ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠭᠤᠭ᠎ᠠ | ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠲᠠᠢ | ᠬᠡᠯᠡᠯᠴᠡᠭᠡ ᠬᠢᠪᠡ᠃ | ᠰᠢ ᠶᠢᠨ ᠫᠢᠩ᠂ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠢ ᠱᠦᠵᠢ ᠰᠦ᠋ | ᠯᠢᠨ ᠲᠠᠢ ᠠᠩᠬᠠᠨ ᠤ ᠡᠭᠡᠯᠵᠢ ᠶᠢᠨ ᠬᠠᠷᠢᠯᠴᠠᠨ ᠠᠶᠢᠯᠴᠢᠯᠠᠯᠲᠠ ᠪᠠᠨ ᠪᠡᠶᠡᠯᠡᠭᠦᠯᠦᠭᠰᠡᠨ ᠳᠡᠭᠡᠨ ᠮᠠᠰᠢ ᠪᠠᠶᠠᠷ ᠲᠠᠢ | ᠪᠠᠶᠢᠨ᠎ᠠ᠃ ᠡᠨᠡ ᠵᠢᠯ ᠪᠣᠯ ᠸᠢᠶᠧᠳ᠋ᠨᠠᠮ ᠤᠨ ᠡᠪ ᠬᠠᠮᠲᠤ ᠨᠠᠮ ᠪᠠᠶᠢᠭᠤᠯᠤᠭᠳᠠᠭᠰᠠᠨ 95 ᠵᠢᠯ ᠤᠨ ᠤᠢ᠂ | ᠸᠢᠶᠧᠳ᠋ᠨᠠᠮ ᠤᠨ ᠤᠯᠤᠰ ᠪᠠᠶᠢᠭᠤᠯᠤᠭᠳᠠᠭᠰᠠᠨ 80 ᠵᠢᠯ ᠤᠨ ᠤᠢ ᠪᠣᠯᠣᠨ ᠡᠮᠦᠨᠡᠲᠦ ᠸᠢᠶᠧᠳ᠋ᠨᠠᠮ ᠴᠢᠯᠦᠭᠡᠯᠡᠭᠳᠡᠭᠰᠡᠨ | 50 ᠵᠢᠯ ᠤᠨ ᠤᠢ ᠪᠣᠯᠣᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ | ᠵᠠᠰᠠᠭ ᠤᠨ ᠣᠷᠳᠣᠨ ᠤ ᠡᠮᠦᠨ᠎ᠡ ᠠᠴᠠ ᠸᠢᠶᠧᠳ᠋ᠨᠠᠮ ᠤᠨ ᠲᠠᠯ᠎ᠠ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠃ | ᠳᠤᠮᠳᠠᠳᠤ ᠤᠯᠤᠰ ᠥᠩᠭᠡᠷᠡᠭᠰᠡᠨ ᠲᠠᠢ ᠪᠠᠨ ᠠᠳᠠᠯᠢ ᠪᠠᠷ ᠸᠢᠶᠧᠳ᠋ᠨᠠᠮ ᠤᠨ ᠬᠢᠨ ᠤ ᠲᠣᠰ ᠤᠯᠤᠰ ᠤᠨ ᠢᠶᠠᠨ | ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ 2026 ᠣᠨ ᠳᠤ | ᠸᠢᠶᠧᠳ᠋ᠨᠠᠮ ᠤᠨ ᠡᠪ ᠬᠠᠮᠲᠤ ᠨᠠᠮ ᠤᠨ ᠠᠷᠪᠠᠨ ᠳᠥᠷᠪᠡᠳᠦᠭᠡᠷ ᠶᠡᠭᠡ ᠬᠤᠷᠠᠯ ᠢᠶᠠᠨ ᠢᠯᠠᠯᠲᠠ ᠲᠠᠢ ᠬᠤᠷᠠᠯᠳᠤᠭᠤᠯᠵᠤ᠂ | ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ | ᠲᠠᠰᠤᠷᠠᠯᠲᠠ ᠦᠭᠡᠢ ᠤᠷᠤᠭᠰᠢᠯᠠᠬᠤ ᠶᠢ ᠲᠡᠮᠵᠢᠨ᠎ᠡ ᠭᠡᠵᠦ ᠵᠢᠭᠠᠵᠤ ᠭᠠᠷᠭᠠᠪᠠ᠃ | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | ᠰᠢ ᠶᠢᠨ ᠫᠢᠩ᠂ ᠡᠨᠡ ᠵᠢᠯ ᠪᠣᠯ ᠳᠤᠮᠳᠠᠳᠤ ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠵᠢᠴᠢ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠪᠣᠯᠣᠨ᠎ᠠ᠃ | 75 ᠵᠢᠯ ᠤᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠬᠤᠶᠠᠷ ᠲᠠᠯ᠎ᠠ ᠪᠠᠷ ᠢᠶᠠᠨ ᠤᠯᠤᠰ ᠤᠨ | ᠲᠤᠰᠠᠭᠠᠷ ᠲᠣᠭᠲᠠᠨᠢᠯ ᠪᠣᠯᠣᠨ ᠦᠨᠳᠦᠰᠦᠲᠡᠨ ᠤ ᠴᠢᠯᠦᠭᠡᠯᠡᠯᠲᠡ ᠶᠢ ᠲᠡᠮᠡᠴᠡᠨ ᠣᠯᠬᠤ ᠲᠡᠮᠡᠴᠡᠯ ᠳᠤᠮᠳᠠ ᠬᠠᠷᠢᠯᠴᠠᠨ | ᠲᠡᠮᠵᠢᠵᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠳᠤᠮᠳᠠ ᠭᠠᠷ ᠬᠤᠯᠪᠣᠨ ᠬᠠᠮᠲᠤ ᠪᠠᠷ | ᠤᠷᠤᠭᠰᠢᠯᠠᠵᠤ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠡᠷᠡᠮᠡᠬᠡᠶᠢᠯᠡᠨ | ᠤᠷᠤᠭᠰᠢᠯᠠᠵᠤ᠂ ᠨᠡᠶᠢᠭᠡᠮ ᠵᠢᠷᠤᠮᠲᠤ ᠤᠯᠤᠰ ᠤᠨ ᠪᠦᠯᠬᠦᠮᠳᠡᠨ ᠬᠠᠮᠲᠤᠷᠠᠯᠴᠠᠬᠤ ᠬᠡᠪ ᠳᠠᠭᠤᠷᠢᠶᠠᠯ ᠪᠣᠯᠪᠠ᠃ | ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠳᠤᠮᠳᠠᠳᠤ ᠸᠢᠶᠧᠳ᠋ᠨᠠᠮ ᠬᠤᠶᠠᠷ ᠤᠯᠤᠰ ᠡᠩᠬᠡ | ᠲᠠᠶᠢᠪᠤᠩ ᠬᠥᠭᠵᠢᠯᠲᠡ ᠶᠢ ᠪᠠᠷᠢᠮᠲᠠᠯᠠᠵᠤ᠂ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ | ᠳ᠋ᠠᠬᠢᠨ ᠳᠤ ᠡᠷᠬᠢᠮ ᠨᠠᠨᠳᠢᠨ ᠲᠣᠭᠲᠠᠪᠤᠷᠢᠲᠤ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠪᠡ᠃ ᠲᠡᠦᠬᠡ ᠶᠢᠨ ᠰᠢᠨ᠎ᠡ | ᠭᠠᠷᠤᠭ᠎ᠠ ᠳᠡᠭᠡᠷ᠎ᠡ ᠵᠣᠭᠰᠣᠵᠤ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ ᠨᠥᠬᠦᠷ | ᠪᠥᠭᠡᠳ ᠠᠬ᠎ᠠ ᠳᠡᠭᠦᠦ︾ ᠶᠢᠨ ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠤᠯᠤᠰ ᠲᠦᠷᠦ ᠶᠢᠨ | ᠢᠲᠡᠭᠡᠯᠴᠡᠭᠡ ᠨᠡᠩ ᠥᠨᠳᠥᠷ᠂ ᠠᠮᠤᠷ ᠲᠦᠪᠰᠢᠨ ᠤ ᠬᠠᠮᠲᠤᠷᠠᠯᠴᠠᠭ᠎ᠠ ᠨᠡᠩ ᠪᠣᠳᠠᠲᠠᠢ᠂ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠨᠡᠩ ᠭᠦᠨᠵᠡᠭᠡᠢ᠂ ᠠᠷᠠᠳ ᠤᠨ ᠰᠠᠨᠠᠭᠠᠨ ᠤ ᠰᠠᠭᠤᠷᠢ ᠨᠡᠩ ᠪᠠᠲᠤ᠂ ᠤᠯᠠᠨ ᠲᠠᠯ᠎ᠠ ᠶᠢᠨ | ᠵᠣᠬᠢᠴᠠᠭᠤᠯᠭ᠎ᠠ ᠬᠠᠮᠵᠢᠯᠴᠠᠭ᠎ᠠ ᠨᠡᠩ ᠴᠢᠩᠭ᠎ᠠ᠂ ᠵᠥᠷᠢᠯᠳᠦᠭᠡᠨ ᠢ ᠬᠠᠮᠢᠶᠠᠷᠤᠨ ᠡᠵᠡᠮᠳᠡᠵᠦ ᠰᠢᠢᠳᠪᠦᠷᠢᠯᠡᠬᠦ ᠪᠠᠷ ᠨᠡᠩ | ᠰᠠᠶᠢᠨ ︽ᠵᠢᠷᠭᠤᠭᠠᠨ ᠨᠡᠩ ᠪᠠᠶᠢᠬᠤ︾ ᠶᠡᠷᠦᠩᠬᠡᠢ ᠬᠠᠷᠠᠯᠲᠠ ᠶᠣᠰᠣᠭᠠᠷ ᠪᠦᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠴᠢᠨᠠᠷ ᠰᠠᠶᠢᠲᠠᠢ ᠠᠬᠢᠭᠤᠯᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠵᠤ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠪᠠ᠃ | | | | 4 ᠰᠠᠷ᠎ᠠ ᠶᠢᠨ 14 ᠤ ᠦᠳᠡ ᠶᠢᠨ ᠬᠤᠶᠢᠨ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠰᠦ᠋ ᠯᠢᠨ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠲᠠᠷᠠᠭ᠎ᠠ ᠬᠤᠶᠠᠷ | ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠳ᠋ᠨᠠᠮ ᠬᠤᠶᠠᠷ ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ ᠬᠠᠮᠲᠤ ᠪᠠᠷ ᠭᠡᠷᠡᠴᠢᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ | ᠴᠢᠬᠤᠯᠠ ᠳᠡᠯᠡᠬᠡᠢ ᠶᠢᠨ ᠠᠴᠢ ᠬᠤᠯᠪᠣᠭᠳᠠᠯ ᠲᠠᠢ ᠶᠤᠮ᠃ ᠬᠤᠶᠠᠷ ᠤᠯᠤᠰ ᠭᠠᠷ ᠬᠤᠯᠪᠣᠨ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠵᠤ᠂ 15 ᠳ᠋ᠦᠩᠰᠢᠭᠤᠷ ᠭᠠᠷᠤᠢ ᠬᠥᠮᠥᠨ ᠠᠮᠠ ᠬᠠᠮᠲᠤ ᠪᠠᠷ ᠣᠳᠣᠬᠢᠴᠢᠯᠠᠯᠲᠠ | ᠲᠡᠶᠢᠰᠢ ᠤᠷᠤᠭᠰᠢᠯᠠᠬᠤ ᠨᠢ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠦᠴᠦᠲᠡᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ᠃ ᠬᠤᠶᠠᠷ ᠤᠯᠤᠰ ᠢᠶᠠᠷ ᠢᠶᠠᠨ | ᠴᠥᠮ ᠭᠠᠳᠠᠭᠠᠳᠤ ᠨᠡᠭᠡᠭᠡᠯᠲᠡ ᠬᠢᠬᠦ ᠶᠢ ᠪᠠᠷᠢᠮᠲᠠᠯᠠᠵᠤ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠬᠤ᠂ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠪᠡ᠃ ᠵᠢᠵᠢᠭ ᠣᠩᠭᠤᠴᠠ ᠪᠢᠴᠢᠬᠠᠨ ᠵᠠᠪᠢ | ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢ ᠳᠠᠭᠠᠭᠠᠵᠤ ᠳᠡᠶᠢᠯᠭᠦ ᠦᠭᠡᠢ᠂ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠪᠠᠯ ᠰᠠᠶ᠋ᠢ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠪᠣᠯᠣᠨ ᠸᠢᠶᠧᠳ᠋ᠨᠠᠮ ᠪᠣᠯ | ᠴᠥᠮ ᠠᠵᠤ ᠠᠬᠤᠢ ᠶᠢᠨ ᠳᠡᠯᠡᠬᠡᠶᠢᠵᠢᠯᠲᠡ ᠶᠢᠨ ᠠᠰᠢᠭ ᠢ ᠭᠦᠷᠳᠡᠭᠴᠢ ᠮᠥᠨ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠴᠢᠩᠭᠠᠳᠬᠠᠵᠤ᠂ ᠭᠠᠭᠴᠠ ᠲᠠᠯ᠎ᠠ ᠶᠢᠨ ᠡᠵᠡᠷᠬᠡᠭ ᠠᠵᠢᠯᠯᠠᠭ᠎ᠠ ᠶᠢ ᠬᠠᠮᠲᠤ ᠪᠠᠷ | ᠡᠰᠡᠷᠭᠦᠴᠡᠵᠦ᠂ ᠪᠦᠬᠦ ᠪᠥᠮᠪᠥᠷᠴᠡᠭ ᠤᠨ ᠴᠢᠯᠦᠭᠡᠲᠦ ᠠᠷᠠᠯᠵᠢᠶᠠᠨ ᠤ ᠪᠠᠶᠢᠭᠤᠯᠤᠯ ᠪᠣᠯᠣᠨ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠭᠦᠨᠵᠡᠭᠡᠶᠢᠷᠡᠭᠦᠯᠬᠦ ᠲᠤᠬᠠᠢ ᠵᠢᠷᠭᠤᠭᠠᠨ ᠠᠷᠭ᠎ᠠ ᠬᠡᠮᠵᠢᠶ᠎ᠡ ᠳᠤᠷᠠᠳᠪᠠ᠃ | ᠨᠢᠭᠡ ᠳᠤ ᠨᠡᠩ ᠥᠨᠳᠥᠷ ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠦᠶ᠎ᠡ᠃ | ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠲᠦᠷᠦᠯ ᠰᠠᠳᠤᠨ ᠢᠶᠠᠨ ᠡᠷᠭᠢᠵᠦ ᠦᠵᠡᠬᠦ ᠲᠠᠢ | ᠠᠳᠠᠯᠢ ᠪᠠᠷ ᠦᠷᠭᠦᠯᠵᠢ ᠶᠠᠪᠤᠯᠴᠠᠵᠤ᠂ ᠢᠯᠡᠭᠦᠬᠡᠨ ᠣᠯᠣᠯᠴᠠᠶ᠎ᠠ᠃ ᠬᠤᠶᠠᠷ ᠲᠠᠯ᠎ᠠ ᠪᠠᠷ ᠢᠶᠠᠨ ᠨᠠᠮ ᠤᠨ | ᠬᠤᠭᠤᠷᠣᠨᠳᠦᠭᠢ᠂ ᠬᠠᠤᠯᠢ ᠲᠣᠭᠲᠠᠭᠠᠬᠤ ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ | ᠪᠠᠶᠢᠭᠤᠯᠤᠯᠲᠠ ᠵᠡᠷᠭᠡ ᠵᠠᠮ ᠰᠤᠪᠠᠭ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠣᠳᠣᠬᠢᠴᠢᠯᠠᠯᠲᠠ ᠶᠢ ᠠᠬᠢᠭᠤᠯᠬᠤ | ᠲᠠᠯ᠎ᠠ ᠪᠠᠷ ᠬᠢ ᠨᠠᠮ ᠤᠨ ᠤᠳᠤᠷᠢᠳᠬᠤ ᠲᠦᠪᠰᠢᠨ ᠢ ᠳᠡᠭᠡᠭᠰᠢᠯᠡᠭᠦᠯᠦᠶ᠎ᠡ᠃ | ᠬᠤᠶᠠᠷ ᠲᠤ ᠨᠡᠩ ᠪᠠᠲᠤ ᠪᠠᠬᠢ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠶ᠎ᠠ᠃ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3+3︾ ᠶᠢᠨ | ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ ᠲᠣᠭᠲᠠᠴᠠ ᠶᠢ ᠰᠠᠶᠢᠳ ᠤᠨ ᠲᠡᠰ ᠢᠶᠠᠷ ᠲᠣᠭᠲᠠᠭᠠᠵᠤ᠂ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠨᠡᠮᠡᠭᠳᠡᠭᠦᠯᠦᠶ᠎ᠡ᠃ ᠰᠡᠷᠭᠡᠶᠢᠯᠡᠨ ᠬᠠᠮᠠᠭᠠᠯᠠᠬᠤ ᠠᠵᠢᠯ ᠪᠠ ᠬᠠᠤᠯᠢ ᠬᠡᠷᠡᠭᠵᠢᠭᠦᠯᠬᠦ | ᠠᠮᠤᠷ ᠲᠦᠪᠰᠢᠨ ᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠦᠯᠵᠢᠶᠡᠨ | ᠳᠡᠭᠡᠷ᠎ᠡ ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ | ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠬᠤᠶᠠᠷ ᠲᠠᠯᠠᠲᠤ ᠪᠠ ᠤᠯᠠᠨ ᠲᠠᠯᠠᠲᠤ ᠢᠯᠠᠩᠭᠤᠶ᠎ᠠ ᠯᠠᠨᠼᠠᠩᠵᠢᠶᠠᠩ | ᠮᠥᠷᠡᠨ ᠮᠸᠢᠢᠭᠤᠩ ᠮᠥᠷᠡᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠳᠣᠲᠣᠷᠠᠬᠢ ᠬᠠᠤᠯᠢ ᠬᠡᠷᠡᠭᠵᠢᠭᠦᠯᠬᠦ | ᠬᠠᠤᠯᠢ ᠪᠠᠷᠢᠬᠤ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠪᠠ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠶ᠎ᠠ᠃ | ᠭᠤᠷᠪᠠ ᠳᠤ ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠳᠤᠮᠳᠠᠳᠤ | ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠪᠣᠯᠣᠨ ᠸᠢᠶᠧᠳ᠋ᠨᠠᠮ ᠤᠨ ᠰᠢᠨ᠎ᠡ ᠭᠡᠯᠪᠡᠷᠢ ᠶᠢᠨ | ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠴᠢᠬᠤᠯᠠ ᠶᠡᠭᠡ ᠠᠵᠠ ᠲᠣᠭᠢᠶᠠᠯ ᠢ ᠡᠵᠡᠮᠳᠡᠵᠦ᠂ ᠬᠤᠶᠠᠷ | ᠤᠯᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠦᠶ᠎ᠡ | ᠃ ᠬᠤᠶᠠᠷ ᠲᠠᠯ᠎ᠠ ᠶᠢᠨ ᠪᠠᠷᠢᠮᠵᠢᠶᠠᠲᠤ ᠵᠢᠮᠳᠦ ᠲᠡᠮᠦᠷ ᠵᠠᠮ᠂ ᠲᠦᠷᠭᠡᠨ ᠤ ᠵᠠᠰᠠᠮᠠᠯ ᠵᠠᠮ᠂ ᠣᠶᠤᠨᠲᠤ ᠬᠢᠯᠢ ᠶᠢᠨ | ᠪᠣᠭᠤᠮᠲᠠ ᠶᠢ ᠪᠦᠬᠦ ᠲᠠᠯ᠎ᠠ ᠪᠠᠷ ᠬᠤᠯᠪᠣᠨ ᠨᠡᠪᠲᠡᠷᠡᠭᠦᠯᠬᠦ ᠶᠢ ᠡᠷᠲᠡᠬᠡᠨ ᠪᠡᠶᠡᠯᠡᠭᠦᠯᠦᠶ᠎ᠡ᠃ ᠵᠣᠬᠢᠶᠠᠮᠠᠯ ᠤᠶᠤᠨ | ᠴᠢᠳᠠᠪᠤᠷᠢ᠂ ᠪᠠᠷᠠᠭᠠᠨ ᠤ ᠰᠦᠯᠵᠢᠶ᠎ᠡ ᠵᠡᠷᠭᠡ ᠳᠡᠭᠡᠳᠦ ᠮᠡᠷᠭᠡᠵᠢᠯ ᠤᠨ ᠬᠠᠮᠲᠤᠷᠠᠯᠴᠠᠭ᠎ᠠ ᠶᠢ ᠠᠬᠢᠭᠤᠯᠤᠶ᠎ᠠ᠃ ᠳᠤᠮᠳᠠᠳᠤ | ᠤᠯᠤᠰ ᠤᠨ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠢᠮᠠᠭᠲᠠ ᠸᠢᠶᠧᠳ᠋ᠨᠠᠮ ᠳᠤ ᠨᠡᠭᠡᠭᠡᠯᠲᠡ ᠬᠢᠵᠦ᠂ | ᠸᠢᠶᠧᠳ᠋ᠨᠠᠮ ᠤᠨ ᠨᠡᠩ ᠤᠯᠠᠨ ᠰᠢᠯᠢᠳᠡᠭ ᠦᠢᠯᠡᠳᠬᠦᠨ ᠢ ᠳᠤᠮᠳᠠᠳᠤ ᠤᠯᠤᠰ ᠲᠤ ᠭᠠᠷᠭᠠᠬᠤ ᠶᠢ ᠪᠠᠶᠠᠷᠯᠠᠨ ᠤᠭᠲᠤᠵᠤ | ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠸᠢᠶᠧᠳ᠋ᠨᠠᠮ ᠳᠤ ᠬᠦᠷᠴᠦ | ᠪᠡᠯᠡ ᠣᠷᠣᠭᠤᠯᠬᠤ ᠶᠢ ᠵᠣᠷᠢᠭᠵᠢᠭᠤᠯᠵᠤ᠂ ᠸᠢᠶᠧᠳ᠋ᠨᠠᠮ ᠤᠨ ᠲᠠᠯ᠎ᠠ ᠶᠢᠨ ᠬᠢᠨ ᠨᠡᠩ ᠡᠷᠬᠡ ᠲᠡᠭᠰᠢ ᠨᠥᠭᠦᠷᠰᠡᠭ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠬᠤ ᠶᠢ ᠬᠦᠰᠡᠵᠦ ᠪᠠᠶᠢᠨ᠎ᠠ᠃ | ᠳᠥᠷᠪᠡ ᠳᠤ ᠨᠡᠩ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠬᠤᠯᠪᠣᠭᠠᠰᠤ ᠶᠢ ᠪᠠᠲᠤ ᠴᠢᠩᠭᠠᠯᠠᠶ᠎ᠠ᠃ ᠡᠨᠡ | ᠵᠢᠯ ᠤᠨ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠢᠶᠠᠷ ᠠᠵᠠ ᠲᠣᠭᠢᠶᠠᠯ | ᠪᠤᠯᠭᠠᠵᠤ᠂ ᠤᠯᠠᠨ ᠲᠦᠮᠡᠨ ᠲᠠᠢ ᠣᠶᠢᠷᠠᠲᠤᠭᠰᠠᠨ᠂ ᠠᠷᠠᠳ ᠤᠨ ᠰᠡᠳᠬᠢᠯ ᠢ ᠣᠯᠣᠭᠰᠠᠨ ᠨᠡᠩ ᠤᠯᠠᠨ ᠨᠥᠭᠦᠷᠰᠡᠭ | ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠯ᠂ ᠰᠣᠶᠣᠯ᠂ ᠵᠠᠭᠤᠴᠢᠯᠠᠭᠤᠷ᠂ ᠡᠷᠡᠭᠦᠯ ᠬᠠᠮᠠᠭᠠᠯᠠᠯ ᠵᠡᠷᠭᠡ ᠶᠢᠨ | ᠬᠠᠮᠲᠤᠷᠠᠯᠴᠠᠭ᠎ᠠ ᠶᠢ ᠴᠢᠩᠭᠠᠳᠬᠠᠶ᠎ᠠ᠃ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢ ᠦᠷᠭᠦᠯᠵᠢᠯᠡᠨ ᠭᠦᠨ | ᠠᠭᠤᠳᠠᠯᠤᠨ᠂ ᠨᠥᠭᠦᠷᠰᠡᠭ ᠦᠯᠢᠭᠡᠷ ᠢ ᠰᠠᠶᠢᠲᠤᠷ ᠶᠠᠷᠢᠵᠤ᠂ ᠬᠤᠶᠢᠰᠢᠳᠠ ᠶᠢᠨ 3 ᠵᠢᠯ ᠳᠤ ᠸᠢᠶᠧᠳ᠋ᠨᠠᠮ ᠤᠨ | ᠵᠠᠯᠠᠭᠤᠴᠤᠳ ᠢ ᠤᠷᠢᠵᠤ ᠳᠤᠮᠳᠠᠳᠤ ᠤᠯᠤᠰ ᠲᠤ ᠣᠴᠢᠭᠤᠯᠤᠨ ︽ᠬᠤᠪᠢᠰᠬᠠᠯ ᠤᠨ ᠰᠤᠳᠤᠯᠭᠠᠨ ᠤ ᠠᠶᠠᠯᠠᠯ︾ ᠢ | ᠥᠷᠨᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠳᠤ | ᠬᠤᠪᠢᠰᠬᠠᠯ ᠤᠨ ᠲᠦᠷᠦ ᠭᠦᠷᠦᠨ ᠢ ᠭᠢᠯᠪᠠᠷ ᠪᠤᠰᠤ ᠪᠠᠷ ᠣᠯᠵᠤ ᠢᠷᠡᠭᠰᠡᠨ᠂ ᠬᠤᠶᠠᠷ ᠤᠯᠤᠰ ᠤᠨ ᠡᠶᠡᠯᠳᠡᠭ | ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠡᠷᠬᠢᠮ ᠨᠠᠨᠳᠢᠨ ᠭᠡᠳᠡᠭ ᠢ ᠣᠶᠢᠯᠠᠭᠠᠭᠤᠯᠵᠤ᠂ ᠳᠤᠮᠳᠠᠳᠤ ᠸᠢᠶᠧᠳ᠋ᠨᠠᠮ ᠤᠨ | ᠬᠠᠷᠢᠯᠴᠠᠭᠠᠨ ᠤ ᠬᠥᠭᠵᠢᠯᠲᠡ ᠪᠣᠯᠣᠨ ᠥᠪᠡᠷ ᠥᠪᠡᠷ ᠤᠨ ᠤᠯᠤᠰ ᠤᠨ ᠪᠦᠲᠦᠭᠡᠨ ᠪᠠᠶᠢᠭᠤᠯᠤᠯᠲᠠ ᠳᠤ ᠨᠡᠩ ᠤᠯᠠᠨ | ᠵᠠᠯᠠᠭᠤ ᠬᠦᠴᠦᠨ ᠢ ᠬᠥᠮᠥᠵᠢᠭᠦᠯᠵᠦ ᠥᠭᠭᠦᠶ᠎ᠡ᠃ | ᠲᠠᠪᠤ ᠳᠤ ᠨᠡᠩ ᠨᠢᠭᠲᠠ ᠤᠯᠠᠨ ᠲᠠᠯᠠᠲᠤ ᠬᠠᠮᠵᠢᠯᠴᠠᠭ᠎ᠠ ᠶᠢ ᠥᠷᠨᠢᠭᠦᠯᠦᠶ᠎ᠡ᠃ ᠳᠡᠯᠡᠬᠡᠢ ᠶᠢᠨ ᠬᠤᠶᠠᠳᠤᠭᠠᠷ ᠶᠡᠭᠡ | ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ᠂ ᠤᠯᠠᠨ ᠤᠯᠤᠰ ᠤᠨ ᠬᠤᠯᠪᠣᠭᠠᠲᠤ | ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ | ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠡᠷᠬᠡ ᠲᠡᠭᠰᠢ ᠡᠮᠬᠢ ᠳᠢᠭᠯᠢᠮ ᠲᠠᠢ | ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠵᠤ᠂ ᠭᠤᠷᠪᠠᠨ ᠶᠡᠭᠡ ᠪᠦᠬᠦ ᠪᠥᠮᠪᠥᠷᠴᠡᠭ ᠤᠨ ᠰᠠᠨᠠᠭᠠᠴᠢᠯᠠᠭ᠎ᠠ ᠶᠢᠨ ᠪᠦᠳᠦᠭᠦᠪᠴᠢ | ᠵᠥᠪᠯᠡᠯᠴᠡᠭᠡᠷ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠶ᠎ᠠ᠃ ᠳᠤᠮᠳᠠᠳᠤ ᠤᠯᠤᠰ ᠳᠣᠲᠣᠨᠣ ᠦᠨᠡᠨᠴᠢ | ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ | ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠡᠷᠭᠢᠨ ᠲᠣᠭᠤᠷᠢᠨ ᠤ | ᠤᠯᠤᠰ ᠤᠳ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠬᠥᠷᠰᠢ ᠵᠡᠷᠭᠡᠯᠡᠳᠡᠭᠡ ᠳᠡᠭᠡᠨ ᠨᠡᠩ ᠢᠯᠡᠭᠦᠦ ᠬᠦᠷᠲᠡᠭᠡᠨ᠎ᠡ᠃ | ᠵᠢᠷᠭᠤᠭ᠎ᠠ ᠳᠤ᠂ ᠳᠠᠯᠠᠢ ᠳᠡᠭᠡᠷᠡᠬᠢ ᠨᠡᠩ ᠰᠠᠶᠢᠨ ᠬᠤᠷᠰᠢᠯᠴᠠᠭ᠎ᠠ ᠶᠢ ᠪᠡᠶᠡᠯᠡᠭᠦᠯᠦᠶ᠎ᠡ᠃ ᠬᠤᠶᠠᠷ ᠤᠯᠤᠰ ᠤᠨ | ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ | ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠳᠠᠯᠠᠢ ᠳᠡᠭᠡᠷᠡᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤ ᠪᠠᠷ | ᠨᠡᠭᠡᠭᠡᠨ ᠬᠥᠭᠵᠢᠭᠦᠯᠬᠦ ᠶᠢ ᠵᠣᠷᠢᠭ ᠰᠢᠭᠤᠳᠤᠨ ᠡᠬᠢᠯᠡᠭᠦᠯᠵᠦ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ | ︾ ᠶᠢ ᠲᠦᠷᠭᠡᠬᠡᠨ ᠲᠣᠬᠢᠷᠠᠯᠴᠠᠬᠤ ᠶᠢ ᠠᠬᠢᠭᠤᠯᠤᠶ᠎ᠠ᠃ | ᠰᠦ᠋ ᠯᠢᠨ ᠠᠴᠠ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ ᠬᠤᠶᠠᠷ ᠤᠯᠤᠰ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢᠨ ᠲᠠᠰᠢᠷᠠᠮ ᠢᠶᠠᠷ ᠸᠢᠶᠧᠳ᠋ᠨᠠᠮ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠭᠰᠡᠨ ᠢ ᠬᠠᠯᠠᠭᠤᠨ ᠢᠶᠠᠷ ᠤᠭᠲᠤᠪᠠ᠃ ᠰᠦ᠋ ᠯᠢᠨ᠂ ᠶᠡᠷᠦᠩᠬᠡᠢ ᠱᠦᠵᠢ ᠰᠢ ᠶᠢᠨ | ᠫᠢᠩ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠭᠠᠷᠮᠠᠭᠠᠢ ᠤᠳᠤᠷᠢᠳᠤᠭᠴᠢ ᠮᠥᠨ᠂ ᠪᠠᠰᠠ ᠴᠤ | ᠸᠢᠶᠧᠳ᠋ᠨᠠᠮ ᠤᠨ ᠠᠷᠠᠳ ᠲᠦᠮᠡᠨ ᠤ ᠠᠭᠤᠤ ᠶᠡᠭᠡ ᠨᠠᠶᠢᠵᠠ ᠮᠥᠨ᠃ ᠶᠡᠷᠦᠩᠬᠡᠢ ᠱᠦᠵᠢ ᠰᠢ ᠶᠢᠨ ᠫᠢᠩ ᠡᠨᠡ | ᠵᠢᠯ ᠤᠨ ᠠᠩᠬᠠᠳᠠᠭᠴᠢ ᠭᠠᠳᠠᠭᠠᠳᠤ ᠤᠯᠤᠰ ᠲᠠᠬᠢ ᠠᠶᠢᠯᠴᠢᠯᠠᠯᠲᠠ ᠳᠠᠭᠠᠨ ᠸᠢᠶᠧᠳ᠋ᠨᠠᠮ ᠳᠤ ᠢᠷᠡᠭᠰᠡᠨ ᠨᠢ ᠸᠢᠶᠧᠳ᠋ᠨᠠᠮ | ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠨ ᠦᠵᠡᠵᠦ ᠪᠠᠶᠢᠬᠤ ᠪᠠ ᠸᠢᠶᠧᠳ᠋ᠨᠠᠮ ᠢ ᠲᠡᠮᠵᠢᠵᠥ ᠪᠠᠶᠢᠬᠤ ᠶᠢ | ᠭᠦᠢᠴᠡᠳ ᠢᠯᠡᠷᠡᠭᠦᠯᠪᠡ᠃ ᠲᠤᠰ ᠤᠳᠠᠭ᠎ᠠ ᠶᠢᠨ ᠠᠶᠢᠯᠴᠢᠯᠠᠯᠲᠠ ᠨᠢ ᠯᠠᠪᠲᠠᠢ ᠬᠤᠶᠠᠷ ᠨᠠᠮ ᠬᠤᠶᠠᠷ ᠤᠯᠤᠰ ᠤᠨ | ᠨᠥᠭᠦᠷᠰᠡᠭ ᠶᠠᠪᠤᠯᠴᠠᠭ᠎ᠠ ᠶᠢᠨ ᠲᠡᠦᠬᠡᠨ ᠳᠡᠭᠡᠷᠡᠬᠢ ᠰᠢᠨ᠎ᠡ ᠬᠥᠰᠢᠶ᠎ᠡ ᠲᠡᠮᠳᠡᠭ ᠪᠣᠯᠵᠤ᠂ ᠬᠤᠶᠠᠷ ᠤᠯᠤᠰ ᠤᠨ | ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠪᠣᠯᠣᠨ᠎ᠠ ᠭᠡᠵᠦ ᠢᠯᠡᠳᠬᠡᠪᠡ᠃ | ᠰᠦ᠋ ᠯᠢᠨ᠂ ᠶᠡᠷᠦᠩᠬᠡᠢ ᠱᠦᠵᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠦᠬᠦ ᠲᠠᠯ᠎ᠠ ᠪᠠᠷ ᠠᠬᠢᠵᠤ᠂ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠲᠦᠷᠭᠡᠨ ᠬᠥᠭᠵᠢᠵᠦ᠂ ᠳᠤᠮᠳᠠᠳᠤ ᠤᠯᠤᠰ ᠤᠨ ᠳᠡᠯᠡᠬᠡᠢ ᠳᠡᠭᠡᠷᠡᠬᠢ ᠪᠠᠶᠢᠷᠢ ᠰᠠᠭᠤᠷᠢ | ᠲᠠᠰᠤᠷᠠᠯᠲᠠ ᠦᠭᠡᠢ ᠳᠡᠭᠡᠭᠰᠢᠯᠡᠪᠡ᠂ ᠸᠢᠶᠧᠳ᠋ᠨᠠᠮ ᠤᠨ ᠬᠢᠨ ᠡᠭᠦᠨ ᠳᠤ ᠴᠢᠩ ᠰᠡᠳᠬᠢᠯ ᠠᠴᠠ ᠪᠠᠨ ᠪᠠᠶᠠᠷ ᠬᠦᠷᠭᠡᠵᠦ | ᠪᠠᠶᠢᠨ᠎ᠠ᠂ ᠳᠤᠮᠳᠠᠳᠤ ᠤᠯᠤᠰ ᠤᠨ ᠣᠷᠳᠣ ᠬᠤᠭᠤᠴᠠᠭᠠᠨ ᠤ ᠲᠤᠷᠰᠢ ᠸᠢᠶᠧᠳ᠋ᠨᠠᠮ ᠳᠤ ᠬᠦᠴᠦᠲᠡᠢ ᠳᠡᠮᠵᠢᠯᠭᠡ ᠪᠠ | ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠭᠡᠵᠦ ᠢᠯᠡᠳᠬᠡᠪᠡ᠃ | ᠰᠦ᠋ ᠯᠢᠨ᠂ ᠸᠢᠶᠧᠳ᠋ᠨᠠᠮ ᠪᠣᠯᠣᠨ ᠳᠤᠮᠳᠠᠳᠤ ᠤᠯᠤᠰ ᠪᠣᠯ ᠪᠦᠷ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ | ᠵᠢᠷᠤᠮᠲᠤ ᠤᠯᠤᠰ ᠪᠣᠯᠣᠨ᠎ᠠ᠂ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠬᠥᠭᠵᠢᠭᠦᠯᠬᠦ ᠪᠣᠯ ᠸᠢᠶᠧᠳ᠋ᠨᠠᠮ ᠤᠨ | ᠪᠤᠰᠤᠳᠴᠢ ᠱᠠᠭᠠᠷᠳᠠᠯᠭ᠎ᠠ ᠮᠥᠨ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠰᠣᠩᠭᠤᠯᠲᠠ | ᠮᠥᠨ᠃ ᠸᠢᠶᠧᠳ᠋ᠨᠠᠮ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ | ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢᠶᠠᠨ ᠪᠡᠶᠡᠯᠡᠭᠦᠯᠬᠦ ᠶᠢ ᠳᠡᠮᠵᠢᠵᠦ᠂ ︽ᠲᠠᠶᠢᠸᠠᠨ ᠢ ᠲᠤᠰᠠᠭᠠᠷ | ᠲᠣᠭᠲᠠᠨᠢᠭᠤᠯᠬᠤ︾ ᠶᠠᠮᠠᠷᠪᠠ ᠬᠠᠭᠠᠴᠠᠭᠤᠯᠬᠤ ᠠᠵᠢᠯᠯᠠᠭ᠎ᠠ ᠶᠢ ᠡᠷᠡᠰ ᠡᠰᠡᠷᠭᠦᠴᠡᠨ᠎ᠡ᠃ ᠸᠢᠶᠧᠳ᠋ᠨᠠᠮ ᠳᠤᠮᠳᠠᠳᠤ ᠶᠢᠨ | ᠬᠠᠷᠢᠯᠴᠠᠭ᠎ᠠ ᠶᠢᠨ ᠲᠠᠰᠤᠷᠠᠯᠳᠡ ᠦᠭᠡᠢ ᠬᠥᠭᠵᠢᠬᠦ ᠶᠢ ᠠᠬᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ | ᠦᠨᠳᠦᠰᠦᠨ ᠠᠰᠢᠭ ᠲᠤᠰᠠ ᠲᠠᠢ ᠨᠡᠶᠢᠴᠡᠵᠦ᠂ ᠴᠠᠭ ᠦᠶ᠎ᠡ ᠶᠢᠨ ᠤᠷᠤᠰᠬᠠᠯ ᠲᠠᠢ ᠨᠡᠶᠢᠴᠡᠨ᠎ᠡ᠃ | ᠸᠢᠶᠧᠳ᠋ᠨᠠᠮ ᠤᠨ ᠬᠢᠨ ᠳᠤᠮᠳᠠᠳᠤ ᠤᠯᠤᠰ ᠯᠤᠭ᠎ᠠ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ | ᠶᠠᠪᠤᠯᠴᠠᠭ᠎ᠠ ᠪᠠᠨ ᠨᠢᠭᠲᠠᠷᠠᠭᠤᠯᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ | ᠲᠦᠷᠦ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ ᠪᠠᠲᠤᠳᠬᠠᠬᠤ︔ ᠬᠤᠶᠠᠷ ᠲᠠᠯ᠎ᠠ ᠶᠢᠨ ᠬᠠᠮᠲᠤᠷᠠᠯᠴᠠᠭᠠᠨ ᠤ | ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠢ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ | ᠲᠥᠬᠦᠭᠡᠷᠦᠮᠵᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠨᠡᠩ ᠤᠯᠠᠨ | ᠭᠢᠯᠠᠰ ᠴᠡᠭ ᠢ ᠪᠤᠢ ᠪᠤᠯᠭᠠᠬᠤ︔ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠠᠬᠢᠭᠤᠯᠵᠤ᠂ ᠣᠷᠣᠨ ᠨᠤᠲᠤᠭ᠂ | ᠵᠠᠯᠠᠭᠤᠴᠤᠳ ᠤᠨ ᠶᠠᠪᠤᠯᠴᠠᠭ᠎ᠠ ᠶᠢ ᠠᠬᠢᠭᠤᠯᠵᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ | ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ | ᠸᠢᠶᠧᠳ᠋ᠨᠠᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠪᠣᠯᠣᠨ ᠭᠤᠷᠪᠠᠨ ᠶᠡᠭᠡ ᠪᠦᠬᠦ ᠪᠥᠮᠪᠥᠷᠴᠡᠭ ᠤᠨ | ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠥᠷᠰᠢ | ᠵᠡᠷᠭᠡᠯᠡᠳᠡᠭᠡ ᠶᠢᠨ ᠠᠵᠢᠯ ᠤᠨ ᠬᠤᠷᠠᠯ ᠠᠴᠠ ᠬᠥᠷᠰᠢ ᠵᠡᠷᠭᠡᠯᠡᠳᠡᠭᠡ ᠤᠯᠤᠰ ᠯᠤᠭ᠎ᠠ ︽ᠲᠠᠪᠤᠨ ᠶᠡᠭᠡ ᠭᠡᠷ ᠣᠷᠣᠨ︾ ᠢ | ᠪᠦᠲᠦᠭᠡᠨ ᠪᠠᠶᠢᠭᠤᠯᠬᠤ ᠠᠯᠤᠰ ᠤᠨ ᠲᠥᠰᠥᠪ ᠪᠠ ᠡᠶᠡᠯᠳᠡᠭ ᠬᠥᠷᠰᠢ ᠠᠮᠤᠷ ᠲᠣᠭᠲᠠᠭᠤᠨ ᠬᠥᠷᠰᠢ ᠬᠥᠷᠰᠢ | ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠪᠠᠷ ᠲᠣᠭᠲᠠᠭᠰᠠᠨ ᠢ ᠳᠡᠭᠡᠳᠦ ᠬᠡᠮᠵᠢᠶ᠎ᠡ ᠪᠠᠷ ᠮᠠᠭᠲᠠᠨ | ᠰᠠᠶᠢᠰᠢᠶᠠᠵᠤ ᠪᠠᠶᠢᠨ᠎ᠠ᠃ ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠪᠣᠯᠣᠨ | ᠬᠠᠮᠵᠢᠯᠴᠠᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠨᠠᠶᠢᠷᠠᠮᠳᠠᠯ ᠢᠶᠠᠷ ᠵᠡᠷᠭᠡᠴᠡᠨ | ᠣᠷᠣᠰᠢᠬᠤ ᠲᠠᠪᠤᠨ ᠵᠠᠷᠴᠢᠮ ᠢ ᠪᠠᠲᠤ ᠰᠠᠬᠢᠵᠤ᠂ ᠤᠯᠠᠨ ᠤᠯᠤᠰ ᠤᠨ ᠠᠷᠠᠯᠵᠢᠶᠠᠨ ᠤ ᠳᠦᠷᠢᠮ ᠢ ᠬᠠᠮᠠᠭᠠᠯᠠᠵᠤ᠂ | ᠬᠤᠶᠠᠷ ᠲᠠᠯ᠎ᠠ ᠶᠢᠨ ᠲᠣᠭᠲᠠᠭᠰᠠᠨ ᠬᠡᠯᠡᠯᠴᠡᠭᠡᠷ ᠢ ᠵᠢᠷᠤᠮᠯᠠᠵᠤ᠂ ᠬᠠᠮᠲᠤ ᠪᠠᠷ ᠳᠡᠯᠡᠬᠡᠢ ᠶᠢᠨ ᠡᠩᠬᠡ ᠲᠠᠶᠢᠪᠤᠩ ᠪᠣᠯᠣᠨ | ᠬᠥᠮᠥᠨ ᠲᠥᠷᠥᠯᠬᠢᠲᠡᠨ ᠤ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ᠃ | ᠸᠢᠶᠧᠳ᠋ᠨᠠᠮ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠲᠠᠯᠠᠢ ᠳᠡᠭᠡᠷᠡᠬᠢ ᠵᠥᠷᠢᠯᠳᠦᠭᠡᠨ ᠢᠶᠠᠨ ᠵᠣᠬᠢᠰᠲᠠᠢ | ᠰᠢᠢᠳᠪᠦᠷᠢᠯᠡᠵᠦ᠂ ᠲᠠᠯᠠᠢ ᠳᠡᠭᠡᠷᠡᠬᠢ ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠦ᠋ ᠯᠢᠨ ᠰᠢ ᠶᠢᠨ ᠫᠢᠩ ᠢ ᠤᠷᠢᠵᠤ ᠪᠠᠭ᠎ᠠ ᠬᠡᠪᠴᠢᠶᠡᠨ ᠤ ᠴᠠᠶᠢᠯᠠᠯᠭ᠎ᠠ ᠬᠢᠪᠡ | ᠃ ᠬᠤᠶᠠᠷ ᠨᠠᠮ ᠤᠨ ᠶᠡᠷᠦᠩᠬᠡᠢ ᠱᠦᠵᠢ ᠨᠠᠮ ᠢ ᠵᠠᠰᠠᠬᠤ ᠲᠦᠷᠦ ᠶᠢ ᠵᠠᠰᠠᠬᠤ ᠣᠶᠢᠯᠠᠭᠠᠭᠳᠠᠬᠤᠨ ᠤ ᠲᠤᠬᠠᠢ | ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠨᠠᠮ ᠤᠨ ᠪᠠᠶᠢᠭᠤᠯᠤᠯᠲᠠ ᠨᠢ ᠨᠠᠮ ᠪᠣᠯᠣᠨ ᠤᠯᠤᠰ ᠤᠨ ᠢᠷᠡᠭᠡᠳᠦᠢ | ᠬᠤᠪᠢ ᠵᠠᠶᠠᠭ᠎ᠠ ᠲᠠᠢ ᠬᠤᠯᠪᠣᠭᠳᠠᠵᠤ᠂ ᠨᠠᠮ ᠤᠨ ᠰᠤᠷᠲᠠᠯ ᠨᠢ ᠬᠥᠮᠥᠨ ᠤ ᠰᠡᠳᠬᠢᠯ ᠤᠨ ᠬᠦᠷᠢᠶᠡᠯᠡᠬᠦ ᠪᠠ | ᠡᠰᠡᠷᠭᠦᠴᠡᠬᠦ ᠲᠠᠢ ᠬᠤᠯᠪᠣᠭᠳᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠡᠨᠡ ᠵᠢᠯ ᠪᠦᠬᠦ | ᠨᠠᠮ ᠢᠶᠠᠷ ᠢᠶᠠᠨ ᠲᠥᠪ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠪᠠᠷ ᠲᠣᠭᠲᠠᠪᠠ᠃ ᠬᠤᠶᠠᠷ | ᠨᠠᠮ ᠤᠨ ᠶᠡᠷᠦᠩᠬᠡᠢ ᠱᠦᠵᠢ ᠰᠣᠯᠢᠯᠴᠠᠭ᠎ᠠ ᠪᠠᠨ ᠴᠢᠩᠭᠠᠳᠬᠠᠵᠤ ᠬᠠᠷᠢᠯᠴᠠᠨ ᠲᠣᠯᠢ ᠪᠤᠯᠭᠠᠬᠤ᠂ ᠨᠡᠶᠢᠭᠡᠮ ᠵᠢᠷᠤᠮ ᠤᠨ | ᠵᠠᠮ ᠢᠶᠠᠷ ᠬᠠᠮᠲᠤ ᠪᠠᠷ ᠰᠠᠶᠢᠲᠤᠷ ᠵᠠᠮᠨᠠᠬᠤ ᠪᠠᠷ ᠰᠠᠨᠠᠯ ᠨᠢᠭᠡᠲᠡᠢ ᠵᠥᠪᠰᠢᠶᠡᠷᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠨᠠᠮ ᠤᠨ ᠶᠡᠷᠦᠩᠬᠡᠢ ᠱᠦᠵᠢ ᠳᠤᠮᠳᠠᠳᠤ ᠸᠢᠶᠧᠳ᠋ᠨᠠᠮ ᠬᠤᠶᠠᠷ | ᠲᠠᠯ᠎ᠠ ᠶᠢᠨ ᠲᠣᠬᠢᠷᠠᠯᠴᠠᠭᠰᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ 45 ᠬᠤᠪᠢ ᠪᠢᠴᠢᠭ ᠤᠨ ᠦᠵᠡᠭᠦᠯᠭᠡ ᠶᠢ | ᠬᠠᠮᠲᠤ ᠪᠠᠷ ᠭᠡᠷᠡᠴᠢᠯᠡᠵᠦ᠂ ᠬᠤᠯᠪᠣᠯᠳᠤᠨ ᠨᠡᠪᠲᠡᠷᠡᠯᠴᠡᠬᠦ᠂ ᠵᠣᠬᠢᠶᠠᠮᠠᠯ ᠤᠶᠤᠨ ᠴᠢᠳᠠᠪᠤᠷᠢ᠂ ᠪᠣᠭᠤᠮᠲᠠ ᠶᠢᠨ ᠰᠢᠯᠭᠠᠨ | ᠪᠠᠶᠢᠴᠠᠭᠠᠬᠤ ᠬᠢᠵᠢᠭ ᠢ ᠪᠠᠶᠢᠴᠠᠭᠠᠬᠤ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ᠂ ᠰᠣᠶᠣᠯ ᠪᠠ ᠪᠡᠶ᠎ᠡ ᠶᠢᠨ | ᠲᠠᠮᠢᠷ᠂ ᠠᠷᠠᠳ ᠤᠨ ᠠᠮᠢᠳᠤᠷᠠᠯ᠂ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ᠂ | ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠶᠢ ᠬᠠᠮᠤᠷᠴᠠᠢ᠃ | ᠬᠤᠶᠠᠷ ᠲᠠᠯ᠎ᠠ ᠪᠠᠷ ᠢᠶᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠨᠡᠶᠢᠭᠡᠮ ᠵᠢᠷᠤᠮᠲᠤ ᠸᠢᠶᠧᠳ᠋ᠨᠠᠮ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ | ᠬᠠᠨᠢᠲᠠᠨ ᠤ ᠬᠠᠷᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ | ᠪᠦᠬᠦᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠬᠤ | ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠲᠤᠰ ᠣᠷᠣᠢ᠂ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ᠂ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠬᠠᠮᠲᠤ ᠪᠠᠷ ᠰᠢ ᠶᠢᠨ ᠫᠢᠩ ᠢ ᠤᠭᠲᠤᠬᠤ ᠳᠠᠶᠢᠯᠠᠯᠭ᠎ᠠ | ᠬᠢᠪᠡ᠃ ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ | ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ ᠵᠡᠷᠭᠡ ᠤᠳᠤᠷᠢᠳᠬᠤ ᠨᠥᠬᠦᠳ ᠪᠠᠷ᠎ᠠ ᠪᠣᠯᠵᠤ ᠣᠷᠣᠯᠴᠠᠪᠠ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | | |