ᠣᠶᠢᠷ᠎ᠠ ᠶᠢᠨ ᠵᠢᠯ ᠳᠤ᠂ ᠬᠤᠷᠴᠢᠨ ᠲᠣᠭᠤᠷᠢᠭ ᠤᠨ ᠬᠢᠨ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ | ᠲᠣᠭᠲᠠᠭᠠᠯᠲᠠ ᠳᠤ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠨᠠᠷ ᠰᠠᠶᠢᠲᠠᠢ ᠬᠢᠨᠠᠨ ᠪᠤᠳᠤᠯᠳᠠ ᠶᠢᠨ ᠬᠢᠨᠠᠯᠲᠠ ᠲᠠᠯᠪᠢᠯᠲᠠ ᠪᠠᠷ ᠥᠭᠡᠷᠡᠴᠢᠯᠡᠯᠲᠡ ᠬᠥᠭᠵᠢᠯᠲᠡ ᠶᠢᠨ ᠶᠡᠭᠡ | ᠲᠠᠯ᠎ᠠ ᠳᠤ ᠦᠢᠯᠡᠴᠢᠯᠡᠪᠡ᠃ ᠬᠤᠷᠴᠢᠨ ᠲᠣᠭᠤᠷᠢᠭ ᠤᠨ ᠬᠢᠨ ᠣᠨ ᠤ ᠬᠢᠨᠠᠨ ᠪᠤᠳᠤᠬᠤ ᠲᠦᠷᠦᠯ ᠵᠦᠢᠯ ᠤᠨ | ᠲᠥᠯᠥᠪᠯᠡᠭᠡ ᠶᠢ ᠲᠣᠭᠲᠠᠭᠠᠬᠤ ᠶᠠᠪᠤᠴᠠ ᠳᠤ᠂ ᠭᠤᠣᠯ ᠠᠵᠢᠯ ᠯᠤᠭ᠎ᠠ ᠵᠡᠷᠭᠡᠪᠡᠷ ᠤᠷᠤᠭᠰᠢᠯᠠᠬᠤ ᠶᠢ ᠪᠠᠲᠤᠯᠠᠪᠠ︔ | ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠪᠠ︔ ︽ᠬᠢᠨᠠᠨ ᠪᠤᠳᠤᠬᠤ - ᠴᠡᠭᠴᠡᠯᠡᠨ ᠰᠠᠶᠢᠵᠢᠷᠠᠭᠤᠯᠬᠤ - ᠵᠢᠷᠤᠮᠵᠢᠭᠤᠯᠬᠤ - ᠳᠡᠭᠡᠭᠰᠢᠯᠡᠭᠦᠯᠬᠦ︾ | ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠠᠷᠢᠮᠲᠠᠯᠠᠵᠤ᠂ ᠬᠢᠨᠠᠨ ᠪᠤᠳᠤᠬᠤ ᠰᠠᠨᠠᠭᠤᠯᠭ᠎ᠠ ᠶᠢᠨ ᠬᠠᠨᠳᠤᠯᠭᠠᠲᠤ ᠴᠢᠨᠠᠷ | ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠪᠡ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠡ | ᠲᠠᠩᠰᠠ ᠶᠢ ᠪᠠᠶᠢᠭᠤᠯᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠴᠡᠭᠴᠡᠯᠡᠨ | ᠰᠠᠶᠢᠵᠢᠷᠠᠭᠤᠯᠵᠤ ︽ᠡᠷᠬᠢᠨ ᠪᠠᠶᠢᠴᠠᠭᠠᠬᠤ︾ ᠶᠢ ᠥᠷᠨᠢᠭᠦᠯᠵᠦ᠂ ︽ ᠨᠢᠭᠡ ᠶᠢ ᠬᠢᠨᠠᠨ ᠪᠣᠳᠤᠪᠠᠯ᠂ ᠨᠢᠭᠡ ᠬᠡᠰᠡᠭ ᠢ | ᠵᠢᠷᠤᠮᠵᠢᠭᠤᠯᠬᠤ︾ ᠦᠷ᠎ᠡ ᠪᠦᠲᠦᠮᠵᠢ ᠶᠢ ᠪᠡᠶᠡᠯᠡᠭᠦᠯᠦᠨ᠎ᠡ᠃᠃ | |