ᠡᠨᠡ ᠵᠢᠯ᠂ ᠬᠤᠷᠴᠢᠨ ᠲᠣᠭᠤᠷᠢᠭ ᠤᠨ ᠬᠢᠨ ᠪᠦᠲᠦᠭᠡᠨ ᠪᠠᠶᠢᠭᠤᠯᠤᠯᠲᠠ ᠶᠢᠨ ᠪᠠᠩᠬᠢ ᠲᠠᠢ ︽ᠵᠠᠰᠠᠭ ᠤᠨ | ᠶᠠᠪᠤᠳᠠᠯ + ᠮᠥᠩᠭᠦᠨ ᠭᠦᠢᠯᠭᠡᠭᠡ︾ ᠶᠢᠨ ᠵᠠᠰᠠᠭ ᠪᠠᠩᠬᠢ ᠶᠢᠨ ᠬᠠᠮᠲᠤᠷᠠᠯᠴᠠᠭᠠᠨ ᠤ ᠰᠢᠰᠲ᠋ᠧᠮ ᠢ ᠪᠠᠶᠢᠭᠤᠯᠵᠤ᠂ | ᠨᠠᠩ ᠴᠢᠨᠠᠷ ᠰᠠᠶᠢᠲᠠᠶ᠂ ᠠᠮᠤᠷ ᠲᠦᠪᠰᠢᠨ᠂ ᠥᠨᠳᠥᠷ ᠪᠦᠲᠦᠮᠵᠢᠲᠡᠶ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ | ᠪᠣᠶ ᠪᠣᠯᠭᠠᠪᠠ᠃ ᠪᠥᠲᠥᠭᠡᠨ ᠪᠠᠶᠢᠭᠤᠯᠤᠯᠲᠠ ᠶᠢᠨ ᠪᠠᠩᠬᠢ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ | ᠪᠠᠶᠢᠴᠠᠭᠠᠨ ᠯᠠᠪᠯᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠭᠤᠶᠤᠴᠢᠯᠠᠨ ᠠᠪᠬᠤ ᠵᠡᠷᠭᠡ 34 ᠵᠦᠢᠯ ᠤᠨ | ᠲᠤᠬᠠᠶᠢᠯᠠᠭᠰᠠᠨ ᠠᠵᠢᠯ ᠢ ᠪᠠᠭᠲᠠᠭᠠᠵᠤ᠂ ᠤᠶᠤᠨᠲᠤ ᠯᠠᠩᠭᠦᠶ ᠶᠢᠨ ᠮᠠᠰᠢᠨ ᠠᠴᠠ ᠡᠮ ᠡᠮᠨᠡᠯᠭᠡ ᠶᠢᠨ ᠳᠠᠭᠠᠳᠬᠠᠯ ᠤᠨ | ᠬᠤᠪᠢ ᠬᠥᠮᠦᠨ ᠤ ᠰᠦᠢᠳᠬᠡᠯ ᠲᠤᠰᠢᠶᠠᠬᠤ ᠶᠢ ᠪᠠᠶᠢᠴᠠᠭᠠᠨ ᠯᠠᠪᠯᠠᠬᠤ᠂ ᠮᠤᠵᠢ ᠠᠯᠤᠰᠯᠠᠨ ᠣᠨᠳᠣᠤ ᠭᠠᠵᠠᠷ ᠲᠤ | ᠡᠪᠡᠳᠴᠢᠨ ᠦᠵᠡᠭᠦᠯᠬᠦ ᠶᠢ ᠳᠠᠩᠰᠠᠯᠠᠬᠤ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠵᠡᠷᠭᠡ ᠥᠨᠳᠥᠷ ᠳᠠᠪᠲᠠᠮᠵᠢᠲᠤ | ᠵᠠᠰᠠᠭ ᠤᠨ ᠶᠠᠪᠤᠳᠠᠯ ᠤᠨ 27 ᠵᠦᠢᠯᠡᠰ ᠢ ᠪᠠᠶᠢᠷᠢᠯᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ | ᠲᠤᠰᠬᠠᠶ ᠮᠡᠷᠭᠡᠵᠢᠯ ᠤᠨ᠂ ᠨᠠᠷᠢᠨ ᠨᠢᠭᠲᠠ᠂ ᠳᠣᠲᠣᠨᠣ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ | ᠬᠠᠩᠭᠠᠨ᠎ᠠ᠃ | |