ᠰᠢ ᠶᠢᠨ ᠫᠢᠩ ᠪᠣᠯᠣᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠷᠡᠪᠤᠸᠧ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠳᠤ ᠵᠣᠷᠢᠭᠤᠯᠤᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2025/4/14
    ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 13 ᠤ ᠴᠠᠭᠢᠯᠭᠠᠨ ᠮᠡᠳᠡᠭᠡ 4 ᠰᠠᠷ᠎ᠠ ᠶᠢᠨ 13 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠢᠨᠳᠤᠨᠧᠰᠢᠶ᠎ᠠ ᠶᠢᠨ ᠶᠡᠷᠦᠩᠬᠡᠶᠢᠯᠡᠭᠴᠢ ᠫᠷᠡᠪᠤᠸᠧ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠪᠡ᠃    ᠰᠢ ᠶᠢᠨ ᠫᠢᠩ᠂ ᠳᠤᠮᠳᠠᠳᠤ ᠤᠯᠤᠰ ᠪᠣᠯᠣᠨ ᠢᠨᠳᠤᠨᠧᠰᠢᠶ᠎ᠠ ᠪᠣᠯ ᠲᠠᠯᠠᠢ ᠠᠯᠤᠰᠯᠠᠨ ᠰᠠᠭᠤᠭᠰᠠᠨ ᠰᠠᠶᠢᠨ ᠬᠥᠷᠰᠢ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠰᠠᠶᠢᠨ ᠬᠠᠨᠢᠲᠠᠨ ᠶᠤᠮ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠲᠤᠷᠰᠢ ᠬᠤᠶᠠᠷ ᠲᠠᠯ᠎ᠠ ᠪᠠᠷ ᠢᠶᠠᠨ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠴᠢᠩ ᠦᠨᠡᠨᠴᠢ ᠪᠠᠷ ᠬᠠᠮᠵᠢᠯᠴᠠᠵᠤ᠂ ᠬᠤᠶᠠᠷ ᠤᠯᠤᠰ ᠤᠨ ᠬᠠᠷᠢᠯᠴᠠᠭ᠎ᠠ ᠲᠦᠷᠭᠡᠨ ᠬᠥᠭᠵᠢᠵᠦ᠂ ᠳᠤᠮᠳᠠᠳᠤ ᠢᠨᠳᠤᠨᠧᠰᠢᠶ᠎ᠠ ᠶᠢᠨ ᠨᠥᠬᠦᠷᠯᠡᠯ ᠬᠥᠮᠥᠰ ᠤᠨ ᠰᠡᠳᠬᠢᠯ ᠳᠤ ᠭᠦᠨ ᠬᠠᠳᠠᠩᠰᠢᠪᠠ᠃ ᠨᠢᠳᠤᠨᠤᠨ ᠪᠢ ᠶᠡᠷᠦᠩᠬᠡᠶᠢᠯᠡᠭᠴᠢ ᠠᠪᠤᠭᠠᠢ ᠲᠠᠢ ᠬᠤᠶᠠᠷ ᠤᠳᠠᠭ᠎ᠠ ᠠᠭᠤᠯᠵᠠᠵᠤ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠶᠢᠨ ᠠᠯᠤᠰ ᠤᠨ ᠲᠥᠰᠥᠪ ᠢ ᠡᠷᠡᠰ ᠲᠡᠮᠵᠢᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠵᠠᠮ ᠢᠶᠠᠷ ᠭᠠᠷ ᠬᠤᠯᠪᠣᠨ ᠰᠠᠶᠢᠲᠤᠷ ᠵᠠᠮᠨᠠᠵᠤ᠂ ᠭᠠᠵᠠᠷ ᠣᠷᠣᠨ ᠪᠣᠯᠣᠨ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠲᠠᠭᠢᠨ ᠰᠢᠨ᠎ᠡ ᠳᠡᠭᠲᠡᠷ ᠲᠤ ᠭᠠᠷᠬᠤ ᠶᠢ ᠬᠥᠲᠥᠯᠥᠨ ᠳᠠᠭᠠᠭᠤᠯᠬᠤ ᠪᠠᠷ ᠰᠠᠨᠠᠯ ᠨᠢᠭᠡᠲᠡᠢ ᠵᠥᠪᠰᠢᠶᠡᠷᠡᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠢᠨᠳᠤᠨᠧᠰᠢᠶ᠎ᠠ ᠪᠣᠯ ᠪᠦᠷ ᠬᠥᠭᠵᠢᠵᠦ ᠪᠠᠶᠢᠭ᠎ᠠ ᠲᠣᠮᠣ ᠤᠯᠤᠰ ᠪᠠ ︽ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ︾ ᠤᠨ ᠴᠢᠬᠤᠯᠠ ᠬᠦᠴᠦᠨ ᠮᠥᠨ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠪᠦᠭᠦ ᠪᠥᠮᠪᠥᠷᠴᠡᠭ ᠤᠨ ᠨᠥᠯᠥᠭᠡ ᠲᠠᠢ ᠶᠤᠮ᠃ ᠪᠢ ᠳᠤᠮᠳᠠᠳᠤ ᠢᠨᠳᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠨ ᠲᠠᠯᠠᠲᠤ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠳᠤᠮᠳᠠᠳᠤ ᠢᠨᠳᠤᠨᠧᠰᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠴᠠᠭ ᠦᠶ᠎ᠡ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠥᠭᠵᠢᠵᠦ ᠪᠠᠶᠢᠭ᠎ᠠ ᠲᠣᠮᠣ ᠤᠯᠤᠰ ᠤᠨ ᠴᠢᠩ ᠦᠨᠡᠨᠴᠢ ᠪᠦᠯᠬᠦᠮᠳᠡᠯ ᠤᠨ ᠨᠡᠶᠢᠲᠡᠯᠢᠭ ᠦᠯᠢᠭᠡᠷ ᠵᠢᠱᠢᠶ᠎ᠡ᠂ ᠬᠠᠮᠲᠤ ᠪᠠᠷ ᠬᠥᠭᠵᠢᠬᠦ ᠶᠢᠨ ᠬᠡᠪ ᠳᠠᠭᠤᠷᠢᠶᠠᠯ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠬᠤᠰᠢᠭᠤᠴᠢ ᠪᠣᠯᠵᠤ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠨ᠎ᠠ ᠭᠡᠵᠦ ᠴᠢᠬᠤᠯᠠᠴᠢᠯᠠᠪᠠ᠃    ᠫᠷᠡᠪᠤᠸᠧ ᠪᠠᠶᠠᠷ ᠤᠨ ᠴᠠᠭᠢᠯᠭᠠᠨ ᠴᠢᠮᠡᠭᠡ ᠳᠡᠭᠡᠨ᠂ ᠳᠤᠮᠳᠠᠳᠤ ᠢᠨᠳᠤᠨᠧᠰᠢᠶ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ ᠪᠢ ᠢᠨᠳᠤᠨᠧᠰᠢᠶ᠎ᠠ ᠶᠢᠨ ᠵᠠᠰᠠᠭ ᠤᠨ ᠣᠷᠳᠣᠨ ᠪᠣᠯᠣᠨ ᠢᠨᠳᠤᠨᠧᠰᠢᠶ᠎ᠠ ᠶᠢᠨ ᠠᠷᠠᠳ ᠲᠦᠮᠡᠨ ᠤ ᠡᠮᠦᠨ᠎ᠡ ᠠᠴᠠ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠴᠢᠩ ᠰᠡᠳᠬᠢᠯ ᠤᠨ ᠪᠠᠶᠠᠷ ᠬᠦᠷᠭᠡᠵᠦ ᠪᠠᠶᠢᠨ᠎ᠠ᠃ ᠢᠨᠳᠤᠨᠧᠰᠢᠶ᠎ᠠ ᠪᠣᠯᠣᠨ ᠳᠤᠮᠳᠠᠳᠤ ᠤᠯᠤᠰ ᠤᠨ ᠨᠥᠬᠦᠷᠯᠡᠯ ᠥᠨᠢ ᠤᠳᠠᠭᠠᠨ ᠲᠡᠦᠬᠡ ᠲᠠᠢ᠂ ᠬᠤᠶᠠᠷ ᠤᠯᠤᠰ ᠤᠨ ᠬᠠᠨᠢᠲᠠᠨ ᠤ ᠬᠠᠷᠢᠯᠴᠠᠭ᠎ᠠ ᠠᠮᠢᠵᠢᠷᠠᠯ ᠤᠨ ᠬᠦᠴᠦᠨ ᠢᠶᠠᠷ ᠴᠢᠩᠭ᠎ᠠ ᠪᠠᠶᠢᠨ᠎ᠠ᠃ ᠬᠤᠶᠠᠷ ᠲᠠᠯ᠎ᠠ ᠶᠢᠨ ᠤᠯᠤᠰ ᠲᠦᠷᠦ᠂ ᠠᠵᠤ ᠠᠬᠤᠢ᠂ ᠰᠣᠶᠣᠯ ᠢᠷᠭᠡᠨᠰᠢᠯ᠂ ᠲᠠᠯᠠᠢ ᠳᠡᠭᠡᠷᠡᠬᠢ᠂ ᠠᠮᠤᠷ ᠲᠦᠪᠰᠢᠨ ᠵᠡᠷᠭᠡ ︽ᠲᠠᠪᠤᠨ ᠶᠡᠭᠡ ᠲᠤᠯᠭᠠᠭᠤᠷᠢ︾ ᠬᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠦᠷᠭᠦᠯᠵᠢᠯᠡᠨ ᠲᠦᠷᠭᠡᠨ ᠠᠬᠢᠪᠠ᠃ ᠪᠢ ᠬᠤᠶᠠᠷ ᠤᠯᠤᠰ ᠤᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠬᠤᠯᠪᠣᠭᠠᠰᠤ ᠶᠢ ᠴᠢᠩᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠦ ᠢᠯᠡᠳᠬᠡᠪᠡ᠃  
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号