ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ︽ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠲᠥᠯᠦᠪᠵᠢᠭᠦᠯᠭᠡ ︵2024 - 2035 ᠣᠨ︶︾ ᠶᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ | ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ | ᠲᠥᠯᠦᠪᠵᠢᠭᠦᠯᠭᠡ ︵2024 - 2035 ᠣᠨ︶︾ ᠶᠢᠨ ᠭᠤᠣᠯ ᠠᠭᠤᠯᠭ᠎ᠠ ᠨᠢ ᠳᠣᠣᠷᠠᠬᠢ ᠮᠡᠲᠦ᠃ | ᠤᠯᠤᠰ ᠬᠦᠴᠦᠷᠬᠡᠭᠵᠢᠬᠦ ᠳᠤ ᠡᠷᠬᠡᠪᠰᠢ ᠤᠷᠢᠳ ᠢᠶᠠᠷ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ | ᠬᠥᠳᠡᠭᠡ ᠠᠵᠤ ᠠᠬᠤᠢ ᠬᠦᠴᠦᠷᠬᠡᠭᠵᠢᠪᠡᠯ ᠰᠠᠶ᠋ᠢ ᠤᠯᠤᠰ ᠬᠦᠴᠦᠷᠬᠡᠭᠵᠢᠵᠦ ᠴᠢᠳᠠᠨ᠎ᠠ᠃ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠤᠨ | ᠦᠨᠳᠦᠰᠦ ᠰᠠᠭᠤᠷᠢ ᠮᠥᠨ᠃ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠡᠷᠬᠡᠪᠰᠢ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠠᠪᠤᠳᠠᠯ ᠢ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠶᠡᠷᠦᠩᠬᠡᠶᠢᠯᠡᠨ ᠵᠢᠯᠣᠭᠤᠳᠤᠭᠤᠯᠬᠤ ᠪᠠᠶᠢᠯᠳᠤᠬᠤ ᠪᠣᠳᠣᠯᠭ᠎ᠠ ᠶᠢᠨ | ᠶᠡᠷᠦᠩᠬᠡᠢ ᠬᠥᠲᠥᠯᠪᠦᠷᠢ ᠪᠤᠯᠭᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠲᠤᠰ ᠲᠥᠯᠦᠪᠵᠢᠭᠦᠯᠭᠡ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠤᠯᠤᠰ ᠤᠨ ᠪᠠᠶᠢᠳᠠᠯ ᠲᠠᠷᠢᠶᠠᠯᠠᠩ ᠤᠨ ᠪᠠᠶᠢᠳᠠᠯ ᠳᠤ ᠰᠠᠭᠤᠷᠢᠯᠠᠨ᠂ ᠳᠤᠮᠳᠠᠳᠤ ᠤᠯᠤᠰ ᠤᠨ | ᠣᠨᠴᠠᠯᠢᠭ ᠢ ᠢᠯᠡᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠳᠠᠭᠠᠨ | ᠳᠠᠭᠠᠭᠠᠮᠠᠭᠠᠢ ᠪᠠᠷᠢᠮᠲᠠᠯᠠᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ | ᠪᠠᠷᠢᠮᠲᠠᠯᠠᠨ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠬᠡᠷᠡᠭᠯᠡᠵᠦ᠂ ᠬᠥᠳᠡᠭᠡ ᠲᠣᠰᠬᠤᠨ ᠢ | ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠦᠷᠢᠨᠰᠢᠭᠦᠯᠦᠨ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ | ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠪᠠ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠬᠤᠷᠢᠭ᠎ᠠ ᠱᠤᠭᠤᠮ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠨᠠᠩ ᠥᠨᠳᠥᠷ | ᠲᠦᠪᠰᠢᠨ ᠢᠶᠠᠷ ᠪᠠᠲᠤ ᠰᠠᠬᠢᠵᠤ᠂ ᠠᠵᠢᠯᠯᠠᠵᠤ ᠠᠮᠢᠳᠤᠷᠠᠬᠤ ᠳᠤ ᠲᠣᠬᠢᠲᠠᠢ ᠡᠶ᠎ᠡ ᠵᠣᠬᠢᠴᠠᠩᠭᠤᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠵᠤ᠂ ᠬᠠᠩᠭᠠᠯᠭ᠎ᠠ ᠶᠢᠨ ᠪᠠᠲᠤᠯᠠᠭ᠎ᠠ ᠴᠢᠩᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠴᠢᠩᠭ᠎ᠠ᠂ ᠡᠵᠡᠩᠨᠡᠯᠲᠡ ᠶᠢᠨ ᠰᠢᠰᠲ᠋ᠧᠮ ᠴᠢᠩᠭ᠎ᠠ᠂ ᠠᠵᠤ | ᠦᠢᠯᠡᠰ ᠤᠨ ᠤᠶᠠᠨ ᠬᠠᠳᠠᠨ ᠴᠢᠨᠠᠷ ᠴᠢᠩᠭ᠎ᠠ᠂ ᠥᠷᠢᠰᠦᠯᠳᠦᠬᠦ ᠴᠢᠳᠠᠪᠤᠷᠢ ᠪᠠᠷ ᠴᠢᠩᠭ᠎ᠠ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ᠂ ᠥᠷᠭᠡᠨ ᠣᠯᠠᠨ ᠲᠠᠷᠢᠶᠠᠴᠢᠳ ᠢ ᠨᠠᠩ ᠰᠠᠶᠢᠨ | ᠰᠠᠶᠢᠬᠠᠨ ᠠᠮᠢᠳᠤᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠠᠵᠢᠯ ᠤᠨ ᠳᠤᠮᠳᠠ ᠪᠠᠨ ᠪᠡᠶᠡᠯᠡᠭᠦᠯᠬᠦ ᠵᠦᠢᠯ᠄ ᠦᠢᠯᠡᠳᠪᠦᠷᠢᠯᠡᠯ ᠤᠨ ᠴᠢᠳᠠᠪᠤᠷᠢ ᠪᠠᠨ ᠪᠠᠬᠢᠵᠢᠭᠦᠯᠵᠦ᠂ | ᠰᠠᠭᠤᠷᠢ ᠪᠠᠨ ᠪᠠᠲᠤ ᠴᠣᠭᠴᠠᠯᠠᠵᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠶᠢ ᠳᠡᠭᠡᠭᠰᠢᠯᠡᠭᠦᠯᠭᠦ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠤ ᠪᠤᠳᠠᠭ᠎ᠠ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠳᠤᠲᠠᠭᠤᠳᠠᠯ ᠲᠠᠢ ᠨᠢᠭᠲᠠ ᠤᠶᠠᠯᠳᠤᠭᠤᠯᠤᠨ᠂ | ᠲᠣᠨᠤᠭ ᠲᠥᠬᠦᠭᠡᠷᠦᠮᠵᠢ ᠶᠢᠨ ᠰᠠᠭᠤᠷᠢ᠂ ᠮᠡᠷᠭᠡᠵᠢᠯ ᠤᠨ ᠰᠠᠭᠤᠷᠢ᠂ ᠲᠣᠨᠣᠭᠯᠠᠯ ᠤᠨ ᠰᠠᠭᠤᠷᠢ᠂ ᠲᠥᠷᠥ ᠶᠢᠨ | ᠪᠣᠳᠣᠯᠭ᠎ᠠ ᠶᠢᠨ ᠰᠠᠭᠤᠷᠢ᠂ ᠳᠦᠷᠢᠮ ᠤᠨ ᠰᠠᠭᠤᠷᠢ ᠶᠢ ᠪᠠᠬᠢᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ | ᠰᠠᠨᠠᠭᠠᠴᠢᠯᠠᠭᠠᠲᠤ ᠡᠷᠬᠡ ᠶᠢ ᠥᠨᠳᠥᠷ ᠲᠦᠪᠰᠢᠨ ᠢᠶᠠᠷ ᠪᠠᠲᠤ ᠡᠵᠡᠮᠳᠡᠨ᠎ᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠤᠯᠭᠠᠵᠤ᠂ ᠬᠥᠳᠡᠯᠭᠡᠬᠦ ᠡᠨᠧᠷᠭᠢ ᠶᠢ ᠨᠡᠮᠡᠭᠳᠡᠭᠦᠯᠵᠦ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ | ᠲᠠᠯ᠎ᠠ ᠳᠠᠬᠢ ᠰᠢᠨ᠎ᠡ ᠶᠢ ᠡᠭᠦᠳᠬᠦ ᠶᠢᠨ ᠭᠤᠣᠯᠯᠠᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠪᠠ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ᠂ ᠬᠥᠳᠡᠭᠡ | ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠥᠳᠡᠭᠡ ᠠᠵᠤ | ᠠᠬᠤᠢ ᠶᠢᠨ ᠰᠢᠨ᠎ᠡ ᠶᠢ ᠡᠭᠦᠳᠬᠦ ᠬᠦᠴᠦᠨ᠂ ᠥᠷᠢᠰᠦᠯᠳᠦᠬᠦ ᠬᠦᠴᠦᠨ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ | ᠨᠤᠷᠮ᠎ᠠ ᠶᠢ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠨᠥᠭᠡᠴᠡ ᠬᠦᠴᠦᠨ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ | ᠰᠠᠭᠤᠷᠢ ᠥᠩᠭᠡ ᠶᠢ ᠢᠯᠡᠷᠡᠭᠦᠯᠵᠦ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ | ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠨ ᠪᠤᠶ ᠪᠤᠯᠭᠠᠵᠤ᠂ ᠪᠣᠬᠢᠷᠳᠤᠯ | ᠦᠭᠡᠢ ᠣᠷᠴᠢᠯᠲᠤ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠤᠨ ᠢᠯᠡ ᠲᠣᠳᠣ ᠰᠠᠭᠤᠷᠢ ᠥᠩᠭᠡ ᠪᠣᠯᠭᠠᠨ᠎ᠠ᠃ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ | ᠲᠠᠷᠢᠶᠠᠴᠢᠳ ᠢ ᠪᠠᠶᠠᠵᠢᠭᠤᠯᠤᠨ᠂ ᠵᠢᠵᠢᠭ ᠲᠠᠷᠢᠶᠠᠴᠢᠨ ᠡᠷᠦᠭᠡ ᠶᠢᠨ ᠠᠰᠢᠭ ᠲᠤᠰᠠ ᠶᠢ ᠬᠠᠮᠠᠭᠠᠯᠠᠬᠤ ᠶᠢ | ᠴᠢᠬᠤᠯᠠᠴᠢᠯᠠᠵᠤ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ᠂ ᠬᠤᠳᠠ ᠬᠥᠳᠡᠭᠡ ᠶᠢᠨ | ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠬᠤ ᠪᠠᠷ ᠭᠤᠣᠯᠳᠠᠯᠭ᠎ᠠ ᠪᠣᠯᠭᠠᠨ᠂ ᠠᠵᠤ ᠦᠢᠯᠡᠰ ᠤᠨ | ᠬᠥᠭᠵᠢᠯᠲᠡ᠂ ᠠᠵᠢᠯ ᠡᠷᠭᠢᠯᠡᠭᠦ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ | ᠠᠵᠤ ᠠᠬᠤᠢ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ | ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠠᠪᠤᠳᠠᠯ ᠦᠯᠦ | ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠬᠤᠳᠠ ᠬᠥᠳᠡᠭᠡ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠤᠨ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠲᠠᠷᠢᠶᠠᠴᠢᠳ ᠲᠤ ᠨᠡᠩ ᠤᠯᠠᠨ ᠨᠡᠩ ᠭᠤᠣᠯᠴᠢ ᠪᠠᠷ ᠬᠦᠷᠲᠡᠭᠡᠨ᠎ᠡ᠃ ᠠᠯᠬᠤᠮ ᠲᠠᠷᠠᠭ᠎ᠠ ᠲᠠᠢ ᠪᠠᠷ | ᠠᠬᠢᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ | ᠱᠠᠲᠤᠨ ᠳᠤ ᠰᠠᠭᠤᠷᠢᠯᠠᠨ᠂ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠵᠤ᠂ ᠬᠥᠳᠡᠭᠡ | ᠲᠣᠰᠬᠤᠨ ᠤ ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠬᠥᠭᠵᠢᠯᠲᠡ ᠳᠤ ᠬᠠᠮᠤᠭ ᠤᠨ ᠲᠤᠯᠭᠠᠮ᠂ ᠲᠠᠷᠢᠶᠠᠴᠢᠳ ᠤᠨ ᠲᠤᠰᠬᠠᠯ ᠬᠠᠮᠤᠭ ᠤᠨ ᠴᠢᠩᠭ᠎ᠠ ᠪᠠᠶᠢᠭ᠎ᠠ ᠪᠣᠳᠠᠲᠠᠢ | ᠠᠰᠠᠭᠤᠳᠠᠯ ᠠᠴᠠ ᠭᠠᠷᠳᠠᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠱᠠᠲᠤ ᠦᠶ᠎ᠡ ᠬᠤᠪᠢᠶᠠᠨ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ | ᠭᠤᠣᠯ ᠬᠠᠷᠠᠯᠲᠠ᠄ 2027 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠶᠢ ᠢᠯᠡᠳᠲᠡ ᠠᠬᠢᠴᠠ ᠲᠠᠢ ᠪᠣᠯᠭᠠᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠠᠵᠢᠯ ᠮᠥᠨ ᠴᠢᠨᠠᠷ ᠤᠨ ᠠᠬᠢᠴᠠ ᠲᠠᠢ ᠪᠣᠯᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢᠨ ᠲᠠᠯ᠎ᠠ ᠪᠠᠷ ᠰᠢᠨ᠎ᠡ ᠳᠡᠭᠲᠡᠷ ᠲᠤ ᠭᠠᠷᠤᠨ᠎ᠠ᠃ ᠤᠨᠠᠯᠲᠠ ᠶᠢ | ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠤ | ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ 1.4 ᠲᠦᠮᠡᠨ ᠳ᠋ᠦᠩᠰᠢᠭᠤᠷ ᠵᠢᠩ ᠳᠤ | ᠬᠦᠷᠭᠡᠵᠦ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠵᠦᠢ ᠵᠣᠬᠢᠰᠲᠠᠢ ᠥᠪᠡᠷ ᠢ ᠪᠠᠨ ᠬᠠᠩᠭᠠᠬᠤ ᠲᠦᠪᠰᠢᠨ ᠢ | ᠪᠠᠲᠤᠯᠠᠨ᠎ᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠤᠨ | ᠲᠤᠯᠭᠠᠭᠤᠷᠢᠯᠠᠯ ᠦᠷᠭᠦᠯᠵᠢᠯᠡᠨ ᠴᠢᠩᠭᠠᠷᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ | ᠠᠵᠢᠯ ᠰᠢᠪᠲᠤᠯᠤᠯᠲᠠ ᠲᠠᠢ ᠪᠣᠯᠵᠤ᠂ ᠦᠷ᠎ᠡ ᠡᠭᠦᠯᠳᠡᠷ ᠪᠤᠶᠢᠵᠢᠭᠤᠯᠬᠤ ᠪᠣᠭᠤᠮᠲᠠ ᠰᠢᠪᠲᠤᠯᠬᠤ ᠠᠵᠢᠯ ᠢᠯᠡᠳᠲᠡ | ᠠᠬᠢᠴᠠ ᠲᠠᠢ ᠪᠣᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠤᠨ ᠳᠤᠲᠠᠭᠤᠳᠠᠯ ᠢ ᠨᠥᠬᠦᠪᠦᠷᠢᠯᠡᠬᠦ ᠠᠵᠢᠯ ᠱᠠᠲᠤᠴᠢ | ᠴᠢᠨᠠᠷᠲᠠᠢ ᠦᠷ᠎ᠡ ᠪᠦᠲᠦᠮᠵᠢ ᠣᠯᠣᠨ᠎ᠠ᠃ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ | ᠰᠢᠰᠲ᠋ᠧᠮ ᠢ ᠦᠨᠳᠦᠰᠦᠨ ᠳᠡᠭᠡᠨ ᠪᠦᠷᠢᠨᠰᠢᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ | ᠦᠷᠳᠡᠭ ᠤᠨ ᠬᠡᠯᠬᠢᠶ᠎ᠡ ᠶᠢ ᠤᠷᠲᠤᠳᠬᠠᠨ ᠥᠷᠭᠡᠳᠬᠡᠵᠦ᠂ ᠬᠥᠳᠡᠭᠡ ᠠᠵᠤ ᠠᠬᠤᠢ ᠶᠢᠨ ᠳᠡᠯᠡᠬᠡᠢ ᠳᠡᠭᠡᠷᠡᠬᠢ | ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠢᠯᠯᠠᠵᠤ ᠠᠮᠢᠳᠤᠷᠠᠬᠤ ᠳᠤ ᠲᠣᠬᠢᠲᠠᠢ | ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠢᠳᠡᠪᠬᠢᠲᠡᠢ | ᠠᠬᠢᠵᠤ᠂ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠯᠠᠨ ᠲᠦᠮᠡᠨ ᠳᠤ | ᠮᠡᠳᠡᠭᠳᠡᠮ᠎ᠡ ᠮᠡᠳᠡᠷᠡᠭᠳᠡᠮᠡ ᠨᠢᠭᠡ ᠪᠦᠯᠦᠭ ᠪᠣᠳᠠᠲᠤ ᠶᠠᠪᠤᠳᠠᠯ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠨ | ᠪᠡᠶᠡᠯᠡᠭᠦᠯᠵᠦ᠂ ᠶᠠᠪᠤᠵᠤ ᠰᠠᠭᠤᠬᠤ᠂ ᠤᠰᠤ ᠬᠡᠷᠡᠭᠯᠡᠬᠦ᠂ ᠵᠣᠷᠯᠣᠩ ᠬᠡᠷᠡᠭᠯᠡᠬᠦ ᠳᠤ ᠲᠥᠭᠦᠮ ᠪᠤᠯᠭᠠᠬᠤ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠪᠣᠬᠢᠷ ᠤᠰᠤ ᠶᠢ ᠵᠠᠰᠠᠬᠤ᠂ ᠣᠨᠣᠰᠢᠯᠠᠨ ᠡᠮᠨᠡᠬᠦ ᠦᠢᠯᠡᠴᠢᠯᠡᠭᠡ᠂ ᠨᠠᠰᠤᠵᠢᠯ ᠤᠨ | ᠠᠰᠠᠷᠠᠮᠵᠢ ᠶᠢᠨ ᠪᠠᠲᠤᠯᠠᠭ᠎ᠠ᠂ ᠨᠤᠲᠤᠭ ᠤᠨ ᠰᠤᠷᠲᠠᠯ ᠪᠣᠯᠪᠠᠰᠤᠨ᠂ ᠠᠵᠤ ᠦᠢᠯᠡᠰ ᠢᠶᠠᠷ ᠲᠠᠷᠢᠶᠠᠯᠠᠩ ᠢ ᠳᠠᠶᠢᠴᠢᠯᠠᠬᠤ | ᠲᠦᠪᠰᠢᠨ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠶᠢᠨ ᠨᠡᠮᠡᠭᠳᠡᠯ ᠬᠢᠭᠡᠳ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠦᠷᠭᠦᠯᠵᠢᠯᠡᠨ ᠪᠠᠭᠠᠰᠬᠠᠨ᠎ᠠ᠃ | 2035 ᠣᠨ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ | ᠢᠯᠡᠳᠲᠡ ᠦᠷ᠎ᠡ ᠪᠦᠲᠦᠮᠵᠢ ᠣᠯᠣᠨ᠎ᠠ᠃ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠵᠢᠯ ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠵᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠵᠦ᠂ ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ | ᠦᠨᠳᠦᠰᠦᠨ ᠳᠡᠭᠡᠨ ᠪᠦᠷᠢᠯᠳᠦᠭᠦᠯᠦᠨ᠎ᠡ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠲᠣᠭᠲᠠᠭᠤᠨ᠂ | ᠬᠠᠩᠭᠠᠯᠭ᠎ᠠ ᠨᠠᠩ ᠠᠮᠤᠷ ᠲᠦᠪᠰᠢᠨ ᠪᠣᠯᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢᠨ ᠲᠠᠰ | ᠳᠡᠪᠰᠢᠵᠦ ᠲᠡᠭᠦᠯᠳᠡᠷᠵᠢᠬᠦ᠂ ᠠᠭᠤᠰᠤᠯᠴᠠᠬᠤ ᠨᠠᠩ ᠭᠦᠢᠴᠡᠳ ᠪᠣᠯᠵᠤ᠂ ᠬᠥᠳᠡᠭᠡ ᠲᠣᠰᠬᠤᠨ ᠤ ᠲᠥᠬᠦᠭᠡᠷᠦᠮᠵᠢ | ᠪᠦᠷᠢᠨ ᠲᠥᠬᠦᠷ᠂ ᠠᠮᠢᠳᠤᠷᠠᠯ ᠨᠠᠩ ᠳᠥᠭᠦᠮ ᠳᠥᠲᠡ ᠪᠣᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ | ᠦᠢᠯᠡᠴᠢᠯᠡᠭᠡ ᠲᠦᠭᠡᠮᠡᠯ ᠬᠠᠷᠠᠭᠠᠯᠵᠠᠯᠲᠤ ᠠᠳᠠᠯᠢ ᠲᠡᠭᠰᠢ ᠪᠣᠯᠵᠤ᠂ ᠪᠠᠲᠤᠯᠠᠭ᠎ᠠ ᠨᠠᠩ ᠬᠦᠴᠦᠲᠡᠢ ᠪᠣᠯᠵᠤ᠂ ᠬᠥᠳᠡᠭᠡ | ᠠᠵᠤ ᠠᠬᠤᠢ ᠬᠥᠳᠡᠭᠡ ᠲᠣᠰᠬᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠨᠠᠩ ᠲᠡᠭᠦᠯᠳᠡᠷᠵᠢᠵᠦ᠂ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮ ᠦᠨᠳᠦᠰᠦᠨ ᠳᠡᠭᠡᠨ ᠲᠡᠭᠦᠯᠳᠡᠷᠵᠢᠵᠦ᠂ ᠨᠡᠶᠢᠭᠡᠮ ᠨᠠᠩ ᠠᠮᠤᠷ ᠲᠣᠭᠲᠠᠭᠤᠨ | ᠪᠣᠯᠵᠤ᠂ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠤᠲᠠ ᠬᠥᠳᠡᠭᠡ ᠶᠢᠨ ᠬᠥᠭᠵᠢᠯᠲᠡ ᠨᠠᠩ | ᠵᠣᠬᠢᠴᠠᠩᠭᠤᠢ ᠪᠣᠯᠣᠨ᠎ᠠ᠃ ᠲᠤᠰ ᠵᠠᠭᠤᠨ ᠤ ᠳᠤᠮᠳᠠᠴᠢ ᠪᠤᠯᠬᠤ ᠳᠤ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠬᠠᠩᠭᠠᠯᠭ᠎ᠠ ᠶᠢᠨ ᠪᠠᠲᠤᠯᠠᠭ᠎ᠠ ᠠᠮᠤᠷ ᠲᠦᠪᠰᠢᠨ | ᠨᠠᠶᠢᠳᠠᠪᠤᠷᠢᠲᠠᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠪᠡᠶ᠎ᠡ ᠪᠠᠨ ᠳᠠᠭᠠᠭᠠᠵᠤ | ᠬᠦᠴᠦᠷᠬᠡᠭᠵᠢᠵᠦ᠂ ᠲᠤᠨᠤᠭ ᠲᠥᠬᠦᠭᠡᠷᠦᠮᠵᠢ ᠨᠢ ᠢᠵᠢ ᠪᠦᠷᠢᠳᠦᠨ ᠲᠡᠭᠦᠯᠳᠡᠷᠵᠢᠵᠦ᠂ ᠬᠥᠳᠡᠭᠡ ᠲᠣᠰᠬᠤᠨ ᠤ ᠠᠵᠤ | ᠦᠢᠯᠡᠰ ᠤᠨ ᠬᠡᠯᠬᠢᠶ᠎ᠡ ᠪᠦᠷᠢᠨᠰᠢᠭᠰᠡᠨ ᠪᠥᠭᠡᠳ ᠥᠨᠳᠥᠷ ᠪᠦᠲᠦᠮᠵᠢᠲᠡᠢ ᠪᠣᠯᠵᠤ᠂ ᠬᠥᠳᠡᠭᠡ ᠲᠣᠰᠬᠤᠨ ᠪᠣᠯᠪᠠᠰᠤᠨ | ᠦᠵᠡᠰᠬᠦᠯᠡᠩᠲᠦ ᠰᠠᠶᠢᠬᠠᠨ᠂ ᠲᠠᠷᠢᠶᠠᠴᠢᠳ ᠤᠨ ᠠᠮᠢᠳᠤᠷᠠᠯ ᠵᠣᠯ ᠵᠢᠷᠭᠠᠯ ᠲᠠᠢ ᠰᠠᠶᠢᠨ ᠰᠠᠶᠢᠬᠠᠨ ᠪᠣᠯᠵᠤ᠂ ᠤᠯᠠᠨ | ᠤᠯᠤᠰ ᠤᠨ ᠥᠷᠢᠰᠦᠯᠳᠦᠭᠡᠨ ᠤ ᠳᠠᠪᠠᠭᠤᠯᠢᠭ ᠢᠯᠡᠷᠬᠡᠢ ᠪᠣᠯᠵᠤ᠂ ᠬᠤᠳᠠ ᠬᠥᠳᠡᠭᠡ ᠪᠦᠭᠦ ᠲᠠᠯ᠎ᠠ ᠪᠠᠷ | ᠠᠭᠤᠰᠤᠯᠴᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠦᠭᠦ ᠲᠠᠯ᠎ᠠ ᠪᠠᠷ ᠪᠡᠶᠡᠯᠡᠭᠦᠯᠦᠨ᠎ᠡ᠃ | ᠬᠤᠶᠠᠷ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠵᠦ᠂ | ᠳᠤᠮᠳᠠᠳᠤᠴᠤᠳ ᠤᠨ ᠪᠤᠳᠠᠭᠠᠨ ᠠᠶᠠᠭ᠎ᠠ ᠶᠢ ᠨᠠᠩ ᠪᠠᠲᠤ ᠨᠠᠩ ᠯᠠᠪᠳᠠᠭᠤᠨ ᠪᠠᠶᠢᠯᠭᠠᠨ᠎ᠠ | ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ | ᠬᠠᠩᠭᠠᠯᠭ᠎ᠠ ᠶᠢ ᠪᠠᠲᠤᠯᠠᠬᠤ ᠶᠢ ᠲᠡᠷᠢᠭᠦᠨ ᠴᠢᠬᠤᠯᠠ ᠶᠠᠪᠤᠳᠠᠯ ᠪᠤᠯᠭᠠᠵᠤ᠂ ᠲᠠᠷᠢᠶᠠᠨ ᠭᠠᠵᠠᠷ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠪᠣᠳᠠᠰ ᠤᠨ ᠰᠠᠭᠤᠷᠢ ᠶᠢ ᠪᠠᠲᠤ ᠴᠣᠭᠴᠠᠯᠠᠨ᠎ᠠ᠃ | ︵ᠨᠢᠭᠡ︶ ᠲᠠᠷᠢᠶᠠᠨ ᠭᠠᠵᠠᠷ ᠤᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ︽ᠭᠤᠷᠪᠠ ᠶᠢ ᠨᠢᠭᠡ | ᠴᠣᠭᠴᠠᠵᠢᠭᠤᠯᠬᠤ︾ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠵᠦ᠂ ᠲᠠᠷᠢᠶᠠᠨ ᠭᠠᠵᠠᠷ ᠢ ᠡᠵᠡᠯᠡᠬᠦ | ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠵᠦ᠂ ᠡᠯ᠎ᠡ | ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠨᠢᠭᠡᠳᠦᠯᠲᠡᠢ ᠬᠠᠮᠢᠶᠠᠷᠤᠯᠲᠠ ᠳᠤ ᠣᠷᠣᠭᠤᠯᠤᠨ᠂ ᠲᠠᠷᠢᠶᠠᠨ | ᠭᠠᠵᠠᠷ ᠤᠨ ᠶᠠᠰᠤ ᠴᠢᠨᠠᠷ ᠢ ᠰᠢᠯᠭᠠᠨ ᠠᠪᠬᠤ ᠲᠣᠭᠲᠠᠴᠠ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠲᠡᠩᠴᠡᠭᠦᠷᠢᠲᠡᠢ | ᠪᠠᠶᠢᠯᠭᠠᠬᠤ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠨ᠎ᠠ᠃ 18.65 ᠳ᠋ᠦᠩᠰᠢᠭᠤᠷ ᠮᠦ ᠲᠠᠷᠢᠶᠠᠨ ᠭᠠᠵᠠᠷ | ᠪᠠ 15.46 ᠳ᠋ᠦᠩᠰᠢᠭᠤᠷ ᠮᠦ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠪᠠᠲᠤ ᠰᠠᠬᠢᠨ᠎ᠠ᠃ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠠᠵᠢᠯ ᠢ ᠣᠷᠣᠨ ᠬᠤᠪᠢᠶᠠᠨ | ᠲᠥᠷᠥᠯ ᠬᠤᠪᠢᠶᠠᠨ ᠥᠷᠨᠢᠭᠦᠯᠵᠦ᠂ ᠬᠤᠵᠢᠷᠯᠢᠭ ᠭᠠᠵᠠᠷ ᠵᠡᠷᠭᠡ ᠲᠠᠷᠢᠶᠠᠨ ᠭᠠᠵᠠᠷ ᠤᠨ ᠨᠥᠭᠡᠴᠡ ᠡᠬᠢ ᠪᠠᠶᠠᠯᠢᠭ ᠢ | ᠨᠡᠭᠡᠭᠡᠨ ᠠᠰᠢᠭᠯᠠᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠤᠨ᠎ᠠ᠃ ᠵᠡᠭᠦᠨ | ᠬᠤᠶᠢᠲᠤ ᠶᠢᠨ ᠬᠠᠷ᠎ᠠ ᠬᠥᠷᠥᠰᠥᠲᠦ ᠭᠠᠵᠠᠷ᠂ ᠲᠠᠯ᠎ᠠ ᠭᠠᠵᠠᠷ᠂ ᠤᠰᠤᠨ ᠠᠰᠢᠭᠯᠠᠯᠲᠠ ᠶᠢᠨ ᠤᠰᠤᠯᠠᠯᠲᠠ ᠶᠢᠨ | ᠨᠥᠬᠦᠴᠡᠯ ᠢ ᠪᠦᠷᠢᠯᠳᠦᠭᠦᠯᠦᠭᠰᠡᠨ ᠭᠠᠵᠠᠷ ᠣᠷᠣᠨ ᠤ ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠶᠠᠰᠤ ᠴᠢᠨᠠᠷ ᠢ | ᠳᠡᠭᠡᠭᠰᠢᠯᠡᠭᠦᠯᠦᠨ᠂ ᠨᠥᠬᠦᠴᠡᠯ ᠪᠦᠷᠢᠯᠳᠦᠭᠦᠯᠦᠭᠰᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠭᠦᠨ ᠢ | ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ | ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠯᠭᠠᠨ ᠠᠪᠬᠤ᠂ ᠬᠠᠮᠢᠶᠠᠷᠴᠤ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ ᠰᠢᠰᠲ᠋ᠧᠮ ᠢ ᠪᠠᠶᠢᠭᠤᠯᠤᠨ | ᠪᠦᠷᠢᠨᠰᠢᠭᠦᠯᠦᠨ᠎ᠡ᠃ ᠲᠠᠷᠢᠶᠠᠨ ᠭᠠᠵᠠᠷ ᠤᠨ ᠣᠷᠭᠠᠨᠢᠭ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ | ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠪᠠ ᠲᠠᠴᠢᠷᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ | ᠴᠢᠩᠭᠠᠳᠬᠠᠨ᠎ᠠ᠃ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ | ᠴᠢᠩᠭᠠᠳᠬᠠᠵᠤ᠂ ᠬᠥᠳᠡᠭᠡ ᠠᠵᠤ ᠠᠬᠤᠢ ᠶᠢᠨ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠲᠣᠣᠷ ᠢ | ᠲᠡᠭᠦᠯᠳᠡᠷᠵᠢᠭᠦᠯᠦᠨ᠎ᠡ᠃ ᠬᠥᠳᠡᠭᠡ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠬᠤᠶᠠᠷ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ | ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠤ ᠪᠤᠳᠠᠭ᠎ᠠ | ᠲᠣᠰᠣ ᠵᠡᠷᠭᠡ ᠭᠤᠣᠯ ᠪᠤᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠤ ᠦᠢᠯᠡᠰ ᠤᠨ ᠪᠦᠰᠡ ᠶᠢ | ᠲᠦᠷᠭᠡᠳᠬᠡᠨ ᠪᠠᠶᠢᠭᠤᠯᠤᠨ᠎ᠠ᠃ ᠤᠰᠤᠨ ᠲᠤᠲᠤᠷᠭ᠎ᠠ᠂ ᠪᠤᠭᠤᠳᠠᠢ ᠶᠢᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ | ᠪᠦᠲᠦᠴᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠲᠥᠮᠥᠰᠥ ᠶᠢᠨ ᠲᠥᠷᠥᠯ ᠤᠨ ᠡᠯᠳᠡᠪ ᠠᠮᠤ ᠶᠢ ᠬᠥᠭᠵᠢᠭᠦᠯᠦᠨ᠎ᠡ᠃ ᠰᠢᠯᠢᠮᠳᠡᠭ᠂ | ᠯᠣᠬᠠᠱᠧᠩ ᠵᠡᠷᠭᠡ ᠲᠣᠰᠣᠯᠢᠭ ᠲᠠᠷᠢᠮᠠᠯ ᠤᠨ ᠦᠢᠯᠡᠳᠪᠦᠷᠢᠯᠡᠯ ᠤᠨ ᠳᠠᠯᠳᠠ ᠬᠦᠴᠦᠨ ᠢ ᠠᠭᠤᠳᠠᠯᠵᠤ᠂ ᠲᠣᠰᠣᠨ ᠴᠠᠢ | ᠂ ᠠᠮᠢᠲᠠᠨ ᠤ ᠥᠭᠡᠬᠦ ᠶᠢᠨ ᠲᠣᠰᠣ ᠵᠡᠷᠭᠡ ᠲᠣᠰᠣᠨ ᠤ ᠢᠷᠡᠯᠲᠡ ᠶᠢ ᠥᠷᠭᠡᠳᠬᠡᠨ᠎ᠡ᠃ ︽ᠢᠳᠡᠰᠢ ᠶᠢᠨ ᠨᠣᠭᠤᠭ᠎ᠠ︾ | ᠶᠢᠨ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠡᠮᠦᠨᠡᠲᠦ ᠶᠢᠨ ᠨᠣᠭᠤᠭ᠎ᠠ ᠶᠢ | ᠤᠮᠠᠷᠠᠰᠢ ᠵᠥᠭᠡᠭᠡᠪᠦᠷᠢᠯᠡᠬᠦ ᠪᠠ ᠬᠦᠢᠲᠡᠨ ᠰᠡᠷᠢᠭᠦᠨ ᠭᠠᠵᠠᠷ ᠣᠷᠣᠨ ᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ | ᠬᠥᠭᠵᠢᠭᠦᠯᠵᠦ᠂ ᠭᠠᠭ᠋ᠠᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠦ ᠶᠢᠨ | ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠮᠢᠬᠠᠨ ᠤ ᠦᠬᠡᠷ ᠬᠤᠨᠢᠨ ᠤ ᠲᠤᠭ᠎ᠠ ᠬᠡᠮᠵᠢᠶ᠎ᠡ ᠶᠢ | ᠨᠡᠮᠡᠭᠳᠡᠭᠦᠯᠦᠨ ᠶᠠᠰᠤ ᠴᠢᠨᠠᠷ ᠢ ᠳᠡᠭᠡᠭᠰᠢᠯᠡᠭᠦᠯᠭᠦ ᠠᠵᠢᠯᠯᠠᠭ᠎ᠠ ᠶᠢ ᠥᠷᠨᠢᠭᠦᠯᠵᠦ᠂ ᠣᠲᠣ ᠦᠶ᠎ᠡ ᠶᠢᠨ ᠵᠢᠭᠠᠰᠤᠨ ᠠᠵᠤ | ᠠᠬᠤᠢ ᠶᠢ ᠬᠥᠭᠵᠢᠭᠦᠯᠦᠨ᠎ᠡ᠃ ᠰᠢᠬᠢᠷᠯᠢᠭ ᠲᠠᠷᠢᠮᠠᠯ ᠤᠨ ᠨᠢᠰᠢᠩᠭᠦ ᠶᠢᠨ ᠰᠠᠶᠢᠨ ᠡᠭᠦᠯᠳᠡᠷ ᠢ ᠢᠳᠡᠪᠬᠢᠲᠡᠢ | ᠪᠤᠶᠢᠵᠢᠭᠤᠯᠤᠨ ᠳᠡᠯᠭᠡᠷᠡᠭᠦᠯᠵᠦ᠂ ᠮᠧᠬᠠᠨᠢᠭᠵᠢᠭᠤᠯᠤᠯᠲᠠ ᠶᠢᠨ ᠲᠦᠪᠰᠢᠨ ᠢ ᠲᠦᠷᠭᠡᠳᠬᠡᠨ ᠳᠡᠭᠡᠭᠰᠢᠯᠡᠭᠦᠯᠦᠨ᠎ᠡ᠃ | ᠪᠠᠶᠢᠭᠠᠯᠢ ᠶᠢᠨ ᠭᠤᠮ ᠤᠨ ᠬᠠᠭᠤᠴᠢᠨ ᠭᠤᠮ ᠤᠨ ᠬᠦᠷᠢᠶᠡᠯᠡᠩ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ | ᠣᠨᠴᠠ ᠲᠥᠷᠥᠯ ᠤᠨ ᠭᠤᠮ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠠᠮᠤ ᠪᠤᠳᠠᠭᠠᠨ ᠤ ᠦᠢᠯᠡᠳᠪᠦᠷᠢᠯᠡᠯ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠮᠤ ᠪᠤᠳᠠᠭ᠎ᠠ︾ ᠶᠢᠨ ᠬᠠᠩᠭᠠᠯᠭ᠎ᠠ ᠶᠢ ᠪᠠᠲᠤᠯᠠᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠠᠷᠢᠶᠠᠨ ᠭᠠᠵᠠᠷ ᠢ ᠦᠨᠳᠦᠰᠦᠨ ᠲᠠᠷᠢᠮᠠᠯ ᠳᠤ ᠬᠡᠷᠡᠭᠯᠡᠬᠦ | ᠬᠠᠮᠢᠶᠠᠷᠤᠯᠲᠠ ᠶᠢᠨ ᠰᠢᠰᠲ᠋ᠧᠮ ᠢ ᠪᠠᠲᠤᠯᠠᠨ ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ 17.5 | ᠳ᠋ᠦᠩᠰᠢᠭᠤᠷ ᠮᠦ ᠣᠷᠴᠢᠮ᠂ ᠠᠮᠤ ᠪᠤᠳᠠᠭᠠᠨ ᠤ ᠲᠠᠯᠠᠪᠠᠶ ᠶᠢ 14.5 ᠳ᠋ᠦᠩᠰᠢᠭᠤᠷ ᠮᠦ ᠣᠷᠴᠢᠮ | ᠲᠣᠭᠲᠠᠪᠤᠷᠢᠵᠢᠭᠤᠯᠬᠤ ᠶᠢ ᠪᠠᠲᠤᠯᠠᠨ᠎ᠠ᠃ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ | ᠪᠠᠲᠤᠯᠠᠬᠤ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ | ᠲᠠᠷᠢᠶᠠᠯᠠᠩ ᠤᠨ ᠳᠠᠭᠠᠳᠬᠠᠯ ᠤᠨ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠵᠠᠳᠠᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠶᠢᠨ | ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠱᠠᠩᠨᠠᠯ ᠨᠥᠬᠦᠪᠦᠷᠢ ᠥᠭᠬᠦ | ᠳᠦᠷᠢᠮ ᠢ ᠲᠡᠭᠦᠯᠳᠡᠷᠵᠢᠭᠦᠯᠦᠨ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠲᠡᠶᠢᠰᠢ ᠬᠡᠯᠪᠠᠶᠢᠯᠭᠡᠵᠦ᠂ ᠮᠤᠵᠢ ᠶᠢᠨ ᠱᠠᠲᠤᠨ ᠠᠴᠠ ᠨᠢᠭᠡᠳᠦᠯᠲᠡᠢ | ᠲᠥᠯᠥᠪᠯᠡᠬᠦ ᠭᠠᠵᠠᠷ ᠰᠢᠷᠣᠢ ᠶᠢ ᠰᠢᠯᠵᠢᠭᠦᠯᠦᠨ ᠥᠭᠬᠦ ᠣᠷᠣᠯᠭ᠎ᠠ ᠶᠢ ᠲᠣᠭᠲᠠᠭᠠᠯ ᠶᠣᠰᠣᠭᠠᠷ ᠠᠮᠤ ᠪᠤᠳᠠᠭᠠᠨ ᠤ | ᠭᠤᠣᠯ ᠭᠠᠷᠤᠯᠲᠠ ᠶᠢᠨ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ | ᠤᠳᠤ ᠦᠶ᠎ᠡ ᠶᠢᠨ ᠦᠷ᠎ᠡ ᠶᠢᠨ ᠦᠢᠯᠡᠰ ᠤᠨ ᠳᠡᠭᠡᠭᠰᠢᠯᠡᠯᠲᠡ ᠵᠡᠷᠭᠡ ᠳᠤ ᠬᠡᠷᠡᠭᠯᠡᠵᠦ᠂ ᠠᠮᠤ ᠪᠤᠳᠠᠭᠠᠨ ᠤ | ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ | ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠨᠢᠭᠡᠳᠦᠯᠲᠡᠢ ᠲᠥᠯᠥᠪᠵᠢᠭᠦᠯᠦᠨ ᠪᠠᠶᠢᠭᠤᠯᠤᠨ᠎ᠠ᠃ | ︵ᠳᠥᠷᠪᠡ︶ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠨᠥᠭᠡᠴᠡᠯᠡᠵᠦ | ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠎ᠠ᠃ ᠤᠯᠤᠰ ᠤᠨ ᠨᠥᠭᠡᠴᠡᠯᠡᠬᠦ ᠰᠢᠰᠲ᠋ᠧᠮ ᠢ ᠲᠦᠷᠭᠡᠳᠬᠡᠨ | ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠪᠣᠷᠣᠯᠠᠭᠤᠯᠬᠤ ᠪᠠ ᠨᠥᠭᠡᠴᠡᠯᠡᠬᠦ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠨᠠᠯᠲᠠ | ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠠᠶᠢᠭᠤᠯᠤᠨ᠎ᠠ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ | ᠪᠦᠲᠦᠭᠡᠭᠳᠡᠬᠦᠨ ᠤ ᠪᠦᠭᠦ ᠬᠡᠯᠬᠢᠶᠡᠨ ᠤ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠪᠣᠷᠳᠣᠭᠠᠨ ᠳᠤ ᠬᠡᠷᠡᠭᠯᠡᠬᠦ ᠪᠤᠷᠴᠠᠭ ᠤᠨ ᠰᠢᠬᠠᠳᠠᠰᠤ ᠶᠢ ᠪᠠᠭᠠᠰᠬᠠᠨ ᠣᠷᠣᠯᠠᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠤᠭᠤᠷᠠᠭ ᠪᠠᠭᠠᠲᠠᠢ ᠬᠤᠨᠤᠭ ᠤᠨ ᠠᠮᠤ ᠶᠢᠨ ᠮᠡᠷᠭᠡᠵᠢᠯ ᠢ ᠳᠡᠯᠭᠡᠷᠡᠭᠦᠯᠦᠨ᠎ᠡ᠃ ᠠᠮᠤ | ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠵᠦ᠂ ᠠᠮᠤ ᠪᠤᠳᠠᠭ᠎ᠠ ᠳᠠᠷᠢᠬᠤ᠂ ᠬᠤᠷᠢᠶᠠᠬᠤ᠂ ᠬᠠᠳᠠᠭᠠᠯᠠᠵᠤ ᠵᠥᠭᠡᠭᠡᠪᠦᠷᠢᠯᠡᠬᠦ᠂ ᠡᠳ᠋ᠰᠢᠭᠦᠯᠬᠦ᠂ ᠬᠡᠷᠡᠭᠯᠡᠬᠦ | ᠵᠡᠷᠭᠡ ᠪᠦᠭᠦ ᠬᠡᠯᠬᠢᠶ᠎ᠡ ᠪᠦᠭᠦ ᠭᠤᠭᠴᠤᠭ᠎ᠠ ᠪᠠᠷ ᠠᠷᠪᠢᠯᠠᠨ ᠭᠠᠮᠨᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠵᠤ᠂ | ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ ᠢ ᠲᠡᠭᠦᠯᠳᠡᠷᠵᠢᠭᠦᠯᠦᠨ᠎ᠡ᠃ | ︵ᠲᠠᠪᠤ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ | ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠤ᠂ ᠢᠳᠡᠭᠡᠨ ᠤ ᠡᠬᠢ ᠪᠠᠶᠠᠯᠢᠭ ᠢ ᠪᠦᠭᠦ | ᠲᠠᠯ᠎ᠠ ᠪᠠᠷ᠂ ᠤᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠢ ᠰᠠᠶᠢᠲᠤᠷ | ᠬᠠᠮᠠᠭᠠᠯᠠᠭᠰᠠᠨ ᠤᠷᠢᠲᠠᠯ ᠳᠣᠣᠷ᠎ᠠ᠂ ᠮᠣᠳᠣᠯᠢᠭ ᠠᠮᠤ ᠲᠣᠰᠣ ᠶᠢ ᠬᠥᠭᠵᠢᠭᠦᠯᠦᠨ᠎ᠡ᠃ ᠴᠢᠨᠠᠷ ᠰᠠᠶᠢᠲᠠᠢ ᠤᠰᠤ | ᠠᠷᠪᠢᠯᠠᠬᠤ ᠥᠨᠳᠥᠷ ᠤᠨᠠᠯᠲᠠ ᠲᠠᠢ ᠲᠡᠵᠢᠭᠡᠯ ᠡᠪᠡᠰᠦᠨ ᠤ ᠦᠢᠯᠡᠳᠪᠦᠷᠢᠯᠡᠯ ᠢ ᠬᠥᠭᠵᠢᠭᠦᠯᠦᠨ᠎ᠡ᠃ ᠶᠡᠭᠡ ᠤᠰᠤᠨ | ᠭᠠᠳᠠᠷᠭᠤ ᠶᠢᠨ ᠠᠮᠢ ᠠᠬᠤᠢ ᠶᠢᠨ ᠵᠢᠭᠠᠰᠤᠨ ᠠᠵᠤ ᠠᠬᠤᠢ ᠶᠢ ᠬᠥᠭᠵᠢᠭᠦᠯᠵᠦ᠂ ᠡᠬᠡ ᠬᠠᠭᠤᠷᠠᠢ ᠶᠢᠨ ᠰᠠᠭᠤᠷᠢ ᠪᠠ | ᠠᠯᠤᠰ ᠳᠠᠯᠠᠢ ᠶᠢᠨ ᠲᠡᠵᠢᠭᠡᠨ ᠦᠷᠡᠵᠢᠭᠦᠯᠬᠦ ᠵᠢᠭᠠᠰᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠣᠶᠢᠷ᠎ᠠ ᠳᠠᠯᠠᠢ ᠠᠴᠠ ᠠᠩᠨᠠᠵᠤ ᠱᠦᠭᠦᠬᠦ ᠪᠠ ᠠᠯᠤᠰ ᠳᠠᠯᠠᠢ ᠶᠢᠨ ᠵᠢᠭᠠᠰᠤᠨ ᠠᠵᠤ ᠠᠬᠤᠢ ᠶᠢ ᠵᠢᠷᠤᠮᠵᠢᠭᠤᠯᠤᠨ | ᠬᠥᠭᠵᠢᠭᠦᠯᠦᠨ᠎ᠡ᠃ ᠲᠥᠬᠦᠭᠡᠷᠦᠮᠵᠢᠲᠦ ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ | ᠬᠡᠷᠡᠭᠵᠢᠭᠦᠯᠵᠦ᠂ ᠪᠠᠷᠢᠮᠵᠢᠶ᠎ᠠ ᠨᠢ ᠵᠢᠷᠤᠮᠵᠢᠭᠤᠨ᠂ ᠲᠣᠨᠣᠭᠯᠠᠯ ᠨᠢ ᠲᠡᠷᠢᠭᠦᠨ ᠤ᠂ ᠭᠠᠷᠭᠠᠯᠲᠠ ᠨᠢ ᠥᠨᠳᠥᠷ | ᠪᠦᠲᠦᠮᠵᠢᠲᠡᠶ ᠣᠲᠣ ᠦᠶ᠎ᠡ ᠶᠢᠨ ᠳᠠᠷᠢᠵᠤ ᠲᠡᠵᠢᠭᠡᠬᠦ ᠲᠥᠬᠦᠭᠡᠷᠦᠮᠵᠢ ᠶᠢ ᠪᠠᠶᠢᠭᠤᠯᠵᠤ᠂ ᠲᠠᠷᠢᠶᠠᠯᠠᠩ ᠤᠨ | ᠦᠢᠯᠡᠳᠪᠦᠷᠢ ᠵᠡᠷᠭᠡ ᠰᠢᠨ᠎ᠡ ᠭᠡᠯᠪᠡᠷᠢ ᠶᠢ ᠬᠥᠭᠵᠢᠭᠦᠯᠦᠨ᠎ᠡ᠃ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠠᠮᠢᠳᠤ ᠪᠣᠳᠠᠰ ᠤᠨ ᠠᠵᠤ ᠦᠢᠯᠡᠰ ᠢ ᠬᠥᠭᠵᠢᠭᠦᠯᠵᠦ᠂ ᠢᠳᠡᠰᠢᠨ ᠤ ᠮᠥᠭᠦ ᠶᠢᠨ ᠠᠵᠤ ᠦᠢᠯᠡᠰ ᠢ | ᠪᠤᠵᠠᠭᠠᠶᠢᠷᠠᠭᠤᠯᠤᠨ᠂ ᠨᠡᠶᠢᠯᠡᠮᠡᠯ ᠠᠮᠢᠳᠤ ᠪᠣᠳᠠᠰ ᠤᠨ ᠠᠵᠤ ᠦᠢᠯᠡᠰᠵᠢᠯᠲᠡ ᠶᠢ ᠠᠬᠢᠭᠤᠯᠤᠨ᠎ᠠ᠃ | ᠭᠤᠷᠪᠠ᠂ ᠪᠦᠭᠦ ᠬᠦᠷᠢᠶᠡᠨ ᠳᠤ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠣᠨᠤᠭ ᠲᠥᠬᠦᠭᠡᠷᠦᠮᠵᠢ ᠶᠢᠨ ᠰᠢᠨ᠎ᠡ ᠶᠢ ᠡᠭᠦᠳᠬᠦ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ | ᠪᠡᠶᠡᠯᠡᠭᠦᠯᠦᠨ᠎ᠡ | ᠬᠥᠳᠡᠭᠡ ᠠᠵᠤ ᠠᠬᠤᠢ ᠶᠢᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠᠷ | ᠤᠳᠤᠷᠢᠳᠤᠮᠵᠢ ᠪᠤᠯᠭᠠᠵᠤ᠂ ᠠᠵᠤ ᠦᠢᠯᠡᠰ ᠤᠨ ᠪᠠᠴᠢᠮ ᠬᠡᠷᠡᠭᠴᠡᠭᠡ ᠪᠠᠷ ᠤᠳᠤᠷᠢᠳᠤᠮᠵᠢ ᠪᠤᠯᠭᠠᠵᠤ᠂ ᠦᠷ᠎ᠡ ᠶᠢᠨ | ᠦᠢᠯᠡᠰ ᠢᠶᠠᠷ ᠭᠤᠣᠯᠳᠠᠯᠭ᠎ᠠ ᠪᠤᠯᠭᠠᠬᠰᠠᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠶᠢ ᠲᠦᠷᠭᠡᠳᠬᠡᠵᠦ᠂ ᠴᠢᠬᠤᠯᠠ ᠶᠡᠭᠡ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠪᠠᠷ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ | ︵ᠵᠢᠷᠭᠤᠭ᠎ᠠ︶ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠲᠦᠪᠰᠢᠨ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠶᠢ ᠲᠦᠷᠭᠡᠳᠬᠡᠨ᠎ᠡ᠃ ᠤᠯᠤᠰ ᠤᠨ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠬᠦᠴᠦᠨ ᠤ | ᠪᠠᠶᠢᠭᠤᠯᠤᠯᠲᠠ ᠶᠢ ᠴᠢᠩᠭᠠᠳᠬᠠᠨ᠂ ᠬᠥᠳᠡᠭᠡ ᠠᠵᠤ ᠠᠬᠤᠢ ᠶᠢᠨ ᠰᠠᠭᠤᠷᠢ ᠰᠤᠳᠤᠯᠤᠯ ᠪᠣᠯᠣᠨ ᠨᠡᠶᠢᠲᠡ ᠶᠢᠨ | ᠠᠰᠠᠷᠠᠮᠵᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢ ᠲᠣᠭᠲᠠᠭᠤᠨ ᠢᠶᠠᠷ ᠳᠡᠮᠵᠢᠵᠦ᠂ ᠬᠥᠳᠡᠭᠡ | ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠤᠨ᠂ ᠳᠡᠰ ᠳᠠᠪᠬᠤᠷᠭ᠎ᠠ ᠨᠢ ᠲᠣᠳᠣᠷᠬᠠᠢ᠂ ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠵᠣᠬᠢᠰᠲᠠᠢ | ᠥᠷᠢᠰᠦᠯᠳᠦᠭᠰᠡᠨ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮ ᠢ ᠴᠣᠭᠴᠠᠯᠠᠨ ᠪᠠᠶᠢᠭᠤᠯᠤᠨ᠎ᠠ᠃ ᠬᠥᠳᠡᠭᠡ ᠠᠵᠤ ᠠᠬᠤᠢ ᠶᠢᠨ ᠰᠠᠭᠤᠷᠢ ᠰᠤᠳᠤᠯᠭᠠᠨ ᠤ ᠪᠠᠷᠠᠯᠠᠯᠳᠦ ᠴᠢᠨᠠᠷ | ᠂ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠢᠰᠲ᠋ᠧᠮᠲᠦ ᠴᠢᠨᠠᠷ ᠤᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠭᠧᠨ ᠤ | ᠪᠦᠯᠦᠭ ᠤᠨ ᠤᠬᠠᠭᠠᠨ᠂ ᠮᠠᠯ ᠡᠮᠨᠡᠯᠭᠡ ᠶᠢᠨ ᠤᠬᠠᠭᠠᠨ ᠢ ᠤᠷᠢᠳᠴᠢᠯᠠᠨ ᠰᠡᠷᠭᠡᠶᠢᠯᠡᠬᠦ᠂ ᠬᠦᠨᠳᠦ ᠶᠡᠭᠡ ᠡᠪᠡᠳᠴᠢᠨ | ᠬᠤᠷᠣᠬᠠᠢ ᠶᠢᠨ ᠭᠠᠮᠰᠢᠭ ᠪᠤᠯᠬᠤ ᠪᠠ ᠴᠠᠭ ᠠᠭᠤᠷ ᠠᠴᠠ ᠪᠣᠯᠵᠤ ᠭᠠᠮᠰᠢᠭᠳᠠᠭᠰᠠᠨ ᠵᠢᠮ᠎ᠡ ᠬᠠᠤᠯᠢ ᠵᠡᠷᠭᠡ | ᠰᠤᠳᠤᠯᠭᠠᠨ ᠤ ᠰᠢᠪᠲᠤᠯᠤᠯᠲᠠ ᠶᠢ ᠲᠦᠷᠭᠡᠳᠬᠡᠨ᠎ᠡ᠃ ᠬᠥᠳᠡᠭᠡ ᠠᠵᠤ ᠠᠬᠤᠢ ᠶᠢᠨ ᠬᠦᠷᠢᠶᠡᠨ ᠳᠠᠬᠢ ᠤᠯᠤᠰ ᠤᠨ | ᠲᠤᠷᠰᠢᠯᠲᠠ ᠶᠢᠨ ᠲᠠᠰᠤᠭ ᠪᠠ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠨᠥᠬᠦᠴᠡᠯ ᠢ | ᠰᠠᠶᠢᠵᠢᠷᠠᠭᠤᠯᠵᠤ᠂ ᠨᠢᠭᠡ ᠪᠦᠯᠦᠭ ᠳᠡᠯᠡᠬᠡᠢ ᠶᠢᠨ ᠲᠡᠷᠢᠭᠦᠨ ᠵᠡᠷᠭᠡ ᠶᠢᠨ ᠬᠥᠳᠡᠭᠡ ᠠᠵᠤ ᠠᠬᠤᠢ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠ ᠰᠤᠳᠤᠯᠭᠠᠨ ᠤ ᠭᠡᠯᠪᠡᠷᠢ ᠶᠢᠨ ᠲᠠᠷᠢᠶᠠᠯᠠᠩ ᠤᠨ ᠳᠡᠭᠡᠳᠦ | ᠰᠤᠷᠭᠠᠭᠤᠯᠢ ᠶᠢ ᠪᠠᠶᠢᠭᠤᠯᠤᠨ᠎ᠠ᠃ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢ ᠴᠢᠩᠭᠠᠳᠬᠠᠵᠤ᠂ ᠬᠥᠳᠡᠭᠡ ᠠᠵᠤ ᠠᠬᠤᠢ ᠶᠢᠨ ᠭᠤᠣᠯ ᠭᠠᠷᠤᠯᠲᠠ ᠶᠢᠨ ᠣᠷᠣᠨ | ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠶᠡᠨᠲᠦ ᠣᠷᠣᠨ ᠤ ᠭᠦᠨᠵᠡᠭᠡᠢ | ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠶᠢᠨ ᠬᠠᠮᠠᠭᠠᠯᠠᠯᠲᠠ ᠪᠠ ᠡᠷᠬᠡ ᠳᠤ ᠬᠠᠯᠳᠠᠭᠰᠠᠨ ᠳᠤ ᠴᠣᠬᠢᠯᠲᠠ ᠥᠭᠬᠦ ᠠᠵᠢᠯ ᠢ ᠴᠢᠩᠭᠠᠳᠬᠠᠨ᠎ᠠ᠃ | ᠨᠡᠶᠢᠲᠡ ᠶᠢᠨ ᠠᠰᠠᠷᠠᠮᠵᠢ ᠶᠢᠨ ᠴᠢᠨᠠᠷ ᠪᠠ ᠡᠵᠡᠩᠨᠡᠯᠲᠡ ᠶᠢᠨ ᠴᠢᠨᠠᠷ ᠢ ᠤᠶᠠᠯᠳᠤᠭᠤᠯᠤᠭᠰᠠᠨ ᠬᠥᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠳᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ | ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ | | ︵ᠳᠣᠯᠤᠭ᠎ᠠ︶ ᠦᠷ᠎ᠡ ᠶᠢᠨ ᠦᠢᠯᠡᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠨ ᠪᠦᠭᠦ ᠲᠠᠯ᠎ᠠ ᠪᠠᠷ | ᠰᠢᠪᠲᠤᠯᠤᠯᠲᠠ ᠭᠠᠷᠭᠠᠬᠤ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠨ ᠬᠦᠴᠦᠷᠬᠡᠭᠵᠢᠬᠦ᠂ ᠦᠷ᠎ᠡ ᠶᠢᠨ ᠢᠷᠡᠯᠲᠡ ᠶᠢ ᠪᠡᠶ᠎ᠡ ᠪᠠᠨ ᠳᠠᠭᠠᠭᠠᠨ ᠡᠵᠡᠮᠳᠡᠵᠦ ᠳᠡᠶᠢᠯᠭᠦ ᠶᠢ ᠲᠦᠷᠭᠡᠳᠬᠡᠨ | ᠪᠡᠶᠡᠯᠡᠭᠦᠯᠦᠨ᠎ᠡ᠃ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠳᠡᠯᠡᠬᠡᠢ | ᠳᠡᠭᠡᠷᠡᠬᠢ ᠲᠡᠷᠢᠭᠦᠨ ᠤ ᠤᠯᠤᠰ ᠤᠨ ᠦᠷ᠎ᠡ ᠡᠳ᠋ ᠤᠨ ᠡᠬᠢ ᠪᠠᠶᠠᠯᠢᠭ ᠢ ᠬᠠᠳᠠᠭᠠᠯᠠᠬᠤ᠂ ᠬᠢᠨᠠᠨ ᠲᠣᠭᠲᠠᠭᠠᠬᠤ᠂ | ᠡᠭᠦᠳᠦᠨ ᠪᠦᠲᠦᠭᠡᠬᠦ ᠪᠠ ᠭᠧᠨ ᠢ ᠠᠭᠤᠳᠠᠯᠬᠤ ᠴᠢᠬᠤᠯᠠ ᠶᠡᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠦᠷ᠎ᠡ | ᠡᠳ᠋ ᠤᠨ ᠡᠬᠢ ᠪᠠᠶᠠᠯᠢᠭ ᠢ ᠰᠣᠯᠢᠯᠴᠠᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ᠡᠭᠦᠯᠳᠡᠷ ᠪᠤᠶᠢᠵᠢᠭᠤᠯᠬᠤ ᠶᠢᠨ | ᠬᠠᠮᠲᠤᠷᠠᠨ ᠪᠣᠭᠤᠮᠲᠠ ᠰᠢᠪᠲᠤᠯᠬᠤ ᠪᠠ ᠮᠠᠯ ᠵᠢᠭᠦᠷᠲᠡᠨ ᠤ ᠤᠳᠤᠮᠯᠠᠯ ᠢ ᠰᠠᠶᠢᠵᠢᠷᠠᠭᠤᠯᠬᠤ ᠲᠥᠯᠥᠪᠯᠡᠭᠡ ᠶᠢ | ᠬᠡᠷᠡᠭᠵᠢᠭᠦᠯᠵᠦ᠂ ᠡᠮᠦᠨᠡᠲᠦ ᠶᠢᠨ ᠦᠷ᠎ᠡ ᠪᠤᠶᠢᠵᠢᠭᠤᠯᠬᠤ ᠴᠠᠬᠢᠭᠤᠷᠲᠤ ᠬᠥᠨᠳᠡᠢ ᠶᠢ ᠲᠦᠷᠭᠡᠳᠬᠡᠨ ᠪᠦᠲᠦᠭᠡᠨ | ᠪᠠᠶᠢᠭᠤᠯᠤᠨ᠎ᠠ᠃ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠲᠤᠰᠬᠠᠢ ᠵᠦᠢᠯ ᠢ ᠬᠡᠷᠡᠭᠵᠢᠭᠦᠯᠵᠦ᠂ | ᠲᠣᠰᠣ ᠶᠡᠬᠡᠲᠡᠢ ᠭᠠᠷᠤᠯᠲᠠ ᠶᠡᠬᠡᠲᠡᠢ ᠰᠢᠷ᠎ᠠ ᠪᠤᠷᠴᠠᠭ᠂ ᠬᠤᠵᠢᠷ ᠲᠤ ᠳᠠᠭᠠᠭᠠᠮᠠᠭᠠᠢ ᠲᠠᠷᠢᠮᠠᠯ ᠵᠡᠷᠭᠡ ᠡᠭᠦᠯᠳᠡᠷ ᠢ | ᠰᠣᠩᠭᠤᠨ ᠪᠤᠶᠢᠵᠢᠭᠤᠯᠵᠤ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ ᠠᠵᠤ ᠦᠢᠯᠡᠰᠵᠢᠭᠦᠯᠦᠨ ᠬᠡᠷᠡᠭᠯᠡᠬᠦ ᠶᠢ | ᠲᠦᠷᠭᠡᠳᠬᠡᠨ᠎ᠡ᠃ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ | ᠣᠳᠣᠬᠢᠴᠢᠯᠠᠭᠰᠠᠨ ᠦᠷ᠎ᠡ ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ | ᠶᠡᠭᠡ ᠡᠭᠦᠯᠳᠡᠷ ᠤᠨ ᠲᠤᠯᠭᠠᠭᠤᠷᠢᠯᠠᠨ ᠳᠡᠯᠭᠡᠷᠡᠭᠦᠯᠬᠦ ᠰᠢᠰᠲ᠋ᠧᠮ ᠪᠣᠯᠣᠨ ᠦᠷ᠎ᠡ ᠶᠢᠨ ᠢᠷᠡᠯᠲᠡ ᠶᠢᠨ ᠪᠠᠴᠢᠮ ᠪᠠᠶᠢᠳᠠᠯ ᠢ | ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ︵ᠨᠠᠢᠮᠠ︶ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ ᠪᠦᠭᠦ ᠶᠠᠪᠤᠴᠠ ᠶᠢ ᠪᠦᠭᠦ ᠲᠠᠯ᠎ᠠ ᠪᠠᠷ ᠲᠠᠰ | ᠳᠡᠪᠰᠢᠭᠦᠯᠬᠦ ᠶᠢ ᠠᠬᠢᠭᠤᠯᠤᠨ᠎ᠠ᠃ ᠲᠣᠮᠣ ᠭᠡᠯᠪᠡᠷᠢ ᠶᠢᠨ ᠳᠡᠭᠡᠳᠦ ᠲᠠᠰ ᠤᠨ ᠣᠶᠤᠨᠴᠢ ᠲᠠᠷᠢᠶᠠᠯᠠᠩ ᠤᠨ ᠮᠠᠰᠢᠨ᠂ | ᠳᠣᠪᠣᠷᠬᠠᠭ ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠭᠡᠯᠪᠡᠷᠢ ᠶᠢᠨ ᠮᠠᠰᠢᠨ ᠮᠧᠬᠠᠨᠢᠭ ᠵᠡᠷᠭᠡ ᠲᠠᠷᠢᠶᠠᠯᠠᠩ ᠤᠨ | ᠮᠠᠰᠢᠨ ᠤ ᠲᠣᠨᠤᠭ ᠲᠥᠬᠦᠭᠡᠷᠦᠮᠵᠢ ᠪᠠ ᠵᠠᠩᠭᠢᠯᠠᠭ᠎ᠠ ᠶᠢᠨ ᠰᠡᠯᠪᠢᠭ ᠲᠣᠨᠤᠭ ᠢ ᠰᠤᠳᠤᠯᠤᠨ ᠨᠡᠭᠡᠭᠡᠵᠦ ᠬᠡᠷᠡᠭᠯᠡᠬᠦ ᠶᠢ | ᠴᠢᠩᠭᠠᠳᠬᠠᠵᠤ᠂ ᠤᠯᠤᠰ ᠲᠠᠭᠠᠨ ᠦᠢᠯᠡᠳᠪᠦᠷᠢᠯᠡᠭᠰᠡᠨ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢ ᠪᠦᠭᠦ | ᠲᠠᠯ᠎ᠠ ᠪᠠᠷ ᠬᠥᠳᠡᠭᠡ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠬᠥᠭᠵᠢᠯᠲᠡ ᠶᠢ | ᠲᠤᠯᠭᠠᠭᠤᠷᠢᠯᠠᠬᠤ ᠶᠢ ᠲᠦᠷᠭᠡᠳᠬᠡᠨ ᠪᠡᠶᠡᠯᠡᠭᠦᠯᠦᠨ᠎ᠡ᠃ ᠬᠠᠭᠤᠴᠢᠷᠠᠭᠰᠠᠨ ᠪᠠ ᠬᠠᠭᠤᠴᠢᠨ ᠲᠠᠷᠢᠶᠠᠯᠠᠩ ᠤᠨ ᠮᠠᠰᠢᠨ ᠢ | ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠶᠢ ᠠᠬᠢᠭᠤᠯᠵᠤ᠂ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠶᠢᠨ | ᠪᠦᠲᠦᠴᠡ ᠶᠢ ᠰᠢᠯᠢᠳᠡᠭᠵᠢᠭᠦᠯᠦᠨ᠎ᠡ᠃ ᠴᠢᠬᠤᠯᠠ ᠲᠠᠷᠢᠶᠠᠯᠠᠩ ᠤᠨ ᠮᠠᠰᠢᠨ ᠲᠣᠨᠣᠭᠯᠠᠯ ᠤᠨ ᠠᠵᠤ ᠦᠢᠯᠡᠰ ᠤᠨ | ᠪᠥᠭᠡᠮᠨᠡᠷᠡᠯ ᠢ ᠪᠤᠢ ᠪᠤᠯᠭᠠᠵᠤ᠂ ᠳᠡᠭᠡᠳᠦ ᠳᠣᠣᠷᠠᠳᠤ ᠤᠷᠤᠰᠬᠠᠯ ᠤᠨ ᠲᠣᠭᠲᠠᠭᠤᠨ ᠪᠥᠭᠡᠳ ᠢᠵᠢ ᠪᠦᠷᠢᠳᠦᠭᠰᠡᠨ᠂ | ᠢᠨᠵᠧᠨᠧᠷᠢᠩ ᠡᠯᠧᠺᠳ᠋ᠷᠣᠨ ᠵᠡᠷᠭᠡ ᠬᠦᠷᠢᠶᠡᠨ ᠳᠠᠬᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠮᠵᠢᠯᠴᠠᠨ | ᠣᠷᠣᠯᠴᠠᠬᠰᠠᠨ ᠠᠵᠤ ᠦᠢᠯᠡᠰ ᠤᠨ ᠪᠠᠶᠢᠷᠢᠰᠢᠯ ᠢ ᠪᠠᠶᠢᠭᠤᠯᠤᠨ᠎ᠠ᠃ ᠲᠠᠷᠢᠶᠠᠯᠠᠩ ᠤᠨ ᠮᠠᠰᠢᠨ ᠲᠠᠷᠢᠶᠠᠯᠠᠩ ᠤᠨ ᠤᠷ᠎ᠠ | ᠮᠡᠷᠭᠡᠰᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ | ᠨᠡᠭᠡᠭᠡᠵᠦ ᠦᠢᠯᠡᠳᠬᠦ᠂ ᠪᠣᠯᠪᠠᠰᠤᠷᠠᠩᠭᠤᠢ ᠪᠣᠯᠭᠠᠨ ᠬᠡᠯᠪᠡᠷᠢᠵᠢᠭᠦᠯᠬᠦ᠂ ᠳᠡᠯᠭᠡᠷᠡᠭᠦᠯᠦᠨ ᠬᠡᠷᠡᠭᠯᠡᠬᠦ ᠶᠢ ᠵᠣᠯᠭᠠᠭᠤᠯᠤᠨ | ᠨᠡᠪᠲᠡᠷᠡᠭᠦᠯᠬᠦ ᠶᠢ ᠠᠬᠢᠭᠤᠯᠵᠤ᠂ ᠲᠠᠷᠢᠵᠤ ᠲᠡᠵᠢᠭᠡᠬᠦ ᠡᠳ᠋ᠰᠢᠭᠦᠯᠬᠦ ᠪᠦᠭᠦ ᠬᠡᠯᠬᠢᠶᠡᠨ ᠤ ᠥᠨᠳᠥᠷ ᠴᠢᠳᠠᠪᠬᠢᠲᠤ | ᠲᠠᠷᠢᠶᠠᠯᠠᠩ ᠤᠨ ᠮᠠᠰᠢᠨ ᠲᠣᠨᠣᠭᠯᠠᠯ ᠤᠨ ᠬᠡᠷᠡᠭᠯᠡᠯᠲᠡ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ︵ᠶᠢᠰᠦ︶ ᠲᠣᠭᠠᠴᠢᠯᠠᠭᠰᠠᠨ ᠮᠡᠷᠭᠡᠵᠢᠯ ᠬᠢᠭᠡᠳ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠪᠦᠭᠦ | ᠲᠠᠯ᠎ᠠ ᠶᠢᠨ ᠠᠭᠤᠰᠤᠯᠴᠠᠯ ᠢ ᠠᠬᠢᠭᠤᠯᠤᠨ᠎ᠠ᠃ ᠰᠠᠨᠰᠠᠷ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ ᠬᠥᠳᠡᠭᠡ | ᠠᠵᠤ ᠠᠬᠤᠢ ᠶᠢᠨ ᠠᠵᠢᠭᠯᠠᠨ ᠬᠡᠮᠵᠢᠬᠦ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠵᠦ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠲᠤᠭ᠎ᠠ ᠪᠦᠷᠢᠳᠬᠡᠯ ᠤᠨ ᠪᠠᠶᠢᠴᠠᠭᠠᠵᠤ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠂ | ᠪᠦᠭᠦ ᠬᠦᠷᠢᠶ᠎ᠡ ᠶᠢ ᠬᠠᠮᠤᠷᠤᠭᠰᠠᠨ᠂ ᠣᠯᠠᠨ ᠲᠠᠰ ᠳᠠᠪᠬᠤᠷᠭ᠎ᠠ ᠪᠠᠷ ᠬᠤᠯᠪᠣᠯᠳᠤᠨ ᠨᠡᠪᠲᠡᠷᠡᠯᠴᠡᠭᠰᠡᠨ ᠬᠥᠳᠡᠭᠡ ᠠᠵᠤ | ᠠᠬᠤᠢ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠲᠠᠪᠴᠠᠩ ᠢ ᠪᠠᠶᠢᠭᠤᠯᠵᠤ᠂ ᠲᠠᠷᠢᠶᠠᠯᠠᠩ ᠳᠤ ᠬᠤᠯᠪᠣᠭᠳᠠᠬᠤ | ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠠᠰᠢᠭᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠣᠶᠤᠨᠲᠤ ᠲᠠᠷᠢᠶᠠᠯᠠᠩ ᠤᠨ ᠮᠡᠷᠭᠡᠵᠢᠯ ᠢ | ᠰᠤᠳᠤᠯᠤᠨ ᠨᠡᠭᠡᠭᠡᠵᠦ᠂ ᠣᠶᠤᠨᠲᠤ ᠲᠠᠷᠢᠶᠠᠯᠠᠩ ᠤᠨ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠵᠦ᠂ ᠬᠥᠳᠡᠭᠡ ᠠᠵᠤ | ᠠᠬᠤᠢ ᠬᠥᠳᠡᠭᠡ ᠲᠣᠰᠬᠤᠨ ᠤ ᠲᠣᠭᠠᠴᠢᠯᠠᠭᠰᠠᠨ ᠦᠢᠯᠡᠳᠪᠦᠷᠢᠯᠡᠯ ᠤᠨ ᠬᠦᠴᠦᠨ ᠢ ᠪᠠᠳᠠᠷᠠᠭᠤᠯᠤᠨ᠎ᠠ᠃ ᠣᠶᠤᠨᠴᠢ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠴᠢᠶᠡᠵᠢᠭᠰᠡᠨ | ᠲᠠᠷᠢᠶᠠᠯᠠᠩ ᠤᠨ ᠲᠠᠯᠠᠪᠠᠶ ︵ᠮᠠᠯᠵᠢᠯ ᠤᠨ ᠲᠠᠯᠠᠪᠠᠶ᠂ ᠵᠢᠭᠠᠰᠤᠨ ᠲᠠᠯᠠᠪᠠᠶ︶ ᠶᠢᠨ ᠲᠣᠭᠠᠴᠢᠯᠠᠭᠰᠠᠨ ᠲᠡᠶᠢᠰᠢ ᠲᠠᠰ | ᠳᠡᠪᠰᠢᠭᠦᠯᠬᠦ ᠶᠢ ᠠᠬᠢᠭᠤᠯᠵᠤ᠂ ᠬᠡᠯᠬᠢᠶ᠎ᠡ ᠨᠢ ᠪᠦᠷᠢᠨ ᠪᠦᠲᠦᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠭᠰᠡᠨ | ᠣᠶᠤᠨᠴᠢ ᠲᠠᠷᠢᠶᠠᠯᠠᠩ ᠤᠨ ᠪᠦᠯᠦᠭᠵᠢᠯ ᠢ ᠪᠤᠶᠢᠵᠢᠭᠤᠯᠤᠨ᠎ᠠ᠃ | ᠳᠥᠷᠪᠡ᠂ ᠪᠦᠭᠦ ᠭᠤᠭᠴᠤᠭ᠎ᠠ ᠶᠢᠨ ᠣᠳᠣ ᠦᠶ᠎ᠡ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠵᠢᠵᠢᠭ ᠲᠠᠷᠢᠶᠠᠴᠢᠨ ᠡᠷᠦᠭᠡ ᠪᠣᠯᠣᠨ ᠣᠳᠣ ᠦᠶ᠎ᠡ ᠶᠢᠨ ᠬᠥᠳᠡᠭᠡ ᠠᠵᠤ | ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ | ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ᠭᠠᠵᠠᠷ | ᠰᠢᠷᠣᠢ ᠶᠢᠨ ᠨᠡᠶᠢᠲᠡ ᠶᠢᠨ ᠥᠮᠴᠢᠯᠡᠯ ᠤᠨ ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠳᠠᠪᠠᠭ᠋ᠤ ᠦᠭᠡᠢ᠂ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠪᠠᠶᠢᠬᠤ | ᠬᠤᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠠᠵᠤ ᠠᠬᠤᠢ ᠶᠢᠨ ᠵᠣᠬᠢᠬᠤ ᠬᠡᠪᠴᠢᠶᠡᠲᠦ ᠡᠵᠡᠩᠨᠡᠯᠲᠡ ᠶᠢ | ᠬᠥᠭᠵᠢᠭᠦᠯᠦᠨ᠂ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ | ᠬᠥᠳᠡᠯᠭᠡᠭᠴᠢ ᠡᠨᠧᠷᠭᠢ ᠨᠡᠮᠡᠷᠢᠯᠡᠨ᠎ᠡ᠃ | ︵ᠠᠷᠪᠠ︶ ᠭᠡᠷ ᠪᠦᠯᠢ ᠶᠢᠨ ᠡᠵᠡᠩᠨᠡᠯᠲᠡ ᠶᠢᠨ ᠡᠷᠴᠢᠮᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠲᠤᠯᠤᠭᠰᠠᠨ ᠤ ᠲᠠᠷᠠᠭ᠎ᠠ | ᠲᠠᠭᠢᠨ 30 ᠵᠢᠯ ᠤᠷᠲᠤᠳᠬᠠᠬᠤ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠪᠠᠷ ᠠᠬᠢᠭᠤᠯᠵᠤ᠂ ᠤᠷᠲᠤᠳᠬᠠᠨ | ᠳᠠᠭᠠᠭᠠᠴᠢᠯᠠᠭᠤᠯᠬᠤ ᠢᠵᠢ ᠪᠦᠷᠢᠳᠦᠭᠰᠡᠨ ᠳᠦᠷᠢᠮ ᠢ ᠪᠦᠷᠢᠨᠰᠢᠭᠦᠯᠦᠨ᠎ᠡ᠃ ᠳᠠᠭᠠᠭᠠᠴᠢᠯᠠᠭᠰᠠᠨ ᠭᠠᠵᠠᠷ ᠰᠢᠷᠣᠢ ᠶᠢᠨ | ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠬᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ ᠭᠠᠵᠠᠷ ᠰᠢᠷᠣᠢ ᠶᠢᠨ ᠬᠠᠮᠲᠤ ᠶᠢᠨ ᠥᠮᠴᠢᠯᠡᠯ ᠤᠨ ᠡᠷᠬᠡ ᠶᠢ ᠬᠡᠷᠡᠭᠵᠢᠭᠦᠯᠬᠦ | ᠲᠣᠭᠲᠠᠴᠠ ᠶᠢ ᠪᠦᠷᠢᠨᠰᠢᠭᠦᠯᠵᠦ᠂ ᠳᠠᠭᠠᠭᠠᠴᠢᠯᠠᠭᠰᠠᠨ ᠲᠠᠷᠢᠶᠠᠴᠢᠨ ᠡᠷᠦᠭᠡ ᠶᠢᠨ ᠬᠠᠤᠯᠢ ᠶᠣᠰᠣᠨ ᠤ ᠭᠠᠵᠠᠷ | ᠰᠢᠷᠣᠢ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ | ᠠᠮᠢᠳᠤᠯᠢᠭᠵᠢᠭᠤᠯᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠨ᠎ᠡ᠃ ᠵᠢᠵᠢᠭ ᠲᠠᠷᠢᠶᠠᠴᠢᠨ ᠡᠷᠦᠭᠡ ᠶᠢᠨ | ᠴᠢᠳᠠᠪᠤᠷᠢ ᠶᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠵᠦ᠂ ᠵᠢᠵᠢᠭ ᠲᠠᠷᠢᠶᠠᠴᠢᠨ ᠡᠷᠦᠭᠡ ᠶᠢᠨ ᠡᠷᠦᠭᠡ | ᠬᠤᠯᠪᠤᠭᠠᠯᠠᠨ ᠡᠵᠡᠩᠨᠡᠬᠦ᠂ ᠬᠤᠯᠪᠤᠭᠠᠯᠠᠨ ᠲᠠᠷᠢᠶᠠᠯᠠᠵᠤ ᠬᠤᠯᠪᠤᠭᠠᠯᠠᠨ ᠳᠠᠷᠢᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠦᠢᠯᠡᠳᠪᠦᠷᠢᠯᠡᠯ ᠥᠷᠨᠢᠭᠦᠯᠬᠦ ᠶᠢ ᠵᠣᠷᠢᠭᠵᠢᠭᠤᠯᠤᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠡᠷᠬᠡ ᠶᠢ ᠠᠮᠢᠳᠤᠯᠢᠭᠵᠢᠭᠤᠯᠤᠨ | ᠡᠨᠧᠷᠭᠢ ᠣᠯᠭᠤᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ | ᠬᠢᠨᠠᠵᠤ ᠬᠠᠮᠢᠶᠠᠷᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠴᠢᠨ ᠡᠷᠦᠭᠡ ᠳᠤ ᠣᠶᠢᠷᠠᠳᠬᠤ᠂ ᠶᠡᠷᠦᠩᠬᠡᠶᠢᠯᠡᠭᠰᠡᠨ | ᠦᠢᠯᠡᠴᠢᠯᠡᠭᠡ ᠬᠢᠬᠦ᠂ ᠨᠥᠯᠥᠭᠡᠯᠡᠨ ᠳᠠᠶᠢᠴᠢᠯᠠᠬᠤ ᠵᠡᠷᠭᠡ ᠳᠠᠪᠠᠭᠤᠯᠢᠭ ᠢ ᠪᠠᠳᠠᠷᠠᠭᠤᠯᠵᠤ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠳᠤ ᠦᠢᠯᠡᠴᠢᠯᠡᠬᠦ | ᠲᠠᠯ᠎ᠠ ᠪᠠᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠴᠢᠳᠠᠮᠵᠢ ᠶᠢ ᠲᠡᠭᠦᠯᠳᠡᠷᠵᠢᠭᠦᠯᠦᠨ᠎ᠡ᠃ ᠰᠢᠨ᠎ᠡ | ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠥᠮᠴᠢᠯᠡᠯ ᠤᠨ ᠡᠷᠬᠡ ᠨᠢ | ᠲᠣᠳᠣᠷᠬᠠᠢ᠂ ᠬᠤᠪᠢᠶᠠᠷᠢᠯᠠᠯᠲᠠ ᠨᠢ ᠵᠦᠢ ᠵᠣᠬᠢᠰᠲᠠᠢ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ | ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ︵ᠠᠷᠪᠠᠨ ᠬᠤᠶᠠᠷ︶ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠴᠢᠨ ᠡᠷᠦᠭᠡ ᠶᠢ ᠬᠥᠲᠥᠯᠥᠨ | ᠵᠢᠯᠤᠭᠤᠳᠴᠤ ᠪᠠᠶᠢᠭᠠᠳ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢ ᠬᠥᠭᠵᠢᠭᠦᠯᠵᠦ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠷᠢᠶᠠᠴᠢᠳ ᠤᠨ ᠬᠤᠷᠰᠢᠶ᠎ᠠ ᠶᠢᠨ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠬᠤᠯᠪᠣᠭᠠᠲᠤ ᠬᠤᠷᠰᠢᠶ᠎ᠠ | ᠪᠠᠶᠢᠭᠤᠯᠬᠤ ᠶᠢ ᠲᠡᠮᠵᠢᠵᠤ᠂ ᠲᠠᠷᠢᠶᠠᠴᠢᠳ ᠤᠨ ᠬᠤᠷᠰᠢᠶ᠎ᠠ ᠶᠢᠨ ᠲᠠᠷᠢᠶᠠᠯᠠᠩ ᠤᠨ ᠪᠦᠲᠦᠭᠡᠭᠳᠡᠬᠦᠨ ᠢ | ᠪᠤᠯᠪᠠᠰᠤᠷᠠᠭᠤᠯᠬᠤ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠨ | ᠪᠣᠷᠣᠯᠠᠭᠤᠯᠤᠯᠲᠠ ᠵᠡᠷᠭᠡ ᠶᠢ ᠥᠷᠨᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠳᠠᠭᠠᠭᠠᠴᠢᠯᠠᠭᠰᠠᠨ ᠭᠠᠵᠠᠷ ᠤᠨ ᠡᠵᠡᠩᠨᠡᠯᠲᠡ ᠶᠢᠨ ᠡᠷᠬᠡ ᠶᠢᠨ ᠭᠦᠢᠯᠭᠡᠭᠡᠨ ᠤ ᠦᠨ᠎ᠡ | ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠬᠤᠷᠰᠢᠨ ᠡᠵᠡᠩᠨᠡᠬᠦ ᠶᠢ | ᠠᠬᠢᠭᠤᠯᠵᠤ᠂ ᠰᠢᠨ᠎ᠡ ᠭᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠡᠳᠬᠦᠨ ᠳᠡᠮᠵᠢᠬᠦ | ᠲᠦᠷᠦ ᠶᠢᠨ ᠪᠣᠳᠣᠯᠭ᠎ᠠ ᠶᠢ ᠲᠠᠷᠢᠶᠠᠴᠢᠨ ᠡᠷᠦᠭᠡ ᠶᠢᠨ ᠣᠷᠣᠯᠭ᠎ᠠ ᠶᠢᠨ ᠨᠡᠮᠡᠭᠳᠡᠯ ᠲᠠᠢ ᠬᠤᠯᠪᠣᠬᠤ ᠶᠢ ᠠᠬᠢᠭᠤᠯᠤᠨ᠎ᠠ᠃ | ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠰᠢᠭ | ᠲᠤᠰᠠ ᠶᠢᠨ ᠬᠤᠯᠪᠤᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠲᠠᠷᠢᠶᠠᠯᠠᠩ ᠤᠨ | ᠲᠠᠯᠠᠪᠠᠢ ᠶᠢᠨ ᠲᠠᠷᠢᠶᠠᠯᠠᠩ ᠤᠨ ᠨᠢᠭᠡᠳᠦᠯᠲᠡᠢ ᠡᠵᠡᠩᠨᠡᠯᠲᠡ ᠬᠠᠮᠢᠶᠠᠷᠤᠯᠲᠠ ᠪᠠ ᠦᠢᠯᠡᠴᠢᠯᠡᠭᠡᠨ ᠤ ᠡᠭᠦᠷᠭᠡ | ᠴᠢᠳᠠᠪᠤᠷᠢ ᠶᠢ ᠴᠢᠩᠭᠠᠳᠬᠠᠵᠤ᠂ ᠬᠤᠳᠠ ᠬᠥᠳᠡᠭᠡ ᠵᠢᠴᠢ ᠠᠲᠠᠷ ᠬᠠᠭᠠᠯᠪᠤᠷᠢᠯᠠᠯᠲᠠ ᠶᠢᠨ ᠣᠷᠣᠨ ᠢ ᠨᠢᠭᠡ | ᠴᠣᠭᠴᠠᠵᠢᠭᠤᠯᠤᠨ ᠵᠣᠬᠢᠴᠠᠩᠭᠤᠢ ᠪᠠᠷ ᠬᠥᠭᠵᠢᠭᠦᠯᠬᠦ ᠶᠢ ᠠᠬᠢᠭᠤᠯᠤᠨ᠎ᠠ᠃ | ︵ᠠᠷᠪᠠᠨ ᠭᠤᠷᠪᠠ︶ ᠳᠥᠭᠦᠮ ᠠᠪᠰᠠᠷ ᠥᠨᠳᠥᠷ ᠪᠦᠲᠦᠮᠵᠢᠲᠡᠶ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠭᠤᠣᠯ | ᠴᠣᠭᠴᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠳᠤ ᠬᠤᠯᠪᠣᠭᠳᠠᠬᠤ ᠡᠯ᠎ᠡ | ᠲᠦᠷᠦᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮᠴᠢᠯᠡᠭᠰᠡᠨ ᠦᠢᠯᠡᠴᠢᠯᠡᠭᠡᠨ ᠤ | ᠬᠦᠷᠢᠶ᠎ᠡ ᠲᠡᠶᠢᠰᠢ ᠥᠷᠭᠡᠳᠬᠡᠨ᠎ᠡ᠃ ᠲᠠᠩ ᠭᠤᠭᠴᠤᠭ᠎ᠠ᠂ ᠤᠯᠠᠨ ᠭᠤᠭᠴᠤᠭ᠎ᠠ ᠪᠠᠷ ᠨᠠᠶᠢᠳᠠᠨ ᠬᠠᠮᠢᠶᠠᠷᠤᠭᠤᠯᠬᠤ | ᠵᠡᠷᠭᠡ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠦᠨ ᠳᠡᠯᠭᠡᠷᠡᠭᠦᠯᠵᠦ᠂ ᠦᠢᠯᠡᠴᠢᠯᠡᠭᠡ ᠶᠢ ᠠᠮᠤ ᠪᠤᠳᠠᠭ᠎ᠠ | ᠳᠤᠰᠤᠨ ᠤ ᠲᠠᠷᠢᠮᠠᠯ ᠠᠴᠠ ᠠᠵᠤ ᠠᠬᠤᠢ ᠶᠢᠨ ᠲᠠᠷᠢᠮᠠᠯ᠂ ᠮᠠᠯ ᠵᠢᠭᠦᠷᠲᠡᠨ ᠤᠰᠤᠨ ᠭᠠᠷᠤᠯᠲᠠ ᠶᠢᠨ ᠲᠡᠵᠢᠭᠡᠨ | ᠦᠷᠡᠵᠢᠭᠦᠯᠬᠦ ᠵᠡᠷᠭᠡ ᠬᠦᠷᠢᠶ᠎ᠡ ᠲᠡᠶᠢᠰᠢ ᠥᠷᠭᠡᠳᠬᠡᠵᠦ᠂ ᠦᠢᠯᠡᠳᠪᠦᠷᠢᠯᠡᠬᠦ ᠶᠠᠪᠤᠴᠠ ᠠᠴᠠ ᠦᠢᠯᠡᠳᠪᠦᠷᠢᠯᠡᠬᠦ ᠠᠴᠠ | ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠭᠤᠭᠴᠤᠭ᠎ᠠ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ | ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠢᠷᠤᠮᠵᠢᠬᠰᠠᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠲᠠᠪᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠤᠨ ᠳᠡᠰ ᠳᠡᠪᠰᠢᠭᠦᠯᠬᠦ ᠶᠢ ᠪᠦᠭᠦ | ᠬᠡᠯᠬᠢᠶ᠎ᠡ ᠪᠠᠷ ᠠᠬᠢᠭᠤᠯᠵᠤ᠂ ᠬᠥᠳᠡᠭᠡ ᠠᠵᠤ ᠠᠬᠤᠢ ᠶᠢᠨ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠤ ᠲᠦᠰᠢᠭᠯᠡᠵᠦ᠂ ᠬᠥᠳᠡᠭᠡ | ᠠᠵᠤ ᠠᠬᠤᠢ ᠶᠢᠨ ᠤᠯᠠᠨ ᠵᠦᠢᠯ ᠤᠨ ᠴᠢᠳᠠᠮᠵᠢ ᠶᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠤᠯᠠᠨ | ᠡᠰᠢᠲᠦ ᠦᠷᠳᠡᠭ ᠢ ᠠᠭᠤᠳᠠᠯᠵᠤ᠂ ᠠᠮᠤ ᠪᠤᠳᠠᠭ᠎ᠠ ᠠᠵᠤ ᠠᠬᠤᠢ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠯᠡᠬᠦ᠂ | ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠬᠦ᠂ | ᠦᠢᠯᠡᠳᠪᠦᠷᠢᠯᠡᠯ ᠡᠳ᠋ᠰᠢᠭᠦᠯᠭᠡ ᠪᠣᠷᠤᠯᠠᠭᠤᠯᠭ᠎ᠠ ᠶᠢ ᠨᠡᠪᠲᠡᠷᠡᠭᠦᠯᠬᠦ᠂ ᠲᠠᠷᠢᠶᠠᠯᠠᠩ ᠰᠣᠶᠣᠯ ᠵᠢᠭᠤᠯᠴᠢᠯᠠᠯ | ᠠᠭᠤᠰᠤᠯᠴᠠᠭᠰᠠᠨ ᠤᠳᠤ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ | ᠪᠠᠶᠢᠭᠤᠯᠵᠤ᠂ ᠬᠥᠳᠡᠭᠡ ᠠᠵᠤ ᠠᠬᠤᠢ ᠶᠢ ᠣᠳᠣᠬᠢᠴᠢᠯᠠᠭᠰᠠᠨ ᠲᠣᠮᠣ ᠠᠵᠤ ᠦᠢᠯᠡᠰ ᠪᠣᠯᠭᠠᠨ ᠪᠦᠲᠦᠭᠡᠨ | ᠪᠠᠶᠢᠭᠤᠯᠤᠨ᠎ᠠ᠃ | ︵ᠠᠷᠪᠠᠨ ᠳᠥᠷᠪᠡ︶ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ ᠭᠦᠢᠯᠭᠡᠭᠡ ᠶᠢ ᠰᠢᠯᠢᠳᠡᠭᠵᠢᠭᠦᠯᠦᠨ | ᠲᠡᠰ ᠳᠡᠪᠰᠢᠭᠦᠯᠬᠦ ᠶᠢ ᠠᠬᠢᠭᠤᠯᠤᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠪᠤᠯᠪᠠᠰᠤᠷᠠᠭᠤᠯᠬᠤ | ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠦᠷᠦᠯ ᠵᠦᠢᠯ ᠤᠯᠠᠨ ᠶᠠᠩᠵᠤ᠂ ᠶᠠᠰᠤ | ᠴᠢᠨᠠᠷ ᠰᠢᠯᠢᠳᠡᠭ ᠰᠠᠶᠢᠨ ᠪᠤᠯᠪᠠᠰᠤᠷᠠᠭᠤᠯᠬᠤ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃ ᠪᠦᠭᠦ ᠤᠯᠤᠰ ᠤᠨ | ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠭᠤᠣᠯᠯᠠᠭᠴᠢ ᠲᠣᠣᠷ ᠢ ᠲᠡᠭᠦᠯᠳᠡᠷᠵᠢᠭᠦᠯᠵᠦ᠂ ᠭᠠᠷᠤᠯᠲᠠ ᠶᠢᠨ | ᠣᠷᠣᠨ ᠤ ᠬᠦᠢᠲᠡᠨ ᠬᠡᠯᠬᠢᠶ᠎ᠡ ᠶᠢᠨ ᠲᠥᠪᠯᠡᠷᠡᠭᠦᠯᠦᠨ ᠲᠣᠬᠢᠷᠠᠭᠤᠯᠬᠤ ᠲᠥᠪ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠰᠢᠶᠠᠨ ᠰᠢᠶᠠᠩ ᠲᠣᠰᠬᠤᠨ ᠤ ᠲᠠᠷᠢᠶᠠᠨ ᠦᠵᠦᠭᠦᠷ ᠲᠤ | ᠬᠦᠢᠲᠡᠨ ᠢᠶᠠᠷ ᠬᠠᠳᠠᠭᠠᠯᠠᠵᠤ ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠶᠢ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠤ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ | ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠮᠣ ᠭᠡᠯᠪᠡᠷᠢ ᠶᠢᠨ ᠡᠯᠧᠺᠳ᠋ᠷᠣᠨ ᠬᠤᠳᠠᠯᠳᠤᠭᠠᠨ ᠤ ᠲᠠᠪᠴᠠᠩ᠂ | ᠪᠠᠷᠠᠭᠠᠨ ᠤ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠵᠡᠷᠭᠡ ᠭᠤᠣᠯ ᠴᠣᠭᠴᠠ ᠶᠢᠨ ᠬᠥᠳᠡᠭᠡ ᠲᠣᠰᠬᠤᠨ ᠳᠤ | ᠪᠠᠭᠤᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠦᠢᠯᠡᠴᠢᠯᠡᠭᠡᠨ ᠤ ᠲᠣᠣᠷ | ᠴᠡᠭ ᠢ ᠬᠥᠭᠵᠢᠭᠦᠯᠦᠨ᠎ᠡ᠃ | ︵ᠠᠷᠪᠠᠨ ᠲᠠᠪᠤ︶ ᠬᠥᠳᠡᠭᠡ ᠠᠵᠤ ᠠᠬᠤᠢ ᠶᠢᠨ ᠴᠢᠨᠠᠷᠵᠢᠯᠲᠠ ᠲᠥᠷᠥᠯ ᠲᠡᠮᠳᠡᠭᠵᠢᠭᠦᠯᠤᠯᠲᠡ ᠶᠢᠨ | ᠳᠡᠭᠡᠭᠰᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠡᠭᠦᠯᠳᠡᠷ ᠢ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠭᠦ᠂ | ᠲᠦᠷᠦᠯ ᠲᠡᠮᠳᠡᠭᠲᠦ ᠶᠢ ᠡᠭᠦᠳᠬᠦ ᠪᠠ ᠪᠠᠷᠢᠮᠵᠢᠶᠠᠵᠢᠭᠤᠯᠤᠨ ᠦᠢᠯᠡᠳᠪᠦᠷᠢᠯᠡᠬᠦ ᠶᠢ ᠭᠦᠨᠵᠡᠭᠡᠢ ᠠᠬᠢᠭᠤᠯᠵᠤ᠂ | ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠲᠠᠷᠢᠶᠠᠯᠠᠩ ᠤᠨ ᠪᠠᠷᠢᠮᠵᠢᠶᠠᠵᠢᠭᠤᠯᠤᠯᠲᠠ ᠶᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ᠃ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠢ ᠦᠨᠡᠯᠡᠬᠦ ᠪᠠ ᠭᠡᠷᠡᠴᠢᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠬᠢᠨᠠᠨ | ᠬᠡᠮᠵᠢᠯᠲᠡ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠶᠠᠰᠤ ᠴᠢᠨᠠᠷ ᠢᠶᠠᠷ ᠰᠠᠶᠢᠨ᠂ ᠥᠷᠢᠰᠦᠯᠳᠦᠬᠦ ᠬᠦᠴᠦᠨ ᠢᠶᠠᠷ | ᠴᠢᠩᠭ᠎ᠠ ᠨᠢᠭᠡ ᠪᠦᠯᠦᠭ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ᠂ ᠠᠵᠤ | ᠠᠬᠤᠶᠢᠯᠠᠯ ᠤᠨ ᠲᠥᠷᠥᠯ ᠲᠡᠮᠳᠡᠭᠲᠦ ᠪᠠ ᠦᠢᠯᠡᠳᠬᠦᠨ ᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ᠳᠤᠮᠳᠠᠳᠤ | ᠤᠯᠤᠰ ᠤᠨ ᠲᠠᠷᠢᠶᠠᠯᠠᠩ ᠤᠨ ᠲᠥᠷᠥᠯ ᠲᠡᠮᠳᠡᠭᠲᠦ ᠶᠢᠨ ᠰᠣᠶᠣᠯ ᠤᠨ ᠡᠨᠧᠷᠭᠢ ᠣᠯᠭᠤᠯᠲᠠ ᠶᠢ ᠴᠢᠩᠭᠠᠳᠬᠠᠵᠤ᠂ | ᠲᠠᠷᠢᠶᠠᠯᠠᠩ ᠤᠨ ᠲᠥᠷᠥᠯ ᠲᠡᠮᠳᠡᠭᠲᠦ ᠬᠢᠭᠡᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠡᠯᠧᠮᠧᠨ᠋ᠲ ᠤᠨ | ᠬᠠᠷᠢᠯᠴᠠᠨ ᠠᠭᠤᠰᠤᠯᠴᠠᠬᠤ ᠶᠢ ᠠᠬᠢᠭᠤᠯᠤᠨ᠎ᠠ᠃ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠲᠦᠷᠭᠡᠳᠬᠡᠨ ᠬᠥᠭᠵᠢᠭᠦᠯᠦᠨ᠎ᠡ | ᠃ ᠬᠥᠳᠡᠭᠡ ᠲᠣᠰᠬᠤᠨ ᠤ ᠣᠨᠴᠠᠯᠢᠭᠲᠤ ᠳᠠᠷᠢᠵᠤ ᠲᠡᠵᠢᠭᠡᠬᠦ ᠦᠢᠯᠡᠰ ᠢ ᠨᠠᠷᠢᠯᠢᠭ ᠰᠢᠯᠢᠳᠡᠭ ᠬᠢᠵᠦ᠂ ᠣᠷᠣᠨ | ᠨᠤᠲᠤᠭ ᠤᠨ ᠣᠨᠴᠠᠯᠢᠭᠲᠤ ᠡᠭᠦᠯᠳᠡᠷ ᠢ ᠰᠢᠯᠢᠨ ᠰᠣᠩᠭᠤᠬᠤ ᠠᠵᠢᠯ ᠢ ᠰᠠᠶᠢᠲᠤᠷ ᠬᠢᠵᠦ᠂ ᠭᠠᠷᠤᠯᠲᠠ ᠶᠢᠨ ᠣᠷᠣᠨ ᠤ | ᠠᠷᠢᠭᠤᠨ ᠴᠡᠪᠡᠷ᠂ ᠪᠦᠭᠦ ᠶᠠᠪᠤᠴᠠ ᠳᠤ ᠪᠠᠷᠢᠮᠵᠢᠶ᠎ᠠ ᠳᠤ ᠨᠡᠶᠢᠴᠡᠭᠰᠡᠨ᠂ ᠴᠢᠨᠠᠷ ᠰᠠᠶᠢᠲᠠᠢ ᠣᠨᠴᠠᠯᠢᠭᠲᠤ ᠳᠠᠷᠢᠵᠤ | ᠲᠡᠵᠢᠭᠡᠬᠦ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠣᠨᠴᠠᠯᠢᠭᠲᠤ ᠭᠠᠷ ᠦᠢᠯᠡᠳᠪᠦᠷᠢ ᠶᠢ ᠰᠢᠨ᠎ᠡ ᠶᠢ ᠡᠭᠦᠳᠦᠨ | ᠬᠥᠭᠵᠢᠭᠦᠯᠵᠦ᠂ ᠬᠥᠳᠡᠭᠡ ᠲᠣᠰᠬᠤᠨ ᠤ ᠤᠷᠠᠨ ᠲᠠᠷᠬᠠᠨ ᠢ ᠪᠤᠶᠢᠵᠢᠭᠤᠯᠵᠤ᠂ ᠬᠥᠳᠡᠭᠡ ᠲᠣᠰᠬᠤᠨ ᠤ ᠤᠯᠠᠮᠵᠢᠯᠠᠯᠲᠤ | ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠣᠨᠴᠠᠯᠢᠭᠲᠤ | ᠰᠣᠶᠣᠯ ᠤᠨ ᠠᠵᠤ ᠦᠢᠯᠡᠰ ᠢ ᠭᠦᠨᠵᠡᠭᠡᠢ ᠨᠡᠭᠡᠭᠡᠨ ᠬᠥᠭᠵᠢᠭᠦᠯᠵᠦ᠂ ᠲᠠᠷᠢᠶᠠᠯᠠᠩ ᠤᠨ ᠰᠣᠶᠣᠯ ᠤᠨ ᠥᠪ᠂ | ᠦᠨᠳᠦᠰᠦᠲᠡᠨ ᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠵᠡᠷᠭᠡ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ | ︵ᠠᠷᠪᠠᠨ ᠳᠣᠯᠤᠭ᠎ᠠ︶ ᠬᠥᠳᠡᠭᠡ ᠲᠣᠰᠬᠤᠨ ᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | ᠃ ᠦᠢᠯᠡᠳᠪᠦᠷᠢᠯᠡᠯ᠂ ᠡᠳ᠋ᠰᠢᠭᠦᠯᠭᠡ᠂ ᠭᠦᠢᠯᠭᠡᠭᠡ ᠵᠡᠷᠭᠡ ᠪᠦᠭᠦ ᠭᠤᠭᠴᠤᠭ᠎ᠠ ᠶᠢᠨ ᠲᠡᠰ ᠳᠡᠪᠰᠢᠭᠦᠯᠬᠦ ᠶᠢ ᠠᠬᠢᠭᠤᠯᠵᠤ᠂ | ᠠᠵᠤ ᠦᠢᠯᠡᠰ ᠤᠨ ᠦᠷᠳᠡᠭ ᠨᠡᠮᠡᠭᠳᠡᠯ ᠦᠷ᠎ᠡ ᠠᠰᠢᠭ ᠤᠨ ᠨᠡᠮᠡᠭᠳᠡᠯ ᠤᠨ ᠣᠷᠣᠨ ᠵᠠᠢ ᠶᠢ ᠥᠷᠭᠡᠳᠬᠡᠨ᠎ᠡ᠃ | ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ᠂ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ᠂ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ | ᠬᠥᠭᠵᠢᠭᠦᠯᠬᠦ ᠲᠦᠷᠦᠯ ᠵᠦᠢᠯ ᠢ ᠬᠡᠷᠡᠭᠵᠢᠭᠦᠯᠦᠨ᠎ᠡ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠳᠠᠭᠠᠭᠤᠯᠤᠭᠴᠢ | ᠠᠵᠤ ᠠᠬᠤᠶᠢᠯᠠᠯ ᠢ ᠲᠡᠳᠬᠦᠨ ᠬᠦᠴᠦᠷᠬᠡᠭᠵᠢᠭᠦᠯᠵᠦ᠂ ᠠᠵᠢᠯ ᠲᠥᠷᠥᠯ ᠤᠨ ᠬᠥᠭᠵᠢᠯᠲᠡ ᠶᠢ ᠬᠥᠲᠥᠯᠥᠨ | ᠳᠠᠭᠠᠭᠤᠯᠬᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ ᠡᠵᠡᠨ︾ ᠠᠵᠤ ᠠᠬᠤᠶᠢᠯᠠᠯ ᠪᠠ ᠣᠷᠣᠨ | ᠪᠦᠰᠡ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ᠂ ᠳᠤᠮᠳᠠ ᠪᠠᠭ᠎ᠠ ᠠᠵᠤ | ᠠᠬᠤᠶᠢᠯᠠᠯ ᠢ ᠰᠢᠯᠢᠳᠡᠭᠵᠢᠭᠦᠯᠵᠦ᠂ ᠦᠢᠯᠡᠳᠪᠦᠷᠢᠯᠡᠯ ᠬᠠᠮᠵᠢᠯᠴᠠᠭᠰᠠᠨ᠂ ᠮᠡᠷᠭᠡᠵᠢᠯ ᠬᠠᠷᠢᠯᠴᠠᠨ ᠨᠥᠬᠦᠪᠦᠷᠢᠯᠡᠭᠰᠡᠨ᠂ | ᠬᠦᠴᠦᠨ ᠵᠦᠢᠯ ᠢ ᠬᠠᠮᠲᠤ ᠪᠠᠷ ᠡᠳ᠋ᠯᠡᠬᠦ ᠠᠵᠤ ᠠᠬᠤᠶᠢᠯᠠᠯ ᠤᠨ ᠬᠥᠭᠵᠢᠯᠲᠡ ᠶᠢᠨ ᠵᠢᠭᠰᠠᠭᠠᠯ ᠤᠨ ᠭᠡᠯᠪᠡᠷᠢ ᠶᠢ ᠪᠤᠶ | ᠪᠣᠯᠭᠠᠨ᠎ᠠ᠃ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠶᠡᠭᠡ ᠪᠠᠷ | ᠪᠤᠶᠢᠵᠢᠭᠤᠯᠵᠤ᠂ ᠲᠠᠷᠢᠶᠠᠯᠠᠩ ᠪᠠ ᠵᠢᠭᠤᠯᠴᠢᠯᠠᠯ᠂ ᠰᠤᠷᠭᠠᠨ ᠬᠥᠮᠦᠵᠢᠯ᠂ ᠡᠷᠡᠭᠦᠯᠵᠢᠯ ᠰᠤᠪᠢᠯᠠᠯᠲᠠ ᠵᠡᠷᠭᠡ ᠠᠵᠤ | ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ | ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠤᠨ᠎ᠠ᠃ | ︵ᠠᠷᠪᠠᠨ ᠨᠠᠢᠮᠠ︶ ᠬᠥᠳᠡᠭᠡ ᠠᠵᠤ ᠠᠬᠤᠢ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠭᠡᠯᠪᠡᠷᠢ ᠶᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠶᠡᠷᠦᠩᠬᠡᠢ ᠬᠡᠮᠵᠢᠶ᠎ᠡ ᠶᠢ | ᠬᠢᠵᠠᠭᠠᠷᠯᠠᠬᠤ ᠪᠠ ᠨᠤᠷᠮ᠎ᠠ ᠲᠣᠭᠲᠠᠭᠠᠨ ᠬᠠᠮᠢᠶᠠᠷᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠲᠠᠲᠠᠭᠰᠠᠨ ᠪᠠᠶᠢᠳᠠᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠲᠠᠷᠢᠶᠠᠯᠠᠩ ᠤᠨ | ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠎ᠠ᠃ ᠲᠠᠷᠢᠶᠠᠨ ᠭᠠᠵᠠᠷ ᠢ | ᠡᠭᠡᠯᠵᠢᠯᠡᠨ ᠲᠠᠷᠢᠬᠤ ᠪᠠ ᠰᠡᠯᠭᠦᠵᠦ ᠲᠠᠷᠢᠬᠤ ᠳᠦᠷᠢᠮ ᠢ ᠪᠦᠷᠢᠨᠰᠢᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠢ | ᠵᠠᠰᠠᠬᠤ ᠪᠠ ᠠᠮᠤᠷ ᠲᠦᠪᠰᠢᠨ ᠠᠰᠢᠭᠯᠠᠬᠤ ᠶᠢ ᠴᠢᠩᠭᠠᠳᠬᠠᠨ᠎ᠠ᠃ ᠴᠢᠬᠤᠯᠠ ᠠᠮᠢᠳᠤ ᠪᠣᠳᠠᠰ ᠤᠨ ᠳᠦᠷᠰᠦ ᠪᠠ | ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠵᠤ᠂ ᠲᠠᠷᠢᠶᠠᠯᠠᠩ ᠤᠨ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠎ᠠ᠃ ᠴᠢᠬᠤᠯᠠ ᠲᠠᠷᠢᠶᠠᠯᠠᠩ ᠤᠨ ᠡᠬᠢ ᠪᠠᠶᠠᠯᠢᠭ ᠤᠨ ᠡᠬᠡ ᠲᠠᠩᠰᠠ ᠶᠢᠨ ᠳᠦᠷᠢᠮ ᠢ | ᠪᠦᠷᠢᠨᠰᠢᠭᠦᠯᠦᠨ᠎ᠡ᠃ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ | ᠠᠬᠢᠭᠤᠯᠵᠤ᠂ ᠠᠮᠢ ᠠᠬᠤᠢ ᠶᠢᠨ ᠣᠷᠴᠢᠯ ᠲᠠᠷᠢᠶᠠᠯᠠᠩ ᠢ ᠬᠥᠭᠵᠢᠭᠦᠯᠦᠨ᠎ᠡ᠃ ᠠᠭᠤᠯᠠ ᠤᠰᠤ ᠤᠢ ᠰᠢᠭᠤᠢ | ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ | ᠰᠢᠰᠲ᠋ᠧᠮ ᠲᠠᠢ ᠪᠠᠷ ᠵᠠᠰᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠬᠡᠮᠥ᠋ᠷᠡᠨ ᠤ ᠠᠷᠪᠠᠨ ᠵᠢᠯ ᠳᠤ ᠵᠢᠭᠠᠰᠤ | ᠠᠩᠨᠠᠬᠤ ᠶᠢ ᠴᠠᠭᠠᠵᠠᠯᠠᠬᠤ ᠪᠠ ᠲᠠᠯᠠᠢ ᠲᠠᠩᠭᠢᠰ ᠤᠨ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ ᠬᠤᠷᠢᠭᠯᠠᠬᠤ | ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠲᠠᠷᠢᠶᠠᠯᠠᠩ ᠤᠨ ᠭᠦᠨᠵᠡᠭᠡᠢ | ᠤᠰᠤ ᠠᠷᠪᠢᠯᠠᠵᠤ ᠤᠰᠤ ᠶᠢ ᠬᠢᠵᠠᠭᠠᠷᠯᠠᠬᠤ ᠶᠢ ᠠᠬᠢᠭᠤᠯᠤᠨ᠎ᠠ᠃ ᠬᠥᠳᠡᠭᠡ ᠠᠵᠤ ᠠᠬᠤᠢ ᠶᠢᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠳᠦᠷᠢᠮ ᠢ ᠪᠠᠶᠢᠭᠤᠯᠤᠨ᠎ᠠ᠃ ᠠᠮᠢ ᠠᠬᠤᠢ ᠶᠢᠨ | ᠶᠡᠷᠦᠩᠬᠡᠶᠢᠯᠡᠭᠰᠡᠨ ᠨᠥᠬᠦᠪᠦᠷᠢ ᠶᠢ ᠠᠬᠢᠭᠤᠯᠵᠤ᠂ ᠬᠥᠨᠳᠡᠯᠡᠨ ᠢᠶᠠᠷ ᠠᠮᠢ ᠠᠬᠤᠢ ᠶᠢ ᠬᠠᠮᠠᠭᠠᠯᠠᠬᠤ ᠨᠥᠬᠦᠪᠦᠷᠢ ᠶᠢᠨ | ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ | ᠵᠢᠷᠭᠤᠭ᠎ᠠ᠂ ᠬᠥᠳᠡᠭᠡ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠭᠡᠨ ᠤ ᠰᠢᠨ᠎ᠡ ᠳᠠᠪᠠᠭᠤᠯᠢᠭ ᠢ | ᠪᠤᠶᠢᠵᠢᠭᠤᠯᠤᠨ᠎ᠠ | ᠨᠡᠭᠡᠭᠡᠯᠲᠡ ᠬᠢᠬᠦ ᠳᠤᠮᠳᠠ ᠬᠠᠮᠲᠤᠷᠠᠯᠴᠠᠬᠤ ᠶᠢ ᠪᠠᠷᠢᠮᠲᠠᠯᠠᠵᠤ᠂ ᠬᠠᠮᠲᠤᠷᠠᠯᠴᠠᠭ᠎ᠠ ᠳᠤ ᠬᠠᠮᠲᠤ ᠪᠠᠷ ᠠᠰᠢᠭ | ᠭᠦᠷᠳᠡᠭᠦ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ ᠳᠡᠯᠭᠡᠭᠦᠷ ᠤᠨ ᠬᠤᠶᠠᠷ | ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠵᠤ᠂ ᠨᠡᠩ ᠶᠡᠭᠡ ᠬᠡᠪᠴᠢᠶ᠎ᠡ᠂ | ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠬᠥᠳᠡᠭᠡ ᠠᠵᠤ ᠠᠬᠤᠢ ᠶᠢᠨ ᠭᠠᠳᠠᠭᠠᠳᠤ | ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠬᠦᠴᠦᠯᠡᠨ ᠡᠭᠦᠳᠦᠨ᠎ᠡ᠃ | ︵ᠠᠷᠪᠠ ᠶᠢᠰᠦ︶ ᠬᠥᠳᠡᠭᠡ ᠠᠵᠤ ᠠᠬᠤᠢ ᠶᠢᠨ ᠳᠡᠯᠡᠬᠡᠢ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠤᠯᠤᠰ ᠤᠨ ᠳᠣᠲᠣᠭᠠᠳᠤ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ | ᠥᠷᠢᠰᠦᠯᠳᠦᠭᠡᠨ ᠳᠤ ᠣᠷᠤᠯᠴᠠᠬᠤ ᠶᠢ ᠵᠣᠷᠢᠭᠵᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ | ᠠᠷᠠᠯᠵᠢᠶ᠎ᠠ ᠶᠢᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ | ᠦᠢᠯᠡᠴᠢᠯᠡᠭᠡᠨ ᠤ ᠠᠷᠠᠯᠵᠢᠶ᠎ᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠠᠵᠤ ᠠᠬᠤᠢ ᠶᠢᠨ | ᠬᠦᠷᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠣᠨᠴᠠᠭᠠᠶ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ | ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠵᠡᠷᠭᠡ ᠶᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ | ᠦᠢᠯᠡᠳᠦᠯ ᠢ ᠪᠠᠳᠠᠷᠠᠭᠤᠯᠤᠨ᠎ᠠ᠃ ᠤᠯᠠᠨ ᠲᠠᠯᠠᠲᠤ ᠬᠤᠶᠠᠷ ᠲᠠᠯᠠᠲᠤ ᠬᠥᠳᠡᠭᠡ ᠠᠵᠤ ᠠᠬᠤᠢ ᠶᠢᠨ ᠬᠠᠮᠲᠤᠷᠠᠯᠴᠠᠭᠠᠨ ᠤ | ᠬᠠᠷᠢᠴᠠᠭ᠎ᠠ ᠶᠢ ᠭᠦᠨᠵᠡᠭᠡᠢ ᠰᠦᠪᠡᠭᠴᠢᠯᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠠᠮᠤ | ᠪᠤᠳᠠᠭᠠᠨ ᠤ ᠠᠮᠤᠷ ᠲᠦᠪᠰᠢᠨ ᠤ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠬᠥᠳᠡᠭᠡ ᠠᠵᠤ | ᠠᠬᠤᠢ ᠶᠢᠨ ᠬᠦᠷᠢᠶᠡᠨ ᠳᠠᠬᠢ ᠤᠯᠠᠨ ᠤᠯᠤᠰ ᠤᠨ ᠲᠣᠮᠣ ᠰᠢᠨᠵᠢᠯᠡᠬᠦ ᠤᠬᠠᠭᠠᠨ ᠤ ᠲᠥᠯᠥᠪᠯᠡᠭᠡ ᠪᠠ ᠲᠣᠮᠣ | ᠰᠢᠨᠵᠢᠯᠡᠬᠦ ᠤᠬᠠᠭᠠᠨ ᠤ ᠢᠨᠵᠧᠨᠧᠷᠢᠩ ᠢ ᠬᠡᠷᠡᠭᠵᠢᠭᠦᠯᠦᠨ᠎ᠡ᠃ ᠪᠦᠭᠦ ᠪᠥᠮᠪᠥᠷᠴᠡᠭ ᠤᠨ ᠠᠮᠤ ᠪᠤᠳᠠᠭ᠎ᠠ ᠬᠥᠳᠡᠭᠡ ᠠᠵᠤ | ᠠᠬᠤᠢ ᠶᠢᠨ ᠵᠠᠰᠠᠯᠲᠠ ᠳᠤ ᠭᠦᠨᠵᠡᠭᠡᠢ ᠣᠷᠣᠯᠴᠠᠨ᠎ᠠ᠃ | ᠳᠣᠯᠤᠭ᠎ᠠ᠂ ᠣᠷᠣᠰᠢᠨ ᠰᠠᠭᠤᠬᠤ ᠠᠵᠢᠯ ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠬᠥᠳᠡᠭᠡ | ᠲᠣᠰᠬᠤᠨ ᠤ ᠣᠲᠣ ᠦᠶ᠎ᠡ ᠶᠢᠨ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠦᠨ᠎ᠡ | ᠬᠥᠳᠡᠭᠡ ᠲᠣᠰᠬᠤᠨ ᠳᠤ ᠤᠳᠤ ᠦᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ | ᠪᠦᠷᠢᠯᠳᠦᠭᠦᠯᠬᠦ ᠪᠠᠷ ᠪᠠᠷᠢᠮᠵᠢᠶ᠎ᠠ ᠪᠤᠯᠭᠠᠵᠤ᠂ ᠪᠣᠳᠠᠰ ᠤᠨ ᠪᠣᠯᠪᠠᠰᠤᠨ ᠪᠠ ᠤᠶᠤᠨ ᠤ ᠪᠣᠯᠪᠠᠰᠤᠨ ᠤ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠪᠦᠭᠦ ᠲᠠᠯ᠎ᠠ ᠶᠢᠨ ᠳᠡᠭᠡᠭᠰᠢᠯᠡᠯᠲᠡ ᠶᠢ ᠪᠡᠶᠡᠯᠡᠭᠦᠯᠵᠦ᠂ | ᠲᠠᠷᠢᠶᠠᠴᠢᠳ ᠲᠤ ᠲᠤᠬᠠᠢ ᠶᠢᠨ ᠭᠠᠵᠠᠷ ᠲᠤᠨᠢ ᠤᠳᠤ ᠦᠶ᠎ᠡ ᠶᠢᠨ ᠪᠣᠯᠪᠠᠰᠤᠨ ᠠᠮᠢᠳᠤᠷᠠᠯ ᠢ ᠡᠳ᠋ᠯᠡᠭᠦᠯᠦᠨ᠎ᠡ᠃ | ︵ᠬᠤᠷᠢ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠬᠤᠲᠠ ᠪᠠᠯᠭᠠᠰᠤ᠂ ᠠᠶᠢᠯ ᠲᠣᠰᠬᠤᠨ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ | ᠣᠷᠣᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠠᠶᠢᠯ ᠲᠣᠰᠬᠤᠨ ᠤ | ᠲᠥᠯᠦᠪᠵᠢᠭᠦᠯᠭᠡ ᠶᠢ ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠨ᠎ᠠ᠃ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠷᠢᠨ ᠲᠥᠬᠦᠷ ᠬᠡᠮᠵᠢᠶ᠎ᠡ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠮ ᠦᠵᠡᠭᠦᠯᠭᠦ | ᠬᠡᠮᠵᠢᠶ᠎ᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠲᠠᠭᠠᠯᠠᠮᠵᠢᠲᠠᠢ ᠪᠠᠶᠢᠬᠤ ᠬᠡᠮᠵᠢᠶ᠎ᠡ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠲᠡᠰ | ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠲᠣᠣᠷ᠂ ᠤᠰᠤ ᠬᠠᠩᠭᠠᠬᠤ | ᠲᠥᠬᠦᠭᠡᠷᠦᠮᠵᠢ᠂ ᠡᠨᠧᠷᠭᠢ ᠶᠢᠨ ᠰᠢᠰᠲ᠋ᠧᠮ ᠪᠠ ᠰᠢᠨ᠎ᠡ ᠭᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠭᠢᠯᠡᠵᠦ᠂ ᠬᠥᠳᠡᠭᠡ | ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ | ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠨᠠᠰᠤᠲᠠᠶᠢᠴᠤᠳ᠂ ᠭᠡᠷ ᠲᠡᠭᠡᠨ ᠬᠤᠴᠣᠷᠤᠭᠰᠠᠨ ᠡᠮᠡᠭᠲᠡᠶᠢᠴᠦᠳ ᠬᠡᠦᠬᠡᠳ ᠪᠠ ᠵᠡᠮᠳᠡᠭᠴᠦᠳ ᠢ | ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠬᠥᠳᠡᠭᠡ ᠲᠣᠰᠬᠤᠨ ᠤ ᠵᠣᠷᠯᠣᠩ ᠤᠨ | ᠬᠤᠪᠢᠰᠬᠠᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠬᠤᠭ | ᠨᠣᠪᠰᠢ ᠶᠢ ᠵᠠᠰᠠᠬᠤ ᠠᠵᠢᠯ ᠢ ᠣᠷᠣᠨ ᠲᠦᠷᠦᠯ ᠬᠤᠪᠢᠶᠠᠨ ᠠᠬᠢᠭᠤᠯᠵᠤ᠂ ᠬᠥᠳᠡᠭᠡ ᠲᠣᠰᠬᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠲᠣᠰᠬᠤᠨ ᠤ ᠳᠦᠷᠢ ᠲᠥᠷᠬᠦ ᠶᠢ ᠳᠡᠭᠡᠭᠰᠢᠯᠡᠭᠦᠯᠭᠦ ᠤᠳᠤᠷᠢᠳᠤᠮᠵᠢ ᠶᠢᠨ | ᠳᠦᠷᠢᠮ ᠢ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠢ ᠬᠠᠮᠠᠭᠠᠯᠠᠨ᠎ᠠ᠃ | ︵ᠬᠤᠷᠢᠨ ᠨᠢᠭᠡ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠦᠬᠦᠯᠢ ᠴᠣᠭᠴᠠ ᠪᠠᠷ | ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ | ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ | ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ | ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠤᠨ ᠬᠦᠴᠦᠷᠬᠡᠭᠵᠢᠭᠦᠯᠵᠦ᠂ ᠡᠳ᠋ ᠤᠨ ᠵᠠᠰᠠᠭ ᠤᠨ | ᠣᠷᠣᠭᠤᠯᠤᠯᠲᠠ ᠪᠠᠷ ᠭᠤᠣᠯ ᠪᠤᠯᠭᠠᠬᠰᠠᠨ ᠲᠣᠭᠲᠠᠭᠤᠨ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠠᠵᠢᠯᠯᠠᠭᠠᠨ ᠤ ᠵᠠᠷᠤᠳᠠᠯ ᠤᠨ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠲᠣᠰᠬᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠳᠠᠭᠠᠭᠤᠯᠤᠭᠴᠢ ᠶᠢ ᠬᠥᠮᠥᠵᠢᠭᠦᠯᠵᠦ ᠰᠣᠩᠭᠤᠨ ᠳᠡᠪᠰᠢᠭᠦᠯᠦᠨ᠎ᠡ᠃ ᠦᠨᠳᠦᠰᠦᠨ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠣᠯᠣᠨ ᠲᠣᠰᠬᠤᠨ ᠤ ᠶᠠᠪᠤᠳᠠᠯ ᠳᠤ | ᠬᠢᠨᠠᠯᠲᠠ ᠲᠠᠯᠪᠢᠬᠤ ᠵᠥᠪᠯᠡᠯ ᠤᠨ ᠪᠦᠲᠦᠮᠵᠢᠲᠡᠶ ᠵᠣᠯᠭᠠᠯᠴᠠᠭ᠎ᠠ ᠶᠢ ᠠᠬᠢᠭᠤᠯᠤᠨ᠎ᠠ᠃ ᠲᠣᠰᠬᠤᠨ ᠤ ᠠᠷᠠᠳ ᠤᠨ | ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ | ᠱᠠᠲᠤᠨ ᠤ ᠣᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠨ᠂ | ᠬᠥᠳᠡᠭᠡ ᠲᠣᠰᠬᠤᠨ ᠤ ᠦᠢᠯᠡᠴᠢᠯᠡᠭᠡᠨ ᠤ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠬᠠᠪᠰᠤᠷᠤᠯᠴᠠᠬᠤ | ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠭᠠᠴᠠᠭᠠᠨ ᠤ | ᠠᠷᠠᠳ ᠤᠨ ᠬᠤᠷᠠᠯ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠵᠡᠷᠭᠡ ᠳᠦᠷᠢᠮ ᠢ | ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠱᠠᠰᠢᠨ | ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ᠎ᠠ᠃ ᠵᠠᠰᠠᠬᠤ ᠪᠠ ᠦᠢᠯᠡᠴᠢᠯᠡᠬᠦ ᠭᠤᠣᠯᠳᠠᠯᠭ᠎ᠠ ᠶᠢ | ᠦᠨᠳᠦᠰᠦᠨ ᠱᠠᠲᠤ ᠲᠡᠶᠢᠰᠢ ᠰᠢᠯᠵᠢᠭᠦᠯᠬᠦ ᠶᠢ ᠠᠬᠢᠭᠤᠯᠵᠤ᠂ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠲᠤᠰᠢᠶᠠᠯ ᠬᠠᠷᠢᠭᠤᠴᠠᠯᠭ᠎ᠠ ᠪᠠ ᠡᠷᠬᠡ᠂ ᠡᠬᠢ ᠪᠠᠶᠠᠯᠢᠭ ᠢ ᠬᠠᠷᠢᠯᠴᠠᠨ ᠲᠣᠬᠢᠷᠠᠭᠤᠯᠬᠤ ᠳᠦᠷᠢᠮ ᠢ ᠪᠦᠷᠢᠨᠰᠢᠭᠦᠯᠦᠨ᠂ | ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ | ᠪᠣᠳᠠᠲᠠᠢ ᠶᠢ ᠡᠷᠬᠢᠮᠯᠡᠭᠰᠡᠨ ᠲᠤᠰᠠᠲᠠᠢ ᠵᠠᠰᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠰᠢᠶᠠᠨ ᠰᠢᠶᠠᠩ | ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠣᠨ ᠭᠠᠯ ᠰᠡᠷᠭᠡᠶᠢᠯᠡᠬᠦ ᠠᠮᠤᠷ ᠲᠦᠪᠰᠢᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠬᠤᠷᠢᠨ ᠬᠤᠶᠠᠷ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠤᠨ | ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠪᠠᠶᠢᠭᠤᠯᠤᠯᠲᠠ ᠶᠢ | ᠥᠷᠭᠡᠳᠬᠡᠵᠦ᠂ ᠰᠢᠨ᠎ᠡ ᠴᠠᠭ ᠦᠶ᠎ᠡ ᠶᠢᠨ ᠲᠠᠷᠢᠶᠠᠴᠢᠨ ᠢ ᠬᠥᠮᠥᠵᠢᠭᠦᠯᠦᠨ᠎ᠡ᠃ ᠪᠣᠯᠪᠠᠰᠤᠨ ᠬᠥᠳᠡᠭᠡ ᠶᠢᠨ | ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠶᠣᠰᠣ ᠰᠤᠷᠲᠠᠬᠤᠨ ᠤ ᠰᠡᠬᠡᠭᠡᠷᠡᠭᠦᠯᠦᠯ ᠪᠣᠯᠣᠨ | ᠤᠷᠮᠠᠰᠢᠭᠤᠯᠤᠯ ᠬᠢᠵᠠᠭᠠᠷᠯᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠵᠠᠩ ᠳᠠᠳᠬᠠᠯ ᠢ ᠥᠭᠡᠷᠡᠴᠢᠯᠡᠬᠦ ᠶᠢ | ᠦᠷᠭᠦᠯᠵᠢᠯᠡᠨ ᠠᠬᠢᠭᠤᠯᠤᠨ᠎ᠠ᠃ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠵᠤ ᠤᠯᠠᠮᠵᠢᠯᠠᠬᠤ ᠶᠢ ᠴᠢᠩᠭᠠᠳᠬᠠᠨ᠎ᠠ᠃ | ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠬᠥᠭᠵᠢᠯ ᠮᠠᠨᠳᠤᠯ ᠢ ᠠᠬᠢᠭᠤᠯᠵᠤ᠂ ᠲᠠᠷᠢᠶᠠᠴᠢᠨ ᠢᠶᠠᠷ | ᠭᠤᠣᠯ ᠴᠣᠭᠴᠠ ᠪᠤᠯᠭᠠᠵᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ | ᠡᠷᠭᠢᠯᠡᠨ᠎ᠡ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ | ᠰᠣᠶᠣᠯ ᠤᠨ ᠥᠪ ᠢ ᠠᠭᠤᠳᠠᠯᠤᠨ ᠡᠮᠬᠢᠳᠬᠡᠬᠦ ᠪᠠ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ | ᠲᠣᠰᠬᠤᠨ ᠤ ᠤᠯᠠᠨ ᠲᠦᠮᠡᠨ ᠤ ᠤᠳᠬ᠎ᠠ ᠤᠷᠠᠯᠢᠭ ᠢ ᠲᠡᠳᠬᠦᠨ ᠳᠡᠮᠵᠢᠬᠦ ᠲᠣᠭᠲᠠᠴᠠ ᠶᠢ ᠲᠡᠭᠦᠯᠳᠡᠷᠵᠢᠭᠦᠯᠵᠦ᠂ | ᠲᠠᠷᠢᠶᠠᠯᠠᠬᠤ ᠰᠣᠶᠣᠯ ᠤᠨ ᠤᠳᠬ᠎ᠠ ᠠᠭᠤᠯᠭ᠎ᠠ ᠪᠣᠯᠣᠨ ᠦᠨᠦᠷ ᠠᠮᠲᠠ ᠪᠠᠷ ᠪᠢᠯᠬᠠᠮ᠎ᠠ᠂ ᠡᠶ᠎ᠡ ᠵᠣᠬᠢᠴᠠᠩᠭᠤᠢ ᠡᠪ | ᠨᠠᠶᠢᠷᠲᠠᠢ ᠪᠥᠭᠡᠳ ᠭᠤᠸ᠎ᠠ ᠰᠠᠶᠢᠬᠠᠨ ᠢ ᠢᠯᠡᠷᠡᠭᠦᠯᠦᠭᠰᠡᠨ ᠬᠥᠳᠡᠭᠡ ᠲᠣᠰᠬᠤᠨ ᠤ ᠰᠣᠶᠣᠯ ᠤᠨ ᠪᠦᠲᠦᠭᠡᠭᠳᠡᠬᠦᠨ ᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ | ᠨᠠᠢᠮᠠ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ | ᠵᠥᠷᠢᠶ᠎ᠡ ᠶᠢ ᠪᠠᠭᠠᠰᠬᠠᠨ᠎ᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ | ᠤ ᠠᠵᠢᠯ ᠤᠨ ᠭᠤᠣᠯ ᠡᠭᠦᠷᠭᠡ ᠪᠤᠯᠭᠠᠬᠤ ᠶᠢ ᠪᠠᠷᠢᠮᠲᠠᠯᠠᠵᠤ᠂ ᠨᠡᠩ ᠤᠯᠠᠨ ᠡᠬᠢ ᠪᠠᠶᠠᠯᠢᠭ ᠢ ᠠᠵᠤ ᠦᠢᠯᠡᠰ ᠠᠵᠢᠯ | ᠣᠯᠭᠤᠯᠲᠠ ᠳᠡᠭᠡᠷ᠎ᠡ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠨᠡᠨ ᠬᠦ ᠨᠡᠮᠡᠭᠳᠡᠭᠦᠯᠦᠨ᠎ᠡ᠃ | ︵ᠬᠤᠷᠢᠨ ᠭᠤᠷᠪᠠ︶ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ | ᠥᠷᠭᠡᠳᠬᠡᠨ᠎ᠡ᠃ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠵᠠᠭᠠᠶᠢᠷᠠᠭᠤᠯᠤᠨ᠂ | ᠰᠢᠶᠠᠨ ᠤ ᠬᠡᠪᠴᠢᠶᠡᠨ ᠤ ᠠᠵᠤ ᠦᠢᠯᠡᠰ ᠤᠨ ᠬᠥᠷᠰᠢ ᠵᠡᠷᠭᠡᠯᠡᠳᠡᠭᠡ ᠲᠣᠮᠣ ᠳᠤᠮᠳᠠ ᠬᠤᠲᠠ ᠶᠢᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠬᠡᠯᠬᠢᠶ᠎ᠡ ᠳᠤ ᠲᠦᠷᠭᠡᠨ ᠠᠭᠤᠰᠤᠯᠴᠠᠬᠤ ᠶᠢ | ᠠᠬᠢᠭᠤᠯᠵᠤ᠂ ᠭᠦᠳᠡᠯᠮᠦᠷᠢ ᠨᠢᠭᠲᠠᠷᠠᠭᠰᠠᠨ ᠭᠡᠯᠪᠡᠷᠢ ᠶᠢᠨ ᠠᠵᠤ ᠦᠢᠯᠡᠰ ᠤᠨ ᠱᠠᠲᠤᠯᠢᠭ ᠢᠶᠠᠷ ᠰᠢᠶᠠᠨ ᠤ ᠬᠡᠪᠴᠢᠶ᠎ᠡ | ᠲᠡᠶᠢᠰᠢ ᠰᠢᠯᠵᠢᠭᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ᠂ | ᠠᠵᠤ ᠠᠬᠤᠶᠢᠯᠠᠯ ᠤᠨ ᠴᠢᠨᠠᠷ ᠰᠠᠶᠢᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠰᠠᠶᠢᠲᠤᠷ | ᠡᠷᠭᠢᠯᠡᠭᠦ ᠶᠢ ᠳᠡᠮᠵᠢᠵᠦ᠂ ᠬᠥᠯᠥᠰᠦᠨ ᠠᠵᠢᠯᠴᠢᠨ ᠤ ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠠᠵᠢᠯ | ᠮᠡᠷᠭᠡᠵᠢᠯ ᠤᠨ ᠲᠤᠰᠬᠠᠢ ᠪᠣᠯᠪᠠᠰᠤᠷᠠᠯ ᠢ ᠥᠷᠨᠢᠭᠦᠯᠬᠦ ᠶᠢ ᠵᠣᠷᠢᠭᠵᠢᠭᠤᠯᠵᠤ᠂ ᠣᠷᠣᠨ ᠪᠦᠰᠡ ᠠᠯᠤᠰᠯᠠᠨ ᠠᠵᠢᠯ | ᠣᠯᠭᠤᠬᠤ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠵᠦ᠂ ᠣᠷᠣᠨ ᠪᠦᠰᠡ ᠶᠢᠨ ᠭᠦᠳᠡᠯᠮᠦᠷᠢ ᠦᠢᠯᠡᠴᠢᠯᠡᠭᠡᠨ ᠤ | ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ ᠲᠠᠷᠢᠶᠠᠴᠢᠳ ᠤᠨ ᠠᠵᠢᠯ ᠣᠯᠵᠤ ᠠᠵᠢᠯ ᠤᠨ ᠪᠠᠶᠢᠷᠢ ᠪᠠᠨ | ᠥᠷᠭᠡᠳᠬᠡᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠭᠡᠷ ᠪᠠᠶᠢᠰᠢᠩ ᠤᠨ | ᠰᠠᠭᠤᠷᠢᠨ ᠭᠠᠵᠠᠷ ᠤᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠨ ᠡᠷᠦᠭᠡ ᠶᠢᠨ ᠬᠠᠤᠯᠢ | ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠤᠷᠰᠢᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠠᠮᠢᠳᠤᠯᠢᠭᠵᠢᠭᠤᠯᠤᠨ ᠠᠰᠢᠭᠯᠠᠬᠤ ᠶᠢ ᠵᠥᠪᠰᠢᠶᠡᠷᠡᠨ᠎ᠡ᠃ ᠬᠥᠳᠡᠭᠡ ᠲᠣᠰᠬᠤᠨ ᠤ | ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ | ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠠᠵᠠᠷ ᠰᠢᠷᠣᠢ ᠶᠢᠨ ᠦᠷᠳᠡᠭ | ᠨᠡᠮᠡᠭᠳᠡᠯ ᠤᠨ ᠠᠰᠢᠭ ᠣᠷᠣᠯᠭ᠎ᠠ ᠶᠢ ᠬᠤᠪᠢᠶᠠᠷᠢᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ | ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠬᠥᠳᠡᠭᠡ | ᠲᠣᠰᠬᠤᠨ ᠤ ᠪᠦᠭᠦ ᠰᠠᠭᠤᠭᠠᠯᠢ ᠠᠷᠠᠳ ᠢ ᠬᠠᠮᠤᠷᠬᠤ ᠶᠢ ᠠᠬᠢᠭᠤᠯᠬᠤ ᠶᠢᠨ ᠬᠠᠮᠲᠤ ᠰᠠᠭᠤᠷᠢ ᠨᠠᠰᠤᠵᠢᠯ ᠤᠨ | ᠮᠥᠩᠭᠦ ᠶᠢᠨ ᠪᠠᠷᠢᠮᠵᠢᠶ᠎ᠠ ᠶᠢ ᠴᠠᠭ ᠲᠤᠨᠢ ᠲᠣᠬᠢᠷᠠᠭᠤᠯᠤᠨ ᠳᠡᠭᠡᠭᠰᠢᠯᠡᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠲᠣᠭᠲᠠᠭᠠᠬᠤ ᠪᠠ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ︵ᠬᠤᠷᠢᠨ ᠳᠥᠷᠪᠡ︶ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠣᠯᠣᠨ ᠬᠥᠳᠡᠭᠡ | ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠤᠲᠠ | ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠠᠭᠤᠰᠤᠯᠴᠠᠯ ᠤᠨ ᠲᠦᠪᠰᠢᠨ ᠢ | ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ | ᠲᠣᠭᠲᠠᠴᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠡᠯᠧᠮᠧᠨ᠋ᠲ ᠤᠨ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦ ᠶᠢ ᠠᠬᠢᠭᠤᠯᠵᠤ᠂ ᠣᠯᠠᠨ | ᠨᠡᠶᠢᠲᠡ ᠶᠢᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠦᠷᠢᠨᠰᠢᠭᠦᠯᠵᠦ᠂ ᠭᠠᠵᠠᠷ ᠰᠢᠷᠣᠢ ᠶᠢ ᠬᠢᠮᠳᠠ ᠦᠨ᠎ᠡ ᠪᠠᠷ ᠬᠤᠳᠠᠯᠳᠤᠭᠰᠠᠨ ᠣᠷᠣᠯᠭ᠎ᠠ ᠶᠢᠨ | ᠲᠠᠷᠢᠶᠠᠯᠠᠩ ᠬᠥᠳᠡᠭᠡ ᠲᠣᠰᠬᠤᠨ ᠳᠤ ᠬᠡᠷᠡᠭᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠤᠳᠠ | ᠬᠥᠳᠡᠭᠡ ᠶᠢᠨ ᠨᠢᠭᠡᠳᠦᠯᠲᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠢ ᠪᠠᠶᠢᠭᠤᠯᠵᠤ᠂ | ᠰᠢᠶᠠᠨ ᠰᠢᠶᠠᠩ ᠤᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ | ᠰᠢᠨ᠎ᠡ ᠪᠠᠷ ᠨᠠᠶᠢᠷᠠᠭᠤᠯᠬᠤ ᠳᠠᠭᠠᠨ 10% ᠠᠴᠠ ᠳᠣᠣᠷ᠎ᠠ ᠦᠭᠡᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠵᠢᠭᠠᠯᠲᠠ ᠲᠤᠭ᠎ᠠ ᠶᠢ ᠲᠠᠷᠢᠶᠠᠯᠠᠩ ᠬᠥᠳᠡᠭᠡ ᠲᠣᠰᠬᠤᠨ ᠳᠤ ᠲᠣᠬᠢᠷᠠᠭᠤᠯᠵᠤ ᠬᠡᠷᠡᠭᠯᠡᠨ᠎ᠡ᠃ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠤᠯᠭᠠᠬᠤ ᠢᠵᠢ ᠪᠦᠷᠢᠳᠦᠭᠦᠯᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠣᠭᠡ ᠠᠮᠠ ᠳᠠᠩᠰᠠᠯᠠᠵᠥ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ | ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ᠂ ᠣᠷᠣᠨ ᠰᠠᠭᠤᠴᠠ ᠶᠢᠨ ᠪᠠᠲᠤᠯᠠᠭ᠎ᠠ᠂ | ᠲᠠᠭᠠᠵᠥ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠵᠡᠷᠭᠡ ᠳᠤ ᠨᠡᠭᠦᠵᠦ ᠣᠴᠢᠭᠰᠠᠨ | ᠭᠠᠵᠠᠷ ᠤᠨ ᠡᠷᠣᠭᠡ ᠠᠮᠠ ᠶᠢᠨ ᠳᠠᠩᠰᠠ ᠶᠢᠨ ᠬᠥᠮᠥᠨ ᠠᠮᠠ ᠯᠤᠭ᠎ᠠ ᠠᠳᠠᠯᠢ ᠲᠡᠭᠰᠢ ᠡᠷᠬᠡ ᠡᠳ᠋ᠯᠡᠬᠦ ᠶᠢ ᠠᠬᠢᠭᠤᠯᠤᠨ᠎ᠠ | ᠃ ᠰᠢᠶᠠᠨ ᠤ ᠬᠡᠪᠴᠢᠶ᠎ᠡ ᠶᠢ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠴᠢᠬᠤᠯᠠ ᠭᠠᠷᠳᠠᠴᠠ ᠪᠤᠯᠭᠠᠵᠤ | ᠂ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠵᠠᠮ ᠢ ᠬᠤᠯᠪᠣᠬᠤ᠂ ᠴᠠᠭᠢᠯᠭᠠᠨ ᠬᠠᠩᠭᠠᠬᠤ ᠲᠣᠣᠷ ᠰᠦᠯᠵᠢᠶ᠎ᠡ ᠶᠢ | ᠬᠤᠯᠪᠣᠯᠳᠤᠭᠤᠯᠬᠤ᠂ ᠠᠶᠠᠨᠴᠢᠳ ᠤᠨ ᠵᠥᠭᠡᠭᠡᠪᠦᠷᠢ ᠪᠠᠷᠠᠭᠠᠨ ᠤ ᠭᠦᠢᠯᠭᠡᠭᠡ ᠶᠢ ᠨᠢᠭᠡ ᠴᠣᠭᠴᠠᠵᠢᠭᠤᠯᠬᠤ ᠶᠢ | ᠠᠬᠢᠭᠤᠯᠵᠤ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠬᠡᠬᠦ᠂ ᠳᠦᠷᠢᠮ ᠢ ᠨᠢᠭᠡᠳᠬᠡᠬᠦ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠠᠨ᠎ᠠ᠃ | ︵ᠬᠤᠷᠢᠨ ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠠ ᠶᠠᠳᠠᠭᠤ ᠠᠴᠠ ᠠᠩᠭᠢᠵᠢᠷᠠᠭᠰᠠᠨ | ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃ ᠬᠥᠳᠡᠭᠡ | ᠲᠣᠰᠬᠤᠨ ᠤ ᠬᠥᠮᠥᠨ ᠠᠮᠠ ᠶᠢ ᠬᠠᠮᠤᠷᠤᠭᠰᠠᠨ ᠳᠠᠭᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ | ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ | ᠪᠣᠯᠣᠨ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ | ᠪᠠᠶᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭᠵᠢᠭᠤᠯᠬᠤ᠂ ᠲᠣᠬᠢᠷᠠᠭᠤᠯᠬᠤ ᠵᠠᠷᠴᠢᠮ ᠶᠣᠰᠣᠭᠠᠷ᠂ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠠᠪᠰᠤᠷᠤᠨ ᠲᠡᠳᠬᠦᠬᠦ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠪᠤᠶᠢᠵᠢᠯᠲᠠ ᠶᠢᠨ ᠴᠢᠨᠠᠷ ᠢᠶᠠᠷ ᠰᠠᠶᠢᠨ᠂ ᠳᠠᠶᠢᠴᠢᠯᠠᠬᠤ ᠬᠦᠴᠦᠨ ᠢᠶᠠᠷ ᠴᠢᠩᠭ᠎ᠠ | ᠬᠠᠪᠰᠤᠷᠤᠨ ᠲᠡᠳᠬᠦᠬᠦ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠲᠠᠷᠢᠶᠠᠯᠠᠩ ᠢ ᠬᠤᠯᠪᠤᠭᠠᠯᠠᠨ ᠲᠠᠷᠢᠶᠠᠯᠠᠩ ᠢ | ᠳᠠᠶᠢᠴᠢᠯᠠᠵᠤ ᠲᠠᠷᠢᠶᠠᠴᠢᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠦᠯᠬᠦ ᠶᠢ ᠲᠥᠪ ᠤᠨ ᠡᠳ᠋ ᠤᠨ ᠵᠠᠰᠠᠭ ᠤᠨ | ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠦᠷᠢ ᠶᠢᠨ ᠪᠡᠯᠡ | ᠮᠥᠩᠭᠦ ᠶᠢ ᠤᠷᠢᠳ ᠢᠶᠠᠷ ᠳᠡᠮᠵᠢᠬᠦ ᠠᠭᠤᠯᠭ᠎ᠠ ᠪᠣᠯᠭᠠᠨ᠎ᠠ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠠᠵᠤ | ᠦᠢᠯᠡᠰ ᠤᠨ ᠬᠥᠭᠵᠢᠯᠲᠡ ᠳᠤ ᠬᠡᠷᠡᠭᠰᠡᠬᠦ ᠢᠵᠢ ᠪᠦᠷᠢᠳᠦᠭᠦᠯᠬᠦ ᠲᠥᠬᠦᠭᠡᠷᠦᠮᠵᠢ ᠶᠢ ᠤᠷᠢᠳ ᠢᠶᠠᠷ ᠪᠠᠶᠢᠷᠢᠰᠢᠭᠤᠯᠤᠨ᠎ᠠ᠃ | ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠬᠥᠭᠵᠢᠭᠦᠯᠵᠦ᠂ ︽ᠬᠤᠷ᠎ᠠ ᠪᠣᠷᠣᠭᠠᠨ ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠲᠥᠪ ᠤᠨ ᠪᠠᠶᠢᠭᠤᠯᠭ᠎ᠠ ᠨᠢᠭᠡᠴᠢ ᠶᠢᠨ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ | ᠠᠬᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ | ᠲᠡᠳᠬᠦᠬᠦ ᠰᠢᠶᠠᠨ ᠢ ᠲᠥᠪᠯᠡᠷᠡᠭᠦᠯᠦᠨ ᠳᠡᠮᠵᠢᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠭᠰᠡᠨ ᠤ | ᠳᠠᠷᠠᠭᠠᠬᠢ ᠲᠡᠳᠬᠦᠮᠵᠢ ᠶᠢ ᠴᠢᠩᠭᠠᠳᠬᠠᠨ᠎ᠠ᠃ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠬᠢ | ᠤᠯᠤᠰ ᠤᠨ ᠣᠷᠣᠭᠤᠯᠤᠯᠲᠠ ᠶᠢᠨ ᠡᠳ᠋ ᠬᠥᠷᠥᠩᠭᠡ ᠪᠣᠯᠵᠤ ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ | ᠶᠢᠰᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠬᠤ ᠳᠤ ᠡᠷᠬᠡᠪᠰᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠡᠯ᠎ᠡ ᠬᠦᠷᠢᠶ᠎ᠡ ᠡᠯ᠎ᠡ ᠭᠤᠭᠴᠤᠭ᠎ᠠ ᠳᠤ | ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ᠂ ᠤᠯᠤᠰ ᠠᠷᠠᠳ ᠤᠨ | ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠡᠷᠭᠡ ᠳᠤ ᠣᠷᠣᠭᠤᠯᠵᠤ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠲᠠᠰᠤᠷᠠᠯᠳᠠ | ᠦᠭᠡᠢ ᠪᠣᠳᠠᠲᠤ ᠠᠬᠢᠴᠠ ᠲᠠᠢ ᠪᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠥᠯᠦᠪᠵᠢᠭᠦᠯᠭᠡ᠂ ᠲᠥᠷᠥᠯ | ᠵᠦᠢᠯ᠂ ᠪᠡᠯᠡ ᠮᠥᠩᠭᠦ᠂ ᠬᠦᠴᠦᠨ ᠵᠦᠢᠯ ᠤᠨ ᠬᠤᠭᠤᠷᠣᠨᠳᠣᠭᠢ ᠪᠦᠲᠦᠮᠵᠢᠲᠡᠶ ᠵᠣᠯᠭᠠᠭᠤᠯᠤᠯᠲᠠ ᠶᠢ | ᠴᠢᠩᠭᠠᠷᠠᠭᠤᠯᠤᠨ᠂ ᠳᠠᠪᠬᠤᠷᠳᠠᠭᠤᠯᠤᠨ ᠪᠦᠲᠦᠭᠡᠨ ᠪᠠᠶᠢᠭᠤᠯᠬᠤ ᠠᠴᠠ ᠵᠠᠶᠢᠯᠠᠰᠬᠢᠬᠦ ᠬᠡᠷᠡᠭᠲᠡᠢ᠃ ᠲᠤᠰ | ᠲᠥᠯᠦᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠡᠭᠦᠷᠭᠡ ᠪᠠ ᠴᠢᠬᠤᠯᠠ ᠶᠡᠭᠡ ᠢᠨᠵᠧᠨᠧᠷᠢᠩ ᠤᠨ ᠲᠦᠷᠦᠯ | ᠵᠦᠢᠯ ᠨᠢ ᠭᠠᠵᠠᠷ ᠰᠢᠷᠣᠢ ᠶᠢᠨ ᠬᠠᠩᠭᠠᠯᠭ᠎ᠠ ᠶᠢ ᠤᠷᠢᠳ ᠢᠶᠠᠷ ᠪᠠᠲᠤᠯᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠮᠥᠩᠭᠦᠨ | ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠣᠯᠠᠨ ᠲᠠᠰ ᠳᠠᠪᠬᠤᠷᠭ᠎ᠠ ᠶᠢᠨ ᠲᠠᠷᠢᠶᠠᠯᠠᠩ ᠤᠨ | ᠳᠠᠭᠠᠳᠬᠠᠯ ᠢ ᠬᠥᠭᠵᠢᠭᠦᠯᠵᠦ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠠᠩᠭᠢᠯᠠᠭ᠎ᠠ ᠶᠢᠨ ᠬᠦᠷᠢᠶ᠎ᠡ ᠪᠠ ᠪᠠᠭᠤᠷᠠᠢ ᠭᠤᠭᠴᠤᠭ᠎ᠠ ᠶᠢ ᠭᠤᠣᠯᠳᠠᠯᠭ᠎ᠠ ᠲᠠᠢ ᠳᠡᠮᠵᠢᠨ᠎ᠡ᠃ | ᠲᠠᠷᠢᠶᠠᠯᠠᠩ ᠳᠤ ᠬᠤᠯᠪᠣᠭᠳᠠᠬᠤ ᠺᠠᠳ᠋ᠷ ᠤᠨ ᠪᠣᠯᠪᠠᠰᠤᠷᠠᠯ ᠢ ᠴᠢᠩᠭᠠᠳᠬᠠᠵᠤ᠂ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ ᠪᠠᠲᠤ | ᠴᠢᠩᠭ᠎ᠠ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠵᠣᠬᠢᠴᠠᠭᠰᠠᠨ᠂ ᠬᠥᠳᠡᠭᠡ ᠠᠵᠤ ᠠᠬᠤᠢ ᠶᠢᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠴᠢᠳᠠᠪᠤᠷᠢ ᠲᠠᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠺᠠᠳ᠋ᠷ ᠤᠨ ᠡᠩᠨᠡᠭᠡ ᠶᠢ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠲᠤᠰ ᠭᠠᠵᠠᠷ ᠣᠷᠣᠨ ᠳᠠᠭᠠᠨ | ᠬᠥᠮᠥᠵᠢᠭᠦᠯᠬᠦ ᠪᠠ ᠭᠠᠳᠠᠨ᠎ᠠ ᠠᠴᠠ ᠣᠷᠣᠭᠤᠯᠤᠨ ᠠᠪᠴᠢᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠶᠡᠭᠡ | ᠳᠡᠭᠡᠳᠦ ᠰᠤᠷᠭᠠᠭᠤᠯᠢ ᠶᠢᠨ ᠬᠥᠳᠡᠭᠡ ᠠᠵᠤ ᠠᠬᠤᠢ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ | ᠬᠦᠴᠦᠷᠬᠡᠭᠵᠢᠭᠦᠯᠦᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠠᠤᠯᠢ ᠴᠠᠭᠠᠵᠠ ᠶᠢᠨ ᠵᠢᠷᠤᠮᠵᠢᠯ ᠤᠨ | ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠵᠡᠭᠦᠨ ᠬᠡᠰᠡᠭ ᠤᠨ ᠳᠠᠯᠠᠶ ᠳᠠᠭᠠᠤ ᠬᠥᠭᠵᠢᠭᠰᠡᠨ ᠭᠠᠵᠠᠷ | ᠣᠷᠣᠨ ᠤ ᠨᠥᠬᠦᠴᠡᠯ ᠲᠠᠢ ᠮᠤᠵᠢ ᠶᠢᠨ ᠬᠥᠳᠡᠭᠡ ᠠᠵᠤ ᠠᠬᠤᠢ ᠶᠢᠨ ᠬᠦᠴᠦᠷᠬᠡᠭ ᠮᠤᠵᠢ ᠶᠢ ᠤᠷᠢᠳ ᠢᠶᠠᠷ | ᠪᠠᠶᠢᠭᠤᠯᠬᠤ ᠶᠢ ᠠᠬᠢᠭᠤᠯᠵᠤ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠵᠤ ᠠᠬᠤᠢ ᠶᠢᠨ | ᠬᠥᠭᠵᠢᠯᠲᠡ ᠶᠢᠨ ᠲᠦᠪᠰᠢᠨ ᠢᠶᠠᠷ ᠨᠡᠯᠢᠶᠡᠳ ᠥᠨᠳᠥᠷ᠂ ᠡᠬᠢ ᠪᠠᠶᠠᠯᠢᠭ ᠤᠨ ᠨᠥᠬᠦᠴᠡᠯ ᠢᠶᠠᠷ ᠨᠡᠯᠢᠶᠡᠳ ᠰᠠᠶᠢᠨ | ᠬᠤᠲᠠ ᠭᠠᠵᠠᠷ ᠢ ᠵᠣᠷᠢᠭᠵᠢᠭᠤᠯᠤᠨ ᠬᠥᠳᠡᠭᠡ ᠠᠵᠤ ᠠᠬᠤᠢ ᠶᠢᠨ ᠬᠦᠴᠦᠷᠬᠡᠭ ᠬᠤᠲᠠ ᠶᠢ ᠲᠦᠷᠭᠡᠳᠬᠡᠨ ᠪᠦᠲᠦᠭᠡᠨ | ᠪᠠᠶᠢᠭᠤᠯᠵᠤ᠂ ᠨᠥᠬᠦᠴᠡᠯ ᠲᠠᠢ ᠰᠢᠶᠠᠨ ︵ᠬᠤᠲᠠ᠂ ᠲᠣᠭᠤᠷᠢᠭ︶ ᠢ ᠬᠥᠲᠥᠯᠥᠨ ᠵᠢᠯᠤᠭᠤᠳᠴᠤ ᠪᠠᠶᠢᠭᠠᠳ ᠬᠥᠳᠡᠭᠡ | ᠠᠵᠤ ᠠᠬᠤᠢ ᠶᠢᠨ ᠬᠦᠴᠦᠷᠬᠡᠭ ᠰᠢᠶᠠᠨ ᠢ ᠲᠦᠷᠭᠡᠳᠬᠡᠨ ᠪᠦᠲᠦᠭᠡᠨ ᠪᠠᠶᠢᠭᠤᠯᠵᠤ᠂ ᠵᠦᠷᠢᠶᠡᠴᠢᠯᠡᠭᠰᠡᠨ᠂ | ᠣᠨᠴᠠᠯᠢᠭᠲᠤ ᠬᠥᠭᠵᠢᠯᠲᠡ ᠶᠢᠨ ᠵᠠᠭᠪᠤᠷ ᠢ ᠲᠥᠷᠥᠯ ᠬᠤᠪᠢᠶᠠᠨ ᠰᠦᠪᠡᠭᠴᠢᠯᠡᠨ᠎ᠡ᠃ ᠴᠢᠬᠤᠯᠠ ᠶᠡᠭᠡ ᠤᠴᠢᠷ | ᠶᠠᠪᠤᠳᠠᠯ ᠢ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠦᠨ᠎ᠡ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 7 ᠤ ᠴᠠᠭᠢᠯᠭᠠᠨ ᠮᠡᠳᠡᠭᠡ | | |