ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ | 14 ᠤ ᠣᠷᠣᠢ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠶᠧᠳ᠋ᠨᠠᠮ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠰᠠᠭᠤᠭ᠎ᠠ ᠭᠠᠵᠠᠷ ᠲᠤ ᠸᠢᠶᠧᠳ᠋ᠨᠠᠮ ᠤᠨ ᠤᠯᠤᠰ ᠤᠨ ᠬᠤᠷᠠᠯ ᠤᠨ ᠲᠡᠷᠢᠭᠦᠯᠡᠭᠴᠢ ᠴᠧᠨ ᠴᠢᠩ | ᠮᠢᠨ ᠲᠠᠢ ᠠᠭᠤᠯᠵᠠᠪᠠ᠃ | ᠰᠢ ᠶᠢᠨ ᠫᠢᠩ᠂ ᠸᠢᠶᠧᠳ᠋ᠨᠠᠮ ᠳᠤ ᠳᠠᠬᠢᠨᠲᠠ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠳᠡᠭᠡᠨ᠂ | ᠸᠢᠶᠧᠳ᠋ᠨᠠᠮ ᠤᠨ ᠰᠢᠨᠡᠴᠢᠯᠡᠯᠲᠡ ᠶᠢᠨ ᠦᠢᠯᠡᠰ ᠤᠨ ᠣᠯᠣᠭᠰᠠᠨ ᠰᠢᠨ᠎ᠡ ᠠᠮᠵᠢᠯᠲᠠ ᠪᠦᠳᠦᠮᠵᠢ ᠶᠢ ᠨᠢᠳᠦ ᠪᠠᠷ ᠢᠶᠠᠨ | ᠭᠡᠷᠡᠴᠢᠯᠡᠵᠦ᠂ ᠳᠤᠮᠳᠠᠳᠤ ᠸᠢᠶᠧᠳ᠋ᠨᠠᠮ ᠤᠨ ᠨᠥᠬᠦᠷᠯᠡᠯ ᠤᠨ ᠭᠦᠨ ᠵᠤᠵᠠᠭᠠᠨ ᠰᠠᠭᠤᠷᠢ ᠶᠢ ᠪᠡᠶ᠎ᠡ ᠪᠠᠷ ᠢᠶᠠᠨ ᠮᠡᠳᠡᠷᠡᠵᠦ | ᠣᠯᠪᠠ᠃ ᠣᠳᠣᠬᠠᠨ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ | ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠸᠢᠶᠧᠳ᠋ᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ | ᠰᠢᠨ᠎ᠡ ᠡᠷᠡᠨ ᠢ ᠡᠬᠢᠯᠡᠭᠦᠯᠦᠨ᠎ᠡ᠂ ᠬᠤᠶᠠᠷ ᠲᠠᠯ᠎ᠠ ᠪᠠᠷ ᠢᠶᠠᠨ ᠴᠥᠮ ᠥᠪᠡᠷ ᠥᠪᠡᠷ ᠤᠨ ᠬᠥᠭᠵᠢᠯ ᠮᠠᠨᠳᠤᠯ ᠤᠨ | ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠤᠷᠪᠠᠭᠠᠨ ᠬᠥᠷᠪᠡᠭᠡᠨ ᠲᠠᠢ ᠳᠡᠯᠡᠬᠡᠢ ᠶᠢᠨ ᠴᠠᠭ ᠤᠨ | ᠪᠠᠶᠢᠳᠠᠯ ᠤᠨ ᠡᠮᠦᠨ᠎ᠡ᠂ ᠳᠤᠮᠳᠠᠳᠤ ᠸᠢᠶᠧᠳ᠋ᠨᠠᠮ ᠬᠤᠶᠠᠷ ᠤᠯᠤᠰ ᠵᠠᠮ ᠤᠨ ᠢᠲᠡᠭᠡᠯ ᠪᠣᠯᠣᠨ ᠪᠠᠶᠢᠭᠤᠯᠤᠯ ᠤᠨ | ᠢᠲᠡᠭᠡᠯ ᠢᠶᠠᠨ ᠪᠠᠲᠤᠳᠬᠠᠵᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ | ᠠᠴᠢ ᠬᠤᠯᠪᠣᠭᠳᠠᠯ ᠪᠦᠬᠦᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠠᠷ ᠬᠤᠯᠪᠣᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ | ᠳᠡᠯᠡᠬᠡᠢ ᠳ᠋ᠠᠬᠢᠨ ᠳᠤ ᠨᠡᠩ ᠤᠯᠠᠨ ᠲᠣᠬᠲᠠᠭᠠᠯᠳᠤ ᠴᠢᠨᠠᠷ ᠪᠣᠯᠣᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠳᠤᠮᠳᠠᠳᠤ ᠸᠢᠶᠧᠳ᠋ᠨᠠᠮ ᠪᠣᠯ ᠴᠥᠮ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ | ᠵᠢᠷᠤᠮᠲᠤ ᠤᠯᠤᠰ ᠮᠥᠨ᠂ ᠤᠯᠤᠰ ᠲᠥᠷᠥ ᠶᠢᠨ ᠴᠢᠭᠯᠡᠯ ᠨᠢ ᠨᠠᠮ ᠪᠣᠯᠣᠨ ᠤᠯᠤᠰ ᠣᠷᠣᠨ ᠤ ᠢᠷᠡᠭᠡᠳᠦᠢ ᠬᠤᠪᠢ | ᠵᠠᠶᠠᠭ᠎ᠠ ᠪᠣᠯᠣᠨ ᠠᠵᠢᠯ ᠦᠢᠯᠡᠰ ᠤᠨ ᠥᠭᠡᠳᠡᠯᠡᠵᠦ ᠤᠷᠤᠭᠤᠳᠠᠬᠤ ᠢᠯᠠᠵᠤ ᠢᠯᠠᠭᠳᠠᠬᠤ ᠲᠠᠢ ᠬᠤᠯᠪᠣᠭᠳᠠᠵᠤ | ᠪᠠᠶᠢᠳᠠᠭ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠢᠨ ᠬᠤᠶᠠᠷ ᠲᠠᠯ᠎ᠠ ᠶᠢᠨ ᠬᠠᠷᠢᠯᠴᠠᠭ᠎ᠠ | ᠪᠣᠯᠣᠨ ᠬᠠᠮᠲᠤ ᠪᠠᠷ ᠠᠩᠬᠠᠷᠴᠤ ᠪᠠᠶᠢᠭ᠎ᠠ ᠴᠢᠬᠤᠯᠠ ᠶᠡᠭᠡ ᠵᠥᠪᠯᠡᠬᠦ ᠵᠦᠢᠯ ᠤᠨ ᠲᠤᠬᠠᠢ ᠴᠠᠭ ᠲᠤᠬᠠᠢ ᠳᠤᠨᠢ | ᠰᠠᠨᠠᠯ ᠢᠶᠠᠨ ᠰᠣᠯᠢᠯᠴᠠᠵᠤ᠂ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ᠂ ᠢᠲᠡᠭᠡᠯᠴᠡᠭᠡ ᠪᠠᠨ | ᠨᠡᠮᠡᠭᠳᠡᠭᠦᠯᠵᠦ᠂ ᠴᠢᠭᠯᠡᠯ ᠢᠶᠠᠨ ᠪᠠᠲᠤᠳᠬᠠᠵᠤ᠂ ᠳᠤᠮᠳᠠᠳᠤ ᠸᠢᠶᠧᠳ᠋ᠨᠠᠮ ᠤᠨ ᠬᠠᠷᠢᠯᠴᠠᠭᠠᠨ ᠤ ᠬᠥᠯᠭᠡ ᠣᠩᠭᠤᠴᠠ ᠶᠢᠨ | ᠲᠣᠭᠲᠠᠭᠤᠨ ᠢᠶᠠᠷ ᠤᠷᠤᠭᠰᠢᠯᠠᠬᠤ ᠶᠢ ᠪᠠᠲᠤᠯᠠᠶ᠎ᠠ᠃ ᠨᠠᠮ ᠤᠨ ᠬᠤᠭᠤᠷᠤᠨᠳᠤᠭᠢ᠂ ᠬᠠᠤᠯᠢ ᠲᠣᠭᠲᠠᠭᠠᠬᠤ | ᠪᠠᠶᠢᠭᠤᠯᠤᠮᠵᠢ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠠᠵᠢᠯ ᠲᠦᠷᠦᠯ ᠢᠶᠠᠷ ᠢᠶᠠᠨ | ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠦᠷᠭᠦᠯᠵᠢᠯᠡᠨ ᠪᠠᠲᠤᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠢᠶᠧᠳ᠋ᠨᠠᠮ ᠤᠨ | ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠵᠢᠴᠢ ︽ᠳᠤᠮᠳᠠᠳᠤ ᠸᠢᠶᠧᠳ᠋ᠨᠠᠮ ᠤᠨ ᠰᠣᠶᠣᠯ | ᠢᠷᠭᠡᠨᠰᠢᠯ ᠤᠨ ᠰᠣᠯᠢᠯᠴᠠᠭᠠᠨ ᠤ ᠣᠨ︾ ᠢ ᠪᠡᠯᠭᠡᠯᠡᠬᠦ ᠪᠠᠷ ᠠᠵᠠ ᠲᠣᠭᠢᠶᠠᠯ ᠪᠤᠯᠭᠠᠵᠤ᠂ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠶᠠᠷ ᠤᠯᠤᠰ ᠤᠨ | ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠨᠥᠭᠦᠷᠰᠡᠭ ᠬᠠᠶᠢᠷ᠎ᠠ | ᠰᠡᠳᠬᠢᠯᠭᠡ ᠶᠢ ᠨᠡᠮᠡᠭᠳᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠬᠤᠯᠪᠣᠭᠠᠰᠤ ᠶᠢ ᠨᠡᠩ ᠴᠢᠩᠭᠠᠯᠠᠶ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠪᠣᠯᠣᠨ ᠸᠢᠶᠧᠳ᠋ᠨᠠᠮ ᠤᠨ ᠤᠯᠤᠰ ᠤᠨ ᠬᠤᠷᠠᠯ ᠤᠨ ᠶᠠᠪᠤᠯᠴᠠᠭ᠎ᠠ ᠬᠤᠷᠰᠢᠯᠴᠠᠭ᠎ᠠ ᠣᠯᠠᠰᠢᠷᠠᠵᠤ᠂ | ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ | ᠤᠯᠠᠮᠵᠢᠯᠠᠯᠲᠤ ᠨᠥᠬᠦᠷᠯᠡᠯ ᠢᠶᠠᠨ ᠴᠢᠩᠭᠠᠳᠬᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠨᠠᠶᠢᠳᠠᠪᠤᠷᠢᠵᠢᠭᠤᠯᠬᠤ ᠶᠢ ᠪᠠᠲᠤᠯᠠᠬᠤ᠂ ᠤᠯᠠᠨ ᠲᠠᠯ᠎ᠠ ᠶᠢᠨ ᠵᠣᠬᠢᠴᠠᠭᠤᠯᠭ᠎ᠠ ᠶᠢ ᠴᠢᠩᠭᠠᠳᠬᠠᠬᠤ ᠲᠠᠯ᠎ᠠ ᠪᠠᠷ ᠢᠯᠡᠭᠦᠬᠡᠨ | ᠠᠵᠢᠯ ᠬᠢᠵᠦ᠂ ᠲᠤᠰ ᠲᠤᠰ ᠤᠨ ᠤᠯᠤᠰ ᠤᠨ ᠢᠶᠠᠨ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ | ᠪᠠᠶᠢᠭᠤᠯᠤᠯᠲᠠ ᠶᠢᠨ ᠲᠤᠬᠠᠢ ᠰᠣᠯᠢᠯᠴᠠᠭ᠎ᠠ ᠥᠷᠨᠢᠭᠦᠯᠵᠦ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠠᠭᠤᠯᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠤᠶ᠎ᠠ ᠭᠡᠵᠦ ᠵᠢᠭᠠᠵᠤ ᠭᠠᠷᠭᠠᠪᠠ᠃ | ᠴᠧᠨ ᠴᠢᠩ ᠮᠢᠨ᠂ ᠸᠢᠶᠧᠳ᠋ᠨᠠᠮ ᠳᠤᠮᠳᠠᠳᠤ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠨᠠᠮ | ᠬᠤᠶᠠᠷ ᠤᠯᠤᠰ ᠤᠨ ᠦᠶ᠎ᠡ ᠦᠶ᠎ᠡ ᠶᠢᠨ ᠤᠳᠤᠷᠢᠳᠬᠤ ᠬᠥᠮᠥᠰ ᠤᠨ ᠨᠠᠷᠢᠨ ᠨᠢᠮᠪᠠᠢ ᠬᠥᠮᠥᠵᠢᠭᠦᠯᠦᠯ ᠳᠣᠣᠷ᠎ᠠ ︽ | ᠨᠥᠬᠦᠷ ᠪᠥᠭᠡᠳ ᠠᠬ᠎ᠠ ᠳᠡᠭᠦᠦ︾ ᠶᠢᠨ ᠴᠢᠩ ᠦᠨᠡᠨᠴᠢ ᠨᠥᠬᠦᠷᠯᠡᠯ ᠢ ᠪᠠᠶᠢᠭᠤᠯᠵᠤ᠂ ᠬᠤᠶᠠᠷ ᠲᠠᠯ᠎ᠠ ᠶᠢᠨ | ᠬᠠᠷᠢᠯᠴᠠᠭ᠎ᠠ ᠤᠷᠳᠤ ᠬᠤᠭᠤᠴᠠᠭ᠎ᠠ ᠪᠠᠷ ᠨᠥᠭᠦᠷᠰᠡᠭ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠲᠤᠰ | ᠤᠳᠠᠭ᠎ᠠ ᠶᠢᠨ ᠠᠶᠢᠯᠴᠢᠯᠠᠯᠲᠠ ᠨᠢ ᠳᠤᠮᠳᠠᠳᠤ ᠤᠯᠤᠰ ᠤᠨ ᠨᠠᠮ᠂ ᠤᠯᠤᠰ ᠪᠣᠯᠣᠨ ᠠᠷᠠᠳ ᠲᠦᠮᠡᠨ ᠤ ᠸᠢᠶᠧᠳ᠋ᠨᠠᠮ | ᠳᠤᠮᠳᠠᠳᠤ ᠶᠢᠨ ᠬᠠᠷᠢᠯᠴᠠᠭ᠎ᠠ ᠶᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠪᠡ᠃ ᠬᠤᠶᠠᠷ ᠨᠠᠮ ᠤᠨ | ᠶᠡᠷᠦᠩᠬᠡᠢ ᠱᠦᠵᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠸᠢᠶᠧᠳ᠋ᠨᠠᠮ ᠳᠤᠮᠳᠠᠳᠤ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠪᠠᠶᠢᠯᠳᠤᠬᠤ | ᠪᠣᠳᠣᠯᠭ᠎ᠠ ᠶᠢᠨ ᠵᠢᠯᠣᠭᠤᠳᠤᠯᠭ᠎ᠠ ᠬᠢᠭᠰᠡᠨ ᠨᠢ ᠸᠢᠶᠧᠳ᠋ᠨᠠᠮ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠬᠠᠭᠤᠳᠠᠰᠤ ᠶᠢ | ᠨᠡᠭᠡᠭᠡᠬᠦ ᠶᠢ ᠠᠬᠢᠭᠤᠯᠬᠤ ᠪᠣᠯᠣᠨ᠎ᠠ᠃ ᠸᠢᠶᠧᠳ᠋ᠨᠠᠮ ᠤᠨ ᠤᠯᠤᠰ ᠤᠨ ᠬᠤᠷᠠᠯ ᠤᠨ ᠬᠢᠨ ᠳᠤᠮᠳᠠᠳᠤ ᠤᠯᠤᠰ ᠤᠨ ᠪᠦᠭᠦ | ᠤᠯᠤᠰ ᠤᠨ ᠬᠤᠶᠠᠷ ᠬᠤᠷᠠᠯ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ | ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠨᠢᠭᠲᠠ ᠣᠯᠣᠯᠴᠠᠨ | ᠬᠠᠮᠲᠤᠷᠠᠯᠴᠠᠵᠤ᠂ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠰ ᠤᠨ | ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠬᠤᠶᠠᠷ | ᠤᠯᠤᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ᠂ ᠠᠷᠠᠳ ᠲᠦᠮᠡᠨ ᠤ ᠨᠥᠬᠦᠷᠯᠡᠯ ᠢ | ᠵᠤᠵᠠᠭᠠᠳᠬᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | | |