ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ | 14 ᠤ ᠣᠷᠣᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃ | ᠰᠢ ᠶᠢᠨ ᠫᠢᠩ᠂ ᠸᠢᠶᠧᠳ᠋ᠨᠠᠮ ᠤᠨ ᠨᠠᠮ ᠪᠣᠯᠣᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ | ᠸᠢᠶᠧᠳ᠋ᠨᠠᠮ ᠤᠨ ᠤᠯᠤᠰ ᠲᠦᠷᠦ ᠨᠡᠶᠢᠭᠡᠮ ᠲᠣᠭᠲᠠᠭᠤᠨ ᠪᠠᠶᠢᠵᠤ᠂ ᠰᠢᠨᠡᠴᠢᠯᠡᠯᠲᠡ ᠶᠢᠨ ᠦᠢᠯᠡᠰ ᠪᠠᠶᠠᠷᠯᠠᠭᠤᠰᠢᠲᠠᠢ | ᠠᠮᠵᠢᠯᠲᠠ ᠣᠯᠵᠤ᠂ ᠳᠡᠯᠡᠬᠡᠢ ᠳᠠᠬᠢ ᠪᠠᠶᠢᠷᠢ ᠰᠠᠭᠤᠷᠢ ᠡᠳᠦᠷ ᠢᠷᠡᠬᠦᠶ᠎ᠡ ᠳᠡᠭᠡᠭᠰᠢᠯᠡᠵᠦ ᠪᠠᠶᠢᠭ᠎ᠠ ᠳᠤ ᠳᠤᠮᠳᠠᠳᠤ ᠶᠢᠨ | ᠲᠠᠯ᠎ᠠ ᠶᠢᠨ ᠬᠢᠨ ᠪᠠᠶᠠᠷ ᠲᠠᠢ ᠪᠠᠶᠢᠨ᠎ᠠ᠃ ᠳᠤᠮᠳᠠᠳᠤ ᠸᠢᠶᠧᠳ᠋ᠨᠠᠮ ᠴᠥᠮ ᠦᠨᠳᠦᠰᠦᠲᠡᠨ ᠤ ᠬᠥᠭᠵᠢᠯ ᠮᠠᠨᠳᠤᠯ ᠢ | ᠪᠡᠶᠡᠯᠡᠭᠦᠯᠬᠦ᠂ ᠤᠯᠤᠰ ᠤᠨ ᠬᠥᠭᠵᠢᠯᠲᠡ ᠪᠠᠨ ᠲᠦᠷᠭᠡᠳᠬᠡᠬᠦ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠂ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠤᠰ ᠲᠤᠰ ᠤᠨ ᠢᠶᠠᠨ ᠣᠳᠣᠬᠢᠴᠢᠯᠠᠯᠲᠠ ᠶᠢᠨ | ᠠᠬᠢᠴᠠ ᠳᠤ ᠦᠢᠯᠡᠴᠢᠯᠡᠵᠦ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠬᠦᠷᠲᠡᠭᠡᠶ᠎ᠡ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠤᠯᠤᠰ ᠲᠦᠷᠦ ᠶᠢᠨ ᠦᠨᠳᠦᠰᠦ ᠰᠠᠭᠤᠷᠢ ᠶᠢ ᠪᠠᠬᠢᠵᠢᠭᠦᠯᠦᠶ᠎ᠡ᠃ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ | ᠨᠢᠭᠲᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠡᠵᠡᠷᠬᠡᠬᠦ ᠦᠵᠡᠯ᠂ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ | ᠶᠣᠰᠣ ᠶᠢ ᠬᠠᠮᠲᠤ ᠪᠠᠷ ᠬᠠᠮᠠᠭᠠᠯᠠᠵᠤ᠂ ᠠᠽᠢᠶ᠎ᠠ ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ | ᠪᠣᠯᠣᠨ ᠬᠥᠭᠵᠢᠯ ᠴᠡᠴᠡᠭᠯᠡᠯ ᠢ ᠬᠠᠮᠠᠭᠠᠯᠠᠶ᠎ᠠ᠃ | ᠬᠤᠶᠠᠷ ᠲᠠᠯ᠎ᠠ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠶᠠᠷ ᠤᠯᠤᠰ ᠤᠨ ᠭᠠᠷ | ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠳᠤ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠯ ᠬᠠᠩᠭᠠᠶ᠎ᠠ᠃ ᠳᠤᠮᠳᠠᠳᠤ ᠸᠢᠶᠧᠳ᠋ᠨᠠᠮ ᠤᠨ ᠡᠬᠡ ᠬᠠᠭᠤᠷᠠᠢ ᠳᠠᠯᠠᠢ ᠲᠠᠩᠭᠢᠰ ᠵᠠᠯᠭᠠᠯᠳᠤᠭᠰᠠᠨ ᠣᠷᠣᠨ | ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠵᠣᠯᠭᠠᠯᠴᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ | ᠠᠭᠤᠳᠠᠯᠤᠶ᠎ᠠ᠃ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠶᠢ | ᠯᠠᠪᠳᠠᠭᠤᠨ ᠢᠶᠠᠷ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠵᠦ᠂ ᠠᠷᠠᠯᠵᠢᠶᠠᠨ ᠤ | ᠰᠠᠭᠠᠳ ᠦᠭᠡᠢ ᠨᠡᠪᠲᠡᠷᠡᠬᠦ ᠶᠢ ᠪᠠᠲᠤᠯᠠᠶ᠎ᠠ᠃ ᠠᠷᠠᠯᠵᠢᠶ᠎ᠠ᠂ ᠪᠡᠯᠡ ᠣᠷᠣᠭᠤᠯᠤᠯᠲᠠ ᠵᠡᠷᠭᠡ ᠤᠯᠠᠮᠵᠢᠯᠠᠯᠲᠤ | ᠬᠦᠷᠢᠶᠡᠨ ᠳᠠᠬᠢ ᠬᠠᠮᠲᠤᠷᠠᠯᠴᠠᠭ᠎ᠠ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ 5G᠂ ᠵᠣᠬᠢᠶᠠᠮᠠᠯ ᠤᠶᠤᠨ | ᠴᠢᠳᠠᠪᠤᠷᠢ᠂ ᠴᠡᠪᠡᠷ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ | ᠬᠠᠮᠲᠤᠷᠠᠯᠴᠠᠭ᠎ᠠ ᠪᠠᠨ ᠥᠷᠭᠡᠳᠬᠡᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠠᠵᠤ | ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠬᠠᠷᠠᠭᠠᠯᠵᠠᠯᠲᠤ᠂ | ᠲᠡᠩᠴᠡᠭᠦᠷᠢᠲᠡᠢ ᠴᠢᠭᠯᠡᠯ ᠲᠡᠶᠢᠰᠢ ᠬᠥᠭᠵᠢᠬᠦ ᠶᠢ ᠬᠠᠮᠲᠤ ᠪᠠᠷ ᠠᠬᠢᠭᠤᠯᠤᠶ᠎ᠠ᠃ | ᠬᠤᠶᠠᠷ ᠲᠠᠯ᠎ᠠ ᠪᠠᠷ ᠢᠶᠠᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ | ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠭᠤᠣᠯ ᠭᠦᠭ ᠠᠶᠠᠰ ᠢ ᠴᠢᠪᠬᠠᠳᠠᠶ᠎ᠠ᠃ ᠳᠤᠮᠳᠠᠳᠤ ᠸᠢᠶᠧᠳ᠋ᠨᠠᠮ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠶᠢ ᠪᠡᠯᠭᠡᠯᠡᠬᠦ ᠵᠢᠴᠢ ︽ᠳᠤᠮᠳᠠᠳᠤ ᠸᠢᠶᠧᠳ᠋ᠨᠠᠮ ᠤᠨ | ᠰᠣᠶᠣᠯ ᠢᠷᠭᠡᠨᠰᠢᠯ ᠤᠨ ᠰᠣᠯᠢᠯᠴᠠᠭᠠᠨ ᠤ ᠣᠨ︾ ᠤ ᠰᠢᠷᠢᠰ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠳᠤᠮᠳᠠᠳᠤ | ᠸᠢᠶᠧᠳ᠋ᠨᠠᠮ ᠤᠨ ᠨᠥᠬᠦᠷᠯᠡᠯ ᠤᠨ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠬᠤ ᠪᠠᠷ ᠪᠠᠷᠠᠬᠤ ᠦᠭᠡᠢ ᠬᠤᠶᠠᠷ | ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠭᠰᠠᠨ | ᠦᠯᠢᠭᠡᠷ ᠢ ᠴᠦ ᠰᠠᠶᠢᠲᠤᠷ ᠶᠠᠷᠢᠶ᠎ᠠ᠃ ᠠᠷᠠᠳ ᠤᠨ ᠰᠡᠳᠬᠢᠯ ᠢ ᠣᠯᠬᠤ᠂ ᠠᠷᠠᠳ ᠤᠨ ᠰᠠᠨᠠᠭ᠎ᠠ ᠶᠢ ᠳᠠᠭᠠᠬᠤ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠨᠠᠩ ᠣᠯᠠᠨ ᠲᠥᠷᠥᠯ ᠵᠦᠢᠯ ᠢ ᠬᠡᠷᠡᠭᠵᠢᠭᠦᠯᠦᠶ᠎ᠡ ᠭᠡᠵᠦ | ᠴᠢᠬᠤᠯᠠᠴᠢᠯᠠᠪᠠ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ ᠤᠨ ᠸᠢᠶᠧᠳ᠋ᠨᠠᠮ ᠳᠠᠬᠢ ᠲᠦᠷᠦ ᠶᠢᠨ ᠶᠠᠪᠤᠳᠠᠯ ᠤᠨ | ᠠᠶᠢᠯᠴᠢᠯᠠᠯᠲᠠ ᠪᠣᠯ ᠬᠤᠶᠠᠷ ᠤᠯᠤᠰ ᠤᠨ ᠡᠨᠡ ᠵᠢᠯ ᠤᠨ ᠬᠠᠮᠤᠭ ᠤᠨ ᠴᠢᠬᠤᠯᠠ ᠳᠡᠭᠡᠳᠦ ᠳᠠᠪᠬᠤᠷᠭ᠎ᠠ ᠶᠢᠨ | ᠶᠠᠪᠤᠯᠴᠠᠭ᠎ᠠ ᠮᠥᠨ᠂ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠳᠠᠬᠢ ᠶᠡᠭᠡ ᠶᠠᠪᠤᠳᠠᠯ ᠪᠠᠶᠠᠷᠲᠤ ᠶᠠᠪᠤᠳᠠᠯ ᠪᠠᠶᠢᠵᠤ᠂ | ᠲᠡᠦᠬᠡᠲᠦ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠨᠡᠩ ᠶᠡᠭᠡ | ᠬᠥᠭᠵᠢᠯᠲᠡ ᠲᠠᠢ ᠪᠤᠯᠬᠤ ᠶᠢ ᠬᠥᠲᠥᠯᠥᠨ ᠳᠠᠭᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠬᠦ ᠨᠢ ᠯᠠᠪᠲᠠᠢ ᠶᠤᠮ ᠭᠡᠵᠦ ᠢᠯᠡᠳᠬᠡᠪᠡ᠃ | ᠹᠠᠨ ᠮᠢᠩ ᠵᠧᠩ᠂ ᠲᠡᠷᠢᠭᠦᠯᠡᠭᠴᠢ ᠰᠢ ᠶᠢᠨ ᠫᠢᠩ 2023 ᠣᠨ ᠳᠤ ᠸᠢᠶᠧᠳ᠋ᠨᠠᠮ ᠳᠤ ᠠᠶᠢᠯᠴᠢᠯᠠᠯᠲᠠ | ᠬᠢᠭᠰᠡᠨ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠤᠯᠠᠮ | ᠨᠢᠭᠡ ᠠᠯᠬᠤᠮ ᠴᠢᠩᠭᠠᠷᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠴᠢᠬᠤᠯᠠ ᠶᠡᠭᠡ ᠠᠬᠢᠴᠠ ᠲᠠᠢ ᠪᠣᠯᠵᠤ᠂ | ᠠᠷᠠᠳ ᠲᠦᠮᠡᠨ ᠤ ᠨᠥᠭᠦᠷᠰᠡᠭ ᠬᠠᠶᠢᠷ᠎ᠠ ᠰᠡᠳᠬᠢᠯᠭᠡ ᠡᠳᠦᠷ ᠢᠷᠡᠬᠦᠶ᠎ᠡ ᠭᠦᠨᠵᠡᠭᠡᠶᠢᠷᠡᠪᠡ᠃ ᠸᠢᠶᠧᠳ᠋ᠨᠠᠮ ᠤᠨ ᠬᠢᠨ | ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠶᠢᠯᠳᠤᠬᠤ | ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠡᠷᠡᠰ ᠠᠬᠢᠭᠤᠯᠬᠤ ᠪᠠᠷ ᠵᠣᠷᠢᠭ ᠰᠢᠭᠤᠳᠴᠤ ᠪᠠᠶᠢᠨ᠎ᠠ᠃ ᠸᠢᠶᠧᠳ᠋ᠨᠠᠮ ᠤᠨ ᠬᠢᠨ | ᠳᠤᠮᠳᠠᠳᠤ ᠤᠯᠤᠰ ᠤᠨ ᠣᠯᠣᠭᠰᠠᠨ ᠯᠤᠲᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠳᠤ ᠴᠢᠩ | ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠤᠨ ᠦᠷᠭᠦᠯᠵᠢᠯᠡᠨ ᠬᠥᠭᠵᠢᠨ | ᠪᠤᠵᠠᠭᠠᠶᠢᠷᠠᠬᠤ ᠶᠢ ᠳᠡᠮᠵᠢᠵᠦ ᠪᠠᠶᠢᠨ᠎ᠠ᠃ ᠳᠤᠮᠳᠠᠳᠤ ᠤᠯᠤᠰ ᠤᠨ ᠨᠠᠮ ᠢ ᠵᠠᠰᠠᠬᠤ ᠲᠦᠷᠦ ᠶᠢ ᠵᠠᠰᠠᠬᠤ | ᠲᠤᠷᠰᠢᠯᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ | ᠵᠣᠷᠢᠭ ᠰᠠᠨᠠᠭ᠎ᠠ ᠶᠢ ᠰᠤᠷᠤᠯᠴᠠᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠣᠶᠢᠯᠠᠭᠠᠭᠳᠠᠬᠤᠨ ᠤ ᠵᠠᠭᠪᠤᠷ ᠢ | ᠰᠤᠷᠤᠯᠴᠠᠬᠤ ᠶᠢ ᠬᠦᠰᠡᠵᠦ ᠪᠠᠶᠢᠨ᠎ᠠ᠃ ᠸᠢᠶᠧᠳ᠋ᠨᠠᠮ ᠤᠨ ᠬᠢᠨ ᠳᠤᠮᠳᠠᠳᠤ ᠤᠯᠤᠰ ᠯᠤᠭ᠎ᠠ ᠠᠵᠤ ᠠᠬᠤᠢ | ᠠᠷᠠᠯᠵᠢᠶᠠᠨ ᠤ ᠪᠡᠯᠡ ᠣᠷᠣᠭᠤᠯᠤᠯᠲᠠ᠂ ᠬᠤᠯᠪᠣᠯᠳᠤᠨ ᠨᠡᠪᠲᠡᠷᠡᠯᠴᠡᠬᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ | ᠮᠥᠩᠭᠦᠨ ᠭᠦᠢᠯᠭᠡᠭᠡᠨ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠵᠤ ᠠᠬᠤᠢ ᠶᠢᠨ | ᠠᠮᠢᠵᠢᠷᠠᠯ ᠤᠨ ᠬᠦᠴᠦᠨ ᠪᠣᠯᠣᠨ ᠨᠡᠮᠡᠭᠳᠡᠯ ᠤᠨ ᠬᠥᠳᠡᠯᠭᠡᠬᠦ ᠬᠦᠴᠦᠨ ᠢᠶᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ | ᠪᠠ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠬᠤ ᠶᠢ ᠬᠦᠰᠡᠵᠦ ᠪᠠᠶᠢᠨ᠎ᠠ᠃ ︽ᠸᠢᠶᠧᠳ᠋ᠨᠠᠮ ᠳᠤᠮᠳᠠᠳᠤ ᠶᠢᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠤ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠥᠮᠥᠰ ᠤᠨ ᠶᠠᠪᠤᠯᠴᠠᠭ᠎ᠠ | ᠪᠣᠯᠣᠨ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠨᠥᠭᠦᠷᠰᠡᠭ ᠬᠠᠶᠢᠷ᠎ᠠ | ᠰᠡᠳᠬᠢᠯᠭᠡ ᠶᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ | ᠣᠷᠣᠨ ᠤ ᠬᠡᠷᠡᠭ ᠶᠠᠪᠤᠳᠠᠯ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ | ᠳᠡᠯᠡᠬᠡᠢ ᠶᠢᠨ ᠴᠠᠭ ᠤᠨ ᠪᠠᠶᠢᠳᠠᠯ ᠳᠣᠣᠷ᠎ᠠ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ | ᠤᠯᠠᠨ ᠲᠠᠯᠠᠲᠤ ᠦᠵᠡᠯ ᠪᠣᠯᠣᠨ ᠳᠡᠯᠡᠬᠡᠢ ᠶᠢᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠶᠢ ᠬᠦᠰᠡᠵᠦ ᠪᠠᠶᠢᠨ᠎ᠠ | ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | | |