰ ᠤᠨ ᠤᠯᠤᠰ ᠤᠳ ᠪᠣᠯᠣᠨ ᠠᠷᠠᠳ ᠲᠦᠮᠡᠨ ᠬᠥᠭᠵᠢᠨ ᠮᠠᠨᠳᠤᠬᠤ ᠵᠠᠮ ᠳᠡᠭᠡᠷ᠎ᠡ ᠨᠡᠩ ᠶᠡᠭᠡ ᠠᠮᠵᠢᠯᠲᠠ | ᠪᠦᠲᠦᠮᠵᠢ ᠣᠯᠵᠤ᠂ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠪᠦᠯᠬᠦᠮᠳᠡᠯ | ᠬᠠᠮᠵᠢᠯᠴᠠᠭ᠎ᠠ ᠶᠢ ᠴᠢᠩᠭᠠᠳᠬᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠴᠢᠩ ᠰᠡᠳᠬᠢᠯ ᠠᠴᠠ ᠪᠠᠨ ᠬᠦᠰᠡᠨ | ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠶᠢᠨ ᠬᠠᠷᠢᠯᠴᠠᠭ᠎ᠠ ᠳᠡᠯᠡᠬᠡᠢ ᠶᠢᠨ ᠤᠷᠪᠠᠭᠠᠨ | ᠬᠥᠷᠪᠡᠭᠡᠨ ᠤ ᠰᠢᠯᠭᠠᠯᠲᠠ ᠶᠢ ᠥᠩᠭᠡᠷᠡᠭᠡᠵᠦ᠂ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ ᠰᠢᠨ᠎ᠡ ᠶᠢ ᠡᠭᠦᠳᠬᠦ᠂ | ᠨᠡᠭᠡᠭᠡᠯᠲᠡᠲᠡᠢ᠂ ᠠᠷᠠᠳ ᠲᠤ ᠠᠰᠢᠭ ᠬᠦᠷᠲᠡᠭᠡᠬᠦ ᠰᠢᠨ᠎ᠡ ᠱᠠᠲᠤᠨ ᠳᠤ ᠣᠷᠣᠪᠠ᠃ ᠬᠤᠶᠠᠷ ᠲᠠᠯ᠎ᠠ ᠶᠢᠨ ᠤᠯᠤᠰ | ᠲᠦᠷᠦ ᠶᠢᠨ ᠢᠲᠡᠭᠡᠯᠴᠡᠭᠡ ᠲᠠᠰᠤᠷᠠᠯᠳᠡ ᠦᠭᠡᠢ ᠭᠦᠨᠵᠡᠭᠡᠶᠢᠷᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ | ᠦᠷᠭᠦᠯᠵᠢᠯᠡᠨ ᠥᠷᠭᠡᠵᠢᠵᠦ᠂ ᠰᠣᠶᠣᠯ ᠢᠷᠭᠡᠨᠰᠢᠯ ᠤᠨ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠳᠤᠮᠳᠠᠳᠤ | ᠯᠠᠲ᠋ᠢᠨ ᠠᠮᠧᠷᠢᠺᠠ ᠶᠢᠨ ᠬᠤᠶᠠᠷ ᠲᠠᠯ᠎ᠠ ᠶᠢᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ᠃ ᠳᠤᠮᠳᠠᠳᠤ ᠤᠯᠤᠰ ᠳᠤᠷᠠᠲᠠᠶ᠎ᠠ ᠭᠠᠵᠠᠷ | ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ᠃ ᠡᠨᠡ | ᠵᠢᠯ᠂ ᠳᠤᠮᠳᠠᠳᠤ ᠤᠯᠤᠰ ᠪᠡᠭᠡᠵᠢᠩ ᠳᠤ ᠳᠤᠮᠳᠠᠳᠤ ᠯᠠᠲ᠋ᠢᠨ ᠠᠮᠧᠷᠢᠺᠠ ᠶᠢᠨ ᠶᠠᠷᠢᠶᠠᠨ ᠤ ᠲᠠᠪᠴᠠᠩ ᠤᠨ | ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠯᠠᠲ᠋ᠢᠨ | ᠠᠮᠧᠷᠢᠺᠠ ᠶᠢᠨ ᠬᠠᠮᠲᠤ ᠶᠢᠨ ᠴᠣᠭᠴᠠ ᠶᠢᠨ ᠡᠯ᠎ᠡ ᠪᠦᠷᠢᠯᠳᠦᠭᠦᠨ ᠤᠯᠤᠰ ᠤᠨ ᠳᠤᠮᠳᠠᠳᠤ ᠤᠯᠤᠰ ᠲᠤ ᠢᠷᠡᠵᠦ | ᠬᠤᠷᠠᠯ ᠳᠤ ᠣᠷᠣᠯᠴᠠᠵᠤ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠬᠠᠮᠲᠤᠷᠠᠯᠴᠠᠭᠠᠨ ᠤ | ᠦᠪᠡᠳᠡᠭᠰᠢ ᠠᠵᠢᠯᠯᠠᠭ᠎ᠠ ᠶᠢ ᠬᠠᠮᠲᠤ ᠪᠠᠷ ᠪᠡᠶᠡᠯᠡᠭᠦᠯᠵᠦ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠠᠷᠭᠠᠴᠠᠭᠠᠬᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢ ᠠᠬᠢᠭᠤᠯᠬᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠪᠠᠶᠠᠷᠯᠠᠨ | ᠤᠭᠲᠤᠵᠤ ᠪᠠᠶᠢᠨ᠎ᠠ ᠭᠡᠵᠦ ᠴᠢᠩᠭᠠᠳᠬᠠᠪᠠ᠃ | | |