ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ | ᠃ ᠲᠤᠰ ᠡᠳᠦᠷ ᠤᠨ ᠦᠳᠡ ᠶᠢᠨ ᠬᠤᠶᠢᠨ᠎ᠠ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ | ᠲᠦᠷᠪᠡᠨ ᠰᠠᠷ᠎ᠠ ᠶᠢᠨ ᠬᠠᠨᠤᠢ ᠳᠤ ᠤᠢ ᠮᠣᠳᠣ ᠬᠥᠬᠡᠷᠡᠨ ᠨᠣᠭᠤᠭᠠᠷᠠᠵᠤ᠂ ᠠᠮᠢᠵᠢᠷᠠᠯ ᠤᠨ ᠬᠦᠴᠦᠨ ᠢᠶᠠᠷ | ᠪᠢᠯᠬᠠᠨ᠎ᠠ᠃ ᠲᠡᠷᠢᠭᠦᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠲᠠᠪᠤᠨ ᠣᠳᠣᠲᠤ ᠤᠯᠠᠭᠠᠨ ᠲᠤᠭ ᠪᠠ | ᠠᠯᠳᠠᠨ ᠣᠳᠣᠲᠤ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠸᠢᠶᠧᠳ᠋ᠨᠠᠮ ᠤᠨ 200 ᠭᠠᠷᠤᠢ ᠪᠠᠭᠠᠴᠤᠳ | ᠬᠡᠦᠬᠡᠳ ᠲᠤᠭ ᠳᠠᠯᠪᠠᠭ᠎ᠠ ᠬᠤᠷᠦ᠋ᠢᠯᠠᠵᠤ᠂ ᠰᠢ ᠶᠢᠨ ᠫᠢᠩ ᠤᠨ ᠠᠶᠢᠯᠴᠢᠯᠠᠬᠤ ᠪᠠᠷ ᠢᠷᠡᠭᠰᠡᠨ ᠢ ᠬᠠᠯᠠᠭᠤᠨ ᠢᠶᠠᠷ | ᠤᠭᠲᠤᠪᠠ᠃ | | | | 4 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠳ᠋ᠨᠠᠮ ᠳᠤ ᠲᠦᠷᠦ ᠶᠢᠨ | ᠶᠠᠪᠤᠳᠠᠯ ᠤᠨ ᠠᠶᠢᠯᠴᠢᠯᠠᠯᠲᠠ ᠬᠢᠪᠡ᠃ ᠲᠤᠰ ᠡᠳᠦᠷ ᠤᠨ ᠦᠳᠡ ᠶᠢᠨ ᠬᠤᠶᠢᠨ᠎ᠠ᠂ ᠸᠢᠶᠧᠳ᠋ᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ | ᠶᠠᠪᠤᠭᠤᠯᠪᠠ᠃ ᠵᠢᠷᠤᠭ ᠪᠣᠯ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ | ᠰᠢᠯᠭᠠᠨ ᠦᠵᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ ᠲᠡᠷᠭᠡ ᠪᠠᠷ ᠬᠦᠷᠬᠦ ᠦᠶ᠎ᠡ ᠳᠤ ᠰᠦ᠋ ᠯᠢᠨ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ | ᠤᠭᠲᠤᠨ ᠠᠪᠴᠤ᠂ ᠸᠢᠶᠧᠳ᠋ᠨᠠᠮ ᠤᠨ ᠪᠠᠭᠠᠴᠤᠳ ᠬᠡᠦᠬᠡᠳ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ᠃ | ᠰᠢ ᠶᠢᠨ ᠫᠢᠩ ᠰᠦ᠋ ᠯᠢᠨ ᠲᠠᠢ ᠬᠠᠮᠲᠤ ᠰᠢᠯᠭᠠᠨ ᠦᠵᠡᠬᠦ ᠲᠠᠶᠢᠰᠠᠨ ᠳᠤ ᠭᠠᠷᠪᠠ᠃ ᠴᠡᠷᠢᠭ ᠤᠨ ᠬᠥᠭᠵᠢᠮ ᠤᠨ | ᠪᠦᠯᠭᠦᠮ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ | ᠶᠣᠰᠣᠯᠠᠯ ᠤᠨ ᠫᠤᠤ ᠶᠢ 21 ᠳᠤᠤᠭᠠᠷᠭᠠᠪᠠ᠃ ᠰᠢ ᠶᠢᠨ ᠫᠢᠩ ᠰᠦ᠋ ᠯᠢᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ | ᠠᠩᠭᠢ ᠶᠢ ᠰᠢᠯᠭᠠᠨ ᠦᠵᠡᠪᠡ᠃ ᠬᠤᠶᠠᠷ ᠨᠠᠮ ᠤᠨ ᠶᠡᠷᠦᠩᠬᠡᠢ ᠱᠦᠵᠢ ᠲᠤᠰ ᠲᠤᠰ ᠨᠦᠭᠦᠭᠡ ᠲᠠᠯ᠎ᠠ ᠶᠢᠨ ᠪᠠᠷ᠎ᠠ | ᠪᠣᠯᠣᠭᠰᠠᠳ ᠲᠠᠢ ᠭᠠᠷ ᠠᠳᠬᠤᠨ ᠮᠡᠨᠳᠦᠴᠢᠯᠡᠵᠦ᠂ ᠳᠠᠷᠠᠭ᠎ᠠ ᠨᠢ ᠬᠠᠮᠲᠤ ᠪᠠᠷ ᠵᠢᠭᠰᠠᠭᠠᠯ ᠢ ᠰᠣᠨᠢᠷᠬᠠᠪᠠ᠃ | ᠤᠭᠲᠤᠬᠤ ᠶᠣᠰᠣᠯᠠᠯ ᠤᠨ ᠳᠠᠷᠠᠭ᠎ᠠ ᠰᠢ ᠶᠢᠨ ᠫᠢᠩ ᠪᠣᠯᠣᠨ ᠰᠦ᠋ ᠯᠢᠨ ᠬᠠᠮᠲᠤ ᠪᠠᠷ ᠸᠢᠶᠧᠳ᠋ᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠬᠦᠷᠴᠦ ᠬᠡᠯᠡᠯᠴᠡᠭᠡ ᠬᠢᠪᠡ᠃ ᠵᠠᠮ ᠳᠠᠭᠠᠤ ᠸᠢᠶᠧᠳ᠋ᠨᠠᠮ ᠤᠨ | ᠬᠡᠳᠦᠨ ᠵᠠᠭᠤᠨ ᠠᠷᠠᠳ ᠲᠦᠮᠡᠨ ᠬᠤᠶᠠᠷ ᠨᠠᠮ ᠬᠤᠶᠠᠷ ᠤᠯᠤᠰ ᠤᠨ ᠲᠤᠭ ᠢ ᠬᠤᠷᠦ᠋ᠢᠯᠠᠵᠤ᠂ ᠰᠢ ᠶᠢᠨ ᠫᠢᠩ ᠢ | ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠤᠭᠲᠤᠬᠤ ᠪᠠᠷ ᠢᠷᠡᠭᠰᠡᠨ ᠤᠯᠠᠨ ᠤ ᠵᠦᠭ | ᠭᠠᠷ ᠳᠠᠯᠠᠯᠤᠨ ᠮᠡᠨᠳᠦᠴᠢᠯᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | |